2019 ᠣᠨ ᠤ ᠲᠣᠮᠣ ᠳ᠋ᠠᠶᠢᠲ᠋ᠠ ᠶᠢᠨ ᠰᠢᠨ᠎ᠡ ᠡᠬᠦᠳᠦᠯᠳᠡ ᠬᠡᠷᠡᠭᠯᠡᠭᠡᠨ ᠤ ᠶᠡᠭᠡ ᠬᠤᠷᠠᠯ ᠨᠢ ︽ᠲᠠᠯ᠎ᠠ ᠨᠤᠲᠤᠭ ᠤᠨ ᠡᠭᠦᠯᠡᠨ ᠬᠥᠨᠳᠡᠶ︾ ᠳᠤ ᠶᠠᠪᠤᠭᠳᠠᠪᠠ
ᠨᠡᠶᠢᠲᠡᠯᠡᠭᠰᠡᠨ ᠴᠠᠭ᠄
2019/7/9
    6 ᠰᠠᠷ᠎ᠠ ᠶᠢᠨ 20 ᠤ ᠡᠳᠦᠷ ᠤᠨ ᠮᠡᠳᠡᠭᠡ ︵ᠬᠤᠤ ᠹᠠᠩ ᠹᠠᠩ  ᠼᠤᠤ ᠵᠧᠨ︶ 20 ᠤ ᠡᠳᠦᠷ᠂ 2019 ᠣᠨ ᠤ ᠲᠣᠮᠣ ᠳ᠋ᠠᠶᠢᠲ᠋ᠠ ᠶᠢᠨ ᠰᠢᠨ᠎ᠡ ᠡᠬᠦᠳᠦᠯᠳᠡ ᠬᠡᠷᠡᠭᠯᠡᠯᠲᠡ ᠬᠢᠭᠡᠳ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠶᠡᠭᠡ ᠬᠤᠷᠠᠯ ᠨᠢ ︽ᠲᠠᠯ᠎ᠠ ᠨᠤᠲᠤᠭ ᠤᠨ ᠡᠭᠦᠯᠡᠨ ᠬᠥᠨᠳᠡᠶ︾ ᠬᠡᠮᠡᠭᠳᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠳᠤ ᠶᠠᠪᠤᠭᠳᠠᠪᠠ᠃     ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠢ ᠳ᠋ᠦᠩ ᠪᠢᠨ ᠪᠠᠶᠠᠷ ᠤᠨ ᠦᠭᠡ ᠬᠡᠯᠡᠪᠡ᠃ ︵ᠰᠢᠨᠬᠤᠸᠠ ᠰᠦᠯᠵᠢᠶᠡᠨ ᠤ ᠼᠤᠤ ᠵᠧᠨ ᠰᠡᠭᠦᠳᠡᠷᠯᠡᠪᠡ︶     ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠢ ᠳ᠋ᠦᠩ ᠪᠢᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠤᠯᠠᠭᠠᠨᠴᠠᠪ ᠬᠤᠲᠠ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠴᠢᠬᠤᠯᠠ ᠨᠢᠭᠡ ᠲᠦᠢᠯ ᠪᠠ ᠭᠦᠨᠵᠡᠭᠡᠶ ᠣᠷᠣᠯᠴᠠᠭᠴᠢ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠣᠮᠣ ᠳ᠋ᠠᠶᠢᠲ᠋ᠠ ᠶᠢᠨ ᠠᠵᠤ ᠦᠶᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠶᠯᠡᠰ ᠪᠤᠯᠭᠠᠨ ᠪᠤᠶᠢᠵᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠰᠢᠨ᠎ᠡ ᠡᠬᠦᠳᠦᠯᠳᠡ ᠶᠢ ᠬᠦᠴᠦᠯᠡᠨ ᠬᠥᠭᠵᠢᠭᠦᠯᠵᠦ᠂ ᠲᠣᠮᠣ ᠳ᠋ᠠᠶᠢᠲ᠋ᠠ ᠶᠢᠨ ᠡᠯ᠎ᠡ ᠬᠦᠷᠢᠶ᠎ᠡ ᠲᠡᠰᠢ ᠥᠷᠭᠡᠨ ᠢᠶᠠᠷ ᠨᠡᠪᠴᠢᠵᠦ᠂ ᠡᠯ᠎ᠡ ᠠᠵᠢᠯ ᠲᠥᠷᠥᠯ ᠲᠡᠰᠢ ᠭᠦᠨ ᠠᠭᠤᠰᠤᠯᠴᠠᠬᠤ ᠶᠢ ᠠᠬᠢᠭᠤᠯᠵᠤ᠂ ︽ᠡᠭᠦᠯᠡᠨ ᠪᠤᠳᠣᠯᠳᠠ ᠠᠴᠠ ᠦᠵᠦᠭᠦᠷ ᠦᠢᠯᠡᠳᠬᠦᠨ ᠬᠦᠷᠬᠦ︾ ᠠᠵᠤ ᠦᠢᠯᠡᠰ ᠤᠨ ᠬᠡᠯᠬᠢᠶᠡᠵᠢᠯ ᠲᠦᠷᠭᠡᠨ ᠪᠦᠷᠢᠯᠳᠦᠵᠦ᠂ ᠲᠣᠮᠣ ᠳ᠋ᠠᠶᠢᠲ᠋ᠠ ᠶᠢᠨ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠶᠢᠷᠢ ᠰᠠᠭᠤᠷᠢ ᠶᠢ ᠦᠨᠳᠦᠰᠦᠨ ᠳᠡᠭᠡᠨ ᠲᠣᠭᠲᠠᠭᠠᠭᠰᠠᠨ ᠪᠠᠶᠢᠨ᠎ᠠ ᠭᠡᠵᠡᠶ᠃      ᠤᠯᠠᠭᠠᠨᠴᠠᠪ ᠤᠨ ᠬᠥᠭᠵᠢᠯᠲᠡ ᠶᠢᠨ ᠲᠣᠮᠣ ᠳ᠋ᠠᠶᠢᠲ᠋ᠠ ᠶᠢᠨ ᠠᠯᠤᠰ ᠢᠷᠡᠭᠡᠳᠦᠢ ᠪᠡᠶᠡᠯᠡᠭᠳᠡᠵᠦ ᠲᠠᠶᠢᠯᠬᠦ ᠪᠥᠭᠡᠳ ᠶᠡᠭᠡ ᠡᠷᠡᠮᠡᠯᠵᠡᠯ ᠲᠠᠢ ᠶᠤᠮ᠃ ᠤᠯᠠᠭᠠᠨᠴᠠᠪ ᠤᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠣᠷᠴᠢᠨ ᠲᠣᠭᠤᠷᠢᠨ   ᠢ ᠰᠢᠯᠢᠳᠡᠭᠵᠢᠭᠦᠯᠵᠦ᠂ ᠲᠣᠮᠣ ᠳ᠋ᠠᠶᠢᠲ᠋ᠠ ᠶᠢᠨ ︽ᠠᠯᠮᠠᠰ ᠬᠦᠳᠡᠷ︾ ᠢ ᠠᠭᠤᠳᠠᠯᠯᠠᠵᠤ᠂ ᠲᠣᠭᠠᠴᠢᠯᠠᠭᠰᠠᠨ ᠠᠵᠤ ᠠᠬᠤᠢ ᠶᠢᠨ ︽ᠰᠢᠨ᠎ᠡ ᠬᠥᠬᠡ ᠲᠠᠩᠭᠢᠰ︾ ᠢ ᠤᠭᠲᠤᠵᠤ᠂ ︽ᠲᠣᠭᠠᠴᠢᠯᠠᠭᠰᠠᠨ ᠳᠤᠮᠳᠠᠳᠤ ᠤᠯᠤᠰ︾ ᠤᠨ ᠪᠦᠲᠦᠭᠡᠨ ᠪᠠᠶᠢᠭᠤᠯᠤᠯᠲᠠ ᠳᠠᠬᠢ ᠤᠯᠠᠭᠠᠨᠴᠠᠪ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠤ ᠹᠧᠢ ᠳ᠋ᠦᠩ ᠪᠢᠨ ᠬᠡᠯᠡᠪᠡ᠃     ᠬᠤᠷᠠᠯ ᠤᠨ ᠳᠤᠬᠠᠢ ᠶᠢᠨ ᠲᠠᠯᠠᠪᠠᠢ᠃ ︵ᠰᠢᠨᠬᠤᠸᠠ ᠰᠦᠯᠵᠢᠶᠡᠨ ᠤ ᠼᠤᠤ ᠵᠧᠨ ᠰᠡᠭᠦᠳᠡᠷᠯᠡᠪᠡ︶     ᠲᠤᠰ ᠤᠳᠠᠭᠠᠨ ᠤ ᠶᠡᠭᠡ ᠬᠤᠷᠠᠯ ᠢ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ︽ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ︾ ᠭᠤᠤᠯ ᠰᠡᠳᠦᠪ ᠲᠠᠢ᠂ ᠬᠤᠷᠠᠯ ᠤᠨ ᠬᠤᠭᠤᠴᠠᠭ᠎ᠠ ᠨᠢ ᠬᠤᠶᠠᠷ ᠡᠳᠦᠷ᠂ ᠲᠦᠷᠦᠭᠦᠴᠦᠳ ᠤᠨ ᠶᠠᠷᠢᠯᠴᠠᠭᠠᠨ ᠤ ᠲᠠᠪᠴᠠᠩ᠂ ᠲᠣᠭᠤᠷᠢᠭ ᠰᠢᠷᠡᠭᠡᠨ ᠤ ᠶᠠᠷᠢᠯᠴᠠᠭ᠎ᠠ᠂ ᠠᠵᠤ ᠦᠢᠯᠡᠰ ᠤᠨ ᠵᠣᠯᠭᠠᠭᠤᠯᠤᠯᠲᠠ ᠶᠢᠨ ᠬᠤᠷᠠᠯ ᠪᠠ ᠬᠤᠳᠠᠯᠳᠤᠭᠠᠨ ᠤ ᠶᠠᠪᠤᠳᠠᠯ ᠤᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠬᠢᠨ᠎ᠡ᠃ ᠬᠤᠷᠠᠯ ᠤᠨ ᠬᠤᠭᠤᠴᠠᠭᠠᠨ ᠳᠤ᠂ ᠬᠤᠶᠠᠷ ᠬᠦᠷᠢᠶᠡᠯᠡᠩ ᠤᠨ ᠠᠺᠠᠳᠧᠮᠢᠴᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ᠂ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠤᠣᠯ ᠰᠡᠳᠦᠪ ᠤᠳ ᠤᠨ ᠲᠣᠭᠤᠷᠢᠨ ᠳᠤ᠂ ᠲᠣᠮᠣ ᠳ᠋ᠠᠶᠢᠲ᠋ᠠ ᠶᠢᠨ ᠵᠠᠰᠠᠭ ᠤᠨ ᠣᠷᠳᠣᠨ᠂ ᠡᠯᠧᠺᠲᠷᠤᠨ ᠵᠠᠰᠠᠭ ᠤᠨ ᠶᠠᠪᠤᠳᠠᠯ᠂ ᠵᠣᠬᠢᠶᠠᠮᠠᠯ ᠣᠶᠣᠨ ᠴᠢᠳᠠᠪᠤᠷᠢ᠂ ᠤᠶᠤᠨᠲᠤ ᠬᠤᠳᠠ᠂ ᠤᠶᠤᠨᠲᠤ ᠠᠵᠤ ᠦᠢᠯᠡᠳᠪᠦᠷᠢ᠂ ᠤᠶᠤᠨᠲᠤ ᠰᠣᠶᠣᠯ ᠤᠨ ᠠᠶᠠᠯᠠᠯ᠂ ᠤᠶᠤᠨᠲᠤ ᠮᠥᠩᠭᠦᠨ ᠭᠦᠢᠯᠭᠡᠭᠡ᠂ ᠡᠮ ᠡᠮᠨᠡᠯᠭᠡ ᠡᠷᠡᠭᠦᠯ ᠮᠠᠨᠳᠤ᠂ ᠭᠠᠵᠠᠷ ᠵᠦᠢ ᠶᠢᠨ ᠮᠡᠳᠡᠭᠡ ᠵᠠᠩᠭᠢ ᠵᠡᠷᠭᠡ ᠬᠦᠷᠢᠶᠡᠨ ᠳᠠᠬᠢ ᠰᠢᠨ᠎ᠡ ᠡᠬᠦᠳᠦᠯᠳᠡ ᠬᠡᠷᠡᠭᠯᠡᠭᠡ ᠶᠢ ᠬᠠᠮᠲᠤᠪᠠᠷ ᠰᠦᠪᠡᠭᠴᠢᠯᠡᠵᠦ᠂ ︽ᠲᠣᠭᠠᠴᠢᠯᠠᠭᠰᠠᠨ ᠳᠤᠮᠳᠠᠳᠤ ᠤᠯᠤᠰ︾ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃                             ᠵᠤᠬᠢᠶᠠᠭᠴᠢ᠄ ᠬᠤᠤ ᠹᠠᠩ ᠹᠠᠩ    ᠼᠣᠣ ᠵᠧᠨ                             ᠤᠷᠴᠢᠭᠤᠯᠤᠭᠴᠢ᠄ ᠬᠦᠰᠡᠯ                             ᠬᠢᠨᠠᠭᠴᠢ᠄ ᠭᠡᠷᠡᠯᠳᠤ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2