ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠡᠮᠦᠨ᠎ᠡ᠂ ᠤᠯᠠᠭᠠᠨᠴᠠᠪ | ᠬᠤᠲᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠪᠠ᠃ ᠤᠶᠢᠷ᠎ᠠ ᠶᠢᠨ ᠵᠢᠯ ᠤᠳ ᠲᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠪᠠ | ᠨᠡᠶᠢᠭᠡᠮ ᠤᠨ ᠠᠵᠢᠯ ᠦᠢᠯᠡᠰ ᠲᠤ ᠬᠡᠷᠡᠭᠯᠡᠭᠰᠡᠨ ᠵᠠᠷᠤᠯᠭ᠎ᠠ ᠪᠦᠬᠦ ᠵᠠᠷᠤᠯᠭ᠎ᠠ ᠶᠢᠨ 80% ᠠᠴᠠ ᠳᠡᠭᠡᠭᠰᠢᠬᠢ ᠶᠢ | ᠡᠵᠡᠯᠡᠵᠦ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠨ᠎ᠠ᠃ | ᠰᠤᠷᠭᠠᠭᠤᠯᠢ ᠶᠢᠨ ᠪᠠᠷᠢᠮᠵᠢᠶᠠᠵᠢᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ 56 ᠳᠤᠮᠳᠠᠳᠤ | ᠪᠠᠭ᠎ᠠ ᠰᠤᠷᠭᠠᠭᠤᠯᠢ ᠨᠢ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ | ᠰᠤᠷᠭᠠᠭᠤᠯᠢ ᠪᠣᠯᠪᠠ᠃ ᠨᠢᠭᠡ ᠪᠦᠯᠦᠭ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠠᠶᠢᠭᠤᠯᠵᠤ᠂ ᠨᠡᠶᠢᠭᠡᠮ | ᠲᠣᠭᠤᠷᠢᠭ ᠤᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠰᠦᠢᠶᠤᠸᠠᠨ ᠤ ᠬᠤᠪᠢᠰᠬᠠᠯ ᠤᠨ | ᠳᠤᠷᠠᠰᠬᠠᠯ ᠤᠨ ᠬᠦᠷᠢᠶᠡᠯᠡᠩ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠵᠡᠷᠭᠡ ᠨᠢᠭᠡ ᠪᠦᠯᠦᠭ | ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠤᠪᠢᠰᠬᠠᠯᠲᠤ ᠰᠣᠶᠣᠯ ᠢ ᠤᠯᠠᠮᠵᠢᠯᠠᠨ | ᠪᠠᠳᠠᠷᠠᠭᠤᠯᠪᠠ᠃ ᠤᠯᠠᠭᠠᠨᠴᠠᠪ ᠬᠤᠲᠠ ︽ᠪᠥᠬᠦ ᠤᠯᠤᠰ ᠤᠨ ᠲᠠᠪᠤᠨ ᠣᠳᠣᠨ ᠳᠡᠰ ᠤᠨ ᠨᠢᠭᠦᠯᠡᠰᠦᠩᠭᠦᠶ ᠶᠢᠨ | ᠬᠤᠲᠠ︾᠂ ︽ᠪᠥᠬᠦ ᠤᠯᠤᠰ ᠤᠨ ᠬᠠᠮᠤᠭ ᠤᠨ ᠵᠣᠯ ᠵᠢᠷᠭᠠᠯ ᠤᠨ ᠲᠦᠷᠦᠭᠳᠡᠯ ᠲᠠᠢ ᠬᠤᠲᠠ︾᠂ ︽ᠪᠥᠬᠦ ᠤᠯᠤᠰ | ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠤᠷᠰᠢᠯᠲᠠ ᠶᠢᠨ ᠬᠤᠲᠠ︾᠂ ︽ | ᠤᠯᠤᠰ ᠤᠨ ᠡᠷᠡᠭᠦᠯ ᠬᠠᠮᠠᠭᠠᠯᠠᠯ ᠤᠨ ᠬᠤᠲᠠ︾᠂ ︽ᠤᠯᠤᠰ ᠤᠨ ᠴᠡᠴᠡᠷᠯᠢᠭᠵᠢᠭᠰᠡᠨ ᠬᠤᠲᠠ︾᠂ ︽2013 | ᠣᠨ ᠤ ᠳᠤᠮᠳᠠᠳᠤ ᠤᠯᠤᠰ ᠤᠨ ᠠᠷᠪᠠᠨ ᠰᠠᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠬᠤᠲᠠ︾᠂ ︽ | ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠵᠡᠷᠭᠡ ᠣᠯᠠᠨ ᠵᠦᠢᠯ ᠤᠨ ᠢᠷᠠᠭᠤ ᠠᠯᠳᠠᠷ ᠤᠨ | ᠴᠣᠯᠠ ᠶᠢ ᠬᠦᠷᠲᠡᠪᠡ᠃ ᠤᠯᠠᠭᠠᠨᠴᠠᠪ ᠤᠨ ᠠᠵᠤ ᠠᠬᠤᠢ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ | ᠰᠣᠶᠣᠯ ᠤᠨ ᠴᠡᠴᠡᠭᠯᠡᠯ᠂ ᠬᠢᠯᠢ ᠬᠢᠵᠠᠭᠠᠷ ᠤᠨ ᠠᠮᠤᠷ ᠲᠠᠶᠢᠪᠤᠩ᠂ ᠠᠮᠢ ᠠᠬᠤᠢ ᠶᠢᠨ ᠪᠣᠯᠪᠠᠰᠤᠨ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠵᠣᠯ ᠵᠢᠷᠭᠠᠯ ᠶᠠᠭ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠠᠶᠠᠨ ᠵᠠᠮ ᠳᠤ ᠲᠣᠮᠣ | ᠠᠯᠬᠤᠮ ᠢᠶᠠᠷ ᠤᠷᠤᠭᠰᠢᠯᠠᠵᠤ ᠪᠣᠶ᠃ | 1. ᠠᠷᠠᠳ ᠤᠨ ᠠᠮᠢᠳᠤᠷᠠᠯ ᠤᠨ ᠢᠨᠵᠧᠨᠧᠷᠢᠩ ᠤᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ᠠᠯᠢ | ᠣᠯᠠᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠠ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ | ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠶᠠᠳᠠᠭᠤ ᠶᠢ ᠲᠡᠳᠬᠦᠬᠦ ᠠᠵᠢᠯᠯᠠᠬᠤ ᠠᠩᠭᠢ ᠲᠣᠰᠬᠤᠨ ᠳᠤ ᠰᠠᠭᠤᠵᠤ | ᠠᠵᠢᠯᠯᠠᠬᠤ ᠠᠵᠢᠯᠲᠠᠨ ᠢ ᠳᠣᠷᠣᠭᠰᠢ ᠲᠣᠮᠢᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠮᠠᠯᠵᠢᠬᠤ | ᠲᠠᠷᠢᠶᠠᠯᠠᠬᠤ ᠣᠷᠣᠨ ᠤ 21 ᠲᠦᠮᠡᠨ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠦᠭᠡᠷᠡᠴᠢᠯᠡᠬᠦ | ᠠᠵᠢᠯ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 9 ᠲᠦᠮᠡ ᠰᠢᠬᠠᠮ ᠨᠠᠰᠤᠲᠠᠶᠢᠴᠤᠳ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠣᠷᠣᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ | ᠲᠥᠷᠥ ᠶᠢᠨ ᠪᠣᠳᠣᠯᠭ᠎ᠠ ᠨᠢ ︽ᠳᠤᠮᠳᠠᠳᠤ ᠤᠯᠤᠰ ᠤᠨ ᠠᠷᠪᠠᠨ ᠶᠡᠭᠡ ᠰᠢᠨ᠎ᠡ ᠶᠢ ᠡᠭᠦᠳᠬᠦ ᠠᠰᠠᠷᠠᠮᠵᠢ ᠶᠢᠨ | ᠲᠥᠷᠥ ᠶᠢᠨ ᠪᠣᠳᠣᠯᠭ᠎ᠠ︾ ᠪᠠᠷ ᠦᠨᠡᠯᠡᠭᠳᠡᠪᠡ᠃ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠡᠮᠨᠡᠯᠭᠡ ᠳᠤ | ᠰᠠᠭᠤᠬᠤ ᠳᠤ ︽ᠤᠷᠢᠳ ᠢᠶᠠᠷ ᠡᠮᠨᠡᠭᠦᠯᠵᠦ᠂ ᠳᠠᠷᠠᠭ᠎ᠠ ᠨᠢ ᠰᠦᠢᠳᠬᠡᠯ ᠲᠤᠰᠢᠶᠠᠬᠤ︾ ︽ᠨᠢᠭᠡ ᠥᠷᠲᠡᠭᠡᠨ ᠤ | ᠮᠠᠶ᠋ᠢᠭ︾ ᠢ ᠵᠡᠷᠭᠡ ᠪᠠᠷ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠤᠳᠠᠭᠠᠨ ᠴᠢᠨᠠᠷᠲᠠᠶ ᠡᠪᠡᠳᠴᠢᠨ ᠤ ᠳᠠᠩᠰᠠ | ᠲᠠᠶᠢᠯᠬᠤ ᠬᠠᠷᠢᠴᠠᠯ ᠢ 95 % ᠳᠤ ᠬᠦᠷᠭᠡᠵᠦ᠂ ᠡᠪᠡᠳᠴᠢᠨ ᠠᠴᠠ ᠪᠣᠯᠵᠤ ᠶᠠᠳᠠᠭᠤᠷᠠᠵᠤ ᠳᠠᠬᠢᠨ ᠶᠠᠳᠠᠭᠤᠷᠠᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠪᠥᠬᠦ ᠬᠤᠲᠠ ᠶᠢᠨ 2 / 3 ᠤᠨ ᠲᠤᠯᠤᠭᠠᠶᠢᠯᠠᠭᠴᠢ ᠠᠵᠤ | ᠠᠬᠤᠶᠢᠯᠠᠯ ᠮᠠᠯᠴᠢᠨ ᠲᠠᠷᠢᠶᠠᠴᠢᠨ ᠲᠠᠢ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠤᠯᠳᠤᠯᠭᠠ ᠶᠢᠨ | ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠪᠠᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠬᠥᠮᠥᠨ ᠠᠮᠠ 2011 ᠣᠨ ᠤ ᠡᠴᠦᠰ ᠲᠤ 55 . 8 ᠲᠦᠮᠡ | ᠪᠠᠶᠢᠭᠰᠠᠨ ᠠᠴᠠ ᠪᠠᠨ 2016 ᠣᠨ ᠤ ᠡᠴᠦᠰ ᠲᠤ 10 . 6 ᠲᠦᠮᠡ ᠪᠣᠯᠵᠤ ᠪᠠᠭᠠᠰᠪᠠ᠃ | ᠮᠠᠨ ᠤ ᠬᠤᠲᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠤᠨ ︽ᠭᠤᠷᠪᠠᠨ | ᠵᠦᠢᠯ ᠤᠨ ᠥᠭᠡᠷᠡᠴᠢᠯᠡᠯᠲᠡ︾ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠤᠨ ︽ᠬᠠᠮᠢᠶᠠᠷᠬᠤ | ᠡᠷᠬᠢᠯᠡᠬᠦ ᠦᠨᠡᠯᠡᠬᠦ︾ ᠶᠢ ᠰᠠᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢ ᠠᠬᠢᠭᠤᠯᠬᠤ ᠵᠡᠷᠭᠡ ᠠᠵᠢᠯ ᠢ ᠡᠮᠬᠢ | ᠵᠢᠷᠤᠮ ᠲᠠᠢ ᠲᠦᠯᠬᠢᠨ ᠠᠬᠢᠭᠤᠯᠵᠤ ᠪᠠᠶᠢᠨ᠎ᠠ᠃ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ | ᠴᠡᠴᠡᠷᠯᠢᠭ ᠲᠤ ᠪᠠᠶᠢᠭ᠎ᠠ ᠬᠡᠦᠬᠡᠳ ᠠᠴᠠ ᠠᠰᠠᠷᠠᠮᠵᠢ ᠶᠢᠨ ᠰᠦᠢᠳᠭᠡᠯ ᠬᠤᠷᠢᠶᠠᠬᠤ ᠶᠢ ᠬᠡᠯᠳᠦᠷᠢᠬᠦᠯᠵᠦ᠂ ᠨᠡᠶᠢᠲᠡ | ᠮᠠᠯᠵᠢᠬᠤ ᠲᠠᠷᠢᠶᠠᠯᠠᠬᠤ ᠣᠷᠣᠨ ᠤ 80 ᠬᠡᠦᠬᠡᠳ ᠤᠨ ᠴᠡᠴᠡᠷᠯᠢᠭ᠂ 2300 ᠭᠠᠷᠤᠶ ᠬᠥᠮᠥᠨ ᠳᠤ ᠬᠤᠯᠪᠣᠭᠳᠠᠵᠠᠶ︔ | ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 8 ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠨᠡᠶᠢᠳᠡᠮ ᠬᠡᠷᠡᠭᠵᠢᠭᠦᠯᠪᠡ | ᠂ ᠡᠭᠦᠨ ᠳᠤ ᠤᠯᠤᠰ ᠤᠨ ᠲᠤᠷᠰᠢᠯᠲᠠ ᠶᠢᠨ ᠬᠤᠰᠢᠭᠤ ᠰᠢᠶᠠᠨ ᠭᠤᠷᠪᠠ ︵ᠬᠤᠸᠠᠳᠧ᠂ ᠱᠠᠩᠳᠤ᠂ ᠰᠢᠩ ᠾᠧ︶᠂ | ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ ᠰᠢᠶᠠᠨ ᠲᠠᠪᠤ ︵ᠡᠮᠦᠨᠡᠲᠦ ᠬᠤᠰᠢᠭᠤ᠂ ᠳᠤᠮᠳᠠᠳᠤ | ᠬᠤᠰᠢᠭᠤ᠂ ᠬᠤᠶᠢᠲᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ︶ ᠪᠠᠶᠢᠵᠤ᠂ 65 ᠰᠤᠷᠭᠠᠭᠤᠯᠢ᠂ | 10482 ᠰᠤᠷᠤᠭᠴᠢ ᠲᠠᠢ ᠬᠤᠯᠪᠣᠭᠳᠠᠪᠠ︔ 1 . 