| | ︵ᠨᠢᠭᠡ︶ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠵᠢᠴᠢ | ᠪᠤᠶᠢᠵᠢᠭᠤᠯᠤᠯᠲᠠ ᠶᠢᠨ ᠪᠠᠶᠢᠳᠠᠯ | 1. ᠳ᠋ᠠᠶᠢᠲ᠋ᠠ ᠶᠢᠨ ᠲᠥᠪ ᠤᠨ ᠲᠦᠪᠯᠡᠷᠡᠨ ᠴᠤᠭᠯᠠᠷᠠᠬᠤ ᠶᠢ ᠲᠦᠷᠭᠡᠳᠭᠡᠨ᠎ᠡ | ᠣᠳᠣᠬᠠᠨ ᠳᠤ᠂ ᠤᠯᠠᠭᠠᠨᠴᠠᠪ ᠬᠤᠲᠠ ᠳᠤ ᠬᠤᠸᠠ ᠸᠧᠶ᠂ ᠫᠢᠩᠭᠦᠸᠧ᠂ ᠠ ᠯᠢ ᠪᠠ ᠪᠠ᠂ ᠵᠥᠩ ᠯᠢᠶᠠᠨ ᠤ | ᠯᠢ ᠰᠢᠨ᠂ ᠶᠢᠦ ᠺᠧ ᠳ᠋ᠧ᠂ ᠵᠥᠩ ᠺᠧ ᠲᠦᠩ ᠵᠧᠤ ᠵᠡᠷᠭᠡ 7 ᠳ᠋ᠠᠶᠢᠲ᠋ᠠ ᠶᠢᠨ ᠲᠥᠪ ᠤᠨ ᠲᠥᠷᠥᠯ ᠵᠦᠶᠯ | ᠨᠤᠳᠤᠭᠰᠢᠵᠤ ︵ᠬᠤᠸᠠ ᠸᠧᠶ ᠶᠢᠨ ᠨᠢᠬᠡᠳᠦᠬᠡᠷ ᠬᠤᠭᠤᠴᠠᠭ᠎ᠠ᠂ ᠬᠤᠸᠠ ᠸᠧᠶ ᠤᠮᠠᠷᠠᠲᠤ ᠶᠢᠨ ᠡᠭᠦᠯᠡᠨ ᠳ᠋ᠠᠶᠢᠲ᠋ᠠ ᠶᠢᠨ | ᠲᠥᠪ ᠪᠠᠭᠲᠠᠨ᠎ᠠ︶᠂ ᠪᠠᠯᠠ ᠣᠷᠣᠭᠤᠯᠤᠯᠲᠠ ᠶᠢᠨ ᠬᠡᠪᠴᠢᠶ᠎ᠡ 243 ᠳ᠋ᠦᠩᠰᠢᠭᠤᠷ ᠲᠥᠭᠦᠷᠢᠭ ᠲᠤ ᠬᠦᠷᠴᠦ᠂ | ᠦᠢᠯᠡᠴᠢᠯᠡᠭᠦᠷ ᠳᠠᠭᠠᠭᠠᠬᠤ ᠴᠢᠳᠠᠪᠤᠷᠢ 100 ᠲᠦᠮᠡ ᠬᠦᠷᠴᠡᠶ᠃ ᠡᠭᠦᠨ ᠳᠤ᠂ ᠬᠤᠸᠠ ᠸᠧᠶ ᠶᠢᠨ ᠨᠢᠭᠡᠳᠦᠭᠡᠷ | ᠬᠤᠭᠤᠴᠠᠭᠠᠨ ᠤ ᠡᠭᠦᠯᠡᠨ ᠳ᠋ᠠᠶᠢᠲ᠋ᠠ ᠶᠢᠨ ᠲᠥᠪ ᠤᠨ ᠶᠡᠷᠦᠩᠬᠡᠶ ᠪᠠᠯᠠ ᠣᠷᠣᠭᠤᠯᠤᠯᠲᠠ ᠨᠢ 16 ᠳ᠋ᠦᠩᠰᠢᠭᠤᠷ | ᠲᠥᠭᠦᠷᠢᠭ ᠪᠠᠶᠢᠵᠤ᠂ 50 ᠮᠤ᠋ ᠭᠠᠵᠠᠷ ᠡᠵᠡᠯᠡᠨ᠂ 1500 ᠮᠠᠰᠢᠨ ᠤ ᠬᠤᠷᠭᠤ᠂ 1 . 8 ᠲᠦᠮᠡᠨ ᠦᠢᠯᠡᠴᠢᠯᠡᠭᠦᠷ | ᠠᠴᠢᠶᠠᠯᠠᠵᠤ᠂ 2016 ᠣᠨ ᠳᠤ ᠡᠵᠡᠩᠨᠡᠯᠲᠡ ᠳᠤ ᠣᠷᠣᠭᠤᠯᠪᠠ᠃ ᠬᠤᠸᠠ ᠸᠧᠶ ᠶᠢᠨ ᠤᠮᠠᠷᠠᠲᠤ ᠶᠢᠨ ᠡᠭᠦᠯᠡᠨ | ᠳ᠋ᠠᠶᠢᠲ᠋ᠠ ᠶᠢᠨ ᠲᠥᠪ ᠨᠢᠭᠡᠨᠲᠡ ᠠᠵᠢᠯ ᠢᠶᠠᠨ ᠡᠬᠢᠯᠡᠭᠦᠯᠵᠦ᠂ ᠲᠥᠷᠥᠯ ᠵᠦᠶᠯ ᠢ ᠭᠤᠷᠪᠠᠳᠤᠭᠠᠷ ᠬᠤᠭᠤᠴᠠᠭ᠎ᠠ | ᠬᠤᠪᠢᠶᠠᠨ ᠪᠦᠲᠦᠭᠡᠨ ᠪᠠᠶᠢᠭᠤᠯᠵᠤ᠂ ᠶᠡᠷᠦᠩᠬᠡᠶ ᠲᠠᠯᠠᠪᠠᠢ ᠨᠢ 665 ᠮᠤ᠋ ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 65 ᠳ᠋ᠦᠩᠰᠢᠭᠤᠷ ᠲᠥᠭᠦᠷᠢᠭ ᠪᠠᠶᠢᠵᠤ᠂ 3 ᠲᠦᠮᠡᠨ ᠮᠠᠰᠢᠨ ᠠᠪᠳᠠᠷ᠎ᠠ ᠠᠴᠢᠶᠠᠯᠠᠵᠤ ᠪᠣᠯᠤᠨ᠎ᠠ︔ | ᠠ ᠯᠢ ᠪᠠ ᠪᠠ ᠶᠢᠨ ᠮᠡᠳᠡᠭᠡ ᠵᠠᠩᠭᠢ ᠶᠢᠨ ᠭᠠᠷᠠᠮ ᠤᠨ ᠲᠥᠷᠥᠯ ᠵᠦᠶᠯ ᠳᠤ 3 ᠳ᠋ᠠᠶᠢᠲ᠋ᠠ ᠶᠢᠨ ᠲᠥᠪ ᠪᠠᠶᠢᠭᠤᠯᠵᠤ᠂ | ᠨᠢᠭᠡ ᠬᠤᠲᠠ ᠶᠢᠨ ᠣᠨᠳᠣᠤ ᠭᠠᠵᠠᠷ ᠲᠤ ᠬᠠᠷᠢᠯᠴᠠᠨ ᠪᠡᠯᠡᠳᠬᠡᠨ ᠪᠠᠶᠢᠷᠢᠯᠠᠭᠤᠯᠬᠤ ᠶᠢ ᠪᠡᠶᠡᠯᠡᠭᠦᠯᠵᠦ᠂ ᠶᠡᠷᠦᠩᠬᠡᠶ | ᠪᠠᠯᠠ ᠣᠷᠣᠭᠤᠯᠤᠯᠲᠠ ᠨᠢ ᠪᠠᠷᠤᠭ 100 ᠳ᠋ᠦᠩᠰᠢᠭᠤᠷ ᠲᠥᠭᠦᠷᠢᠭ ᠪᠠᠶᠢᠵᠤ᠂ ᠶᠡᠷᠦᠩᠬᠡᠶ ᠲᠠᠯᠠᠪᠠᠢ ᠨᠢ 527 ᠮᠤ᠋ | ᠪᠠᠶᠢᠵᠤ᠂ 30 ᠲᠦᠮᠡᠨ ᠦᠢᠯᠡᠴᠢᠯᠡᠭᠦᠷ ᠠᠴᠢᠶᠠᠯᠠᠵᠤ ᠪᠣᠯᠬᠤ ᠪᠥᠭᠡᠳ ᠠ ᠯᠢ ᠪᠠ ᠪᠠ ᠶᠢᠨ ᠪᠦᠯᠦᠭᠯᠡᠯ ᠤᠨ ᠥᠪᠥᠷ | ᠮᠣᠩᠭᠤᠯ ᠳᠤ ᠪᠠᠶᠢᠭᠤᠯᠤᠭᠰᠠᠨ ᠠᠩᠬᠠᠳᠠᠭᠴᠢ ᠡᠭᠦᠯᠡᠨ ᠳ᠋ᠠᠶᠢᠲ᠋ᠠ ᠶᠢᠨ ᠰᠠᠭᠤᠷᠢᠨ ᠭᠠᠵᠠᠷ ᠪᠣᠯᠤᠨ᠎ᠠ᠃ i C l o u | d ᠳᠤᠮᠳᠠᠳᠤ ᠤᠯᠤᠰ ᠤᠨ ᠤᠮᠠᠷᠠᠲᠤ ᠶᠢᠨ ᠳ᠋ᠠᠶᠢᠲ᠋ᠠ ᠶᠢᠨ ᠲᠥᠪ ᠤᠨ ᠲᠥᠷᠥᠯ ᠵᠦᠢᠯ ᠪᠣᠯ ᠫᠢᠩᠭᠦᠸᠧ ᠺᠣᠮᠫᠠᠨᠢ ᠶᠢᠨ | ᠳᠤᠮᠳᠠᠳᠤ ᠤᠯᠤᠰ ᠤᠨ ᠤᠮᠠᠷᠠᠲᠤ ᠣᠷᠣᠨ ᠳᠤ ᠪᠠᠶᠢᠭᠤᠯᠤᠭᠰᠠᠨ ᠠᠩᠬᠠᠳᠠᠭᠴᠢ ᠳ᠋ᠠᠶᠢᠲ᠋ᠠ ᠶᠢᠨ ᠲᠥᠪ ᠪᠣᠯᠤᠨ᠎ᠠ᠃ | ᠫᠢᠩᠭᠦᠸᠧ ᠺᠣᠮᠫᠠᠨᠢ ᠳᠤᠮᠳᠠᠳᠤ ᠤᠯᠤᠰ ᠲᠤ ᠵᠥᠪᠬᠡᠨ ᠬᠤᠶᠠᠷ ᠳ᠋ᠠᠶᠢᠲ᠋ᠠ ᠶᠢᠨ ᠲᠥᠪ ᠲᠠᠢ᠂ ᠡᠮᠦᠨᠡᠲᠦ ᠣᠷᠣᠨ | ᠭᠦᠢᠶᠠᠩ ᠳᠤ᠂ ᠤᠮᠠᠷᠠᠲᠤ ᠣᠷᠣᠨ ᠤᠯᠠᠭᠠᠨᠴᠠᠪ ᠬᠤᠳᠠ ᠳᠤ ᠪᠤᠢ᠂ ᠲᠥᠷᠥᠯ ᠵᠦᠢᠯ ᠤᠨ ᠪᠡᠯᠡ ᠣᠷᠣᠭᠤᠯᠤᠯᠲᠠ 9 . | 8 ᠳ᠋ᠦᠩᠰᠢᠭᠤᠷ ᠲᠥᠭᠦᠷᠢᠭ ︵ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠᠭᠲᠠᠬᠤ ᠦᠭᠡᠢ︶ ᠪᠠᠶᠢᠵᠤ᠂ | 151 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 6 . 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ | ᠂ 2019 ᠣᠨ ᠤ 3 ᠰᠠᠷ᠎ᠠ ᠳᠤ ᠵᠢᠩᠬᠢᠨᠢ ᠪᠠᠷ ᠠᠵᠢᠯ ᠢᠶᠠᠨ ᠡᠬᠢᠯᠡᠭᠦᠯᠪᠡ︔ ᠳ᠋ᠠᠶᠢᠲ᠋ᠠ ᠶᠢᠨ ᠲᠥᠪ ᠤᠨ ᠲᠥᠷᠥᠯ | ᠵᠦᠢᠯ ᠤᠨ ᠰᠢᠷᠣᠢ ᠶᠢᠨ ᠪᠦᠲᠦᠭᠡᠨ ᠪᠠᠶᠢᠭᠤᠯᠤᠯᠲᠠ ᠳᠤ 8 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ 211 | ᠮᠤ᠋ ᠭᠠᠵᠠᠷ ᠡᠵᠡᠯᠡᠨ᠂ 6000 ᠮᠠᠰᠢᠨ ᠤ ᠬᠤᠷᠭᠤ ᠪᠠᠶᠢᠭᠤᠯᠵᠤ᠂ 9 ᠲᠦᠮᠡᠨ ᠦᠢᠯᠡᠴᠢᠯᠡᠭᠦᠷ ᠢ ᠠᠴᠢᠶᠠᠯᠠᠨ᠎ᠠ᠃ | ᠥᠪᠥᠷ ᠮᠣᠩᠭᠤᠯ ᠤᠨ ᠶᠠ ᠰᠢᠨ ᠳ᠋ᠠᠶᠢᠲ᠋ᠠ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ | ᠶᠡᠷᠦᠩᠬᠡᠶ ᠪᠠᠯᠠ ᠣᠷᠣᠭᠤᠯᠤᠯᠲᠠ ᠨᠢ 18 . 4 ᠳ᠋ᠦᠩᠰᠢᠭᠤᠷ ᠲᠥᠭᠦᠷᠢᠭ᠂ 100 ᠮᠤ᠋ ᠭᠠᠵᠠᠷ ᠡᠵᠡᠯᠡᠨ᠂ 6000 | ᠮᠠᠰᠢᠨ ᠬᠤᠷᠭᠤ ᠶᠢ ᠵᠢᠷᠤᠵᠤ ᠲᠥᠯᠥᠪᠯᠡᠨ ᠤᠭᠰᠠᠷᠠᠵᠤ᠂ 6 ᠲᠦᠮᠡᠨ ᠦᠢᠯᠡᠴᠢᠯᠡᠭᠦᠷ ᠠᠴᠢᠶᠠᠯᠠᠪᠠ᠃ ᠲᠦᠩ ᠵᠤ᠋ | ᠡᠾᠦ᠋ᠢ ᠲᠦᠩ ᠤᠮᠠᠷᠠᠲᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠠᠵᠤ ᠦᠢᠯᠡᠰ ᠤᠨ ᠰᠠᠭᠤᠷᠢᠨ ᠭᠠᠵᠠᠷ ᠤᠨ | ᠲᠥᠷᠥᠯ ᠵᠦᠶᠯ ᠢ ᠨᠡᠶᠢᠯᠡᠭᠦᠯᠦᠨ ᠨᠡᠪᠲᠡᠷᠡᠭᠦᠯᠵᠦ᠂ ᠨᠡᠶᠢᠲᠡ 26 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | 60 ᠮᠤ᠋ ᠭᠠᠵᠠᠷ ᠡᠵᠡᠯᠡᠨ᠂ 3000 ᠮᠠᠰᠢᠨ ᠬᠤᠷᠭᠤ ᠶᠢ ᠲᠥᠯᠥᠪᠯᠡᠨ ᠤᠭᠰᠠᠷᠠᠵᠤ᠂ 3 ᠲᠦᠮᠡᠨ ᠦᠢᠯᠡᠴᠢᠯᠡᠭᠦᠷ | ᠠᠴᠢᠶᠠᠯᠠᠪᠠ᠃ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ᠂ ᠪᠧᠢ ᠳ᠋ᠧᠦ ᠭᠦᠸᠧ ᠰᠢᠩ᠂ ᠫᠦ᠋ ᠹᠡ | ᠪᠠᠩᠬᠢ᠂ ᠳᠤᠮᠳᠠᠳᠤ ᠤᠯᠤᠰ ᠤᠨ ᠳᠠᠭᠠᠳᠬᠠᠯ ᠮᠡᠳᠡᠭᠡ ᠵᠠᠩᠬᠢ᠂ ᠯᠠᠩ ᠴᠤᠤ ᠵᠡᠷᠭᠡ ᠲᠥᠷᠥᠯ ᠵᠦᠢᠯ ᠢ ᠶᠠᠭ | ᠵᠣᠯᠭᠠᠭᠤᠯᠤᠨ ᠶᠠᠷᠢᠯᠴᠠᠵᠤ ᠪᠣᠶ᠃ ᠳ᠋ᠠᠶᠢᠲ᠋ᠠ ᠶᠢᠨ ᠲᠥᠪ ᠤᠨ ᠲᠥᠪᠯᠡᠷᠡᠯ ᠨᠢ ᠢᠵᠢ ᠪᠦᠷᠢᠳᠦᠭᠰᠡᠨ ᠦᠢᠯᠡᠴᠢᠯᠡᠭᠡ᠂ | ᠴᠢᠳᠠᠪᠤᠷᠢᠲᠠᠨ᠂ ᠲᠣᠨᠤᠭ ᠲᠥᠬᠦᠭᠡᠷᠦᠮᠵᠢ ᠵᠡᠷᠭᠡ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠢ ᠲᠦᠷᠭᠡᠨ | ᠬᠤᠷᠠᠮᠳᠤᠭᠤᠯᠵᠤ᠂ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ ᠮᠠᠨ ᠤ | ᠬᠤᠲᠠ ᠶᠠᠭ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠦᠢᠯᠡᠴᠢᠯᠡᠭᠦᠷ ᠦᠶᠯᠡᠳᠬᠦ ᠨᠠᠷᠠᠲᠤ ᠠᠵᠤ | ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠳ᠋ᠠᠶᠢᠲ᠋ᠠ ᠶᠢᠨ ᠲᠥᠪ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ ᠪᠠᠶᠢᠨ᠎ᠠ᠃ ᠡᠭᠦᠨ ᠤ ᠬᠠᠮᠲᠤ ᠬᠤᠸᠠ ᠸᠧᠶ ᠵᠡᠷᠭᠡ ᠠᠵᠤ ᠠᠬᠤᠶᠢᠯᠠᠯ ᠬᠠᠮᠲᠤᠷᠠᠨ | ᠰᠤᠷᠭᠠᠭᠤᠯᠢ ᠡᠷᠬᠢᠯᠡᠵᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | 2 . ᠠᠵᠤ ᠦᠢᠯᠡᠰ ᠤᠨ ᠬᠡᠯᠬᠢᠶ᠎ᠡ ᠡᠳᠦᠷ ᠢᠷᠡᠬᠦᠶ᠎ᠡ ᠲᠡᠭᠦᠯᠳᠡᠷᠵᠢᠪᠡ | ᠬᠤᠸᠠ ᠳᠠᠩ᠂ ᠵᠦᠩ ᠰᠢᠨ ᠤ ᠬᠤᠩ ᠯᠢᠶᠠᠨ ᠵᠢᠦ ᠡᠦ᠂ ᠪᠥᠸᠧ ᠶᠤᠸᠠᠢ ᠴᠢᠮᠡᠭᠡ ᠬᠤᠯᠪᠣᠭ᠎ᠠ᠂ ᠵᠦᠩ ᠹᠦ᠋ | ᠶᠢᠩ ᠼᠠᠢ ᠵᠡᠷᠭᠡ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠤᠷᠢᠳ ᠬᠤᠵᠢᠳ ᠣᠷᠣᠵᠤ | ᠰᠠᠭᠤᠪᠠ᠃ 2019 ᠣᠨ ᠤ 1 ᠰᠠᠷ᠎ᠠ ᠪᠣᠯᠲᠠᠯ᠎ᠠ᠂ ᠪᠥᠬᠦ ᠬᠤᠲᠠ ᠳᠤ ᠲᠣᠮᠣ ᠳ᠋ᠠᠶᠢᠲ᠋ᠠ ᠶᠢᠨ ᠦᠶᠯᠡᠴᠢᠯᠡᠭᠡ ᠶᠢ | ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠨᠡᠶᠢᠳᠡ 10 ᠪᠠᠶᠢᠵᠤ᠂ ᠭᠡᠷ᠎ᠡ ᠲᠣᠭᠲᠠᠬᠤ ᠪᠠ ᠰᠠᠭᠤᠬᠤ | ᠬᠡᠪᠴᠢᠶ᠎ᠡ ᠨᠢ 10000 ᠳᠤ ᠬᠦᠷᠪᠡ᠃ 2020 ᠣᠨ ᠳᠤ 3 ᠲᠦᠮᠡ ᠬᠦᠷᠴᠦ᠂ ᠪᠦᠬᠦ ᠤᠯᠤᠰ ᠤᠨ 5 — | 6 ᠲᠦᠮᠡᠨ ᠥᠨᠳᠥᠷ ᠬᠡᠪ ᠪᠣᠯᠪᠠᠰᠤᠷᠠᠯ ᠲᠠᠢ ᠵᠠᠯᠠᠭᠤᠴᠤᠳ ᠤᠨ ᠠᠵᠢᠯ ᠣᠯᠭᠤᠯᠲᠠ ᠶᠢ ᠪᠡᠶᠡᠯᠡᠭᠦᠯᠵᠦ᠂ ᠵᠦᠩ ᠰᠢᠨ | ᠤ ᠤᠮᠠᠷᠠᠲᠤ ᠶᠢᠨ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ ᠶᠠᠭ ᠪᠦᠷᠢᠯᠳᠦᠵᠦ ᠪᠠᠶᠢᠨ᠎ᠠ᠃ | ᠬᠦᠸᠧ ᠰᠢᠨ ᠤ ᠶᠢᠤ ᠶᠢ ᠲᠣᠮᠣ ᠳ᠋ᠠᠶᠢᠲ᠋ᠠ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ | ᠭᠡᠷ᠎ᠡ ᠲᠣᠭᠲᠠᠨ ᠨᠤᠳᠤᠭᠰᠢᠵᠤ᠂ ᠲᠣᠮᠣ ᠳ᠋ᠠᠶᠢᠲ᠋ᠠ ᠴᠡᠪᠡᠷᠰᠢᠬᠦᠯᠵᠤ ᠡᠳ᠋ᠰᠢᠬᠦᠯᠬᠦ ᠲᠥᠪ ᠢ ᠶᠠᠭ ᠪᠠᠶᠢᠭᠤᠯᠵᠤ ᠪᠠᠶᠢᠨ᠎ᠠ | ᠃ ᠰᠢᠦᠶᠢᠵᠧᠤ ᠶᠢᠨ ᠰᠠᠢ ᠴᠧᠩ ᠰᠦᠯᠵᠢᠶᠡᠨ ᠤ ᠦᠢᠯᠡᠴᠢᠯᠡᠭᠡᠨ ᠤ ᠺᠣᠮᠫᠠᠨᠢ ᠶᠢᠨ ᠳᠡᠭᠡᠳᠦ ᠴᠢᠳᠠᠪᠬᠢᠲᠤ ᠡᠬᠦᠯᠡᠨ | ᠪᠤᠳᠤᠯᠳᠠ ᠶᠢᠨ ᠱᠠᠭᠯᠠᠮᠵᠢ ᠶᠢᠨ ᠲᠠᠪᠴᠠᠩ ᠤᠨ ᠲᠥᠷᠥᠯ ᠵᠦᠢᠯ ᠢ ᠨᠢᠭᠡᠨᠲᠡ ᠭᠡᠷ᠎ᠡ ᠲᠣᠭᠲᠠᠵᠤ ᠳᠠᠭᠤᠰᠬᠠᠭᠠᠳ᠂ | ᠶᠡᠷᠦᠩᠬᠡᠢ ᠪᠡᠯᠡ ᠣᠷᠣᠭᠤᠯᠤᠯᠲᠠ ᠨᠢ 1 . 2 ᠳ᠋ᠦᠩᠰᠢᠭᠤᠷ ᠲᠥᠭᠦᠷᠢᠭ ᠲᠤ ᠬᠦᠷᠴᠦ᠂ 3000 ᠦᠢᠯᠡᠴᠢᠯᠡᠭᠦᠷ ᠢ | ᠪᠠᠶᠢᠷᠢᠯᠠᠭᠤᠯᠵᠠᠢ᠃ ᠪᠡᠭᠡᠵᠢᠩ ᠤᠨ ᠡᠤ ᠲᠦᠩ ᠮᠤ᠋ ᠬᠠᠮᠢᠶᠠᠷᠤᠯᠲᠠ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ | ᠳᠡᠭᠡᠳᠦ ᠨᠠᠷᠢᠯᠢᠭ ᠭᠠᠵᠠᠷ ᠤᠨ ᠵᠢᠷᠤᠭ ᠤᠨ ᠳ᠋ᠠᠶᠢᠲ᠋ᠠ ᠶᠢ ᠨᠠᠶᠢᠷᠠᠭᠤᠯᠬᠤ ᠵᠢᠴᠢ ᠰᠢᠶᠳᠪᠦᠷᠢᠯᠡᠬᠦ ᠲᠥᠷᠥᠯ ᠵᠦᠶᠯ ᠢ | ᠨᠢᠭᠡᠨᠲᠡ ᠭᠡᠷ᠎ᠡ ᠲᠣᠭᠲᠠᠵᠤ ᠳᠠᠭᠤᠰᠬᠠᠭᠰᠠᠨ ᠪᠥᠭᠡᠳ 2019 ᠣᠨ ᠤ 3 ᠰᠠᠷ᠎ᠠ ᠳᠤ ᠵᠢᠩᠬᠢᠨᠢ ᠪᠠᠷ ᠠᠵᠢᠯ | ᠡᠬᠢᠯᠡᠭᠦᠯᠦᠭᠰᠡᠨ ᠪᠠᠶᠢᠨ᠎ᠠ᠃ ᠳ᠋ᠢᠩ ᠰᠢᠨ ᠰᠢᠨᠵᠢᠯᠡᠬᠦ ᠤᠬᠠᠭᠠᠨ ᠮᠡᠷᠭᠡᠵᠢᠯ ᠨᠢ ᠥᠪᠥᠷ ᠮᠣᠩᠭᠤᠯ ᠤᠨ ᠠᠩᠬᠠᠳᠠᠭᠴᠢ | ᠡᠤ ᠯᠢᠶᠠᠨ ᠰᠦᠯᠵᠢᠶ᠎ᠡ ᠶᠢᠨ ᠴᠢᠫ ᠢ ᠨᠡᠶᠢᠲᠡᠯᠡᠪᠡ︔ ᠰᠢᠶᠠᠩᠭᠠᠩ ᠤᠨ ᠪᠦᠸᠧ ᠨᠠ ᠮᠠᠰᠢᠨ ᠬᠥᠮᠥᠨ᠂ ᠳᠤᠮᠳᠠᠳᠤ | ᠤᠯᠤᠰ ᠤᠨ ᠱᠧᠨᠵᠧᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ | ᠵᠢᠩᠬᠢᠨᠢ ᠪᠠᠷ ᠭᠠᠷ ᠤᠨ ᠦᠰᠦᠭ ᠵᠢᠷᠤᠪᠠ︔ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠺᠣᠮᠫᠠᠨᠢ ᠶᠢᠨ | ᠵᠢᠯᠣᠭᠤᠴᠢ ᠦᠭᠡᠢ ᠨᠢᠰᠬᠡᠯ᠂ ᠪᠢᠨ ᠤᠣ ᠨᠢᠰᠬᠡᠯ ᠦᠢᠯᠡᠳᠬᠦ᠂ ᠵᠧᠩ ᠳ᠋ᠣᠣ ᠰᠢᠨ᠎ᠡ ᠡᠨᠧᠷᠭᠢ ᠶᠢᠨ ᠰᠤᠷᠪᠤᠯᠵᠢ | ᠬᠡᠷᠡᠭᠯᠡᠬᠦ ᠮᠠᠰᠢᠨ ᠲᠡᠷᠭᠡ ᠵᠡᠷᠭᠡ ᠳᠡᠭᠡᠳᠦ ᠲᠡᠰ ᠤᠨ ᠦᠢᠯᠡᠳᠬᠦ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ | ᠰᠠᠨᠠᠮᠵᠢ ᠲᠠᠢ ᠪᠣᠯᠵᠤ᠂ ᠣᠳᠣ ᠶᠠᠭ ᠤᠷᠤᠭᠰᠢᠲᠠᠶ ᠶᠠᠪᠤᠭᠳᠠᠵᠤ ᠪᠠᠶᠢᠨ᠎ᠠ᠃ ᠪᠠᠶ ᠳ᠋ᠦ᠋ ᠰᠢᠨ᠎ᠡ ᠶᠢ ᠡᠭᠦᠳᠬᠦ ᠲᠥᠪ | ᠤᠳᠠᠯ ᠥᠬᠡᠶ ᠠᠰᠢᠭᠯᠠᠯᠲᠠ ᠳᠤ ᠣᠷᠣᠵᠤ᠂ ᠷᠤᠸᠠᠨ ᠲᠦᠩ ᠳ᠋ᠦᠩ ᠯᠢ ᠶᠢᠨ ᠯᠧ ᠶᠧ ᠦᠢᠯᠡᠰ ᠤᠨ ᠣᠷᠣᠨ ᠵᠠᠶ | 40 ᠭᠠᠷᠤᠶ ᠠᠵᠤ ᠠᠬᠤᠶᠢᠯᠠᠯ ᠢ ᠨᠡᠪᠴᠢᠬᠦᠯᠵᠤ᠂ ᠵᠢᠩ ᠳ᠋ᠦᠩ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ᠂ ᠵᠦᠩ ᠺᠧ ᠶᠢᠨ ᡁᠢ ᠵᠤᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠶᠯ ᠣᠳᠣ | ᠶᠠᠭ ᠬᠠᠮᠲᠤᠷᠠᠯᠴᠠᠭᠠᠨ ᠤ ᠲᠥᠰᠦᠯ ᠢᠶᠠᠨ ᠨᠠᠷᠢᠯᠢᠭᠵᠢᠭᠤᠯᠵᠤ ᠪᠠᠶᠢᠨ᠎ᠠ᠃ | ︵ᠬᠤᠶᠠᠷ︶ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠰᠤᠳᠤᠯᠭᠠᠨ ᠤ ᠰᠠᠯᠠᠭ᠎ᠠ ᠮᠥᠴᠢᠷ ᠵᠢᠴᠢ ᠮᠡᠷᠭᠡᠵᠢᠯ ᠤᠨ | ᠰᠢᠨ᠎ᠡ ᠶᠢ ᠡᠭᠦᠳᠦᠭᠰᠡᠨ ᠪᠠᠶᠢᠳᠠᠯ | 1 . ᠡᠯᠧᠺᠲᠷᠤᠨ ᠵᠠᠰᠠᠭ ᠤᠨ ᠶᠠᠪᠤᠳᠠᠯ ᠤᠨ ᠲᠠᠯ᠎ᠠ ᠪᠠᠷ | ᠪᠦᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ︽ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ᠤᠨ ᠱᠠᠭᠠᠷᠳᠠᠯᠭ᠎ᠠ ᠶᠢ | ᠦᠨᠳᠦᠰᠦᠯᠡᠨ᠂ ᠬᠤᠲᠠ ᠶᠢᠨ 50 ᠰᠢᠭᠤᠳ ᠬᠠᠷᠢᠶ᠎ᠠ ᠮᠡᠳᠡᠭᠡ ᠵᠠᠩᠭᠢ ᠶᠢᠨ ᠡᠬᠢ ᠪᠠᠶᠠᠯᠢᠭ ᠤᠨ ᠪᠠᠶᠢᠳᠠᠯ ᠢ ᠡᠮᠬᠢᠯᠡᠨ | ᠳᠢᠭᠯᠡᠵᠦ᠂ ᠡᠭᠦᠨ ᠤ ᠳᠣᠲᠣᠷ᠎ᠠ 41 ᠨᠢ ᠨᠢᠭᠡᠨᠲᠡ ᠪᠣᠳᠠᠲᠠᠶ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠵᠤ᠂ | ᠦᠯᠡᠳᠡᠭᠰᠡᠨ 9 ᠨᠢ ᠶᠠᠭ ᠰᠠᠶᠢᠬᠠᠨ ᠵᠤᠯᠭᠠᠯᠳᠤᠭᠤᠯᠬᠤ ᠶᠢ ᠴᠢᠷᠮᠠᠶᠢᠨ ᠤᠯᠬᠤ ᠱᠠᠲᠤᠨ ᠳᠤ ᠪᠠᠨ ᠪᠠᠶᠢᠨ᠎ᠠ᠃ ᠡᠬᠢ | ᠪᠠᠶᠠᠯᠢᠭ ᠤᠨ ᠬᠦᠰᠦᠨᠦᠭᠲᠦ ᠶᠢ 494 ᠬᠠᠭᠤᠳᠠᠰᠤ ᠡᠮᠬᠢᠯᠡᠨ ᠲᠢᠭᠯᠡᠵᠦ᠂ ᠡᠬᠢ ᠪᠠᠶᠠᠯᠢᠭ ᠤᠨ ᠬᠦᠰᠦᠨᠦᠭᠲᠦ ᠶᠢᠨ | ᠪᠦᠬᠦ ᠬᠦᠰᠦᠨᠦᠭᠲᠦ ᠶᠢᠨ ᠭᠤᠣᠯ ᠰᠡᠳᠦᠪ ᠢ ᠲᠥᠷᠥᠯ ᠬᠤᠪᠢᠶᠠᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ | ᠣᠷᠣᠯᠠᠬᠤ ᠨᠣᠮᠧᠷ ᠢ ᠨᠠᠶᠢᠷᠠᠭᠤᠯᠤᠨ ᠪᠢᠴᠢᠬᠦ ᠪᠠ ᠮᠡᠳᠡᠭᠡ ᠵᠠᠩᠭᠢ ᠶᠢᠨ ᠡᠬᠢ ᠪᠠᠶᠠᠯᠢᠭ ᠬᠠᠩᠭᠠᠬᠤ ᠲᠠᠯ᠎ᠠ ᠶᠢᠨ | ᠣᠷᠣᠯᠠᠬᠤ ᠨᠣᠮᠧᠷ ᠢ ᠨᠠᠶᠢᠷᠠᠭᠤᠯᠤᠨ ᠪᠢᠴᠢᠬᠦ ᠠᠵᠢᠯ ᠢ ᠪᠡᠶᠡᠯᠡᠭᠦᠯᠵᠦ᠂ ᠲᠤᠰ ᠭᠠᠵᠠᠷ ᠤᠨ ᠣᠨᠴᠠᠯᠢᠭ ᠲᠤ | ᠨᠡᠶᠢᠴᠡᠭᠰᠡᠨ ᠢᠶᠠᠷ ᠺᠣᠳ᠋ᠯᠠᠬᠤ ᠳᠦᠷᠢᠮ ᠢ ᠪᠠᠶᠢᠭᠤᠯᠤᠨ᠂ ︽ᠮᠡᠳᠡᠭᠡ ᠵᠠᠩᠭᠢ ᠶᠢᠨ ᠡᠬᠢ ᠪᠠᠶᠠᠯᠢᠭ ᠬᠠᠩᠭᠠᠬᠤ ᠲᠠᠯ᠎ᠠ | ᠶᠢᠨ ᠣᠷᠣᠯᠠᠬᠤ ᠨᠣᠮᠧᠷ︾ ᠢ ᠡᠮᠬᠢᠯᠡᠬᠦ ᠵᠡᠷᠭᠡ ᠠᠵᠢᠯ ᠢ ᠪᠡᠶᠡᠯᠡᠭᠦᠯᠪᠡ᠃ | ᠡᠭᠦᠨ ᠤ ᠬᠠᠮᠲᠤ᠂ ᠤᠯᠠᠭᠠᠨᠴᠠᠪ ᠬᠤᠲᠠ ᠶᠢᠨ ᠬᠤᠸᠠ ᠸᠧᠶ ᠡᠭᠦᠯᠡᠨ ᠳ᠋ᠠᠶᠢᠲ᠋ᠠ ᠶᠢᠨ ᠲᠥᠪ ᠲᠤ ᠲᠦᠰᠢᠭᠯᠡᠨ᠂ | ᠤᠯᠠᠭᠠᠨᠴᠠᠪ ᠬᠤᠲᠠ ᠶᠢᠨ ᠡᠯᠧᠺᠲᠷᠤᠨ ᠵᠠᠰᠠᠭ ᠤᠨ ᠶᠠᠪᠤᠳᠠᠯ ᠤᠨ ᠡᠭᠦᠯᠡᠨ ᠲᠥᠪ ᠢ ᠪᠠᠶᠢᠭᠤᠯᠵᠤ᠂ ᠪᠥᠬᠦ | ᠬᠤᠲᠠ ᠶᠢᠨ ᠡᠯ᠎ᠡ ᠨᠢᠭᠡᠴᠢ ᠶᠢᠨ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠰᠢᠰᠲ᠋ᠧᠮ ᠢ ᠨᠡᠶᠢᠳᠬᠡᠵᠤ᠂ ᠣᠳᠣ | ᠪᠣᠯᠲᠠᠯ᠎ᠠ ᠪᠥᠬᠦ ᠬᠤᠲᠠ ᠳᠤ ᠨᠡᠶᠢᠲᠡ 57 ᠨᠢᠭᠡᠴᠢ ᠶᠢᠨ ᠨᠡᠶᠢᠲᠡ 92 ᠲᠤᠬᠠᠶᠢᠯᠠᠭᠰᠠᠨ ᠠᠵᠢᠯ ᠤᠨ ᠰᠢᠰᠲ᠋ᠧᠮ ᠤᠨ | ᠡᠭᠦᠯᠡᠨ ᠬᠢᠮᠢᠴᠢᠯᠡᠭᠰᠡᠨ ᠨᠡᠭᠦᠯᠲᠡ ᠶᠢ ᠪᠡᠶᠡᠯᠡᠭᠦᠯᠪᠡ᠃ | 2 . ᠳᠤᠮᠤ ᠳ᠋ᠠᠶᠢᠲ᠋ᠠ ᠶᠢᠨ ᠦᠢᠯᠡᠴᠢᠯᠡᠬᠡᠨ ᠤ ᠳᠡᠪᠴᠡᠩ ᠤᠨ ᠪᠠᠶᠢᠭᠤᠯᠤᠯᠳᠠ | ᠵᠠᠰᠠᠭ ᠤᠨ ᠣᠷᠳᠣᠨ ᠤ ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠵᠤ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ | ᠡᠬᠢ ᠪᠠᠶᠠᠯᠢᠭ ᠢ ᠨᠡᠶᠢᠳᠬᠡᠵᠤ ᠶᠢ ᠲᠦᠯᠬᠢᠨ ᠠᠬᠢᠭᠤᠯᠵᠤ᠂ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠵᠠᠰᠠᠭ ᠤᠨ | ᠣᠷᠳᠣᠨ ᠤ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠬᠦᠯᠬᠦ ᠶᠢᠨ ᠲᠥᠯᠥᠭᠡ᠂ 2017 ᠣᠨ | ᠤ 4 ᠰᠠᠷ᠎ᠠ ᠳᠤ ᠮᠠᠨ ᠤ ᠬᠤᠲᠠ ᠪᠣᠯᠤᠨ ᠷᠤᠸᠠᠨ ᠲᠦᠩ ᠳ᠋ᠦᠩ ᠯᠢ ᠲᠠᠢ ᠬᠠᠮᠳᠤᠷᠠᠯᠴᠠᠨ ᠤᠯᠠᠭᠠᠨᠴᠠᠪ ᠬᠤᠲᠠ ᠶᠢᠨ | ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠲᠠᠪᠴᠠᠩ ᠤᠨ ᠲᠥᠷᠥᠯ ᠵᠦᠶᠯ ᠤᠨ ᠬᠠᠮᠲᠤᠷᠠᠯᠴᠠᠭ᠎ᠠ ᠶᠢ ᠥᠷᠨᠢᠭᠦᠯᠪᠡ᠃ | ᠬᠥᠮᠥᠨ ᠠᠮᠠ ᠶᠢᠨ ᠬᠥᠮᠥᠷᠭᠡ᠂ ᠬᠠᠤᠯᠢ ᠶᠢᠨ ᠡᠷᠬᠡᠲᠡᠨ ᠤ ᠬᠥᠮᠥᠷᠭᠡ᠂ ᠬᠤᠷᠸ᠎ᠠ ᠠᠵᠤ ᠠᠬᠤᠢ ᠶᠢᠨ ᠬᠥᠮᠥᠷᠭᠡ᠂ | ᠣᠷᠣᠨ ᠵᠠᠢ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠥᠮᠥᠷᠭᠡ᠂ ᠪᠠᠷᠢᠯᠭ᠎ᠠ ᠶᠢᠨ ᠬᠥᠮᠥᠷᠭᠡ ᠲᠠᠪᠤᠨ ᠶᠡᠭᠡ | ᠳ᠋ᠠᠶᠢᠲ᠋ᠠ ᠶᠢᠨ ᠬᠥᠮᠥᠷᠭᠡ ᠵᠢᠴᠢ ᠲᠥᠮᠥᠰᠥ᠂ ᠲᠡᠮᠦᠷ ᠤᠨ ᠬᠠᠶᠢᠯᠤᠰᠢ ᠵᠡᠷᠭᠡ ᠠᠵᠢᠯ ᠲᠥᠷᠥᠯ ᠤᠨ ᠳ᠋ᠠᠶᠢᠲ᠋ᠠ ᠶᠢᠨ | ᠬᠥᠮᠥᠷᠭᠡ ᠶᠢ ᠪᠦᠲᠦᠭᠡᠨ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠣᠳᠣ ᠪᠠᠶᠢᠭ᠎ᠠ ᠳ᠋ᠠᠶᠢᠲ᠋ᠠ ᠶᠢᠨ ᠡᠬᠢ ᠪᠠᠶᠠᠯᠢᠭ | ᠢ ᠪᠦᠲᠦᠮᠵᠢᠲᠡᠢ ᠨᠡᠶᠢᠳᠬᠡᠬᠦ ᠪᠠ ᠰᠣᠯᠢᠯᠴᠠᠵᠤ ᠬᠠᠮᠲᠤᠪᠠᠷ ᠡᠳ᠋ᠯᠡᠬᠦ ᠪᠠᠷ ᠳᠠᠮᠵᠢᠭᠤᠯᠤᠨ᠂ ᠰᠠᠯᠠᠭ᠎ᠠ ᠮᠥᠴᠢᠷ | ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠭᠤᠷᠪᠠᠨ | ᠦᠨᠡᠮᠯᠡᠯ ᠢ ᠨᠡᠶᠢᠯᠡᠭᠦᠯᠤᠨ ᠨᠢᠬᠡ ᠪᠤᠯᠭᠠᠬᠤ᠂ ᠬᠥᠮᠥᠨ ᠠᠮᠠ ᠬᠢᠭᠡᠳ ᠠᠵᠤ ᠠᠬᠤᠶᠢᠯᠠᠯ ᠤᠨ ᠳ᠋ᠠᠶᠢᠲ᠋ᠠ ᠶᠢ | ᠬᠠᠷᠭᠤᠭᠤᠯᠤᠨ ᠪᠠᠶᠢᠴᠠᠭᠠᠬᠤ ᠬᠠᠷᠢᠴᠠᠯ ᠵᠡᠷᠭᠡ ᠳᠤᠬᠠᠶᠢᠯᠠᠭᠰᠠᠨ ᠠᠵᠢᠯ ᠢ ᠬᠢᠵᠤ᠂ ᠨᠢᠭᠡᠳᠦᠯᠲᠡᠢ᠂ ᠪᠦᠷᠢᠨ ᠳᠦᠬᠦᠷ᠂ | ᠤᠨᠤᠪᠴᠢᠳᠠᠢ ᠪᠠᠶᠢᠯᠭᠠᠬᠤ ᠳᠤ ᠰᠠᠭᠤᠷᠢ ᠳ᠋ᠠᠶᠢᠲ᠋ᠠ ᠬᠠᠩᠭᠠᠵᠠᠢ᠃ | 2018 ᠣᠨ ᠤ 12 ᠰᠠᠷ᠎ᠠ ᠶᠢᠨ 14 ᠤ ᠡᠳᠦᠷ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠲᠠᠪᠴᠠᠩ | ᠵᠢᠩᠬᠢᠨᠢ ᠪᠠᠷ ᠡᠬᠢᠯᠡᠭᠰᠡᠨ ᠤ ᠬᠠᠮᠲᠤ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠲᠠᠪᠴᠠᠩ ᠤᠨ ᠡᠯ᠎ᠡ ᠵᠦᠶᠯ ᠤᠨ | ᠪᠠᠷᠢᠮᠵᠢᠶ᠎ᠠ ᠪᠠ ᠵᠢᠷᠤᠮᠵᠢᠯ ᠢ ᠨᠡᠶᠢᠲᠡᠯᠡᠭᠰᠡᠨ ᠪᠥᠭᠡᠳ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠲᠠᠪᠴᠠᠩ ᠤᠨ | ᠬᠡᠷᠡᠭᠯᠡᠯᠲᠡ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠣᠳᠣᠬᠠᠨ ᠳᠤ | ᠠᠵᠢᠯ ᠤᠨ ᠳ᠋ᠠᠶᠢᠲ᠋ᠠ ᠶᠢᠨ ᠡᠬᠢ ᠪᠠᠶᠠᠯᠢᠭ ᠢ ᠭᠦᠨᠵᠡᠭᠡᠶ ᠵᠣᠯᠭᠠᠭᠤᠯᠬᠤ ᠠᠵᠢᠯ ᠦᠷᠭᠦᠯᠵᠢᠯᠡᠨ ᠶᠠᠪᠤᠭᠳᠠᠵᠤ ᠪᠠᠶᠢᠨ᠎ᠠ᠃ | | 3 . ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠲᠠᠯ᠎ᠠ ᠪᠠᠷ | ᠮᠠᠨ ᠤ ᠬᠤᠲᠠ ᠶᠢᠨ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠶᠯᠡᠰ ᠲᠤ ᠲᠦᠰᠢᠭᠯᠡᠨ᠂ ᠢᠳᠡᠭᠡᠨ ᠪᠠ ᠡᠮ ᠤᠨ | ᠵᠦᠶᠯ ᠤᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠠᠪᠴᠠᠩ ᠵᠢᠴᠢ ᠵᠢᠨᠢᠩ ᠲᠣᠭᠤᠷᠢᠭ ᠤᠨ ᠢᠳᠡᠭᠡᠨ ᠪᠠ ᠡᠮ ᠤᠨ | ᠵᠦᠶᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠵᠢᠯᠣᠭᠤᠳᠬᠤ ᠲᠥᠪ ᠢ ᠪᠠᠶᠢᠭᠤᠯᠵᠤ᠂ ᠡᠨᠡ ᠬᠦ | ᠡᠯᠧᠺᠲᠷᠤᠨ ᠬᠢᠨᠠᠨ ᠡᠵᠡᠮᠳᠡᠬᠦ ᠰᠢᠰᠲ᠋ᠧᠮ ᠨᠢ ᠲᠠᠷᠢᠶᠠᠨ ᠭᠠᠵᠠᠷ ᠠᠴᠠ ᠡᠭᠡᠯ ᠠᠷᠠᠳ ᠤᠨ ᠬᠤᠭᠤᠯᠠᠨ ᠰᠢᠷᠡᠭᠡᠨ | ᠬᠦᠷᠳᠡᠯᠡᠬᠢ ᠪᠥᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠪᠡ᠃ ᠵᠢᠯᠣᠭᠤᠳᠬᠤ ᠲᠥᠪ ᠨᠢᠭᠡᠨᠲᠡ ᠵᠢᠨᠢᠩ | ᠲᠣᠭᠤᠷᠢᠭ ᠤᠨ 4100 ᠺᠠᠮᠧᠷᠠ ᠤᠭᠰᠠᠷᠠᠬᠤ ᠬᠢᠨᠠᠨ ᠬᠠᠮᠢᠶᠠᠷᠬᠤ ᠠᠵᠢᠯ ᠢ ᠳᠠᠭᠤᠰᠬᠠᠵᠤ᠂ ᠣᠳᠣᠬᠠᠨ ᠳᠤ | ᠨᠢᠭᠡᠨᠲᠡ ᠰᠤᠷᠭᠠᠭᠤᠯᠢ ᠶᠢᠨ ᠬᠤᠭᠤᠯᠠᠨ ᠭᠡᠷ᠂ ᠵᠢᠱᠢᠶ᠎ᠡ ᠦᠵᠡᠭᠦᠯᠬᠦ ᠵᠡᠭᠡᠯᠢ᠂ ᠢᠳᠡᠭᠡᠨ ᠪᠣᠯᠪᠠᠰᠤᠷᠠᠭᠤᠯᠬᠤ | ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ 4000 ᠭᠠᠷᠤᠶ ᠨᠢᠭᠡᠴᠢ ᠳᠤ ᠺᠠᠮᠧᠷᠠ | ᠤᠭᠰᠠᠷᠠᠪᠠ᠃ ︽ᠬᠤᠳᠠᠯᠳᠤᠭᠠᠴᠢᠨ ᠡᠷᠦᠬᠡ A P P ᠵᠥᠭᠡᠯᠡᠨ ᠲᠣᠨᠤᠭ ᠪᠠᠭᠤᠯᠭᠠᠬᠤ ᠪᠠᠷ ᠳᠠᠮᠵᠢᠭᠤᠯᠤᠨ᠂ A | P P ᠶᠢ ᠬᠡᠷᠡᠭᠯᠡᠪᠡᠯ ᠬᠤᠳᠠᠯᠳᠤᠭᠠᠴᠢᠨ ᠡᠷᠦᠬᠡ ᠶᠢᠨ ᠡᠬᠡ ᠳᠠᠩᠰᠠ ᠶᠢ ᠡᠯᠧᠺᠲᠷᠣᠨ ᠢᠶᠠᠷ ᠬᠢᠨᠠᠨ ᠡᠵᠡᠮᠳᠡᠬᠦ ᠶᠢ | ᠪᠡᠶᠡᠯᠡᠭᠦᠯᠵᠦ᠂ ᠬᠡᠷᠡᠭ ᠤᠨ ᠳᠠᠷᠠᠭ᠎ᠠ ᠮᠥᠷᠳᠡᠬᠦ ᠳᠤ ᠳᠥᠭᠦᠮ ᠦᠵᠡᠭᠦᠯᠵᠦ ᠪᠣᠯᠤᠨ᠎ᠠ᠃ ᠠᠷᠠᠳ ᠢᠷᠭᠡᠳ ᠪᠠᠰᠠ A | P P ᠶᠢ ᠪᠠᠭᠤᠯᠭᠠᠨ ᠥᠪᠡᠷ ᠤᠨ ᠠᠩᠬᠠᠷᠴᠤ ᠪᠠᠶᠢᠭ᠎ᠠ ᠬᠤᠭᠤᠯᠠᠨ ᠭᠡᠷ ᠤᠨ ᠪᠣᠯᠪᠠᠰᠤᠷᠠᠭᠤᠯᠬᠤ ᠶᠠᠪᠤᠴᠠ ᠵᠢᠴᠢ | ᠬᠤᠭᠤᠯᠠᠨ ᠭᠡᠷ ᠲᠠᠬᠢ ᠬᠤᠳᠠᠯᠳᠤᠨ ᠠᠪᠤᠭᠰᠠᠨ ᠦᠢᠯᠡᠳᠬᠦᠨ ᠤ ᠬᠢᠮᠢ ᠶᠢᠨ ᠰᠢᠯᠭᠠᠯᠲᠠ ᠶᠢᠨ ᠮᠡᠳᠡᠭᠦᠯᠦᠯᠲᠡ ᠶᠢ | ᠣᠯᠵᠤ ᠦᠵᠡᠭᠡᠳ ᠢᠳᠡᠭᠡᠨ ᠤ ᠬᠢᠨᠠᠯᠲᠠ ᠲᠠᠯᠪᠢᠬᠤ ᠠᠵᠢᠯ ᠳᠤ ᠣᠷᠣᠯᠴᠠᠵᠤ ᠪᠣᠯᠤᠨ᠎ᠠ᠃ | 4 . ᠶᠠᠳᠠᠭᠤ ᠶᠢ ᠲᠡᠳᠬᠦᠵᠦ ᠵᠦᠳᠡᠭᠦᠦ ᠶᠢ ᠲᠡᠳᠬᠦᠬᠦ ᠲᠠᠯ᠎ᠠ ᠪᠠᠷ | ᠤᠯᠠᠭᠠᠨᠴᠠᠪ ᠤᠨ ᠶᠠᠳᠠᠭᠤ ᠶᠢ ᠲᠡᠳᠬᠦᠬᠦ ᠪᠡᠷᠬᠡ ᠰᠡᠳᠦᠪ ᠢ ᠰᠢᠶᠳᠪᠦᠷᠢᠯᠡᠬᠦ ᠲᠣᠮᠣ ᠳ᠋ᠠᠶᠢᠲ᠋ᠠ ᠶᠢᠨ ᠲᠠᠪᠴᠠᠩ ᠨᠢ | ᠶᠠᠳᠠᠭᠤ ᠬᠦᠴᠢᠷᠳᠡᠯᠲᠡᠶ ᠡᠷᠦᠬᠡ ᠵᠢᠴᠢ ᠬᠥᠮᠦᠰ ᠤᠨ ᠦᠨᠳᠦᠰᠦᠨ ᠮᠡᠳᠡᠭᠡ ᠵᠠᠩᠭᠢ ᠠᠭᠤᠯᠠᠭᠳᠠᠵᠤ᠂ ᠡᠭᠦᠨ ᠳᠤ | ᠳ᠋ᠠᠶᠢᠲ᠋ᠠ ᠶᠢᠨ ᠶᠡᠷᠦᠩᠬᠡᠶ ᠦᠵᠡᠭᠦᠯᠦᠯᠭᠡ᠂ ᠳ᠋ᠠᠶᠢᠲ᠋ᠠ ᠶᠢᠨ ᠪᠦᠷᠢᠳᠬᠡᠯ᠂ ᠶᠠᠳᠠᠭᠤ ᠶᠢ ᠲᠡᠳᠬᠦᠬᠦ ᠺᠠᠳ᠋ᠷ ᠵᠢᠴᠢ | ᠳᠡᠳᠬᠦᠭᠳᠡᠬᠦ ᠡᠲᠡᠭᠡᠳ ᠤᠨ ᠨᠠᠷᠢᠨ ᠪᠠᠶᠢᠳᠠᠯ᠂ ᠣᠯᠠᠨ ᠨᠥᠬᠦᠴᠡᠯ ᠢᠶᠠᠷ ᠪᠠᠶᠢᠴᠠᠭᠠᠨ ᠯᠠᠪᠯᠠᠬᠤ᠂ ᠳ᠋ᠠᠶᠢᠲ᠋ᠠ ᠶᠢᠨ | ᠪᠦᠷᠢᠳᠬᠡᠯ ᠵᠢᠴᠢ ᠦᠵᠡᠭᠳᠡᠬᠦ᠋ᠢᠴᠡ ᠦᠵᠡᠭᠦᠯᠦᠯᠭᠡ ᠵᠡᠷᠭᠡ ᠪᠠᠭᠲᠠᠨ᠎ᠠ᠃ ᠳᠠᠩᠰᠠ ᠡᠪᠬᠡᠮᠡᠯ ᠪᠠᠶᠢᠭᠤᠯᠵᠤ ᠺᠠᠷᠲᠯᠠᠨ | ᠳᠠᠩᠰᠠᠯᠠᠭᠰᠠᠨ ᠲᠤᠭ᠎ᠠ ᠪᠠᠷᠢᠮᠲᠠ ᠶᠢ ᠴᠤᠭᠯᠠᠭᠤᠯᠤᠭᠰᠠᠨ ᠪᠠ ᠨᠠᠷᠢᠯᠢᠭ ᠣᠨᠣᠴᠠᠲᠠᠶ ᠪᠠᠶᠢᠬᠤ ᠨᠣᠷᠮ᠎ᠠ ᠶᠢᠨ ᠢᠯᠭᠠᠨ | ᠲᠠᠨᠢᠭᠰᠠᠨ ᠪᠠᠶᠢᠳᠠᠯ ᠢ ᠴᠠᠭ ᠲᠤᠬᠠᠶ ᠳᠤᠨᠢ ᠪᠦᠷᠢᠳᠬᠡᠵᠦ᠂ ᠬᠥᠮᠥᠨ ᠳᠤᠮᠳᠠᠴᠢ ᠶᠢᠨ ᠣᠷᠣᠯᠭ᠎ᠠ ᠶᠢᠨ ᠪᠠᠶᠢᠳᠠᠯ ᠪᠠ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠪᠠᠶᠢᠴᠠᠭᠠᠨ ᠦᠵᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ | ᠬᠠᠪᠰᠤᠷᠤᠨ ᠲᠡᠳᠬᠦᠬᠦ ᠦᠷ᠎ᠡ ᠠᠰᠢᠭ ᠢ ᠵᠠᠳᠠᠯᠤᠨ᠎ᠠ᠃ ᠬᠤᠲᠠ ᠰᠢᠶᠠᠨ ᠰᠢᠶᠠᠩ ᠲᠣᠰᠬᠤᠨ ᠤ ᠡᠯ᠎ᠡ ᠱᠠᠲᠤᠨ ᠤ | ᠬᠠᠪᠰᠤᠷᠤᠨ ᠲᠡᠳᠬᠦᠬᠦ ᠺᠠᠳ᠋ᠷ ᠤᠨ ᠪᠠᠶᠢᠳᠠᠯ ᠵᠢᠴᠢ ᠬᠠᠷᠠᠭᠠᠯᠵᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ | ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠬᠦ ᠺᠠᠳ᠋ᠷ ᠢ | ᠡᠷᠢᠵᠦ ᠣᠯᠵᠤ᠂ ᠺᠠᠳ᠋ᠷ ᠤᠨ ᠬᠠᠷᠠᠭᠠᠯᠵᠠᠭᠰᠠᠨ ᠬᠠᠪᠰᠤᠷᠤᠨ ᠲᠡᠳᠬᠦᠬᠦ ᠶᠠᠳᠠᠭᠤ ᠬᠦᠴᠢᠷᠳᠡᠯᠲᠡᠢ ᠡᠷᠦᠬᠡ ᠶᠢ ᠡᠷᠢᠵᠦ | ᠣᠯᠵᠤ ᠪᠣᠯᠤᠨ᠎ᠠ᠃ ᠣᠯᠠᠨ ᠨᠥᠬᠦᠴᠡᠯ ᠢᠶᠠᠷ ᠲᠦᠷᠭᠡᠨ ᠪᠠᠶᠢᠴᠠᠭᠠᠨ ᠯᠠᠪᠯᠠᠬᠤ ᠳᠤ᠂ ᠶᠠᠳᠠᠭᠤ ᠬᠦᠴᠢᠷᠳᠡᠯᠲᠡᠶ | ᠬᠥᠮᠦᠨ ᠤ ᠣᠪᠣᠭ ᠨᠡᠷ᠎ᠡ ᠶᠢ ᠡᠷᠢᠬᠦ ᠪᠠᠷ ᠳᠠᠮᠵᠢᠨ᠂ ᠨᠥᠬᠦᠴᠡᠯ ᠲᠠᠢ ᠤᠶᠠᠯᠳᠤᠭᠤᠯᠤᠨ ᠬᠠᠷᠠᠯᠲᠠ ᠶᠢᠨ | ᠬᠡᠪᠴᠢᠶᠡᠨ ᠳᠠᠬᠢ ᠶᠠᠳᠠᠭᠤ ᠬᠦᠴᠢᠷᠳᠡᠯᠲᠡᠶ ᠡᠷᠦᠬᠡ ᠶᠢ ᠰᠢᠭᠰᠢᠨ ᠰᠣᠩᠭᠤᠵᠤ᠂ ᠪᠠᠲᠤᠯᠠᠨ ᠲᠣᠭᠲᠠᠭᠠᠵᠤ ᠪᠣᠯᠤᠨ᠎ᠠ︔ | ᠪᠠᠰᠠ ᠳᠠᠷᠣᠪᠴᠢ ᠪᠠᠷ ᠳᠠᠮᠵᠢᠨ ᠪᠡᠶ᠎ᠡ ᠶᠢᠨ ᠦᠨᠡᠮᠯᠡᠯ ᠤᠨ ᠨᠣᠮᠧᠷ ᠲᠤ ᠣᠷᠣᠵᠤ ᠬᠠᠷᠠᠯᠲᠠ ᠪᠦᠬᠦᠢ ᠶᠠᠳᠠᠭᠤ | ᠬᠦᠴᠢᠷᠳᠡᠯᠲᠡᠶ ᠡᠷᠦᠬᠡ ᠶᠢ ᠰᠢᠭᠤᠳ ᠣᠨᠢᠰᠤᠯᠠᠵᠤ ᠪᠤᠯᠤᠨ᠎ᠠ︔ ᠡᠬᠦᠨ ᠤ ᠳᠠᠭᠠᠤ᠂ ᠪᠠᠰᠠ ᠭᠠᠵᠠᠷ ᠤᠷᠤᠨ ᠤ | ᠳᠠᠪᠬᠤᠷᠭ᠎ᠠ ᠳᠡᠰ ᠢᠶᠠᠷ ᠰᠢᠯᠢᠨ ᠰᠤᠩᠭᠤᠬᠤ ᠵᠡᠷᠬᠡ ᠠᠷᠭ᠎ᠠ ᠮᠠᠶ᠋ᠢᠭ ᠢᠶᠠᠷ᠂ ᠬᠠᠮᠤᠭ ᠤᠨ ᠡᠴᠦᠰ ᠲᠤ ᠨᠢᠬᠡ | ᠳᠠᠷᠤᠪᠴᠢ ᠪᠠᠷ ᠶᠠᠳᠠᠭᠤ ᠬᠦᠴᠢᠷᠳᠡᠯᠳᠡᠢ ᠬᠦᠮᠦᠰ ᠤᠨ ᠨᠡᠷ᠎ᠡ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ | ᠦᠨᠳᠦᠰᠦᠨ ᠮᠠᠲ᠋ᠧᠷᠢᠶᠠᠯ᠂ ᠬᠠᠪᠰᠤᠷᠤᠨ ᠳᠡᠳᠬᠦᠬᠦ ᠲᠦᠯᠦᠪᠯᠡᠭᠡ ᠵᠡᠷᠬᠡ ᠮᠡᠳᠡᠭᠡ ᠵᠠᠩᠬᠢ ᠶᠢ ᠪᠠᠶᠢᠴᠠᠭᠠᠨ ᠯᠠᠪᠯᠠᠵᠤ | ᠪᠤᠯᠬᠤ ᠮᠦᠷᠳᠡᠬᠡᠨ ᠪᠠᠰᠠ ︽ᠰᠡᠷᠪᠢᠬᠦ︾ ᠪᠠᠷ ᠶᠠᠳᠠᠭᠤ ᠬᠦᠴᠢᠷᠳᠡᠯᠳᠡᠢ ᠡᠷᠦᠬᠡ ᠶᠢᠨ ᠪᠡᠶ᠎ᠡ ᠶᠢᠨ ᠦᠨᠡᠮᠯᠡᠯ ᠢ | ᠰᠡᠷᠪᠢᠪᠡᠯ ᠳᠠᠷᠤᠶᠢᠬᠠᠨ ᠪᠠᠶᠢᠴᠠᠭᠠᠨ ᠯᠠᠪᠯᠠᠵᠤ ᠪᠤᠯᠤᠨ᠎ᠠ᠃ | 5 . ᠲᠧᠩ ᠰᠢᠶᠦ᠋ᠨ ᠤ ᠸᠧᠢ ᠼᠦᠨ ᠤ ᠲᠥᠷᠥᠯ ᠵᠦᠢᠯ | ᠸᠧᠢ ᠼᠦᠨ ᠪᠣᠯ ᠨᠢᠭᠡ ᠵᠦᠢᠯ ᠤᠨ ᠲᠧᠩ ᠰᠢᠶᠦ᠋ᠨ ᠵᠢᠷᠭᠢᠶ᠎ᠡ ᠶᠢᠨ ᠲᠠᠪᠴᠠᠩ ᠳᠤ ᠰᠠᠭᠤᠷᠢᠯᠠᠨ ᠨᠡᠭᠡᠭᠡᠨ | ᠬᠥᠭᠵᠢᠭᠦᠯᠦᠭᠰᠡᠨ ᠬᠥᠳᠡᠭᠡ ᠲᠣᠰᠬᠤᠨ ᠳᠤ ᠦᠢᠯᠡᠴᠢᠯᠡᠬᠦ ᠤᠯᠠᠨ ᠨᠡᠶᠢᠲᠡ ᠶᠢᠨ ᠳ᠋ᠤᠭᠠᠷ ᠤᠨ ᠨᠡᠶᠢᠲᠡᠯᠡᠬᠦ ᠲᠠᠪᠴᠠᠩ | ᠪᠣᠯᠤᠨ᠎ᠠ᠂ ᠬᠥᠳᠡᠭᠡ ᠲᠣᠰᠬᠤᠨ ᠤ ᠰᠢᠯᠵᠢᠮᠡᠯ ᠢᠨᠲ᠋ᠧᠷ ᠰᠦᠯᠵᠢᠶᠡᠨ ᠤ ᠴᠢᠳᠠᠪᠤᠷᠢ ᠶᠢᠨ ᠪᠠᠶᠢᠭᠤᠯᠤᠯᠲᠠ ᠶᠢᠨ | ᠲᠥᠯᠥᠭᠡ ᠴᠢᠷᠮᠠᠶᠢᠵᠤ᠂ ᠬᠥᠳᠡᠭᠡ ᠲᠣᠰᠬᠤᠨ ᠤ ᠬᠠᠶᠢᠷ᠎ᠠ ᠰᠡᠳᠬᠢᠯᠭᠡ ᠶᠢ ᠬᠤᠯᠪᠣᠬᠤ᠂ ᠮᠡᠳᠡᠭᠡ ᠵᠠᠩᠭᠢ ᠶᠢ | ᠬᠤᠯᠪᠣᠬᠤ᠂ ᠡᠳ᠋ ᠪᠠᠶᠠᠯᠢᠭ ᠢ ᠬᠤᠯᠪᠣᠬᠤ ᠶᠠᠪᠤᠳᠠᠯ ᠪᠣᠯᠤᠨ᠎ᠠ᠃ ᠲᠣᠰᠬᠤᠨ ᠤ ᠰᠢᠯᠵᠢᠮᠡᠯ ᠢᠨᠲ᠋ᠧᠷ ᠰᠦᠯᠵᠢᠶᠡᠨ ᠤ | ᠨᠡᠷ᠎ᠡ ᠶᠢᠨ ᠬᠠᠭᠤᠳᠠᠰᠤ ᠪᠠᠶᠢᠵᠤ᠂ ᠠᠷᠠᠳ ᠤᠨ ᠠᠮᠢᠳᠤᠷᠠᠯ ᠳᠤ ᠳᠥᠭᠦᠮ ᠦᠵᠡᠭᠦᠯᠬᠦ᠂ ᠲᠣᠰᠬᠤᠨ ᠤ ᠣᠶᠤᠨᠯᠢᠭ | ᠶᠠᠪᠤᠳᠠᠯ᠂ ᠰᠦᠯᠵᠢᠶᠡᠨ ᠤ ᠤᠬᠠᠭᠤᠯᠭ᠎ᠠ ᠶᠢ ᠨᠢᠭᠡ ᠴᠣᠠᠠᠴᠠᠵᠢᠭᠤᠯᠪᠠ᠃ ᠲᠣᠰᠬᠤᠨ ᠳᠤ ᠦᠢᠯᠡᠴᠢᠯᠡᠬᠦ ᠲᠥᠷᠥᠯ | ᠵᠦᠢᠯ ᠪᠣᠯ ᠮᠥᠨᠴᠦ ᠢᠨᠲ᠋ᠧᠷ ᠰᠦᠯᠵᠢᠶ᠎ᠡ ᠪᠠᠷ ᠨᠠᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠲᠠᠪᠴᠠᠩ ᠪᠣᠯᠤᠨ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠶᠢ | ᠬᠠᠪᠰᠤᠷᠬᠤ ᠳᠤ ᠰᠠᠭᠤᠷᠢᠯᠠᠵᠤ ᠪᠣᠳᠠᠲᠤ ᠠᠮᠵᠢᠯᠲᠠ ᠣᠯᠬᠤ ᠪᠤᠯᠤᠨ᠎ᠠ᠃ | ᠳᠣᠰᠬᠤᠨ ᠤ ᠠᠷᠠᠳ ᠦᠨᠡᠨ ᠨᠡᠷ᠎ᠡ ᠪᠠᠷ ᠢᠶᠠᠨ ᠭᠡᠷᠡᠴᠢᠯᠡᠬᠦ ᠪᠠᠷ ᠳᠠᠮᠵᠢᠭᠤᠯᠤᠨ ᠥᠪᠡᠷ ᠤᠨ ᠬᠠᠷᠢᠶᠠᠨ ᠳᠠᠬᠢ | ᠠᠶᠢᠯ ᠲᠣᠰᠬᠤᠨ ᠤ ᠣᠯᠠᠨ ᠨᠡᠶᠢᠲᠡ ᠶᠢᠨ ᠨᠣᠮᠧᠷ ᠲᠡᠭᠡᠨ ᠣᠷᠣᠵᠤ᠂ ᠭᠠᠴᠠᠭ᠎ᠠ ᠲᠣᠰᠬᠤᠨ ᠤ ᠬᠡᠷᠡᠭ ᠶᠠᠪᠤᠳᠠᠯ ᠳᠤ | ᠬᠡᠵᠢᠶ᠎ᠡ ᠬᠠᠮᠢᠭ᠎ᠠ ᠴᠤ ᠭᠡᠰᠡᠨ ᠣᠷᠣᠯᠴᠠᠵᠤ ᠪᠣᠯᠤᠨ᠎ᠠ︔ ᠭᠠᠴᠠᠭᠠᠨ ᠤ ᠬᠠᠮᠲᠤ ᠨᠡᠶᠢᠲᠡ ᠪᠣᠯᠤᠨ ᠭᠠᠴᠠᠭᠠᠨ ᠤ | ᠠᠷᠠᠳ ᠪᠠᠰᠠ ᠳᠤᠰᠬᠤᠨ ᠤ ᠲᠠᠪᠴᠠᠩ ᠢ ᠠᠰᠢᠭᠯᠠᠨ ᠨᠤᠲᠤᠭ ᠤᠰᠤᠨ ᠤ ᠵᠠᠩ ᠰᠤᠷᠲᠠᠯ ᠢ ᠳᠡᠯᠭᠡᠨ ᠦᠵᠡᠭᠦᠯᠵᠦ᠂ | ᠨᠤᠲᠤᠭ ᠤᠨ ᠣᠨᠴᠠ ᠭᠠᠷᠤᠯᠲᠠ ᠶᠢ ᠬᠤᠳᠠᠯᠳᠤᠵᠤ᠂ ᠡᠭᠦᠨ ᠤ ᠤᠯᠠᠮ ᠠᠴᠠ ᠶᠠᠳᠠᠭᠤ ᠠᠴᠠ ᠠᠩᠭᠢᠵᠢᠷᠠ ᠪᠠᠶᠠᠵᠢᠵᠤ | ᠪᠣᠯᠤᠨ᠎ᠠ᠃ ᠸᠧᠢ ᠼᠦᠨ ᠤ ᠣᠯᠠᠨ ᠨᠡᠶᠢᠲᠡ ᠶᠢᠨ ᠳ᠋ᠤᠭᠠᠷ ᠤᠨ ᠠᠵᠢᠯᠯᠠᠭᠤᠯᠬᠤ ᠠᠴᠠ ᠠᠪᠤᠭᠠᠳ ᠬᠤᠶᠠᠳᠤᠭᠠᠷ | ᠣᠳᠣᠨ ᠬᠦᠷᠳᠡᠯᠡᠬᠢ ᠦᠶ᠎ᠡ ᠳᠤ᠂ ᠳᠤᠰᠬᠤᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠠᠶᠠᠨᠳᠠᠭᠠᠨ ᠨᠡᠭᠡᠭᠡᠨ | ᠠᠰᠢᠭᠯᠠᠵᠤ᠂ ᠦᠢᠯᠡᠳᠬᠦᠨ ᠢᠶᠠᠨ ᠰᠦᠯᠵᠢᠶᠡᠨ ᠳᠡᠭᠡᠷ᠎ᠡ ᠬᠤᠳᠠᠯᠳᠤᠵᠤ ᠪᠣᠯᠤᠨ᠎ᠠ᠃ ᠳᠤᠰᠬᠤᠨ ᠤ ᠠᠷᠠᠳ | ᠳᠤᠰᠬᠤᠨ ᠤ ᠬᠠᠮᠲᠤ ᠶᠢᠨ ᠠᠵᠢᠯᠯᠠᠭ᠎ᠠ ᠶᠢᠨ ᠳᠣᠣᠷᠠᠬᠢ ᠠᠵᠢᠯᠯᠠᠭ᠎ᠠ ᠪᠠᠷ ᠳᠠᠮᠵᠢᠭᠤᠯᠤᠨ ᠨᠡᠷ᠎ᠡ ᠮᠡᠳᠡᠭᠦᠯᠬᠦ᠂ ᠫᠢᠶᠣᠣ | ᠥᠭᠴᠦ ᠰᠢᠯᠭᠠᠷᠠᠭᠤᠯᠤᠨ ᠰᠣᠩᠭᠤᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠬᠡᠪ ᠪᠤᠯᠤᠩ ᠢᠶᠠᠷ | ᠳᠠᠮᠵᠢᠭᠤᠯᠤᠨ᠂ ᠳᠤᠰᠬᠤᠨ ᠤ ᠬᠠᠮᠲᠤ ᠶᠢᠨ ᠨᠡᠶᠢᠲᠡᠯᠡᠭᠰᠡᠨ ᠵᠠᠷᠢᠮ ᠪᠠᠶᠢᠴᠠᠭᠠᠯᠲᠠ ᠰᠢᠯᠭᠠᠷᠠᠭᠤᠯᠤᠯᠲᠠ ᠶᠢᠨ | ᠠᠵᠢᠯᠯᠠᠭ᠎ᠠ ᠳᠤ ᠴᠠᠭ ᠲᠤᠬᠠᠶ ᠳᠤᠨᠢ ᠣᠷᠣᠯᠴᠠᠵᠤ᠂ ᠳᠤᠰᠬᠤᠨ ᠤ ᠠᠷᠠᠳ ᠢ ᠴᠥᠮ ᠲᠤᠰ ᠳᠤᠰᠬᠤᠨ ᠤ ᠵᠠᠷᠢᠮ | ᠤᠴᠢᠷ ᠶᠠᠪᠤᠳᠠᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠲᠣᠭᠲᠠᠭᠠᠬᠤ ᠠᠵᠢᠯ ᠳᠤ ᠣᠷᠣᠯᠴᠠᠭᠤᠯᠵᠤ | ᠪᠣᠯᠤᠨ᠎ᠠ᠃ ᠳᠤᠰᠬᠤᠨ ᠤ ᠠᠷᠠᠳ ᠤᠨ ᠣᠷᠣᠯᠴᠠᠬᠤ ᠬᠡᠮᠵᠢᠶ᠎ᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠪᠥᠭᠡᠳ | ᠭᠠᠳᠠᠭᠰᠢ ᠭᠠᠷᠴᠤ ᠬᠥᠯᠥᠰᠥᠨ ᠠᠵᠢᠯ ᠬᠢᠬᠦ ᠲᠤᠰ ᠳᠤᠰᠬᠤᠨ ᠤ ᠠᠷᠠᠳ ᠤᠨ ᠰᠠᠨᠠᠯ ᠢ ᠰᠣᠨᠣᠰᠴᠤ᠂ ᠡᠯ᠎ᠡ | ᠵᠦᠢᠯ ᠤᠨ ᠪᠠᠶᠢᠴᠠᠭᠠᠯᠲᠠ ᠪᠠ ᠰᠢᠯᠭᠠᠷᠠᠭᠤᠯᠤᠯᠲᠠ ᠶᠢ ᠨᠠᠩ ᠲᠥᠪ ᠭᠤᠣᠯᠴᠢ ᠪᠥᠭᠡᠳ ᠡᠷᠭᠡ ᠳᠡᠭᠰᠢ ᠪᠣᠯᠭᠠᠵᠤ᠂ | ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠨᠡᠨ ᠬᠦ ᠪᠡᠶᠡᠯᠡᠭᠦᠯᠬᠦ ᠪᠤᠯᠤᠨ᠎ᠠ᠃ | ᠮᠠᠨ ᠤ ᠬᠤᠲᠠ ᠨᠡᠶᠢᠲᠡ 1334 ᠵᠠᠰᠠᠭ ᠵᠠᠬᠢᠷᠭᠠᠨ ᠤ ᠭᠠᠴᠠᠭ᠎ᠠ ᠲᠠᠢ ᠪᠠᠶᠢᠵᠤ᠂ 2019 ᠣᠨ ᠤ 4 | ᠰᠠᠷ᠎ᠠ ᠶᠢᠨ 24 ᠤ ᠡᠳᠦᠷ ᠪᠣᠯᠲᠠᠯ᠎ᠠ ᠮᠠᠨ ᠤ ᠬᠤᠲᠠ ᠨᠡᠶᠢᠲᠡ 1247 ᠳᠣᠰᠬᠤᠨ ᠰᠦᠯᠵᠢᠶᠡᠨ ᠳᠡᠭᠡᠷ᠎ᠡ ᠭᠠᠷᠴᠤ᠂ | ᠰᠦᠯᠵᠢᠶᠡᠨ ᠳᠡᠭᠡᠷᠡᠬᠢ ᠬᠠᠷᠢᠴᠠᠯ 93 % ᠳᠤ ᠬᠦᠷᠴᠡᠶ᠃ | ᠲᠠᠪᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠢᠷᠡᠭᠡᠳᠦᠶ ᠶᠢᠨ ᠬᠥᠭᠵᠢᠯᠲᠡ ᠶᠢᠨ ᠴᠢᠭᠯᠡᠯ | ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠳ᠋ᠠᠶᠢᠲ᠋ᠠ ᠶᠢᠨ ᠲᠥᠪ᠂ ᠳ᠋ᠠᠶᠢᠲ᠋ᠠ ᠶᠢ ᠴᠡᠪᠡᠷᠰᠢᠬᠦᠯᠬᠦ | ᠪᠤᠯᠪᠠᠰᠤᠷᠠᠭᠤᠯᠬᠤ᠂ ᠳᠠᠭᠤᠳᠠᠯᠲᠠ ᠪᠠ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠡᠯᠧᠺᠲᠷᠤᠨ | ᠬᠤᠳᠠᠯᠳᠤᠭᠠᠨ ᠤ ᠶᠠᠪᠤᠳᠠᠯ᠂ ᠣᠶᠤᠨᠴᠢ ᠪᠠᠷᠠᠭ᠎ᠠ ᠭᠦᠶᠯᠭᠡᠭᠡ᠂ ᠣᠶᠤᠨᠴᠢ ᠡᠨᠧᠷᠭᠢ᠂ ᠲᠣᠭᠯᠠᠭᠠᠮ ᠢ ᠳᠣᠪᠤᠶᠢᠯᠭᠠᠬᠤ | ᠵᠡᠷᠭᠡ ᠠᠵᠤ ᠦᠶᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠮᠠᠨ ᠤ ᠬᠤᠲᠠ ᠶᠢ ᠲᠣᠭᠠᠴᠢᠯᠠᠭᠰᠠᠨ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠣᠨ ᠪᠣᠯᠭᠠᠨ | ᠪᠦᠲᠦᠭᠡᠨ ᠪᠠᠶᠢᠭᠤᠯᠤᠨ᠎ᠡ | ︵ᠨᠢᠭᠡ︶ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ︽ᠨᠢᠭᠡ | ᠭᠤᠣᠯᠯᠠᠭᠴᠢ ᠳᠤᠭᠤᠷᠢᠭ᠂ ᠲᠠᠪᠤᠨ ᠰᠠᠭᠤᠷᠢᠨ ᠭᠠᠵᠠᠷ︾ ᠢ ᠬᠦᠴᠦᠯᠡᠨ ᠪᠠᠶᠢᠭᠤᠯᠤᠨ᠎ᠠ | ︽ᠨᠢᠭᠡ ᠭᠤᠣᠯᠯᠠᠭᠴᠢ ᠳᠤᠭᠤᠷᠢᠭ᠂ ᠲᠠᠪᠤᠨ ᠰᠠᠭᠤᠷᠢᠨ ᠭᠠᠵᠠᠷ︾᠃ ᠲᠤᠬᠠᠶᠢᠯᠠᠪᠠᠯ ᠥᠪᠥᠷ ᠮᠣᠩᠭᠤᠯ ᠤᠨ | ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠭᠤᠤᠯᠯᠠᠬᠤ ᠳᠤᠭᠤᠷᠢᠭ᠂ ᠤᠯᠤᠰ ᠤᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠳ᠋ᠠᠶᠢᠲ᠋ᠠ ᠶᠢᠨ ᠲᠥᠪ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠳᠡᠰ ᠤᠨ ᠭᠠᠮᠰᠢᠭ ᠲᠤ ᠪᠡᠯᠡᠳᠬᠡᠬᠦ ᠰᠠᠭᠤᠷᠢᠨ ᠭᠠᠵᠠᠷ᠂ | ᠤᠯᠤᠰ ᠤᠨ ᠴᠢᠬᠤᠯᠠ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ᠂ ᠳ᠋ᠠᠶᠢᠲ᠋ᠠ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠰᠠᠭᠤᠷᠢᠨ ᠭᠠᠵᠠᠷ ᠪᠣᠯᠤᠨ᠎ᠠ᠃ | ᠨᠢᠭᠡ ᠳᠤ ᠤᠯᠤᠰ ᠤᠨ ᠳᠡᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠪᠦᠲᠦᠭᠡᠨ ᠪᠠᠶᠢᠭᠤᠯᠤᠨ᠎ᠠ᠃ ᠤᠯᠤᠰ ᠤᠨ ᠳᠣᠬᠢᠭᠤᠷ ᠳᠣᠯᠣᠭᠠᠨ ᠣᠳᠣ ᠠᠶᠠᠯᠠᠯ ᠵᠠᠯᠠᠬᠤ ᠣᠷᠣᠨ | ᠪᠠᠶᠢᠷᠢ ᠶᠢᠨ ᠦᠶᠯᠡᠴᠢᠯᠡᠭᠡᠨ ᠤ ᠳ᠋ᠠᠶᠢᠲ᠋ᠠ ᠶᠢᠨ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠵᠢᠯᠣᠭᠤᠴᠢ ᠥᠬᠡᠶ ᠨᠢᠰᠬᠡᠯ᠂ ᠬᠦᠮᠦᠨ ᠵᠢᠯᠤᠭᠤᠳᠬᠤ ᠥᠬᠡᠶ ᠵᠡᠷᠭᠡ ᠲᠣᠮᠣ | ᠳ᠋ᠠᠶᠢᠲ᠋ᠠ ᠶᠢᠨ ᠲᠤᠷᠰᠢᠯᠲᠠ ᠶᠢᠨ ᠲᠠᠯᠠᠪᠠᠢ ᠶᠢ ᠪᠠᠶᠢᠷᠢᠯᠠᠭᠤᠯᠤᠨ᠎ᠠ᠃ ᠵᠣᠬᠢᠶᠠᠮᠠᠯ ᠤᠶᠤᠨᠳᠤ᠂ ᠣᠷᠣᠨ ᠬᠡᠰᠡᠭ ᠤᠨ | ᠬᠡᠯᠬᠢᠶ᠎ᠡ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠶᠯᠡᠰ ᠢ ᠪᠤᠶᠢᠵᠢᠭᠤᠯᠤᠨ ᠬᠥᠭᠵᠢᠭᠦᠯᠵᠦ᠂ ᠨᠢᠭᠡ ᠪᠦᠯᠦᠭ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠰᠠᠭᠤᠯᠭᠠᠨ᠎ᠠ᠃ ᠠᠳᠠᠯ | ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠳᠡᠭᠡᠳᠦ ᠳᠣᠣᠷᠠᠳᠤ | ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ᠂ ᠤᠯᠤᠰ ᠤᠨ ᠳ᠋ᠠᠶᠢᠲ᠋ᠠ ᠶᠢᠨ | ᠲᠥᠪ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠤᠯᠤᠰ ᠤᠨ ᠲᠠᠰ ᠤᠨ ᠲᠣᠮᠣ ᠳ᠋ᠠᠶᠢᠲ᠋ᠠ ᠶᠢᠨ ᠭᠠᠮᠰᠢᠭ ᠲᠤ | ᠪᠡᠯᠡᠳᠬᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠤᠯᠠᠭᠠᠨᠴᠠᠪ ᠬᠤᠲᠠ ᠶᠢᠨ ᠭᠠᠵᠠᠷ ᠰᠢᠨᠵᠢᠯᠡᠭᠡᠨ ᠤ | ᠪᠦᠲᠦᠴᠡ ᠶᠢᠨ ᠲᠣᠭᠲᠠᠭᠤᠨ᠂ ᠬᠤᠤᠰ ᠪᠢᠲᠡᠭᠦᠦ ᠵᠠᠮ ᠤᠨ ᠲᠤᠰᠬᠠᠶ ᠭᠡᠷᠡᠯᠯᠢᠭ ᠳᠡᠭᠡᠳᠦ ᠵᠡᠷᠭᠡ ᠥᠪᠡᠷᠮᠢᠴᠡ | ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠳ᠋ᠠᠶᠢᠲ᠋ᠠ ᠶᠢᠨ ᠲᠥᠪ ᠤᠨ | ᠲᠥᠷᠥᠯ ᠵᠦᠶᠯ ᠢ ᠣᠷᠣᠭᠤᠯᠤᠨ ᠠᠪᠴᠢᠷᠠᠨ᠎ᠠ᠃ ᠳ᠋ᠠᠶᠢᠲ᠋ᠠ ᠶᠢᠨ ᠲᠥᠪ ᠤᠨ ᠴᠢᠨᠠᠷ ᠰᠠᠶᠢᠲᠠᠶ ᠬᠥᠭᠵᠢᠯᠲᠡ ᠶᠢ | ᠲᠦᠯᠬᠢᠨ ᠠᠬᠢᠭᠤᠯᠬᠤ ᠶᠢᠨ ᠬᠠᠮᠲᠤ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠭᠡᠬᠦ᠂ ᠬᠡᠷᠡᠭᠯᠡᠭᠡᠨ ᠤ ᠦᠶᠯᠡᠴᠢᠯᠡᠭᠡ ᠶᠢ | ᠳᠡᠯᠭᠡᠷᠡᠭᠦᠯᠬᠦ᠂ ᠠᠵᠤ ᠦᠶᠯᠡᠰ ᠢ ᠲᠥᠪᠯᠡᠷᠡᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠵᠢᠱᠢᠶ᠎ᠡ ᠦᠵᠡᠭᠦᠯᠬᠦ | ᠦᠶᠯᠡᠳᠦᠯ ᠢ ᠪᠤᠢ ᠪᠣᠯᠭᠠᠵᠤ᠂ ᠳ᠋ᠠᠶᠢᠲ᠋ᠠ ᠶᠢᠨ ᠲᠥᠪ ᠤᠨ ᠬᠡᠷᠡᠭᠯᠡᠭᠡᠨ ᠤ ᠦᠶᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ᠂ ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠵᠦ᠂ ᠤᠯᠤᠰ ᠤᠨ ᠳ᠋ᠠᠶᠢᠲ᠋ᠠ ᠶᠢᠨ | ᠲᠥᠪ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠡᠭᠦᠨ ᠤ ᠬᠠᠮᠲᠤ᠂ | ᠪᠡᠭᠡᠵᠢᠩ ᠲᠢᠶᠠᠨᠵᠢᠨ ᠣᠷᠣᠨ ᠳᠤ ᠬᠠᠨᠳᠤᠭᠤᠯᠤᠭᠰᠠᠨ ᠶᠠᠮᠤᠨ ᠵᠦᠪᠯᠡᠯ᠂ ᠲᠥᠪ ᠤᠨ ᠠᠵᠤ ᠠᠬᠤᠶᠢᠯᠠᠯ ᠵᠢᠴᠢ ᠪᠥᠬᠦ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠳ᠋ᠠᠶᠢᠲ᠋ᠠ ᠶᠢᠨ ᠲᠥᠪ ᠤᠨ ᠡᠬᠢ | ᠪᠠᠶᠠᠯᠢᠭ ᠪᠠ ᠭᠠᠮᠰᠢᠭ ᠲᠤ ᠪᠡᠯᠡᠳᠬᠡᠬᠦ ᠦᠶᠯᠡᠴᠢᠯᠡᠭᠡ ᠬᠠᠩᠭᠠᠵᠤ᠂ ᠳ᠋ᠠᠶᠢᠲ᠋ᠠ ᠶᠢᠨ ᠲᠥᠪ ᠤᠨ ᠡᠵᠡᠩᠨᠡᠯᠲᠡ | ᠬᠠᠮᠠᠭᠠᠯᠠᠯᠲᠠ ᠪᠠ ᠢᠵᠢ ᠪᠦᠷᠢᠳᠦᠭᠦᠯᠬᠦ ᠦᠶᠯᠡᠴᠢᠯᠡᠭᠡᠨ ᠤ ᠠᠵᠤ ᠦᠢᠯᠡᠰ ᠤᠨ ᠲᠥᠪᠯᠡᠷᠡᠭᠰᠡᠨ ᠭᠠᠵᠠᠷ ᠢ ᠪᠤᠢ | ᠪᠣᠯᠭᠠᠨ᠎ᠠ᠃ ᠭᠤᠷᠪᠠ ᠳᠤ᠂ ᠤᠯᠤᠰ ᠤᠨ ᠴᠢᠬᠤᠯᠠ ᠲᠣᠮᠣ ᠳ᠋ᠠᠶᠢᠲ᠋ᠠ ᠶᠢᠨ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠭᠠᠨᠴᠠᠪ ᠬᠤᠲᠠ ᠰᠢᠰᠲ᠋ᠧᠮ ᠤᠨ ᠠᠵᠢᠯᠯᠠᠭᠠᠨ ᠤ | ᠬᠠᠮᠠᠭᠠᠯᠠᠯᠲᠠ᠂ ᠳᠠᠭᠤᠳᠠᠯᠲᠠ ᠶᠢᠨ ᠲᠥᠪ᠂ ᠰᠦᠯᠵᠢᠶᠡᠨ ᠤ ᠠᠮᠤᠷ ᠲᠦᠪᠰᠢᠨ᠂ ᠡᠭᠦᠯᠡᠨ ᠵᠢᠷᠤᠭᠯᠠᠯ᠂ ᠵᠥᠭᠡᠯᠡᠨ | ᠲᠣᠨᠤᠭ ᠢ ᠰᠤᠳᠤᠯᠤᠨ ᠨᠡᠭᠡᠭᠡᠬᠦ᠂ ᠥᠨᠳᠥᠷ ᠨᠠᠷᠢᠯᠢᠭ ᠭᠠᠵᠠᠷ ᠤᠨ ᠵᠢᠷᠤᠭ ᠢ ᠨᠠᠶᠢᠷᠠᠭᠤᠯᠬᠤ ᠵᠡᠷᠭᠡ ᠲᠣᠮᠣ | ᠳ᠋ᠠᠶᠢᠲ᠋ᠠ ᠶᠢᠨ ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨ | ᠠᠪᠴᠢᠷᠠᠵᠤ ᠰᠠᠭᠤᠯᠭᠠᠨ᠎ᠠ᠃ ᠳᠥᠷᠪᠡ ᠳᠤ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠠᠭᠤᠷᠢᠨ ᠢ | ᠪᠦᠲᠦᠭᠡᠨ ᠪᠠᠶᠢᠭᠤᠯᠤᠨ᠎ᠠ᠃ ᠳ᠋ᠠᠶᠢᠲ᠋ᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ ᠳᠡᠰ ᠢ ᠬᠠᠮᠠᠭᠠᠯᠠᠬᠤ | ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ᠂ ᠳ᠋ᠠᠶᠢᠲ᠋ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠳᠡᠰ ᠲᠣᠭᠲᠠᠭᠠᠨ | ᠳᠠᠩᠰᠠᠯᠠᠬᠤ᠂ ᠠᠮᠤᠷ ᠲᠦᠪᠰᠢᠨ ᠤ ᠪᠠᠶᠢᠭᠤᠯᠤᠯᠲᠠ ᠶᠢ ᠴᠡᠭᠴᠡᠯᠡᠨ ᠰᠠᠶᠢᠵᠢᠷᠠᠭᠤᠯᠬᠤ᠂ ᠵᠡᠷᠭᠡ ᠳᠡᠰ ᠢ ᠰᠢᠯᠭᠠᠨ | ᠦᠨᠡᠯᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ ᠰᠦᠯᠵᠢᠶᠡᠨ ᠤ ᠠᠮᠤᠷ | ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠯᠭ᠎ᠠ᠂ | ᠭᠠᠮᠰᠢᠭ ᠢ ᠠᠭᠤᠯᠬᠤ ᠨᠦᠬᠡᠴᠡ ᠵᠡᠷᠭᠡ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠩᠭᠢᠯᠠᠭ᠎ᠠ ᠶᠢᠨ ᠰᠦᠯᠵᠢᠶᠡᠨ ᠤ ᠰᠠᠭᠤᠷᠢ | ᠲᠥᠬᠦᠭᠡᠷᠦᠮᠵᠢ᠂ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠪᠠ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ | ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠶᠠᠷ︶ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ | 1 . ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠲᠣᠭᠲᠠᠭᠠᠨ᠎ᠠ᠃ | ᠤᠯᠤᠰ ᠤᠨ ᠳᠣᠲᠣᠭᠠᠳᠤ ᠶᠢᠨ ᠲᠤᠰᠬᠠᠶ ᠮᠡᠷᠭᠡᠵᠢᠯ ᠤᠨ ᠵᠥᠪᠯᠡᠯᠭᠡ ᠥᠭᠬᠦ ᠪᠠᠶᠢᠭᠤᠯᠤᠮᠵᠢ ᠶᠢ ᠤᠷᠢᠵᠤ᠂ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠬᠢᠭᠡᠳ ᠮᠠᠨ ᠤ ᠬᠤᠲᠠ ᠶᠢᠨ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠦᠵᠦ ᠵᠢᠷᠤᠭ | ᠲᠥᠯᠥᠪᠯᠡᠭᠡ ᠲᠥᠯᠥᠪᠵᠢᠭᠦᠯᠭᠡ ᠶᠢ ᠲᠣᠭᠲᠠᠭᠠᠵᠤ᠂ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠪᠠ ᠬᠡᠷᠡᠭᠯᠡᠯᠲᠡ ᠶᠢ ᠵᠢᠯᠣᠭᠤᠳᠤᠨ᠎ᠠ᠃ | 2 . ᠭᠤᠤᠯᠯᠠᠬᠤ ᠠᠵᠤ ᠦᠶᠯᠡᠰ ᠢ ᠪᠤᠵᠠᠭᠠᠶᠢᠷᠠᠭᠤᠯᠤᠨ᠎ᠠ᠃ ᠨᠢᠭᠡ ᠳᠤ ᠬᠤᠸᠠ ᠸᠧᠶ᠂ ᠠ ᠯᠢ ᠪᠠ ᠪᠠ᠂ | ᠫᠢᠩᠭᠦᠸᠧ ᠵᠡᠷᠭᠡ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠶᠯ ᠤᠨ ᠠᠯᠢ ᠲᠦᠷᠭᠡᠨ ᠢᠶᠠᠷ ᠠᠰᠢᠭᠯᠠᠯᠲᠠ ᠳᠤ | ᠣᠷᠣᠬᠤ ᠶᠢ ᠠᠬᠢᠭᠤᠯᠬᠤ ᠶᠢᠨ ᠬᠠᠮᠲᠤ᠂ ᠳᠣᠮᠳᠠᠳᠣ ᠣᠯᠣᠰ ᠤᠨ ᠳᠠᠭᠠᠳᠬᠠᠯ ᠮᠡᠳᠡᠭᠡ ᠵᠠᠩᠬᠢ᠂ ᠪᠧᠢ ᠳ᠋ᠧᠦ ᠭᠦᠸᠧ | ᠰᠢᠩ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ᠂ ᠲᠧᠩ ᠰᠢᠶᠦ᠋ᠨ ᠺᠣᠮᠫᠠᠨᠢ ᠵᠡᠷᠭᠡ ᠲᠥᠷᠥᠯ | ᠵᠦᠶᠯ ᠤᠨ ᠲᠤᠬᠠᠢ ᠭᠡᠷ᠎ᠡ ᠲᠣᠭᠲᠠᠵᠤ ᠪᠣᠳᠠᠲᠠᠶᠢᠵᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠡᠭᠦᠨ ᠤ ᠬᠠᠮᠲᠤ᠂ | ᠠᠵᠤ ᠦᠢᠯᠡᠰ ᠤᠨ ᠳᠠᠶᠢᠴᠢᠯᠠᠬᠤ ᠦᠶᠯᠡᠳᠦᠯ ᠢᠶᠠᠷ ᠢᠯᠡᠳᠲᠡ ᠴᠢᠨᠠᠷ ᠰᠠᠶᠢᠲᠠᠶ ᠳ᠋ᠠᠶᠢᠲ᠋ᠠ ᠶᠢᠨ ᠲᠥᠪ ᠤᠨ ᠲᠥᠷᠥᠯ | ᠵᠦᠶᠯ ᠢ ᠦᠷᠭᠦᠯᠵᠢᠯᠡᠨ ᠣᠷᠣᠭᠤᠯᠵᠤ ᠰᠠᠭᠤᠯᠭᠠᠵᠤ᠂ ᠤᠮᠠᠷᠠᠲᠤ ᠶᠢᠨ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠤᠨ᠎ᠠ᠃ | ᠬᠤᠶᠠᠷ ᠲᠤ ᠳ᠋ᠠᠶᠢᠲ᠋ᠠ ᠶᠢᠨ ᠴᠤᠭᠯᠠᠭᠤᠯᠤᠯᠳᠠ᠂ ᠬᠠᠳᠠᠭᠠᠯᠠᠨ ᠰᠢᠶᠳᠪᠦᠷᠢᠯᠡᠯᠳᠡ᠂ ᠵᠠᠳᠠᠯᠤᠨ ᠠᠭᠤᠳᠠᠯᠯᠠᠯᠳᠠ᠂ | ᠭᠦᠢᠯᠭᠡᠭᠡ ᠠᠷᠠᠯᠵᠢᠶ᠎ᠠ ᠵᠡᠷᠭᠡ ᠬᠦᠷᠢᠶᠡᠨ ᠳᠠᠬᠢ ᠨᠢᠭᠡ ᠪᠦᠯᠦᠭ ᠲᠥᠷᠥᠯ ᠵᠦᠶᠯ ᠢ ᠲᠦᠷᠭᠡᠳᠬᠡᠨ ᠪᠠᠶᠢᠭᠤᠯᠵᠤ᠂ | ᠨᠡᠯᠢᠶᠡᠳ ᠪᠦᠷᠢᠨ ᠲᠡᠭᠦᠯᠳᠡᠷ᠂ ᠬᠡᠷᠡᠭᠯᠡᠭᠡᠨ ᠳᠤ ᠬᠠᠨᠳᠤᠭᠤᠯᠤᠭᠰᠠᠨ ᠲᠣᠮᠣ ᠳ᠋ᠠᠶᠢᠲ᠋ᠠ ᠶᠢᠨ ᠭᠤᠤᠯᠯᠠᠬᠤ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ | 3 . ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠠᠵᠤ ᠦᠶᠯᠡᠰ ᠢ ᠬᠦᠴᠦᠷᠬᠡᠭᠵᠢᠭᠦᠯᠦᠨ᠎ᠡ᠃ ᠭᠦᠸᠧ | ᠰᠢᠨ ᠤ ᠶᠢᠤ ᠢ ᠳ᠋ᠠᠶᠢᠲ᠋ᠠ ᠶᠢ ᠴᠡᠪᠡᠷᠰᠢᠬᠦᠯᠦᠨ ᠪᠤᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠰᠠᠶᠢᠴᠧᠩ ᠺᠣᠮᠫᠠᠨᠢ ᠶᠢᠨ ᠳᠡᠭᠡᠳᠦ ᠴᠢᠳᠠᠪᠬᠢᠲᠤ | ᠡᠭᠦᠯᠡ ᠶᠢ ᠭᠠᠶᠢᠬᠠᠭᠤᠯᠬᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠠᠮᠲᠤ ᠰᠠᠶᠢᠴᠧᠩ | ᠺᠣᠮᠫᠠᠨᠢ ᠶᠢᠨ ᠺᠣᠮᠫᠢᠦ᠋ᠲ᠋ᠧᠷ ᠤᠨ ᠺᠠᠷᠲ᠋ᠣᠨ ᠵᠢᠷᠤᠭ ᠦᠶᠯᠡᠳᠬᠦ ᠪᠦᠯᠬᠦᠮ ᠢ ᠣᠷᠣᠭᠤᠯᠤᠨ ᠠᠪᠴᠢᠷᠠᠨ᠎ᠠ᠃ ᠡᠭᠦᠨ ᠤ | ᠬᠠᠮᠲᠤ᠂ ᠪᠥᠸᠧ ᠶᠤᠸᠠᠢ᠂ ᠬᠤᠩ ᠯᠢᠶᠠᠨ ᠵᠢᠦ ᠡᠦ᠂ ᠬᠤᠸᠠ ᠳᠠᠩ ᠵᠡᠷᠭᠡ ᠳᠠᠭᠤᠳᠠᠯᠳᠠ ᠶᠢᠨ ᠠᠵᠤ | ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠬᠠᠮᠲᠤ ᠮᠥᠩᠭᠦᠨ ᠭᠦᠢᠯᠭᠡᠭᠡ᠂ ᠪᠠᠩᠬᠢ᠂ | ᠳᠠᠭᠠᠳᠬᠠᠯ ᠤᠨ ᠦᠢᠯᠡᠰ ᠤᠨ ᠲᠤᠭ᠎ᠠ ᠪᠠᠷᠢᠮᠲᠠ ᠶᠢᠨ ᠲᠥᠪ ᠪᠣᠯᠤᠨ ᠬᠡᠷᠡᠭᠯᠡᠭᠴᠢᠳ ᠲᠤ ᠦᠢᠯᠡᠴᠢᠯᠡᠬᠦ ᠲᠥᠪ ᠢ | ᠶᠡᠬᠡᠪᠡᠷ ᠣᠷᠣᠭᠤᠯᠤᠨ ᠠᠪᠴᠢᠷᠠᠵᠤ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠳᠡᠭᠡᠳᠦ | ᠳᠡᠰ ᠲᠡᠰᠢ ᠬᠥᠭᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ | ᠡᠨᠡ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠰᠠᠭᠤᠳᠠᠯ ᠤᠨ ᠲᠤᠭ᠎ᠠ ᠶᠢ 5000 ᠠᠴᠠ | ᠳᠠᠪᠠᠭᠤᠯᠬᠤ ᠪᠠᠷ ᠴᠢᠷᠮᠠᠶᠢᠨ᠎ᠠ᠃ | 4᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠡᠯ᠎ᠡ | ᠲᠥᠷᠥᠯ ᠤᠨ ᠲᠣᠮᠣ ᠳ᠋ᠠᠶᠢᠲ᠋ᠠ ᠶᠢᠨ ︽ᠨᠡᠪᠴᠢᠬᠦᠯᠦᠬᠦᠷ︾ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠲᠣᠮᠣ ᠳ᠋ᠠᠶᠢᠲ᠋ᠠ ᠶᠢᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠳᠡᠮᠵᠢᠨ᠎ᠡ᠃ | ᠬᠤᠶᠠᠷ ᠲᠤ ᠵᠥᠭᠡᠯᠡᠨ ᠲᠣᠨᠤᠭ ᠢ ᠰᠤᠳᠤᠯᠤᠨ ᠨᠡᠭᠡᠭᠡᠬᠦ᠂ ᠳ᠋ᠠᠶᠢᠲ᠋ᠠ ᠶᠢ ᠴᠡᠪᠡᠷᠰᠢᠬᠦᠯᠦᠨ ᠪᠤᠯᠪᠠᠰᠣᠷᠠᠭᠤᠯᠬᠤ᠂ ᠵᠢᠷᠤᠭ | ᠳᠦᠷᠰᠦ ᠶᠢ ᠳᠣᠪᠤᠶᠢᠯᠭᠠᠬᠤ᠂ ᠳᠠᠭᠠᠭᠤᠯᠢ ᠣᠳᠣ ᠪᠠᠷ ᠠᠶᠠᠯᠠᠯ ᠵᠠᠯᠠᠬᠤ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠣᠷᠣᠵᠤ ᠰᠠᠭᠤᠬᠤ ᠶᠢ ᠢᠳᠡᠪᠬᠢᠲᠡᠶ ᠲᠡᠮᠡᠴᠡᠨ ᠣᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠨ᠎ᠠ᠃ ᠭᠤᠷᠪᠠ ᠳᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ | ᠲᠦᠪᠰᠢᠨ ᠤ ᠵᠡᠷᠭᠡ ᠳᠡᠰ ᠢ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠬᠤ᠂ ᠮᠡᠳᠡᠭᠡ ᠵᠠᠩᠭᠢ ᠶᠢᠨ ᠰᠢᠰᠲ᠋ᠧᠮ ᠤᠨ | ᠳᠡᠰ ᠲᠣᠭᠲᠠᠭᠠᠨ ᠳᠠᠩᠰᠠᠯᠠᠬᠤ᠂ ᠠᠮᠤᠷ ᠲᠦᠪᠰᠢᠨ ᠤ ᠪᠠᠶᠢᠭᠤᠯᠤᠯᠲᠠ᠂ ᠵᠡᠷᠭᠡ ᠳᠡᠰ ᠢ ᠰᠢᠯᠭᠠᠨ ᠦᠨᠡᠯᠡᠬᠦ ᠪᠠ | ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ | ︵ᠭᠤᠷᠪᠠ︶ ᠲᠣᠮᠣ ᠳ᠋ᠠᠶᠢᠲ᠋ᠠ ᠶᠢᠨ ᠡᠯ᠎ᠡ ᠬᠦᠷᠢᠶ᠎ᠡ ᠴᠠᠷᠠᠭ᠎ᠠ ᠳᠠᠬᠢ ᠭᠦᠨᠵᠡᠭᠡᠶ ᠬᠡᠷᠡᠭᠯᠡᠯᠲᠡ ᠶᠢ ᠠᠬᠢᠭᠤᠯᠤᠨ᠎ᠠ | 1᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠨᠢᠭᠡ ᠳᠤ᠂ ᠵᠢᠨᠢᠩ — ᠪᠡᠭᠡᠵᠢᠩ ᠤᠨ ᠭᠡᠷᠡᠯᠯᠢᠭ ᠳᠠᠳᠠᠯᠭ᠎ᠠ ᠶᠢᠨ ᠬᠤᠶᠠᠳᠤᠭᠠᠷ ᠵᠠᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠶᠠᠷ ᠲᠤ ᠤᠯᠠᠭᠠᠨᠴᠠᠪ ᠬᠤᠲᠠ ᠶᠢᠨ ᠳᠤᠮᠳᠠᠳᠤ ᠤᠯᠤᠰ ᠤᠨ ᠬᠤᠯᠪᠣᠭᠠᠯᠠᠨ | ᠨᠡᠪᠲᠡᠷᠡᠯᠴᠡᠬᠦ ᠮᠤᠵᠢ ᠶᠢᠨ ᠳᠡᠰ ᠤᠨ ᠢᠨᠲ᠋ᠧᠷ ᠰᠦᠯᠵᠢᠶᠡᠨ ᠤ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠠᠯᠢ ᠲᠦᠷᠭᠡᠨ ᠢᠶᠠᠷ ᠡᠬᠢᠯᠡᠭᠦᠯᠬᠦ ᠶᠢᠨ ᠬᠠᠮᠲᠤ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠠᠵᠤ | ᠠᠬᠤᠶᠢᠯᠠᠯ ᠤᠨ ᠤᠯᠠᠭᠠᠨᠴᠠᠪ ᠬᠤᠲᠠ ᠶᠢ ᠮᠤᠵᠢ ᠶᠢᠨ ᠳᠡᠰ ᠤᠨ ᠢᠨᠲ᠋ᠧᠷ ᠰᠦᠯᠵᠢᠶᠡᠨ ᠤ ᠵᠠᠩᠭᠢᠶᠠᠰᠤ ᠪᠣᠯᠭᠠᠬᠤ ᠶᠢ | ᠢᠳᠡᠪᠬᠢᠲᠡᠶ ᠴᠢᠷᠮᠠᠶᠢᠵᠤ ᠤᠯᠤᠨ᠎ᠠ᠃ | 2᠂ ᠲᠣᠮᠣ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠤᠨ᠎ᠠ᠃ ᠨᠢᠭᠡ ᠳᠤ᠂ ᠮᠠᠨ ᠤ ᠬᠤᠲᠠ ᠶᠢᠨ ᠳ᠋ᠠᠶᠢᠲ᠋ᠠ ᠶᠢᠨ ᠲᠥᠪ ᠤᠨ ᠬᠡᠪᠴᠢᠶ᠎ᠡ ᠳᠠᠪᠠᠭᠤᠯᠢᠭ ᠲᠤ | ᠲᠦᠰᠢᠭᠯᠡᠨ᠂ ᠦᠢᠯᠡᠴᠢᠯᠡᠭᠦᠷ ᠲᠣᠨᠤᠭ ᠲᠥᠬᠦᠭᠡᠷᠦᠮᠵᠢ ᠶᠢ ᠦᠶᠯᠡᠳᠪᠦᠷᠢᠯᠡᠨ ᠦᠶᠯᠡᠳᠬᠦ᠂ ᠳ᠋ᠠᠶᠢᠲ᠋ᠠ ᠶᠢᠨ ᠲᠥᠪ ᠢ | ᠵᠢᠷᠤᠵᠤ ᠲᠥᠯᠥᠪᠯᠡᠬᠦ᠂ ᠰᠢᠰᠲ᠋ᠧᠮ ᠤᠨ ᠬᠤᠷᠠᠮᠠᠯ᠂ ᠠᠵᠢᠯᠯᠠᠭᠤᠯᠵᠤ ᠪᠠᠲᠤᠯᠠᠬᠤ ᠳᠤ ᠦᠶᠯᠡᠴᠢᠯᠡᠬᠦ᠂ ᠠᠮᠤᠷ | ᠲᠦᠪᠰᠢᠨ ᠢ ᠰᠢᠯᠭᠠᠨ ᠦᠨᠡᠯᠡᠬᠦ ᠵᠡᠷᠭᠡ ᠠᠵᠤ ᠦᠶᠯᠡᠰ ᠢ ᠬᠥᠭᠵᠢᠭᠦᠯᠦᠨ᠎ᠡ᠃ ᠬᠤᠶᠠᠷ ᠲᠤ᠂ ᠲᠢᠶᠠᠨᠵᠢᠨ ᠤ ᠵᠦᠩ | ᠺᠧ ᠡᠤ ᠯᠢᠶᠠᠨ ᠰᠦᠯᠵᠢᠶ᠎ᠡ ᠶᠢᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠣᠶᠤᠨᠯᠢᠭ ᠦᠶᠯᠡᠳᠬᠦ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠶᠯ ᠢ ᠪᠣᠳᠠᠲᠠᠶᠢᠵᠢᠭᠤᠯᠬᠤ ᠪᠠᠷ ᠴᠢᠷᠮᠠᠶᠢᠵᠤ᠂ ᠤᠯᠤᠰ ᠤᠨ | ᠳᠣᠲᠣᠭᠠᠳᠤ ᠳᠤ ᠲᠡᠷᠢᠭᠦᠨ ᠤ ᠵᠢᠯᠣᠭᠤᠴᠢ ᠥᠬᠡᠶ ᠨᠢᠰᠬᠡᠯ ᠦᠶᠯᠡᠳᠬᠦ ᠪᠠ ᠰᠤᠳᠤᠯᠤᠨ ᠨᠡᠭᠡᠭᠡᠬᠦ᠂ ᠵᠢᠯᠣᠭᠤᠴᠢ ᠥᠬᠡᠶ | ᠳᠡᠷᠭᠡᠯᠡᠬᠦ ᠶᠢ ᠰᠢᠯᠭᠠᠨ ᠲᠤᠷᠰᠢᠬᠤ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠠᠭᠠᠷ ᠤᠨ ᠠᠶᠠᠯᠠᠯ ᠤᠨ ᠳᠡᠭᠡᠳᠦ | ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠮᠠᠨ ᠤ ᠬᠤᠲᠠ ᠳᠤ | ᠣᠷᠣᠭᠤᠯᠤᠨ᠎ᠠ᠃ ᠲᠠᠷᠢᠶᠠᠯᠠᠩ ᠤᠨ ᠤᠷᠭᠤᠮᠠᠯ ᠤᠨ ᠬᠠᠮᠠᠭᠠᠯᠠᠯᠲᠠ᠂ ᠭᠠᠯ ᠤᠨᠲᠠᠷᠠᠭᠠᠬᠤ ᠵᠡᠷᠭᠡ ᠵᠢᠯᠣᠭᠤᠴᠢ ᠥᠬᠡᠶ | ᠨᠢᠰᠬᠡᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠣᠶᠤᠨᠯᠢᠭ ᠦᠢᠯᠡᠳᠬᠦ | ᠠᠵᠤ ᠦᠢᠯᠡᠰ ᠤᠨ ᠪᠦᠯᠦᠭᠯᠡᠯ ᠢ ᠪᠠᠶᠢᠭᠤᠯᠤᠨ᠎ᠠ᠃ | 3 . ᠲᠣᠮᠣ ᠳ᠋ᠠᠶᠢᠲ᠋ᠠ ᠶᠢ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ | ᠠᠬᠢᠭᠤᠯᠤᠨ᠎ᠠ᠃ ᠨᠢᠭᠡ ᠳᠤ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠳ᠋ᠠᠶᠢᠲ᠋ᠠ ᠶᠢᠨ ᠡᠬᠢ | ᠪᠠᠶᠠᠯᠢᠭ ᠢ ᠨᠡᠶᠢᠳᠭᠡᠬᠦ᠂ ᠰᠣᠯᠢᠯᠴᠠᠬᠤ ᠪᠠ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠠᠭᠤᠯᠭ᠎ᠠ ᠨᠢ ᠪᠥᠬᠦ | ᠲᠠᠯ᠎ᠠ ᠶᠢᠨ᠂ ᠪᠦᠲᠦᠴᠡ ᠨᠢ ᠵᠢᠷᠤᠮᠵᠢᠭᠰᠠᠨ ᠳ᠋ᠠᠶᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠦᠷᠢᠯᠳᠦᠭᠦᠯᠦᠨ᠎ᠡ᠃ | ᠲᠡᠷᠡᠴᠢᠯᠡᠨ ᠲᠣᠮᠣ ᠳ᠋ᠠᠶᠢᠲ᠋ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠮ ᠡᠮᠨᠡᠯᠭᠡ ᠡᠷᠡᠭᠦᠯ ᠬᠠᠮᠠᠭᠠᠯᠠᠯ᠂ | ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠠᠬᠢ ᠬᠡᠷᠡᠭᠯᠡᠯᠲᠡ ᠶᠢ | ᠲᠦᠷᠭᠡᠳᠬᠡᠵᠦ᠂ ᠠᠷᠠᠳ ᠤᠨ ᠠᠮᠢᠳᠤᠷᠠᠯ ᠤᠨ ᠨᠠᠩ ᠤᠯᠠᠨ ᠬᠡᠷᠡᠭ ᠶᠠᠪᠤᠳᠠᠯ ᠢ ︽ᠳ᠋ᠠᠶᠢᠲ᠋ᠠ ᠪᠠᠷ ᠣᠷᠣᠯᠠᠭᠤᠯᠬᠤ ᠶᠢ | ᠨᠢ ᠣᠷᠣᠯᠠᠭᠤᠯᠬᠤ︾᠂ ︽ᠠᠯᠠᠭᠠᠨ ᠳᠡᠭᠡᠷ᠎ᠡ ᠪᠠᠨ ᠳᠠᠷᠤᠢ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ | ᠬᠤᠶᠠᠷ ᠲᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ | ᠠᠵᠢᠯ ᠢ ᠠᠬᠢᠭᠤᠯᠵᠤ᠂ ᠭᠠᠷᠴᠠᠭ ᠢ ᠬᠥᠳᠡᠯᠦᠩᠭᠦᠶ ᠪᠠᠷ ᠰᠢᠨᠡᠳᠬᠡᠬᠦ ᠲᠣᠭᠲᠠᠴᠠ ᠪᠠ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ᠎ᠠ︔ ᠭᠤᠷᠪᠠ ᠳᠤ ᠲᠧᠩ ᠰᠢᠶᠦ᠋ᠨ ︽ᠸᠧᠢ ᠼᠦᠨ︾ ᠭᠡᠬᠦ ᠤᠯᠠᠨ ᠨᠡᠶᠢᠲᠡ ᠶᠢᠨ | ᠦᠢᠯᠡᠴᠢᠯᠡᠭᠡᠨ ᠤ ᠨᠣᠮᠧᠷ ᠢ ᠲᠦᠭᠡᠮᠡᠯᠵᠢᠭᠦᠯᠦᠨ᠎ᠡ᠃ 2019 ᠣᠨ ᠳᠤ ︽ᠸᠧᠢ ᠼᠦᠨ︾ ᠣᠯᠠᠨ ᠨᠡᠶᠢᠲᠡ ᠶᠢᠨ | ᠦᠶᠯᠡᠴᠢᠯᠡᠭᠡᠨ ᠤ ᠨᠣᠮᠧᠷ ᠢ ᠮᠠᠨ ᠤ ᠬᠤᠲᠠ ᠶᠢᠨ 11 ᠬᠤᠰᠢᠭᠤ ᠰᠢᠶᠠᠨ ︵ᠬᠤᠲᠠ ᠲᠣᠭᠤᠷᠢᠭ︶ ᠤ 96 ᠰᠢᠶᠠᠩ | ᠪᠠᠯᠭᠠᠰᠤ ᠶᠢᠨ 1335 ᠵᠠᠰᠠᠭ ᠵᠠᠬᠢᠷᠭᠠᠨ ᠤ ᠲᠣᠰᠬᠤᠨ ᠵᠢᠴᠢ ᠨᠡᠶᠢᠭᠡᠮ ᠲᠣᠭᠤᠷᠢᠭ ᠲᠤ ᠪᠦᠬᠦᠨ ᠢ ᠰᠦᠯᠵᠢᠶᠡᠨ ᠳᠤ | ᠭᠠᠷᠭᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠡᠯ᠎ᠡ ᠲᠣᠰᠬᠤᠨ ᠤ ᠪᠣᠳᠠᠲᠤ ᠪᠠᠶᠢᠳᠠᠯ ᠶᠣᠰᠣᠭᠠᠷ᠂ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠵᠡᠷᠭᠡ ᠬᠡᠰᠡᠭ ᠢ ᠳᠡᠯᠭᠡᠷᠡᠭᠦᠯᠦᠨ ᠬᠡᠷᠡᠭᠯᠡᠬᠦ ᠶᠢ ᠪᠦᠲᠦᠮᠵᠢᠲᠡᠢ ᠠᠬᠢᠭᠤᠯᠤᠨ᠎ᠠ᠃ ᠳᠥᠷᠪᠡ ᠳᠤ᠂ | ᠵᠢᠯ ᠤᠨ ᠳᠣᠲᠣᠷ᠎ᠠ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠤᠯᠭᠠᠭᠤᠷᠢᠯᠠᠬᠤ ᠲᠠᠪᠴᠠᠩ ᠢ | ᠪᠠᠶᠢᠭᠤᠯᠬᠤ ᠪᠠᠷ ᠴᠢᠷᠮᠠᠶᠢᠨ᠎ᠠ᠃ ᠳ᠋ᠠᠶᠢᠲ᠋ᠠ ᠶᠢ ᠬᠥᠳᠡᠯᠦᠩᠭᠦᠶ ᠪᠠᠷ ᠪᠠᠶᠢᠴᠠᠭᠠᠨ ᠯᠠᠪᠯᠠᠬᠤ᠂ ᠴᠠᠭ ᠲᠤᠬᠠᠶ ᠳᠤᠨᠢ | ᠬᠠᠷᠢᠴᠠᠭᠤᠯᠬᠤ ᠪᠠ ᠨᠠᠷᠢᠯᠢᠭ ᠤᠨᠤᠪᠴᠢᠳᠠᠢ ᠵᠠᠳᠠᠯᠬᠤ᠂ ᠶᠠᠳᠠᠭᠤ ᠶᠢ ᠲᠡᠳᠬᠦᠬᠦ ᠡᠲᠡᠭᠡᠳ ᠤᠨ ᠮᠡᠳᠡᠭᠡ ᠵᠠᠩᠭᠢ ᠶᠢ | ᠬᠡᠪ ᠤᠨ ᠪᠤᠰᠤ ᠪᠠᠷ ᠤᠷᠢᠳᠴᠢᠯᠠᠨ ᠰᠡᠷᠡᠮᠵᠢᠯᠡᠭᠦᠯᠬᠦ ᠵᠡᠷᠭᠡ ᠴᠢᠳᠠᠮᠵᠢ ᠶᠢ ᠪᠡᠶᠡᠯᠡᠭᠦᠯᠦᠨ᠎ᠡ᠃ |