44 ᠲᠦᠮᠡᠨ ᠳᠠᠩᠰᠠᠯᠠᠨ ᠺᠠᠷᠲᠯᠠᠭᠰᠠᠨ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠰᠤᠷᠤᠭᠴᠢ ᠰᠦᠢᠳᠬᠡᠯ ᠬᠤᠷᠢᠶᠠᠬᠤ ᠦᠭᠡᠢ ᠪᠠᠷ ᠰᠤᠷᠤᠯᠴᠠᠪᠠ᠃ ᠪᠥᠬᠦ ᠬᠤᠲᠠ ᠳᠤ | 20 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ 2᠂ 4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠪᠠᠷᠢᠯᠭ᠎ᠠ ᠶᠢᠨ ᠲᠠᠯᠠᠪᠠᠢ ᠨᠢ 7᠂ 4 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ 6700 ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠶᠢ ᠬᠠᠩᠭᠠᠨ᠎ᠠ᠃ ︽ᠲᠠᠪᠤᠨ ᠬᠤᠲᠠ ᠶᠢ | ᠬᠠᠮᠳᠤᠷᠠᠨ ᠡᠭᠦᠳᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠬᠤᠲᠠ ᠶᠢᠨ | ᠳᠦᠷᠢ ᠲᠥᠷᠬᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠪᠠ ᠣᠯᠠᠨ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠡᠭᠡ ᠪᠠᠷ ᠳᠡᠭᠡᠭᠰᠢᠯᠡᠪᠡ᠃ ᠭᠤᠣᠯ ᠬᠤᠳᠠ ᠲᠣᠭᠤᠷᠢᠭ ᠤᠨ ᠬᠤᠳᠠ ᠶᠢᠨ ᠵᠠᠮ᠂ ᠲᠥᠪᠯᠡᠷᠡᠭᠦᠯᠦᠨ | ᠢᠯᠴᠢ ᠬᠠᠩᠭᠠᠬᠤ᠂ ᠬᠤᠭ ᠨᠣᠪᠰᠢ ᠪᠣᠬᠢᠷ ᠤᠰᠤ ᠰᠢᠢᠳᠪᠦᠷᠢᠯᠡᠬᠦ᠂ ᠨᠣᠭᠤᠭᠠᠷᠠᠭᠤᠯᠤᠯᠲᠠ ᠵᠡᠷᠭᠡ ᠵᠢᠭᠠᠯᠳᠠ | ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶᠡᠨ ᠳᠤ ᠬᠦᠷᠦᠭᠰᠡᠨ ᠪᠤᠶᠤ | ᠲᠡᠭᠦᠨ ᠠᠴᠠ ᠳᠠᠪᠠᠵᠤ᠂ ︽ᠭᠤᠷᠪᠠᠨ ᠠᠭᠤᠯᠠ ᠬᠤᠶᠠᠷ ᠭᠤᠣᠯ︾ ᠨᠢ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ | ᠦᠵᠡᠮᠵᠢ ᠪᠣᠯᠵᠤ᠂ ︽2013 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠲᠣᠭᠤᠷᠢᠨ ᠤ ᠦᠯᠢᠭᠡᠷ ᠵᠢᠱᠢᠶ᠎ᠡ ᠶᠢᠨ ᠱᠠᠩᠨᠠᠯ︾ ᠣᠯᠤᠭᠰᠠᠨ ᠪᠠᠶᠢᠨ᠎ᠠ᠃ | 2 . ᠴᠢᠳᠠᠪᠤᠷᠢᠲᠠᠨ ᠤ ᠬᠦᠮᠦᠵᠢᠬᠦᠯᠦᠯᠳᠡ᠃ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ | ᠂ ᠤᠷᠢᠳᠴᠢᠯᠠᠨ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠂ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠢ ᠪᠦᠬᠦ ᠲᠠᠯ᠎ᠠ ᠪᠠᠷ | ᠲᠡᠩᠴᠡᠭᠦᠷᠢᠲᠡᠶ ᠬᠥᠭᠵᠢᠭᠦᠯᠪᠠ᠃ ᠣᠳᠣ ᠪᠣᠯᠲᠠᠯ᠎ᠠ᠂ ᠪᠥᠬᠦ ᠬᠤᠲᠠ ᠳᠤ 136 ᠬᠡᠦᠬᠡᠳ ᠤᠨ ᠴᠡᠴᠡᠷᠯᠢᠭ᠂ | 26993 ᠬᠥᠮᠥᠨ ᠪᠠᠶᠢᠨ᠎ᠠ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠭᠰᠠᠨ | ᠨᠣᠷᠮ᠎ᠠ 87 . 07 % ᠪᠣᠯᠵᠤ ᠳᠡᠭᠡᠭᠰᠢᠯᠡᠪᠡ︔ ᠪᠠᠭ᠎ᠠ ᠰᠤᠷᠭᠠᠭᠤᠯᠢ 122 ᠪᠠᠶᠢᠵᠤ᠂ ᠰᠤᠷᠭᠠᠭᠤᠯᠢ ᠶᠢᠨ | ᠬᠡᠪᠴᠢᠶ᠎ᠡ ᠨᠢ ᠳᠤᠮᠳᠠᠴᠢ ᠪᠠᠷ 700 ᠬᠥᠮᠥᠨ ᠪᠠᠶᠢᠪᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 46 ᠪᠠᠶᠢᠵᠤ | ᠂ ᠰᠤᠷᠭᠠᠭᠤᠯᠢ ᠨᠢ ᠳᠤᠮᠳᠠᠴᠢ ᠪᠠᠷ 900 ᠬᠥᠮᠥᠨ ᠪᠠᠶᠢᠵᠤ᠂ ᠶᠢᠰᠦᠨ ᠵᠢᠯ ᠤᠨ ᠳᠦᠷᠢᠮᠲᠦ ᠠᠯᠪᠠᠨ ᠵᠢᠷᠤᠮ ᠤᠨ | ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 96% ᠳᠤ ᠬᠦᠷᠪᠠ᠃ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ 22 ᠪᠠᠶᠢᠵᠤ᠂ ᠰᠤᠷᠭᠠᠭᠤᠯᠢ ᠶᠢᠨ ᠬᠡᠪᠴᠢᠶ᠎ᠡ ᠨᠢ ᠳᠤᠮᠳᠠᠴᠢ ᠪᠠᠷ 1538 ᠬᠥᠮᠥᠨ ᠪᠠᠶᠢᠨ᠎ᠠ᠃ | ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 13.1 ᠲᠦᠮᠡᠨ ᠬᠥᠮᠥᠨ ᠪᠠᠶᠢᠵᠤ᠂ ᠠᠵᠢᠯ | ᠣᠯᠭᠤᠯᠲᠠ ᠶᠢᠨ ᠨᠤᠷᠮ᠎ᠠ ᠨᠢ 95% ᠳᠤ ᠬᠦᠷᠪᠡ᠃ ᠦᠨᠳᠦᠰᠦᠲᠡᠨ ᠤ ᠡᠯ᠎ᠡ ᠲᠥᠷᠥᠯ ᠤᠨ ᠰᠤᠷᠭᠠᠭᠤᠯᠢ 17 | ᠪᠠᠶᠢᠵᠤ᠂ ᠴᠤᠯ ᠮᠣᠩᠭᠤᠯ ᠬᠡᠯᠡ ᠪᠠᠷ 2200 ᠭᠠᠷᠤᠶ ᠬᠥᠮᠥᠨ ᠬᠢᠴᠢᠶᠡᠯ ᠬᠦᠷᠳᠡᠵᠦ ᠪᠠᠶᠢᠨ᠎ᠠ᠃ | ᠴᠢᠳᠠᠪᠤᠷᠢᠲᠠᠨ ᠢ ᠲᠠᠲᠠᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠴᠤᠭᠯᠠᠭᠤᠯᠬᠤ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠴᠢᠳᠠᠪᠤᠷᠢᠲᠠᠨ ᠤ ᠬᠦᠴᠦᠲᠡᠢ ᠪᠠᠲᠤᠯᠠᠭ᠎ᠠ ᠪᠠ ᠣᠶᠣᠨ ᠤ | ᠲᠤᠯᠭᠠᠭᠤᠷᠢᠯᠠᠯ ᠬᠠᠩᠭᠠᠪᠠ᠃ ︽ᠵᠠᠭᠤᠨ ᠬᠥᠮᠦᠨ ᠤ ᠠᠷᠪᠠᠨ ᠶᠡᠭᠡ ᠲᠥᠯᠥᠪᠯᠡᠭᠡ︾᠂ ︽ᠲᠠᠯ᠎ᠠ ᠨᠤᠲᠤᠭ ᠤᠨ | ᠴᠢᠳᠠᠪᠤᠷᠢᠲᠠᠨ︾ ᠤ ᠢᠨᠵᠧᠨᠧᠷᠢᠩ ᠢᠶᠠᠷ ᠲᠤᠬᠢᠶᠠᠯᠳᠤᠯ ᠪᠣᠯᠭᠠᠵᠤ᠂ ᠨᠠᠮ ᠵᠠᠰᠠᠭ᠂ ᠠᠵᠤ ᠠᠬᠤᠶᠢᠯᠠᠯ ᠤᠨ | ᠡᠵᠡᠩᠨᠡᠯᠲᠡ ᠬᠠᠮᠢᠶᠠᠷᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠮᠡᠷᠭᠡᠵᠢᠯ | ᠴᠢᠳᠠᠪᠤᠷᠢ ᠶᠢᠨ ᠪᠣᠳᠠᠲᠤ ᠬᠡᠷᠡᠭᠴᠡᠭᠡ ᠲᠠᠢ ᠵᠡᠷᠭᠡ ᠡᠯ᠎ᠡ ᠲᠥᠷᠥᠯ ᠤᠨ ᠴᠢᠳᠠᠪᠤᠷᠢᠲᠠᠨ ᠢ 5 ᠲᠦᠮᠡ ᠭᠠᠷᠤᠶ | ᠬᠥᠮᠦᠵᠢᠭᠦᠯᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠠᠵᠤ ᠦᠢᠯᠡᠰ ᠤᠨ ᠰᠢᠨ᠎ᠡ ᠶᠢ | ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ 16᠂ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠠᠭᠤᠷᠢᠨ 1᠂ ᠲᠤᠰᠬᠠᠶ | ᠵᠦᠢᠯ ᠢᠶᠠᠷ ᠰᠣᠩᠭᠤᠨ ᠭᠠᠷᠭᠠᠬᠤ ᠪᠦᠯᠬᠦᠮ ᠨᠡᠶᠢᠲᠡ 3 ᠪᠠ ᠲᠠᠯ᠎ᠠ ᠨᠤᠲᠤᠭ ᠤᠨ ᠴᠢᠳᠠᠪᠤᠷᠢᠲᠠᠨ 9 ᠪᠤᠢ᠃ ︽ | ᠬᠤᠶᠠᠷ ᠬᠦᠷᠢᠶᠡᠯᠡᠩ︾ ᠤᠨ ᠠᠺᠠᠳᠧᠮᠢᠴᠢ 10᠂ ᠳ᠋ᠣᠺᠲ᠋ᠣᠷ 36᠂ ᠮᠠᠰᠲ᠋ᠧᠷ 192᠂ ᠳᠡᠳ᠋ ᠳᠡᠭᠡᠳᠦ ᠵᠡᠷᠭᠡ ᠠᠴᠠ | ᠳᠡᠭᠡᠭᠰᠢᠬᠢ ᠮᠡᠷᠭᠡᠵᠢᠯ ᠤᠨ ᠴᠣᠯᠠ ᠲᠠᠢ 1058 ᠶᠢ ᠣᠷᠣᠭᠤᠯᠤᠨ ᠠᠪᠴᠢᠷᠠᠵᠠᠶ᠃ ᠠᠺᠠᠳᠧᠮᠢᠴᠢ ᠲᠤᠰᠬᠠᠶ | ᠮᠡᠷᠭᠡᠵᠢᠯᠲᠡᠨ ᠤ ᠠᠵᠢᠯ ᠤᠨ ᠥᠷᠲᠡᠭᠡ 4᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 6᠂ ᠣᠷᠣᠨ ᠤ ᠳᠡᠰ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ 6᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ 5᠂ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ 2᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠨ | ᠬᠥᠮᠦᠵᠢᠭᠦᠯᠬᠦ ᠰᠠᠭᠤᠷᠢᠨ 12᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ 2 ᠢ | ᠪᠠᠶᠢᠭᠤᠯᠪᠠ᠃ | 3. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠃ ︽ᠰᠢᠨ᠎ᠡ ᠶᠢ ᠡᠭᠦᠳᠦᠨ ᠨᠡᠭᠡᠭᠡᠯᠲᠡ ᠬᠢᠬᠦ᠂ ᠠᠰᠢᠭ | ᠲᠤᠰᠠ ᠶᠢ ᠬᠠᠮᠲᠤᠪᠠᠷ ᠡᠳ᠋ᠯᠡᠬᠦ᠂ ᠲᠥᠷᠥᠯ ᠵᠦᠢᠯ ᠢᠶᠠᠷ ᠳᠠᠶᠢᠴᠢᠯᠠᠬᠤ᠂ ᠨᠡᠶᠢᠲᠡᠯᠢᠭ ᠵᠢᠱᠢᠶ᠎ᠡ ᠦᠵᠡᠭᠦᠯᠬᠦ᠂ ᠳᠡᠭᠡᠳᠦ | ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ︾ ᠵᠠᠷᠴᠢᠮ ᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠡᠯ᠎ᠡ ᠭᠤᠭᠴᠤᠭ᠎ᠠ ᠳᠤ ᠭᠦᠨᠵᠡᠭᠡᠶᠢᠷᠡᠭᠦᠯᠪᠡ᠃ ᠪᠥᠬᠦ ᠬᠤᠲᠠ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠰᠢᠰᠲ᠋ᠧᠮ ᠤᠨ ︽ᠨᠢᠭᠡ ᠤᠷᠳᠤᠨ ᠬᠤᠶᠠᠷ ᠬᠦᠷᠢᠶᠡᠯᠡᠩ ᠳᠥᠷᠪᠡᠨ ᠥᠷᠲᠡᠭᠡ ᠠᠷᠪᠠᠨ ᠳᠥᠷᠪᠡᠨ | ᠲᠥᠪ︾ ᠢ ᠪᠠᠶᠢᠭᠤᠯᠤᠭᠰᠠᠨ ᠪᠥᠭᠡᠳ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 12 ᠠᠵᠤ ᠠᠬᠤᠶᠢᠯᠠᠯ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰᠵᠢᠯᠲᠡ ᠶᠢᠨ 3 | ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ 1 ᠠᠴᠢᠶᠠᠯᠠᠪᠤᠷᠢ ᠶᠢ ᠪᠤᠶᠢᠵᠢᠭᠤᠯᠤᠨ | ᠬᠥᠭᠵᠢᠭᠦᠯᠦᠭᠰᠡᠨ ᠪᠠᠶᠢᠨ᠎ᠠ᠃ ᠢᠯᠠᠩᠭᠤᠶ᠎ᠠ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ ᠤᠨ ᠵᠥᠪᠰᠢᠶᠡᠷᠡᠯ ᠢ ᠣᠯᠤᠭᠰᠠᠨ ᠨᠢ ᠮᠠᠨ ᠤ ᠬᠤᠲᠠ ︽ᠨᠢᠭᠡ ᠬᠤᠲᠠ ᠬᠤᠶᠠᠷ ᠲᠣᠭᠤᠷᠢᠭ | ᠵᠠᠭᠤᠨ ᠬᠦᠷᠢᠶᠡᠯᠡᠩ︾ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠨᠢ ᠮᠠᠨ ᠤ ᠬᠤᠲᠠ ᠶᠢᠨ ᠬᠤᠭᠤᠰᠣᠨ ᠢ | ᠨᠥᠬᠦᠪᠥᠷᠢᠯᠡᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ 2016 ᠣᠨ ᠳᠤ᠂ ᠪᠥᠬᠦ ᠬᠤᠲᠠ ᠶᠢᠨ | ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ 298 ᠬᠤᠪᠢ᠂ ᠲᠤᠰᠬᠠᠶ ᠠᠰᠢᠭ ᠣᠯᠭᠤᠭᠰᠠᠨ ᠬᠡᠮᠵᠢᠶ᠎ᠡ 153 | ᠬᠤᠪᠢ᠂ ᠬᠦᠴᠦᠨ ᠪᠦᠬᠦᠢ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ 46 ᠬᠤᠪᠢ ᠪᠠᠶᠢᠪᠠ᠃ ᠮᠡᠷᠭᠡᠵᠢᠯ ᠤᠨ | ᠭᠡᠷ᠎ᠡ 8᠂ 1215 . 76 ᠲᠦᠮᠡᠨ ᠲᠥᠭᠦᠷᠢᠭ ᠲᠣᠬᠢᠷᠠᠯᠴᠠᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠵᠥᠪᠰᠢᠶᠡᠷᠡᠨ ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ 16 ᠲᠥᠷᠥᠯ ᠵᠦᠢᠯ᠂ 1438 ᠲᠦᠮᠡᠨ | ᠲᠥᠭᠦᠷᠢᠭ᠃ ᠬᠤᠲᠠ ᠶᠢᠨ ᠲᠤᠰ ᠱᠠᠲᠤᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ | ᠠᠵᠢᠯ ᠤᠨ ᠥᠷᠲᠡᠭᠡ ᠳᠤ ᠲᠦᠰᠢᠭᠯᠡᠨ᠂ 180 ᠰᠢᠨ᠎ᠡ ᠡᠭᠦᠯᠳᠡᠷ᠂ 11 ᠰᠢᠨ᠎ᠡ ᠮᠡᠷᠭᠡᠵᠢᠯ ᠢ ᠲᠤᠷᠰᠢᠨ ᠵᠢᠱᠢᠶ᠎ᠡ | ᠦᠵᠡᠭᠦᠯᠵᠦ᠂ ᠮᠠᠨ ᠤ ᠬᠤᠲᠠ ᠶᠢᠨ ᠭᠤᠤᠯᠳᠠᠯᠭ᠎ᠠ ᠲᠠᠢ ᠲᠠᠷᠢᠬᠤ ᠳᠤ ᠲᠣᠬᠢᠷᠠᠬᠤ 10 ᠰᠢᠨ᠎ᠡ ᠡᠭᠦᠯᠳᠡᠷ ᠢ | ᠰᠣᠩᠭᠤᠨ ᠭᠠᠷᠭᠠᠵᠤ᠂ 8 ᠵᠦᠢᠯ ᠤᠨ ᠰᠢᠨ᠎ᠡ ᠮᠡᠷᠭᠡᠵᠢᠯ ᠤᠨ ᠰᠤᠳᠤᠯᠭᠠᠨ ᠥᠷᠨᠢᠭᠦᠯᠵᠦ᠂ 3 ᠵᠦᠢᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠣᠯᠪᠠ᠂ ᠡᠭᠦᠨ ᠤ ᠳᠣᠲᠣᠷ᠎ᠠ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ | ᠠᠺᠠᠳᠧᠮᠢᠴᠢ ᠶᠢᠨ ᠠᠵᠢᠯ ᠤᠨ ᠥᠷᠲᠡᠭᠡ ᠳᠤ ᠬᠡᠷᠡᠭᠵᠢᠭᠦᠯᠦᠭᠰᠡᠨ ︽ ᠪᠦᠭᠡᠷᠡᠩᠭᠡᠢ ᠡᠰᠢᠳᠦ ᠨᠤᠭᠤᠭ᠎ᠠ ᠶᠢᠨ | ᠪᠣᠬᠢᠷᠲᠤᠯ ᠥᠬᠡᠶ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠬᠦᠯᠬᠦ ᠮᠡᠷᠭᠡᠵᠢᠯ ᠤᠨ ᠬᠤᠷᠠᠮᠠᠯ ᠰᠢᠨ᠎ᠡ | ᠡᠬᠦᠳᠦᠯᠳᠡ︾ ᠶᠢᠨ ᠲᠥᠷᠥᠯ ᠵᠦᠢᠯ ᠨᠢ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠪᠦᠭᠡᠷᠡᠩᠭᠡᠢ ᠡᠰᠢᠳᠦ | ᠨᠤᠭᠤᠭ᠎ᠠ ᠶᠢᠨ 3 ᠰᠢᠨ᠎ᠡ ᠲᠥᠷᠥᠯ ᠵᠦᠢᠯ ᠮᠠᠨ ᠤ ᠬᠤᠲᠠ ᠳᠤ ᠮᠡᠨᠳᠦᠯᠡᠵᠦ᠂ ᠮᠠᠨ ᠤ ᠬᠤᠲᠠ ᠶᠢᠨ ᠢᠳᠡᠰᠢᠨ | ᠨᠣᠭᠤᠭ᠎ᠠ ᠶᠢᠨ ᠲᠥᠷᠥᠯ ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ︽ᠳᠠᠩ︾ ᠰᠢᠪᠲᠤᠯᠤᠯᠲᠠ ᠶᠢ ᠪᠡᠶᠡᠯᠡᠭᠦᠯᠪᠡ︔ G C 16 ᠰᠢᠷᠢᠰ ᠠᠮᠢᠳᠤ ᠪᠣᠳᠠᠰ ᠤᠨ | ᠨᠠᠶᠢᠷᠠᠯᠭ᠎ᠠ ᠶᠢ ᠠᠮᠵᠢᠯᠲᠠᠲᠠᠶ ᠰᠤᠳᠤᠯᠤᠨ ᠨᠡᠭᠡᠭᠡᠵᠦ᠂ ᠤᠯᠠᠭᠠᠨ ᠠᠭᠠᠯᠵᠢ᠂ ᠵᠢᠮ᠎ᠡ ᠬᠤᠷᠣᠬᠠᠶ᠂ ᠪᠠᠭᠠᠷᠠᠩ ᠬᠤᠷᠣᠬᠠᠶ | ᠂ ᠴᠠᠭᠠᠨ ᠲᠣᠭᠤᠰᠣᠲᠤ ᠪᠥᠭᠡᠰᠦ ᠪᠠ ᠴᠠᠭᠠᠨ ᠲᠣᠭᠤᠰᠣᠲᠤ ᠡᠪᠡᠳᠴᠢᠨ᠂ ᠪᠣᠷᠣ ᠬᠥᠭᠡᠴᠦ ᠡᠪᠡᠳᠴᠢᠨ ᠵᠡᠷᠭᠡ 6 | ᠵᠦᠢᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠡᠯᠡᠬᠡᠶ ᠶᠢᠨ ᠴᠢᠨᠠᠷᠲᠠᠶ ᠪᠡᠷᠬᠡ ᠰᠡᠳᠦᠪ ᠢ | ᠰᠢᠢᠳᠪᠦᠷᠢᠯᠡᠪᠡ᠃ ᠪᠦᠬᠦ ᠬᠤᠲᠠ ᠳᠤ ᠳᠤᠮᠳᠠᠴᠢ ᠪᠠᠷ ᠵᠢᠯ ᠪᠦᠷᠢ 160 ᠭᠠᠷᠤᠶ ᠵᠢᠱᠢᠶ᠎ᠡ ᠦᠵᠡᠭᠦᠯᠬᠦ ᠰᠢᠨ᠎ᠡ | ᠲᠥᠷᠥᠯ ᠵᠦᠢᠯ ᠢ ᠣᠷᠣᠭᠤᠯᠤᠨ ᠠᠪᠴᠢᠷᠠᠵᠤ᠂ 70 ᠭᠠᠷᠤᠶ ᠰᠢᠨ᠎ᠡ ᠲᠧᠭᠨᠢᠭ ᠮᠡᠷᠭᠡᠵᠢᠯ ᠢ ᠣᠷᠣᠭᠤᠯᠪᠠ᠃ | ᠳᠤᠮᠳᠠᠴᠢ ᠪᠠᠷ ᠵᠢᠯ ᠪᠦᠷᠢ 800 ᠭᠠᠷᠤᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ | ᠰᠣᠩᠭᠤᠨ ᠲᠣᠮᠢᠯᠠᠵᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠲᠤ ᠦᠢᠯᠡᠴᠢᠯᠡᠭᠦᠯᠪᠠ᠃ | ᠡᠭᠦᠨ ᠤ ᠬᠠᠮᠲᠤ ᠤᠯᠤᠰ ᠠᠴᠠ ︽ᠭᠤᠷᠪᠠᠨ ᠣᠷᠣᠨ︾ ︵ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ | ᠣᠷᠣᠨ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ︶ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠢᠳᠡᠪᠬᠢᠲᠡᠶ ᠬᠡᠷᠡᠭᠵᠢᠭᠦᠯᠵᠦ᠂ ︽ᠭᠤᠷᠪᠠᠨ | ᠣᠷᠣᠨ︾ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠨᠡᠶᠢᠲᠡ 711 ᠬᠥᠮᠦᠨ ᠢ ᠰᠢᠯᠢᠨ ᠰᠣᠩᠭᠤᠵᠤ᠂ | ᠤᠯᠤᠰ ᠠᠴᠠ ᠳᠡᠮᠵᠢᠬᠦ ᠵᠠᠷᠤᠳᠠᠯ 1422 ᠲᠦᠮᠡᠨ ᠲᠥᠭᠦᠷᠢᠭ ᠣᠯᠵᠤ᠂ ᠥᠪᠡᠷᠲᠡᠭᠡᠨ ᠵᠠᠰᠠᠬᠤ ᠣᠷᠣᠨ ᠤ | ᠬᠤᠶᠠᠳᠤᠭᠠᠷ ᠲᠤ ᠵᠢᠭᠰᠠᠭᠠᠭᠳᠠᠪᠠ᠃ ᠨᠢᠭᠡᠨᠲᠡ ᠪᠠᠢᠭᠤᠯᠤᠭᠰᠠᠨ ᠤᠯᠠᠭᠠᠨᠴᠠᠪ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠯᠵᠢᠮᠡᠯ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠮᠡᠷᠭᠡᠵᠢᠯ ᠤᠨ ᠪᠡᠷᠬᠡ ᠰᠡᠳᠦᠪ ᠢ | ᠨᠡᠶᠢᠲᠡ 528 ᠰᠢᠢᠳᠪᠦᠷᠢᠯᠡᠵᠦ᠂ ᠦᠢᠯᠡᠴᠢᠯᠡᠭᠡᠨ ᠤ ᠬᠥᠳᠡᠯᠦᠯ ᠪᠠᠶᠢᠳᠠᠯ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠶᠢᠨ ᠪᠠᠶᠢᠳᠠᠯ᠂ ᠬᠡᠷᠡᠭᠯᠡᠭᠡᠨ ᠤ ᠮᠡᠷᠭᠡᠵᠢᠯ ᠤᠨ ᠬᠠᠩᠭᠠᠯᠭ᠎ᠠ | ᠬᠡᠷᠡᠭᠴᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢ 13000 ᠭᠠᠷᠤᠶ ᠵᠤᠷᠪᠤᠰ ᠨᠡᠶᠢᠲᠡᠯᠡᠪᠡ᠃ | | 4. ᠰᠣᠶᠣᠯ ᠪᠡᠶ᠎ᠡ ᠶᠢᠨ ᠳᠠᠮᠢᠷ᠃ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠪᠠᠷ | ᠦᠨᠳᠦᠰᠦᠨ ᠵᠣᠷᠢᠯᠭ᠎ᠠ ᠪᠣᠯᠭᠠᠬᠤ ᠶᠢ ᠪᠠᠷᠢᠮᠲᠠᠯᠠᠵᠤ᠂ ᠤᠷᠤᠯᠳᠤᠭᠠᠨ ᠤ ᠪᠡᠶ᠎ᠡ ᠶᠢᠨ ᠲᠠᠮᠢᠷ ᠢ ᠤᠯᠠᠨ ᠲᠦᠮᠡᠨ ᠤ | ᠪᠡᠶ᠎ᠡ ᠶᠢᠨ ᠲᠠᠮᠢᠷ ᠲᠠᠢ ᠵᠣᠬᠢᠴᠠᠩᠭᠤᠶ ᠪᠠᠷ ᠬᠥᠭᠵᠢᠭᠦᠯᠬᠦ ᠪᠠ ᠬᠠᠷᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠵᠤ᠂ | ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠪᠦᠬᠦ ᠲᠠᠯ᠎ᠠ ᠪᠠᠷ ᠡᠮᠬᠢ ᠵᠢᠷᠤᠮ ᠲᠠᠢ ᠡᠷᠡᠭᠦᠯ ᠢᠶᠠᠷ ᠬᠥᠭᠵᠢᠪᠡ᠃ | ᠪᠥᠬᠦ ᠬᠤᠲᠠ ᠳᠤ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠡᠶᠢᠲᠡ 140 ᠪᠠᠶᠢᠵᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ 2000 ᠭᠠᠷᠤᠶ ᠵᠦᠢᠯ ᠡᠷᠬᠢᠯᠡᠵᠦ᠂ ᠪᠥᠬᠦ ᠵᠢᠯ ᠳᠤ | 80 ᠲᠦᠮᠡᠨ ᠬᠥᠮᠥᠨ ᠤᠳᠠᠭ᠎ᠠ ᠣᠷᠣᠯᠴᠠᠭᠰᠠᠨ ᠪᠠᠢᠨ᠎ᠠ᠃ ᠪᠥᠬᠦ ᠬᠤᠲᠠ ᠳᠤ ᠣᠳᠣ ᠪᠠᠶᠢᠭ᠎ᠠ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠠᠯᠠᠪᠠᠢ ᠣᠷᠳᠣᠨ 1430 ᠪᠠᠶᠢᠵᠤ᠂ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ | ᠲᠠᠯᠠᠪᠠᠢ 1.91 ᠲᠡᠭᠰᠢ ᠳᠥᠷᠪᠡᠯᠵᠢᠨ ᠮᠧᠲᠷ ᠲᠤ ᠬᠦᠷᠴᠡᠶ᠃ 2017 ᠣᠨ ᠳᠤ ᠤᠯᠠᠭᠠᠨᠴᠠᠪ ᠤᠨ ᠣᠯᠠᠨ | ᠤᠯᠤᠰ ᠤᠨ ᠮᠠᠷᠠᠽᠤᠨ᠂ ᠪᠥᠬᠦ ᠠᠷᠠᠳ ᠤᠨ ᠬᠠᠮᠲᠤ ᠶᠢᠨ ᠪᠥᠵᠢᠭ ᠬᠢᠭᠡᠳ ᠪᠥᠬᠦ ᠤᠯᠤᠰ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠬᠠᠮᠲᠤ ᠶᠢᠨ ᠠᠶᠠᠯᠠᠯ ᠤᠨ 2017 ᠣᠨ ᠤ ᠪᠥᠬᠦ ᠤᠯᠤᠰ ᠤᠨ ᠲᠠᠯᠠᠪᠠᠢ ᠶᠢᠨ ᠪᠥᠵᠢᠭ ᠤᠨ | ᠤᠷᠤᠯᠳᠤᠭᠠᠨ ︵ᠤᠯᠠᠭᠠᠨᠴᠠᠪ ᠬᠤᠲᠠ ᠶᠢᠨ ᠥᠷᠲᠡᠭᠡ︶᠂ 2017 ᠣᠨ ᠤ ᠪᠥᠬᠦ ᠤᠯᠤᠰ ᠤᠨ ︽ᠵᠠᠭᠤᠨ ᠬᠤᠲᠠ | ᠮᠢᠩᠭᠠᠨ ᠲᠣᠰᠬᠤᠨ︾ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠰᠢᠷᠢᠰ | ᠠᠵᠢᠯᠯᠠᠭ᠎ᠠ ᠶᠢᠨ ᠥᠪᠥᠷ ᠮᠣᠩᠭᠤᠯ ᠤᠨ ᠡᠬᠢᠯᠡᠯᠲᠡ ᠶᠢᠨ ᠶᠣᠰᠣᠯᠠᠯ ᠵᠢᠴᠢ ᠤᠯᠠᠭᠠᠨᠴᠠᠪ ᠤᠨ ᠵᠠᠭᠤᠨ ᠬᠤᠲᠠ ᠶᠢᠨ | ᠡᠬᠢᠯᠡᠯᠲᠡ ᠶᠢᠨ ᠶᠣᠰᠣᠯᠠᠯ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠴᠢᠴᠢᠭᠦᠷ ᠪᠥᠮᠪᠦᠭᠡ ᠶᠢᠨ ᠰᠣᠯᠢᠯᠴᠠᠭᠠᠨ ᠤ ᠠᠵᠢᠯᠯᠠᠭ᠎ᠠ᠂ 2017 ᠣᠨ ᠤ | ᠥᠪᠥᠷ ᠮᠣᠩᠭᠤᠯ ᠤᠨ ᠲᠠᠢ ᠴᠢᠤᠸᠠᠨ ᠳ᠋ᠤᠤ ᠶᠢᠨ ᠬᠤᠯᠪᠣᠭᠠᠲᠤ ᠤᠷᠤᠯᠳᠤᠭᠠᠨ ᠤ ᠤᠯᠠᠭᠠᠨᠴᠠᠪ ᠤᠨ ᠬᠤᠪᠢᠶᠠᠷᠢ | ᠥᠷᠲᠡᠭᠡᠨ ᠤ ᠤᠷᠤᠯᠳᠤᠭᠠᠨ᠂ 2017 ᠣᠨ ᠤ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ | ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠣᠯᠠᠨ ᠤᠯᠤᠰ ᠤᠨ ᠪᠠ | ᠤᠯᠤᠰ ᠤᠨ ᠳᠣᠲᠣᠭᠠᠳᠤ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠪᠠᠷ | ᠳᠠᠭᠠᠭᠠᠨ ᠡᠷᠭᠢᠯᠡᠪᠡ᠃ ᠮᠠᠨ ᠤ ᠬᠤᠲᠠ ᠶᠢᠨ ᠭᠤᠯᠹ ᠪᠥᠮᠪᠦᠭᠡ ᠶᠢᠨ ᠠᠩᠭᠢ ᠳᠠᠪᠬᠤᠷ ᠳᠠᠪᠬᠤᠷ ᠬᠦᠴᠢᠷ ᠪᠡᠷᠭᠡᠰᠢᠶᠡᠯ | ᠢ ᠢᠯᠠᠨ ᠳᠠᠪᠠᠵᠤ᠂ ᠪᠦᠬᠦ ᠤᠯᠤᠰ ᠤᠨ ᠵᠢᠯ ᠤᠨ ᠤᠷᠤᠯᠳᠤᠭᠠᠨ ᠤ ᠡᠮᠦᠨ᠎ᠡ ᠨᠠᠢᠮᠠᠳᠤᠭᠠᠷ ᠲᠤ ᠣᠷᠣᠪᠠ᠃ ᠪᠥᠬᠦ | ᠤᠯᠤᠰ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠮᠠᠨ ᠤ ᠬᠤᠲᠠ ᠶᠢᠨ | ᠬᠦᠷᠭᠡᠭᠰᠡᠨ ᠲᠠᠮᠢᠷᠴᠢᠨ ᠮᠠᠷᠠᠰᠤᠨ᠂ ᠵᠢᠦᠳᠣᠣ᠂ ᠪᠥᠬᠡ ᠵᠢᠴᠢ ᠳᠤᠭᠤᠶ ᠲᠡᠷᠭᠡᠨ ᠤ ᠤᠷᠤᠯᠳᠤᠭᠠᠨ ᠤ ᠮᠧᠳᠢᠰᠤᠨ ᠳᠤ | ᠨᠡᠶᠢᠲᠡ 2 ᠠᠯᠲᠠᠨ ᠮᠧᠳᠠᠯ 1 ᠭᠠᠤᠯᠢᠨ ᠮᠧᠳᠠᠯ 2 ᠶᠢᠨ ᠰᠠᠶᠢᠨ ᠬᠢᠷᠢ ᠪᠦᠲᠦᠮᠵᠢ ᠣᠯᠵᠠᠶ᠃ ᠣᠳᠣ ᠳᠤ ᠪᠠᠨ | ᠤᠯᠤᠰ ᠠᠴᠠ ᠵᠢᠱᠢᠶ᠎ᠡ ᠦᠵᠡᠭᠦᠯᠬᠦ ᠴᠢᠨᠠᠷᠲᠠᠶ ᠵᠠᠯᠠᠭᠤᠴᠤᠳ ᠪᠠᠭᠠᠴᠤᠳ ᠤᠨ ᠺᠯᠦ᠋ᠪ 1᠂ ᠤᠯᠤᠰ ᠤᠨ ᠳᠡᠰ ᠤᠨ | ᠪᠡᠯᠡᠳᠬᠡᠯ ᠴᠢᠳᠠᠪᠤᠷᠢᠲᠠᠨ ᠤ ᠰᠠᠭᠤᠷᠢᠨ 2᠂ ᠤᠯᠤᠰ ᠤᠨ ᠳᠡᠰ ᠤᠨ ᠵᠠᠯᠠᠭᠤᠴᠤᠳ ᠪᠠᠭᠠᠴᠤᠳ ᠤᠨ ᠺᠯᠦ᠋ᠪ 7᠂ | ᠥᠪᠡᠷᠲᠡᠭᠡᠨ ᠵᠠᠰᠠᠬᠤ ᠣᠷᠣᠨ ᠤ ᠳᠡᠰ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ 5᠂ ᠥᠪᠡᠷᠲᠡᠭᠡᠨ ᠵᠠᠰᠠᠬᠤ | ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠺᠯᠦ᠋ᠪ 7᠂ ᠥᠪᠡᠷᠲᠡᠭᠡᠨ ᠵᠠᠰᠠᠬᠤ ᠣᠷᠣᠨ ᠤ ᠳᠡᠰ ᠤᠨ | ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ 6᠂ ᠥᠪᠡᠷᠲᠡᠭᠡᠨ ᠵᠠᠰᠠᠬᠤ ᠣᠷᠣᠨ ᠤ | ᠳᠡᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ 6᠂ ᠥᠪᠡᠷᠲᠡᠭᠡᠨ ᠵᠠᠰᠠᠬᠤ ᠣᠷᠣᠨ ᠤ | ᠳᠡᠰ ᠤᠨ ᠭᠡᠷ ᠤᠨ ᠭᠠᠳᠠᠨᠠᠬᠢ ᠬᠤᠸᠠᠷᠠᠨ 2᠂ ᠥᠪᠡᠷᠲᠡᠭᠡᠨ ᠵᠠᠰᠠᠬᠤ ᠣᠷᠣᠨ ᠤ ᠳᠡᠰ ᠤᠨ ᠣᠨᠴᠠᠯᠢᠭᠲᠤ ᠲᠥᠷᠥᠯ | ᠵᠦᠢᠯ ᠤᠨ ᠰᠤᠷᠭᠠᠭᠤᠯᠢ ︵ᠰᠠᠭᠰᠤᠨ ᠪᠥᠮᠪᠦᠭᠡ︶ 2᠂ ︵ᠠᠯᠠᠭᠠᠳᠠᠬᠤ ᠪᠥᠮᠪᠦᠭᠡ︶ 1 ᠪᠤᠢ᠃ ᠲᠠᠮᠢᠷᠴᠢᠨ ᠤ | ᠮᠡᠳᠡᠭᠡ ᠵᠠᠩᠭᠢ ᠶᠢᠨ ᠬᠥᠮᠥᠷᠭᠡ ᠪᠠᠶᠢᠭᠤᠯᠵᠤ᠂ ᠨᠢᠭᠡᠨᠲᠡ 1710 ᠰᠢᠯᠢᠳᠡᠭ ᠲᠠᠮᠢᠷᠴᠢᠨ ᠢ ᠳᠠᠩᠰᠠᠯᠠᠭᠤᠯᠪᠠ᠃ | ᠤᠯᠠᠭᠠᠨᠴᠠᠪ ᠬᠤᠲᠠ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠠᠩᠭᠢ᠂ ᠬᠥᠯ ᠪᠥᠮᠪᠦᠭᠡ ᠶᠢᠨ 8ᠺᠯᠦ᠋ᠪ᠂ 184 | ᠬᠥᠯ ᠪᠥᠮᠪᠦᠭᠡ ᠶᠢᠨ ᠠᠩᠭᠢ ᠪᠠᠶᠢᠭᠤᠯᠪᠠ᠃ 2016 ᠣᠨ ᠤ ᠪᠥᠬᠦ ᠵᠢᠯ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 1.4571 ᠳ᠋ᠦᠩᠰᠢᠭᠤᠷ ᠲᠥᠭᠦᠷᠢᠭ ᠲᠤ ᠬᠦᠷᠪᠡ᠃ ᠪᠦᠬᠦ | ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ 1400 ᠲᠦᠮᠡᠨ ᠲᠥᠭᠦᠷᠢᠭ ᠤᠨ ᠨᠡᠶᠢᠲᠡ ᠶᠢᠨ | ᠠᠰᠠᠷᠠᠮᠵᠢ ᠶᠢᠨ ᠮᠥᠩᠭᠦ ᠴᠤᠭᠯᠠᠭᠤᠯᠪᠠ᠃ | 5. ᠠᠵᠢᠯ ᠣᠯᠭᠤᠯᠲᠠ ᠶᠢᠨ ᠪᠠᠲᠤᠯᠠᠭ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠲᠦᠯᠬᠢᠨ ᠠᠬᠢᠭᠤᠯᠵᠤ | ᠂ ᠬᠤᠳᠠ ᠬᠥᠳᠡᠭᠡ ᠶᠢᠨ ᠳᠡᠩᠴᠡᠬᠦᠷᠢᠰᠢᠯ ᠤᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ | ᠰᠢᠰᠲ᠋ᠧᠮ ᠢ ᠲᠦᠷᠭᠡᠪᠴᠢᠯᠡᠨ ᠪᠠᠢᠭᠤᠯᠵᠤ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠵᠤ᠂ ᠠᠵᠢᠯ | ᠣᠯᠭᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠪᠦᠬᠦ ᠬᠤᠲᠠ ᠳᠤ 15996 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 4 % | ᠪᠣᠯᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ᠂ | ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ ᠳᠠᠭᠠᠳᠬᠠᠯ ᠳᠤ ᠲᠤᠰ ᠲᠤᠰ 14.2 | ᠲᠦᠮᠡᠨ ᠬᠥᠮᠥᠨ᠂ 108.78 ᠲᠦᠮᠡᠨ ᠬᠥᠮᠥᠨ᠂ 27.6 ᠲᠦᠮᠡᠨ ᠬᠥᠮᠥᠨ᠂ 12.86 ᠲᠦᠮᠡᠨ ᠬᠥᠮᠥᠨ᠂ | 18.8 ᠲᠦᠮᠡᠨ ᠬᠥᠮᠥᠨ᠂ 18.2 ᠲᠦᠮᠡᠨ ᠬᠥᠮᠦᠨ ᠳᠤ ᠬᠦᠷᠴᠡᠶ᠃ ᠪᠥᠬᠦ ᠬᠤᠲᠠ ᠶᠢᠨ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ | ᠬᠠᠷᠢᠴᠠᠯ ᠨᠢ 7.74% ᠪᠠᠶᠢᠵᠤ᠂ ᠣᠨ ᠤ ᠬᠠᠷᠠᠯᠲᠠ ᠡᠭᠦᠷᠭᠡ ᠠᠴᠠ ᠪᠠᠭ᠎ᠠ ᠳᠣᠤᠷ᠎ᠠ ᠪᠠᠶᠢᠨ᠎ᠠ᠃ ᠵᠠᠰᠠᠭ | ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠪᠡᠯᠡ | ᠴᠤᠭᠯᠠᠭᠤᠯᠬᠤ ᠵᠣᠭᠤᠰᠣᠨ ᠲᠤᠭ᠎ᠠ 3.1ᠳ᠋ᠦᠩᠰᠢᠭᠤᠷ ᠲᠥᠭᠦᠷᠢᠭ ᠲᠤ ᠬᠦᠷᠴᠡᠶ᠃ | 6. ᠡᠮ ᠡᠮᠨᠡᠯᠭᠡ ᠡᠷᠡᠭᠦᠯ ᠬᠠᠮᠠᠭᠠᠯᠠᠯ᠃ ᠦᠨᠳᠦᠰᠦᠨ ᠱᠠᠲᠤ ᠶᠢ ᠪᠠᠲᠤᠯᠠᠬᠤ᠂ ᠦᠨᠳᠦᠰᠦᠨ ᠱᠠᠲᠤ ᠶᠢ | ᠴᠢᠩᠭᠠᠳᠬᠠᠬᠤ᠂ ᠲᠣᠭᠲᠠᠴᠠ ᠶᠢ ᠪᠠᠶᠢᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ᠂ ︽ᠡᠮ ᠢᠶᠠᠷ ᠡᠮᠨᠡᠯᠭᠡ ᠶᠢ | ᠨᠥᠬᠦᠪᠥᠷᠢᠯᠡᠬᠦ︾ ᠵᠠᠩᠭᠢᠯᠠᠭ᠎ᠠ ᠶᠢᠨ ᠭᠤᠭᠴᠤᠭ᠎ᠠ ᠶᠢ ᠡᠪᠳᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷ ᠢ | ᠪᠠᠷᠢᠮᠲᠠᠯᠠᠬᠤ᠂ ᠢᠳᠡᠪᠬᠢᠵᠢᠯ ᠢ ᠳᠠᠶᠢᠴᠢᠯᠠᠬᠤ᠂ ᠦᠷᠭᠦᠯᠵᠢᠯᠡᠬᠦ ᠴᠢᠨᠠᠷ ᠢ ᠪᠠᠲᠤᠯᠠᠭᠰᠠᠨ ᠬᠤᠰᠢᠭᠤ ᠰᠢᠶᠠᠨ ᠱᠠᠲᠤᠨ ᠤ | ᠡᠮᠨᠡᠯᠭᠡ ᠶᠢᠨ ᠬᠤᠷᠢᠶ᠎ᠠ ᠶᠢᠨ ᠡᠷᠬᠢᠯᠳᠡ ᠶᠢᠨ ᠰᠢᠨ᠎ᠡ ᠲᠣᠭᠲᠠᠴᠠ ᠶᠢ ᠪᠠᠶᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠪᠦᠬᠦ ᠬᠤᠲᠠ ᠶᠢᠨ ᠡᠮᠴᠢᠯᠡᠭᠡᠨ ᠤ | ᠪᠠᠶᠢᠭᠤᠯᠤᠮᠵᠢ ᠶᠢᠨ ᠬᠠᠷᠢᠴᠠᠯ᠂ ᠬᠡᠪᠴᠢᠶ᠎ᠡ᠂ ᠬᠢᠷᠢ ᠬᠡᠮᠵᠢᠶ᠎ᠡ ᠠᠭᠠᠵᠢᠮ ᠢᠶᠠᠷ ᠳᠡᠭᠡᠭᠰᠢᠯᠡᠵᠦ᠂ ᠤᠯᠠᠨ ᠡᠰᠢᠵᠢᠭᠰᠡᠨ | ᠡᠮᠨᠡᠯᠭᠡ ᠡᠷᠡᠭᠦᠯ ᠬᠠᠮᠠᠭᠠᠯᠠᠯ ᠤᠨ ᠰᠢᠨ᠎ᠡ ᠪᠠᠶᠢᠳᠠᠯ ᠢ ᠪᠡᠶᠡᠯᠡᠭᠦᠯᠪᠡ᠃ ᠣᠳᠣ ᠳᠤ ᠪᠠᠨ ᠡᠯ᠎ᠡ ᠱᠠᠲᠤᠨ ᠤ ᠡᠯ᠎ᠡ | ᠲᠥᠷᠥᠯ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠡᠮᠴᠢᠯᠡᠭᠡᠨ ᠤ ᠪᠠᠢᠭᠤᠯᠤᠮᠵᠢ 2109 ᠪᠠᠶᠢᠵᠤ᠂ | ᠴᠥᠮ ᠳᠤ ᠨᠢ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠵᠦ᠂ ᠡᠭᠦᠨ ᠤ ᠳᠣᠲᠣᠷ᠎ᠠ | 18 ᠡᠮᠨᠡᠯᠭᠡ ᠶᠢᠨ ᠬᠤᠷᠢᠶ᠎ᠠ ᠨᠢ ᠬᠤᠷᠢᠶᠠᠨ ᠳᠠᠷᠤᠭ᠎ᠠ ᠡᠯᠰᠡᠪᠡ᠃ | ᠡᠯ᠎ᠡ ᠥᠭᠡᠷᠡᠴᠢᠯᠡᠯᠲᠡ ᠶᠢᠨ ᠲᠤᠷᠰᠢᠯᠲᠠ ᠶᠢᠨ ᠡᠮᠨᠡᠯᠭᠡ ᠶᠢᠨ ᠬᠤᠷᠢᠶ᠎ᠠ 100 ᠡᠪᠡᠳᠴᠢᠨ ᠤ ᠲᠥᠷᠥᠯ ᠢ | ᠰᠣᠩᠭᠤᠵᠤ ᠳᠠᠩ ᠡᠪᠡᠳᠴᠢᠨ ᠤ ᠲᠥᠷᠥᠯ ᠤᠨ ᠦᠨ᠎ᠡ ᠶᠢ ᠬᠢᠵᠠᠭᠠᠷᠯᠠᠬᠤ ᠪᠠ ᠡᠮᠴᠢᠯᠡᠭᠡᠨ ᠤ ᠠᠷᠭ᠎ᠠ ᠵᠠᠮ ᠤᠨ | ᠬᠠᠮᠢᠶᠠᠷᠤᠯᠲᠠ ᠶᠢ ᠥᠷᠨᠢᠭᠦᠯᠪᠡ᠃ ᠡᠯ᠎ᠡ ᠡᠮᠨᠡᠯᠭᠡ ᠶᠢᠨ ᠬᠤᠷᠢᠶ᠎ᠠ 13.2 ᠲᠦᠮᠡᠨ ᠵᠣᠷ ᠳᠤᠷᠠᠳᠴᠤ᠂ ᠵᠣᠷ ᠤᠨ | ᠬᠢᠷᠢ ᠲᠡᠩᠴᠡᠭᠰᠡᠨ ᠨᠤᠷᠮ᠎ᠠ 96 % ᠳᠤ ᠬᠦᠷᠴᠡᠶ᠃ ᠡᠭᠦᠳᠡᠨ ᠡᠮᠨᠡᠯᠭᠡ ᠶᠢᠨ ᠪᠠᠺᠲ᠋ᠧᠷᠢ ᠡᠰᠡᠷᠬᠦᠴᠡᠬᠦ ᠡᠮ ᠢ | ᠬᠡᠷᠡᠭᠯᠡᠭᠰᠡᠨ ᠨᠣᠷᠮ᠎ᠠ ᠨᠢ ᠳᠤᠮᠳᠠᠴᠢ ᠪᠠᠷ 16.5 % ᠪᠠᠶᠢᠵᠤ᠂ ᠤᠯᠤᠰ ᠤᠨ 20 % ᠠᠴᠠ ᠳᠣᠷᠣᠭᠰᠢ | ᠪᠠᠷᠢᠮᠵᠢᠶ᠎ᠠ ᠳᠤ ᠨᠡᠶᠢᠴᠡᠪᠡ︔ ᠡᠮᠨᠡᠯᠭᠡ ᠳᠤ ᠰᠠᠭᠤᠭᠰᠠᠨ ᠡᠪᠡᠳᠴᠢᠲᠡᠨ ᠤ ᠪᠠᠺᠲ᠋ᠧᠷᠢ ᠡᠰᠡᠷᠭᠦᠴᠡᠬᠦ ᠡᠮ ᠤᠨ ᠬᠡᠷᠡᠭᠯᠡᠬᠦ | ᠨᠣᠷᠮ᠎ᠠ ᠨᠢ ᠳᠤᠮᠳᠠᠴᠢ ᠪᠠᠷ 49 % ᠪᠠᠶᠢᠵᠤ᠂ ᠤᠯᠤᠰ ᠠᠴᠠ 60 % ᠠᠴᠠ ᠳᠣᠷᠣᠭᠰᠢ ᠪᠠᠷᠢᠮᠵᠢᠶ᠎ᠠ ᠳᠤ | ᠨᠡᠶᠢᠴᠡᠨ᠎ᠡ᠃ ᠮᠠᠨ ᠤ ᠬᠤᠲᠠ ᠶᠢᠨ 19 ᠡᠮᠨᠡᠯᠭᠡ ᠶᠢᠨ ᠬᠤᠷᠢᠶ᠎ᠠ ᠨᠢ ᠪᠡᠭᠡᠵᠢᠩ ᠵᠡᠷᠭᠡ ᠭᠠᠵᠠᠷ ᠤᠨ ᠲᠣᠮᠣ | ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠭᠰᠡᠨ | ᠪᠠᠶᠢᠨ᠎ᠠ᠃ | ᠪᠥᠬᠦ ᠬᠤᠲᠠ ᠶᠢᠨ ᠮᠣᠩᠭᠤᠯ ᠬᠢᠳᠠᠳ ᠡᠮᠴᠢᠯᠡᠭᠡᠨ ᠤ ᠪᠠᠢᠭᠤᠯᠤᠮᠵᠢ 12 ᠪᠠᠶᠢᠵᠤ᠂ 31.11 ᠲᠦᠮᠡᠨ | ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ 1435 ᠣᠷᠣ ᠲᠠᠢ᠂ ᠨᠢᠭᠡᠳᠦᠭᠡᠷ ᠹᠷᠣᠨᠲ ᠤᠨ ᠮᠣᠩᠭᠤᠯ ᠬᠢᠲᠠᠳ | ᠡᠮ ᠡᠮᠨᠡᠯᠭᠡ ᠶᠢᠨ ᠦᠢᠯᠡᠴᠢᠯᠡᠭᠡ ᠬᠡᠷᠡᠭᠯᠡᠯᠲᠡ ᠶᠢ ᠦᠨᠳᠦᠰᠦᠨ ᠳᠡᠭᠡᠨ ᠬᠠᠩᠭᠠᠵᠤ ᠪᠠᠶᠢᠨ᠎ᠠ᠃ 73 ᠰᠢᠶᠠᠩ | ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠮᠣᠩᠭᠤᠯ ᠬᠢᠲᠠᠳ ᠡᠮᠨᠡᠯᠭᠡ ᠶᠢᠨ ᠰᠠᠯᠠᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 800 ᠲᠣᠰᠬᠤᠨ ᠤ ᠡᠷᠡᠭᠦᠯ ᠬᠠᠮᠠᠭᠠᠯᠠᠯ ᠤᠨ | ᠳᠠᠰᠤᠭ ᠲᠤ ᠮᠣᠩᠭᠤᠯ ᠡᠮᠨᠡᠯᠭᠡ ᠪᠤᠶᠤ ᠬᠢᠲᠠᠳ ᠡᠮᠨᠡᠯᠭᠡ ᠪᠠᠶᠢᠭᠤᠯᠬᠤ ᠲᠣᠬᠢᠷᠠᠮᠵᠢᠲᠠᠶ ᠮᠡᠷᠭᠡᠵᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ | |