ᠠᠵᠤ ᠠᠬᠤᠢ ᠶᠢᠨ ᠬᠦᠭᠵᠢᠯᠲᠡ
ᠨᠡᠶᠢᠲᠡᠯᠡᠭᠰᠡᠨ ᠴᠠᠭ᠄
2019/7/9
    ᠤᠯᠠᠭᠠᠨᠴᠠᠪ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ︽ᠰᠢᠨ᠎ᠡ ᠶᠢ ᠡᠭᠦᠳᠬᠦ᠂ ᠲᠤᠬᠢᠷᠠᠯᠴᠠᠬᠤ ᠵᠤᠬᠢᠴᠠᠯᠳᠤᠬᠤ᠂ ᠪᠤᠬᠢᠷᠳᠤᠯ ᠦᠭᠡᠢ᠂ ᠨᠡᠭᠡᠭᠡᠯᠲᠡ ᠲᠠᠢ᠂ ᠴᠤᠭᠭᠠᠷ ᠡᠳ᠋ᠯᠡᠬᠦ︾ ᠬᠦᠭᠵᠢᠯᠲᠠ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠠᠵᠠ ᠳᠤᠬᠢᠶᠠᠯ ᠢ ᠵᠠᠪᠳᠤᠨ ᠠᠳᠬᠤᠬᠤ ᠳᠤᠮᠳᠠ ᠪᠠᠨ ᠶᠡᠭᠡ ᠠᠯᠬᠤᠮ ᠢᠶᠠᠷ ᠤᠷᠤᠭᠰᠢᠯᠠᠵᠤ᠂ ᠦᠷᠢᠰᠦᠯᠳᠦᠭᠡᠨ ᠢ ᠤᠭᠳᠤᠬᠤ ᠳᠤᠮᠳᠠ ᠪᠠᠨ ᠭᠠᠪᠰᠢᠭᠠᠶᠢᠯᠠᠨ ᠡᠷᠡᠯᠭᠡᠭᠯᠡᠨ᠂ ᠶᠡᠷᠦ ᠪᠤᠰᠤ ᠶᠢᠨ ᠦᠩᠭᠡᠷᠡᠯᠲᠠ ᠶᠢ ᠶᠠᠪᠤᠵᠤ᠂ ᠵᠠᠯᠭ᠎ᠠ ᠵᠠᠯᠭ᠎ᠠ ᠪᠠᠷ ᠡᠯᠪᠡᠭ ᠬᠤᠷᠢᠶᠠᠯᠲᠠ ᠲᠠᠢ ᠪᠤᠯᠵᠤ᠂ ᠬᠢᠯᠠᠯᠵᠠᠮ᠎ᠡ ᠦᠷ᠎ᠡ ᠪᠦᠲᠦᠭᠡᠯ ᠤᠯᠪᠠ᠃     ︽ᠭᠤᠷᠪᠠᠨ ᠲᠤᠮᠤ ᠤᠴᠢᠷ ᠶᠠᠪᠤᠳᠠᠯ︾ ᠶᠢ ᠰᠦᠪᠡᠭᠴᠢᠯᠡᠬᠦ᠂ ︽ᠠᠷᠪᠠ ᠶᠢ ᠪᠦᠷᠬᠦᠬᠦᠯᠬᠦ︾᠂ ︽ᠲᠠᠪᠤᠨ ᠬᠤᠲᠠ ᠶᠢ ᠬᠠᠮᠳᠤ ᠳᠤᠨᠢ ᠴᠣᠭᠴᠠᠯᠠᠬᠤ︾ ᠶᠢ ᠬᠡᠷᠡᠭᠵᠢᠬᠦᠯᠬᠦ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︾ ᠶᠢᠨ ᠠᠯᠳᠠᠨ ᠭᠤᠷᠪᠠᠯᠵᠢᠨ ᠴᠤᠭᠴᠠᠯᠠᠬᠤ᠂ ︽ᠪᠡᠭᠡᠵᠢᠩ ᠲᠢᠶᠠᠨᠵᠢᠨ ᠡᠾᠧᠪᠸᠢ︾ ᠲᠠᠢ ᠠᠭᠤᠰᠤᠯᠳᠤᠬᠤ᠂ ᠤᠷᠤᠰ ᠮᠤᠩᠭᠤᠯ ᠡᠸᠦᠷᠦᠫᠡ ᠲᠠᠢ ᠵᠠᠯᠭᠠᠯᠳᠣᠬᠤ᠂ ︽ᠨᠢᠭᠡ ᠪᠦᠰᠡ ᠨᠢᠭᠡ ᠵᠠᠮ︾ ᠢ ᠳᠠᠶᠢᠴᠢᠯᠠᠬᠤ᠂ ︽ᠵᠢᠷᠭᠤᠭᠠᠨ ᠲᠤᠮᠤ ᠰᠠᠭᠤᠷᠢᠨ︾ ᠢ ᠪᠦᠲᠦᠭᠡᠨ ᠪᠠᠶᠢᠭᠤᠯᠬᠤ᠂ ︽ᠲᠠᠪᠤᠨ ᠲᠤᠮᠤ ᠭᠤᠤᠯᠯᠠᠭᠴᠢ ᠠᠵᠤ ᠦᠢᠯᠡᠰ︾ ᠢ ᠪᠤᠵᠠᠭᠠᠶᠢᠷᠠᠭᠤᠯᠬᠤ ᠂  ︽ᠲᠦᠷᠪᠡᠨ ᠲᠤᠮᠤ ᠰᠢᠨ᠎ᠡ ᠪᠠᠷ ᠡᠷᠬᠢᠯᠡᠬᠦ ᠦᠢᠯᠡᠴᠢᠯᠡᠬᠡᠨ ᠤ ᠦᠢᠯᠡᠰ︾ ᠢ ᠬᠦᠭᠵᠢᠬᠦᠯᠬᠦ ᠵᠡᠷᠭᠡ ᠭᠤᠶᠢᠳᠠ ᠰᠠᠶᠢᠬᠠᠨ ᠪᠠᠶᠢᠯᠳᠤᠬᠤ ᠪᠤᠳᠤᠯᠭ᠎ᠠ ᠶᠢᠨ ᠬᠦᠭᠵᠢᠯᠲᠠ ᠶᠢᠨ ᠪᠠᠶᠢᠷᠢᠭᠤᠯᠤᠯᠲᠠ ᠤᠳ ᠢᠶᠠᠷ ᠳᠠᠮᠵᠢᠵᠤ᠂ ᠪᠦᠬᠦ ᠬᠤᠲᠠ  ᠳᠤ ᠳᠡᠭᠷᠢ ᠭᠠᠵᠠᠷ ᠢ ᠲᠤᠩᠰᠤᠯᠭᠠᠭᠰᠠᠨ ᠳᠡᠪᠠᠯᠳᠠ ᠬᠦᠭᠵᠢᠯᠲᠠ ᠶᠢ ᠪᠡᠶᠡᠯᠡᠭᠦᠯᠵᠤ᠂ ᠤᠯᠠᠭᠠᠨᠴᠠᠪ ᠢᠶᠠᠨ ᠨᠡᠩ ᠬᠦᠭᠵᠢᠨ ᠴᠡᠴᠡᠭᠯᠡᠯᠲᠠ ᠪᠠᠶᠠᠨ ᠴᠢᠨᠡᠭᠡᠯᠢᠭ᠂ ᠡᠶ᠎ᠡ ᠵᠤᠬᠢᠴᠠᠯᠳᠤ ᠭᠤᠶᠤ ᠰᠠᠶᠢᠬᠠᠨ ᠢᠷᠡᠭᠡᠳᠦᠢ ᠳᠡᠰᠢ ᠬᠦᠲᠦᠯᠦᠨ ᠵᠤᠷᠢᠭᠳᠠᠢ ᠤᠷᠤᠭᠰᠢᠯᠠᠵᠤ ᠪᠠᠶᠢᠨ᠎ᠠ᠃      ᠨᠢᠭᠡ᠂ ︽ᠠᠷᠪᠠᠨ ᠬᠤᠶᠠᠳᠤᠭᠠᠷ ᠳᠠᠪᠤᠨ ᠵᠢᠯ ᠤᠨ ᠲᠦᠯᠦᠪᠯᠡᠬᠡᠨ︾ ᠤ ᠠᠮᠵᠢᠯᠲᠠ ᠪᠦᠲᠦᠭᠡᠯ ᠬᠢᠯᠠᠯᠵᠠᠨ ᠰᠠᠴᠣᠷᠠᠨᠠᠮ     ︽ᠠᠷᠪᠠᠨ ᠬᠤᠶᠠᠳᠤᠭᠠᠷ ᠳᠠᠪᠤᠨ ᠵᠢᠯ︾ ᠤᠨ ᠬᠤᠭᠤᠴᠠᠭ᠎ᠠ ᠪᠤᠯ ᠤᠯᠠᠭᠠᠨᠴᠠᠪ ᠤᠨ ᠬᠦᠭᠵᠢᠯᠲᠠ ᠶᠢᠨ ᠶᠠᠪᠤᠴᠠ ᠳᠤ ᠵᠠᠭᠠᠭ ᠳᠡᠮᠳᠡᠭ ᠤᠨ ᠠᠴᠢ ᠬᠤᠯᠪᠤᠭᠳᠠᠯ ᠲᠠᠢ ᠲᠠᠪᠤᠨ ᠵᠢᠯ ᠮᠦᠨ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠡ᠂ ᠪᠦᠬᠦ ᠬᠤᠲᠠ ᠶᠢᠨ ᠦᠨᠳᠤᠰᠦᠲᠠᠨ ᠨᠦᠭᠦᠳ ᠤᠨ ᠺᠠᠳᠠᠷ ᠤᠯᠠᠨ ᠲᠦᠮᠡᠨ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠡᠯ ᠪᠠ ᠠᠷᠪᠠᠨ ᠨᠠᠶᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠡᠯ᠂ ᠲᠦᠷᠪᠡᠳᠦᠭᠡᠷ ᠪᠦᠭᠦᠳᠠ ᠬᠤᠷᠠᠯ᠂ ᠳᠠᠪᠤᠳᠤᠭᠠᠷ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠳᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠡᠷᠢᠶ᠎ᠡ ᠤᠨᠴᠠᠭᠠᠶᠢᠯᠠᠨ ᠦᠪᠦᠷ ᠮᠤᠩᠭᠤᠯ ᠢ ᠰᠢᠯᠭᠠᠨ ᠪᠠᠶᠢᠴᠠᠭᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠵᠤ ᠂ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠭᠤᠯᠤᠯᠲᠠ ᠶᠢ ᠵᠤᠬᠢᠴᠠᠯᠳᠤᠭᠤᠯᠤᠨ ᠲᠦᠯᠬᠢᠨ ᠠᠬᠢᠭᠤᠯᠬᠤ᠂ ︽ᠳᠠᠪᠤᠨ ᠬᠦᠭᠵᠢᠯᠲᠠ ᠶᠢᠨ ᠤᠷᠤᠨ ᠲᠤᠭᠳᠠᠭᠠᠯᠲᠠ︾ ᠶᠢᠨ ᠲᠤᠭᠤᠷᠢᠨ ᠳᠤ᠂ ︽ᠭᠤᠷᠪᠠᠨ ᠲᠤᠮᠤ ᠤᠴᠢᠷ ᠶᠠᠪᠤᠳᠠᠯ︾᠂ ︽ᠲᠠᠪᠤᠨ ᠬᠤᠲᠠ ᠶᠢ ᠬᠠᠮᠳᠤ ᠳᠤᠨᠢ ᠴᠤᠭᠴᠠᠯᠠᠬᠤ︾ ᠪᠠ ︽ᠠᠷᠪᠠ ᠶᠢ ᠪᠦᠷᠬᠦᠬᠦᠯᠬᠦ︾ ᠪᠠᠷ ᠭᠤᠤᠯᠯᠠᠵᠤ᠂ ᠦᠵᠡᠯ ᠰᠠᠨᠠᠭ᠎ᠠ ᠪᠠᠨ ᠴᠢᠯᠦᠭᠡᠯᠡᠬᠦ ᠳᠤᠮᠳᠠ ᠡᠷᠢᠯᠬᠢᠯᠡᠨ ᠰᠢᠨ᠎ᠡ ᠶᠢ ᠡᠭᠦᠳᠴᠤ᠂ ᠪᠤᠭᠤᠮᠳᠠ ᠰᠢᠪᠲᠤᠯᠵᠤ ᠬᠦᠴᠢᠷᠳᠡᠯ ᠢ ᠢᠯᠠᠬᠤ ᠳᠤᠮᠳᠠ᠂ ᠭᠠᠷᠮᠠᠭᠠᠶᠢᠯᠠᠨ ᠵᠤᠷᠢᠭᠲᠠᠢ ᠤᠷᠤᠭᠰᠢᠯᠠᠵᠤ᠂ ᠠᠵᠤ ᠠᠬᠤᠢ  ᠶᠢᠨ ᠲᠤᠮᠤ ᠬᠦᠭᠵᠢᠯᠲᠠ᠂ ᠬᠤᠲᠠ ᠬᠦᠳᠡᠭᠡ ᠶᠢᠨ ᠲᠤᠮᠤ ᠬᠤᠪᠢᠷᠠᠯᠲᠠ᠂ ᠠᠷᠠᠳ ᠤᠨ ᠠᠮᠢᠳᠤᠷᠡᠯ ᠤᠨ ᠲᠤᠮᠤ ᠰᠠᠶᠢᠵᠢᠷᠠᠯᠲᠠ᠂ ᠲᠦᠷᠢ ᠲᠦᠷᠬᠦ ᠶᠢᠨ ᠲᠤᠮᠤ ᠳᠡᠭᠡᠭᠰᠢᠯᠡᠯᠲᠠ ᠶᠢ ᠪᠡᠶᠡᠯᠡᠬᠦᠯᠵᠤ᠂ ︽ᠠᠷᠪᠠᠨ ᠬᠤᠶᠠᠳᠤᠭᠠᠷ ᠳᠠᠪᠤᠨ ᠵᠢᠯ︾ ᠤᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠳᠡᠭᠦᠰ ᠪᠡᠶᠡᠯᠡᠬᠦᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠵᠤ ᠳᠡᠶᠢᠯᠬᠦ ᠳᠤ ᠪᠠᠲᠤ ᠪᠠᠬᠢ ᠰᠠᠭᠤᠷᠢ ᠳᠠᠯᠪᠢᠭᠰᠠᠨ ᠪᠠᠶᠢᠨ᠎ᠠ᠃     — ᠠᠵᠤ ᠠᠬᠤᠢ ᠶᠢᠨ ᠶᠡᠷᠦᠩᠭᠡᠢ ᠪᠤᠳᠠᠳᠤ ᠬᠦᠴᠦᠨ ᠰᠢᠨ᠎ᠡ ᠳᠡᠭᠳᠡᠷ ᠲᠤ ᠭᠠᠷᠪᠠ  ᠃2015 ᠤᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 913.8  ᠳ᠋ᠦᠩᠰᠢᠭᠤᠷ ᠲᠦᠭᠦᠷᠢᠭ ᠪᠡᠶᠡᠯᠡᠭᠦᠯᠵᠤ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠰᠡᠭᠦᠯᠴᠢ ᠶᠢᠨ ᠬᠢ ᠠᠴᠠ1.6 ᠳᠠᠬᠢᠨ ᠪᠠᠶᠢᠵᠤ᠂ ᠵᠢᠯ ᠳᠤᠮᠳᠠᠴᠢ 9.2 % ᠢᠶᠠᠨ ᠨᠡᠮᠡᠭᠳᠡᠪᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ658.8 ᠳ᠋ᠦᠩᠰᠢᠭᠤᠷ ᠲᠦᠭᠦᠷᠢᠭ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠰᠡᠭᠦᠯᠴᠢ ᠶᠢᠨ ᠬᠢ ᠠᠴᠠ2.4 ᠳᠠᠬᠢᠨ ᠪᠠᠶᠢᠵᠤ᠂ ᠵᠢᠯ ᠳᠤᠮᠳᠠᠴᠢ19.1% ᠪᠠᠷ ᠨᠡᠮᠡᠭᠳᠡᠪᠡ︔ ᠤᠯᠠᠨ ᠨᠠᠶᠢᠳᠡ ᠶᠢᠨ ᠡᠩ ᠤᠨ ᠲᠦᠰᠦᠪ ᠤᠨ ᠤᠷᠤᠯᠭ᠎ᠠ 55.2 ᠳ᠋ᠦᠩᠰᠢᠭᠤᠷ ᠲᠦᠭᠦᠷᠢᠭ᠂ ︽ᠠᠷᠪᠠᠨ ᠨᠢᠭᠡᠳᠤᠭᠡᠷ ᠳᠠᠪᠤᠨ ᠵᠢᠯ︾ ᠤᠨ ᠰᠡᠭᠦᠯᠴᠢ ᠶᠢᠨ ᠬᠢ ᠠᠴᠠ 3.2 ᠳᠠᠬᠢᠨ ᠪᠠᠶᠢᠵᠤ᠂ ᠵᠢᠯ ᠳᠤᠮᠳᠠᠴᠢ 26.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠭᠡᠢ ᠲᠤᠭ᠎ᠠ290.4 ᠳ᠋ᠦᠩᠰᠢᠭᠤᠷ ᠲᠦᠭᠦᠷᠢᠭ᠂ ︽ᠠᠷᠪᠠᠨ ᠨᠢᠭᠡᠳᠤᠭᠡᠷ ᠳᠠᠪᠤᠨ ᠵᠢᠯ︾ ᠤᠨ ᠰᠡᠭᠦᠯᠴᠢ ᠶᠢᠨ  ᠬᠢ ᠠᠴᠠ1.8 ᠳᠠᠬᠢᠨ ᠪᠠᠶᠢᠵᠤ᠂ ᠵᠢᠯ ᠳᠤᠮᠳᠠᠴᠢ13% ᠪᠠᠷ ᠨᠡᠮᠡᠭᠳᠡᠪᠡ᠃ ᠠᠵᠤ ᠠᠬᠤᠢ ᠶᠢᠨ ᠭᠤᠤᠯ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠤᠴᠡ ᠳᠠᠪᠤᠨ ᠵᠢᠯ ᠳᠠᠷᠠᠭᠠᠯᠠᠨ ᠪᠦᠬᠦ ᠤᠷᠤᠨ ᠤ ᠡᠮᠦᠨ᠎ᠡ ᠨᠢ ᠤᠷᠤᠵᠤ᠂ ᠠᠵᠤ ᠠᠬᠤᠢ ᠶᠢᠨ ᠬᠦᠭᠵᠢᠯᠲᠡ ᠶᠡᠷᠦᠩᠭᠡᠢ ᠬᠡᠮᠵᠢᠶ᠎ᠡ ᠦᠷᠭᠡᠳᠤᠭᠰᠡᠨ᠂ ᠨᠡᠮᠡᠭᠳᠡᠯ ᠤᠨ ᠬᠤᠷᠳᠤᠴᠠ ᠲᠦᠷᠭᠡᠯᠡᠭᠰᠡᠨ᠂ ᠶᠠᠰᠤ ᠴᠢᠨᠠᠷ ᠦᠷ᠎ᠡ ᠠᠰᠢᠭ ᠵᠢᠭᠳᠡ ᠪᠠᠷ ᠳᠡᠭᠡᠭᠰᠡᠯᠡᠭᠰᠡᠨ ᠰᠢᠨ᠎ᠡ ᠱᠠᠲᠤᠨ ᠳᠤ ᠤᠷᠤᠪᠠ᠃     —— ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠡᠭᠡᠨ ᠰᠢᠨ᠎ᠡ ᠠᠯᠬᠤᠴᠠ  ᠲᠠᠢ ᠪᠤᠯᠪᠠ᠃ ᠤᠨᠴᠠᠯᠢᠭᠲᠤ ᠵᠠᠮ   ᠢᠶᠠᠷ ᠵᠠᠮᠨᠠᠬᠤ᠂ ᠪᠤᠬᠢᠷᠳᠤᠯ ᠦᠭᠡᠢ ᠳᠡᠮᠳᠡᠭ ᠢ  ᠡᠭᠦᠳᠬᠦ ᠶᠢ ᠪᠠᠷᠢᠮᠳᠠᠯᠠᠵᠤ᠂ ᠲᠦᠮᠦᠰᠦ᠂ ᠨᠤᠭᠤᠭ᠎ᠠ᠂ ᠰᠦ᠂ ᠮᠢᠬ᠎ᠠ ᠵᠡᠷᠭᠡ ᠳᠠᠪᠠᠭᠤᠯᠢᠭᠳᠤ ᠤᠨᠴᠠᠯᠢᠭᠳᠤ ᠠᠵᠤ ᠦᠢᠯᠡᠰ ᠢ ᠪᠦᠷᠢᠯᠳᠦᠭᠦᠯᠵᠤ᠂ ᠪᠤᠬᠢᠷᠳᠤᠯ ᠦᠭᠡᠢ ᠳᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠠᠭᠠᠨ ᠮᠡᠳᠡᠭᠳᠡᠬᠦᠶᠢᠴᠠ ᠠᠮᠵᠢᠯᠳᠠ ᠪᠦᠲᠦᠭᠡᠯ ᠤᠯᠪᠠ᠃ ︽ᠦᠨᠳᠦᠷ ᠦᠷ᠎ᠡ ᠠᠰᠢᠭᠲᠤ ᠲᠦᠭᠦᠭᠡᠷᠦᠮᠵᠢᠯᠳᠠ︾ ᠪᠠᠷ ᠳᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠶᠢ ᠬᠦᠲᠦᠯᠦᠭᠰᠡᠨ ᠪᠠᠶᠢᠨ᠎ᠠ᠃ ᠦᠨᠳᠦᠷ ᠦᠷ᠎ᠡ ᠠᠰᠢᠭᠲᠤ ᠤᠰᠤ ᠠᠷᠪᠢᠯᠠᠵᠤ ᠤᠰᠤᠯᠠᠬᠤ ᠳᠠᠯᠠᠪᠠᠢ 255 ᠲᠦᠮᠡᠨ ᠮᠤ᠋ ᠲᠦᠭᠦᠭᠡᠷᠦᠮᠵᠢᠳᠤ ᠢᠳᠡᠰᠢᠨ ᠨᠤᠭᠤᠭ᠎ᠠ 17.3 ᠲᠦᠮᠡᠨ ᠮᠤ᠋ ᠳᠤ ᠬᠦᠷᠴᠤ᠂ ᠴᠦᠮ ︽ᠠᠷᠪᠠᠨ ᠨᠢᠭᠡᠳᠦᠭᠡᠷ ᠳᠠᠪᠤᠨ ᠵᠢᠯ︾ ᠤᠨ ᠰᠡᠭᠦᠯᠴᠢ ᠶᠢᠨ ᠬᠢ ᠠᠴᠠ 90 % ᠪᠠᠷ ᠨᠡᠮᠡᠭᠳᠡᠪᠡ᠃ 250 ᠺᠢᠯᠤᠮᠧᠲᠷ ᠤᠨ ᠲᠦᠮᠦᠰᠦᠨ ᠤ ᠠᠵᠤ ᠦᠢᠯᠡᠰ ᠤᠨ ᠪᠦᠰᠡ ᠶᠢ ᠪᠠᠶᠢᠭᠤᠯᠵᠤ᠂ ᠰᠢᠯᠢᠳᠡᠭ ᠴᠢᠨᠠᠷ ᠤᠨ ᠲᠦᠮᠦᠰᠦᠨ ᠤ ᠦᠢᠯᠡᠳᠪᠦᠷᠢᠯᠡᠯ ᠤᠨ ᠰᠢᠰᠲ᠋ᠧᠮᠵᠢ ᠳᠠᠰᠤᠷᠠᠯᠲᠠ ᠦᠭᠡᠢ ᠪᠦᠷᠢᠨᠰᠢᠪᠡ᠃ ᠳᠠᠷᠢᠶᠠᠯᠠᠩ ᠮᠠᠯ ᠠᠵᠤ ᠠᠬᠤᠢ ᠶᠢᠨ ᠶᠡᠷᠦᠩᠭᠡᠶᠢᠯᠡᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ 78% ᠳᠤ ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠶᠢᠨ ᠠᠬᠢᠴᠠ ᠪᠦᠬᠦ ᠳᠠᠯ᠎ᠠ ᠪᠠᠷ ᠲᠦᠷᠭᠡᠳᠪᠡ᠃ ︽ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ︾ ᠪᠠᠷ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠰᠢᠯᠢᠳᠡᠭ ᠴᠢᠨᠠᠷᠵᠢᠯᠳᠠ ᠶᠢ ᠪᠠᠳᠤᠯᠠᠪᠠ᠃ ᠲᠦᠮᠦᠰᠦ᠂ ᠢᠳᠡᠰᠢᠨ ᠨᠤᠭᠤᠭ᠎ᠠ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ110 ᠲᠦᠮᠡᠨ ᠮᠤ᠋᠂ ᠮᠠᠯ ᠵᠢᠭᠦᠷᠳᠡᠨ ᠤ ᠪᠠᠷᠢᠮᠵᠢᠶᠠᠵᠢᠭᠤᠯᠤᠭᠰᠠᠨ ᠳᠡᠵᠢᠭᠡᠨ ᠦᠷᠡᠵᠢᠬᠦᠯᠬᠦ ᠳᠠᠯᠠᠪᠠᠢ813 ᠶᠢ ᠪᠠᠶᠢᠭᠤᠯᠪᠠ᠃ ᠰᠠᠶᠢᠨ ᠡᠭᠦᠯᠳᠡᠷ ᠤᠨ ᠪᠦᠷᠬᠦᠬᠦᠯᠳᠡ ᠶᠢᠨ ᠨᠤᠷᠮ᠎ᠡ97% ᠳᠤ ᠬᠦᠷᠪᠡ᠃ ︽ᠭᠤᠷᠪᠡᠨ ᠳᠠᠸᠠᠷ ᠨᠢᠭᠡ ᠱᠣᠰᠢᠭ᠎ᠠ︾ ᠶᠢᠨ ᠦᠢᠯᠡᠳᠭᠦᠨ ᠤ ᠲᠤᠭ᠎ᠠ ᠬᠡᠮᠵᠢᠶ᠎ᠡ ᠬᠤᠶᠡᠷ ᠳᠠᠬᠢᠨ ᠪᠤᠯᠳᠠᠯ᠎ᠠ ᠨᠡᠮᠡᠭᠳᠡᠵᠤ᠂228 ᠳᠤ ᠬᠦᠷᠪᠡ᠃ ᠤᠯᠤᠰ ᠤᠨ ᠳᠠᠷᠢᠶᠠᠯᠠᠩ ᠤᠨ ᠰᠢᠨᠵᠢᠯᠡᠭᠡᠨ ᠮᠡᠷᠭᠡᠵᠢᠯ ᠤᠨ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠭᠳᠠᠬᠤ ᠶᠢ ᠵᠦᠪᠰᠢᠶᠡᠷᠡᠭᠦᠯᠪᠡ  ᠃ ︽ᠤᠯᠠᠭᠠᠨᠴᠠᠪ ᠤᠨ ᠲᠦᠮᠦᠰᠦ︾ ᠪᠦᠬᠦ ᠤᠷᠤᠨ ᠠᠴᠠ ᠴᠤᠷ ᠤᠨ ᠭᠠᠭᠴᠠ ︽ᠳᠤᠮᠳᠠᠳᠤ ᠤᠯᠤᠰ ᠤᠨ ᠨᠡᠷᠡᠳᠤ ᠳᠡᠮᠳᠡᠭ ᠤᠨ ᠦᠨ᠎ᠡ ᠦᠷᠳᠡᠭ ᠤᠨ ᠦᠨᠡᠯᠡᠯᠲᠠ ᠶᠢᠨ ᠰᠤᠷᠠᠭ ᠵᠠᠩᠭᠢ ᠶᠢᠨ ᠰᠠᠮᠪᠠᠷ᠎ᠡ︾ ᠳᠤ ᠰᠤᠩᠭᠤᠭᠳᠠᠨ ᠤᠷᠤᠭᠰᠠᠨ ᠤᠷᠤᠨ ᠪᠦᠰᠡ ᠶᠢᠨ ᠨᠡᠷᠡᠳᠤ ᠳᠡᠮᠳᠡᠭ ᠪᠤᠯᠪᠠ᠃ ︽ᠳᠠᠷᠢᠮᠡᠯ ᠳᠡᠵᠢᠭᠡᠪᠤᠷᠢ ᠶᠢᠨ ᠬᠡᠪᠴᠢᠶᠡᠵᠢᠬᠦᠯᠦᠯᠲᠠ︾ ᠪᠠᠷ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢ ᠲᠦᠯᠬᠢᠨ ᠠᠬᠢᠭᠤᠯᠪᠠ᠃ ᠭᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠡᠢ ᠪᠠ ᠳᠡᠵᠢᠭᠡᠪᠦᠷᠢ ᠶᠢᠨ ᠲᠤᠮᠤ ᠡᠷᠦᠭᠡ ᠶᠢ4681᠂ ᠤᠯᠤᠰ ᠤᠨ ᠳᠡᠰ ᠤᠨ ᠬᠤᠷᠰᠢᠨ ᠵᠢᠱᠢᠶ᠎ᠡ ᠦᠵᠡᠬᠦᠯᠬᠦ ᠬᠤᠷᠰᠢᠶ᠎ᠡ19᠂ ᠦᠪᠡᠷᠳᠡᠭᠡᠨ ᠵᠠᠰᠠᠬᠤ ᠣᠷᠣᠨ ᠤ ᠳᠡᠰ ᠤᠨ34 ᠪᠤᠯᠠᠭᠠᠨ ᠬᠦᠭᠵᠢᠬᠦᠯᠵᠤ᠂ ᠳᠠᠷᠢᠮᠡᠯ ᠳᠡᠵᠢᠭᠡᠪᠤᠷᠢ ᠶᠢᠨ ᠦᠢᠯᠡᠰ ᠤᠨ ᠬᠡᠪᠴᠢᠶᠡᠵᠢᠬᠦᠯᠦᠨ ᠡᠵᠡᠩᠨᠡᠬᠦ ᠬᠠᠷᠢᠴᠠᠯ ᠲᠤᠰᠪᠤᠷᠢ24% ᠂ 57% ᠳᠤ ᠬᠦᠷᠪᠡ᠃ ᠯᠠᠨ ᠸᠧᠢ ᠰᠧ ᠳ᠋ᠦᠨ᠂ ᠵᠤᠯᠵᠠᠭ᠎ᠠ ᠪᠦᠷᠭᠦᠳ ᠵᠡᠷᠭᠡ ᠨᠢᠭᠡ ᠪᠦᠯᠦᠭ ᠲᠤᠯᠤᠭᠠᠶᠢᠯᠠᠭᠴᠢ ᠠᠵᠤ ᠠᠬᠤᠶᠢᠯᠠᠯ ᠵᠠᠯᠭᠠᠪᠡᠷ ᠨᠤᠲᠤᠭᠰᠢᠵᠤ᠂ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠡᠳ᠋ᠰᠢᠬᠦᠯᠦᠯᠲᠠ ᠤᠯᠠᠷᠢᠭᠤᠯᠤᠯᠲᠠ ᠶᠢᠨ ᠨᠤᠷᠮ᠎ᠡ 35% ᠪᠠᠶᠢᠭᠰᠠᠨ ᠠᠴᠠ 53% ᠪᠤᠯᠵᠤ ᠳᠡᠭᠡᠭᠰᠢᠯᠡᠪᠡ᠃ ᠮᠠᠯᠴᠢᠨ ᠲᠠᠷᠢᠶᠠᠴᠢᠨ ᠤ ᠠᠵᠤ ᠦᠢᠯᠡᠰᠵᠢᠬᠦᠯᠦᠭᠰᠡᠨ ᠡᠵᠡᠩᠨᠡᠯᠲᠠ ᠠᠴᠠ ᠢᠷᠡᠭᠰᠡᠨ ᠤᠷᠤᠭᠯᠭ᠎ᠠ ᠨᠢ40% ᠳᠤ ᠬᠦᠷᠪᠡ᠃     —— ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠭᠡᠢ ᠬᠡᠮᠵᠢᠶ᠎ᠡ ᠶᠠᠰᠤ ᠴᠢᠨᠠᠷ ᠲᠠᠢ ᠪᠠᠨ ᠵᠢᠭᠳᠡ  ᠪᠠᠷ ᠨᠡᠮᠡᠭᠳᠡᠪᠡ᠃ ᠬᠡᠮᠵᠢᠶ᠎ᠡ ᠶᠢ ᠬᠠᠳᠠᠭᠠᠯᠠᠵᠤ ᠴᠢᠨᠠᠷ ᠢ ᠳᠡᠭᠡᠭᠰᠢᠯᠡᠬᠦᠯᠬᠦ᠂ ᠬᠡᠮᠵᠢᠶ᠎ᠡ ᠶᠢ ᠨᠡᠮᠡᠭᠳᠡᠬᠦᠯᠦᠨ ᠰᠢᠯᠢᠳᠡᠭ ᠢ ᠬᠢᠬᠦ ᠶᠢ ᠪᠠᠷᠢᠮᠳᠠᠯᠠᠵᠤ᠂ ᠠᠵᠤ ᠦᠢᠯᠡᠰ ᠤᠨ ᠰᠤᠩᠭᠠᠯᠲᠠ᠂ ᠳᠡᠰ ᠳᠡᠪᠰᠢᠯᠲᠠ᠂ ᠤᠯᠠᠨ ᠠᠰᠢᠭᠯᠠᠯᠲᠠ ᠶᠢ ᠲᠦᠯᠬᠢᠨ ᠠᠬᠢᠭᠤᠯᠪᠠ᠃ ᠵᠢᠷᠭᠤᠭᠠᠨ ᠲᠤᠮᠤ ᠭᠤᠤᠯᠯᠠᠭᠴᠢ ᠠᠵᠤ ᠦᠢᠯᠡᠰ ᠪᠦᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠢ ᠬᠦᠲᠦᠯᠬᠦ ᠲᠤᠯᠭᠠᠭᠤᠷᠢ ᠠᠵᠤ ᠦᠢᠯᠡᠰ ᠪᠤᠯᠵᠤ᠂ ᠹᠯᠤᠷ ᠤᠨ ᠬᠢᠮᠢ ᠶᠢᠨ ᠠᠵᠤ ᠦᠢᠯᠡᠳᠪᠦᠷᠢ᠂ PVA᠂ ᠪᠠᠯ ᠴᠢᠯᠠᠭᠤ ᠶᠢᠨ ᠨᠡᠭᠦᠷᠡᠰᠦᠳᠦᠷᠦᠭᠴᠢ ᠵᠡᠷᠬᠡ ᠠᠵᠤ ᠦᠢᠯᠡᠰ ᠪᠦᠬᠦ ᠤᠷᠤᠨ ᠤ ᠲᠡᠷᠢᠭᠦᠨ ᠤ ᠬᠢᠷᠢ ᠲᠦᠪᠰᠢᠨ ᠳᠤ ᠪᠠᠶᠢᠨ᠎ᠠ᠃ ᠮᠢᠩᠭᠠᠨ ᠲᠦᠮᠡᠨ ᠺᠢᠯᠤᠸᠠᠲ ᠳᠡᠰ ᠤᠨ ᠴᠡᠪᠡᠷ ᠡᠨᠧᠷᠭᠢ ᠶᠢᠨ ᠰᠣᠷᠪᠤᠯᠵᠢ ᠶᠢᠨ ᠰᠠᠭᠤᠷᠢᠨ ᠪᠦᠬᠦ ᠳᠠᠯ᠎ᠠ  ᠪᠠᠷ ᠪᠠᠶᠢᠭᠤᠯᠤᠭᠳᠠᠵᠤ᠂ ᠴᠠᠬᠢᠯᠭᠠᠨ ᠬᠦᠴᠦᠨ ᠤ ᠴᠤᠭᠴᠠᠯᠠᠪᠤᠷᠢ 1255 ᠲᠦᠮᠡᠨ ᠺᠢᠯᠤᠸᠠᠲ ᠳᠤ ᠬᠦᠷᠴᠦ᠂ ᠪᠦᠬᠦ ᠤᠷᠤᠨ ᠤ 12% ᠶᠢ ᠡᠵᠡᠯᠡᠪᠡ᠃ ᠳᠡᠮᠦᠷᠯᠢᠭ ᠬᠠᠶᠢᠯᠤᠭᠤᠯᠬᠤ  ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠰᠤᠩᠭᠠᠵᠤ ᠳᠡᠰ ᠳᠡᠪᠰᠢᠭᠦᠯᠵᠤ᠂ ᠪᠠᠯ ᠴᠢᠯᠠᠭᠤᠨ ᠰᠢᠨ᠎ᠡ ᠮᠠᠲ᠋ᠧᠷᠢᠶᠠᠯ᠂ ᠡᠭᠦᠯᠡᠨ ᠪᠤᠳᠤᠯᠳᠠ ᠵᠡᠷᠭᠡ ᠰᠢᠨ᠎ᠡ ᠪᠠᠷ ᠡᠷᠬᠢᠯᠡᠬᠦ ᠠᠵᠤ ᠦᠢᠯᠡᠰ ᠤᠨ ᠬᠦᠭᠵᠢᠯᠲᠠ ᠶᠢᠨ ᠲᠦᠯᠦᠪ ᠪᠠᠶᠢᠳᠠᠯ ᠮᠠᠰᠢ ᠰᠠᠶᠢᠨ ᠪᠠᠶᠢᠨ᠎ᠠ᠃ ᠢ ᠳ᠋ᠦᠩ᠂ ᠮᠧᠩ ᠸᠧᠢ᠂ ᠬᠤᠸᠠ ᠸᠧᠢ ᠵᠡᠷᠭᠡ ᠶᠢᠨ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠵᠠᠯᠭᠠᠪᠡᠷ ᠨᠤᠲᠤᠭᠰᠢᠵᠤ ᠠᠰᠢᠭᠯᠠᠯᠲᠠ ᠳᠤ ᠤᠷᠤᠵᠤ᠂ ᠪᠤᠷᠤᠯᠠᠭᠤᠯᠭ᠎ᠠ ᠶᠢᠨ ᠤᠷᠤᠯᠭ᠎ᠠ ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ ᠠᠬᠤᠶᠢᠯᠠᠯ 236 ᠳᠤ ᠬᠦᠷᠴᠦ ᠡᠵᠡᠩᠨᠡᠯᠲᠠ ᠶᠢᠨ ᠤᠷᠤᠯᠭ᠎ᠠ ᠪᠠᠷ ᠵᠠᠭᠤᠨ ᠳ᠋ᠦᠩᠰᠢᠭᠤᠷ ᠲᠦᠭᠦᠷᠢᠭ ᠢ ᠳᠠᠪᠠᠭᠰᠠᠨ ᠬᠦᠷᠢᠶᠡᠯᠡᠩ ᠲᠤᠭᠤᠷᠢᠭ 3 ᠳᠤ ᠬᠦᠷᠪᠡ᠃  ᠠᠵᠤ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠵᠢᠯ ᠳᠤᠮᠳᠠᠴᠢ 17.5% ᠪᠠᠷ ᠨᠡᠮᠡᠭᠳᠡᠵᠤ  ᠂ ᠨᠡᠶᠢᠳᠡ 1724 ᠳ᠋ᠦᠩᠰᠢᠭᠤᠷ ᠲᠦᠭᠦᠷᠢᠭ ᠪᠡᠶᠡᠯᠠᠬᠦᠯᠵᠤ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠬᠤᠭᠤᠴᠠᠭᠠᠨ ᠤ ᠬᠢ ᠠᠴᠠ 3 ᠳᠠᠬᠢᠨ ᠪᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠲᠤᠮᠳᠠᠴᠢ12.8% ᠪᠠᠷ ᠨᠡᠮᠡᠭᠳᠡᠪᠡ᠃     —— ᠦᠯᠡᠴᠢᠯᠡᠭᠡᠨ ᠤ ᠦᠢᠯᠡᠰ ᠤᠨ ᠬᠦᠭᠵᠢᠯᠲᠠ ᠶᠢᠨ ᠬᠤᠷᠳᠤᠴᠠ ᠪᠠ ᠡᠵᠡᠯᠡᠬᠦᠨ ᠵᠢᠭᠳᠡ ᠪᠠᠷ ᠳᠡᠭᠡᠭᠰᠢᠯᠡᠪᠡ᠃ ᠤᠷᠤᠨ ᠪᠦᠰᠡ ᠶᠢᠨ ᠴᠢᠨᠠᠷ ᠪᠦᠬᠦᠢ ᠬᠤᠳᠠᠯᠳᠤᠭ᠎ᠠ ᠠᠷᠠᠯᠵᠢᠶᠠᠨ ᠤ ᠡᠳ᠋ ᠪᠠᠷᠠᠭᠠᠨ ᠤ ᠭᠦᠢᠯᠭᠡᠭᠡᠨ ᠤ ᠲᠦᠪ ᠤᠨ ᠪᠠᠶᠢᠭᠤᠯᠤᠯᠲᠠ ᠬᠦᠴᠦᠲᠠᠢ ᠠᠬᠢᠵᠢᠵᠤ᠂ ᠵᠢᠨᠢᠩ ᠤᠨ ᠤᠳᠤ ᠦᠶ᠎ᠡ ᠶᠢᠨ  ᠡᠳ᠋ ᠪᠠᠷᠠᠭᠠᠨ ᠤ ᠬᠦᠢᠯᠭᠡᠭᠡᠨ  ᠤ ᠬᠦᠷᠢᠶᠡᠯᠡᠩ ᠲᠤᠭᠤᠷᠢᠭ ᠪᠦᠬᠦ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠯᠢᠳᠡᠭ ᠬᠦᠷᠢᠶᠡᠯᠡᠩ ᠲᠤᠭᠤᠷᠢᠭ  ᠢᠶᠠᠷ ᠦᠨᠡᠯᠡᠭᠳᠡᠵᠤ᠂ ᠶᠡᠷᠦᠩᠭᠡᠶᠢᠯᠡᠭᠰᠡᠨ ᠡᠳ᠋ ᠪᠠᠷᠠᠭᠠᠨ ᠤ ᠬᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠯᠤᠰ  ᠤᠨ ᠳᠡᠰ ᠤᠨ ᠨᠡᠭᠦᠷᠡᠰᠦᠨ ᠤ ᠬᠦᠢᠯᠭᠡᠭᠡᠨ ᠤ ᠦᠢᠯᠡᠴᠢᠯᠡᠭᠡᠨ ᠤ ᠦᠢᠯᠡᠰ ᠤᠨ  ᠪᠠᠷᠢᠮᠵᠢᠶᠠᠵᠢᠭᠰᠠᠨ ᠲᠤᠷᠰᠢᠯᠲᠠ ᠶᠢᠨ ᠴᠢᠭ᠋ ᠤᠨ ᠲᠦᠷᠦᠯ ᠳᠤ ᠤᠷᠤᠵᠤ᠂ ᠮᠠᠨ ᠤ ᠬᠤᠲᠠ ᠪᠦᠬᠦ ᠤᠯᠤᠰ ᠤᠨ ᠣᠳᠣ ᠦᠶ᠎ᠡ ᠶᠢᠨ ᠡᠳ᠋ ᠪᠠᠷᠠᠭᠠᠨ ᠤ ᠬᠦᠢᠯᠭᠡᠭᠡᠨ ᠤ ᠦᠢᠯᠡᠰ ᠤᠨ ᠦᠭᠡᠷᠡᠴᠢᠯᠡᠯᠲᠠ ᠶᠢᠨ ᠲᠤᠷᠰᠢᠯᠲᠠ ᠶᠢᠨ ᠴᠢᠭ᠋ ᠤᠨ ᠭᠠᠵᠠᠷ ᠤᠷᠤᠨ ᠪᠤᠯᠪᠠ᠃ ᠸᠧᠢ ᠳ᠋ᠦᠸᠧ ᠯᠢ᠂ ᠬᠤᠩ ᠰᠢᠩ ᠮᠸᠢ ᠺᠠᠢ ᠯᠦᠩ᠂ ᠺᠠᠩ ᠲᠠᠢ ᠠᠷᠠᠳ ᠲᠤ ᠠᠰᠢᠭ ᠬᠦᠷᠳᠡᠭᠡᠬᠦ ᠬᠦᠷᠢᠶᠡᠯᠡᠩ ᠵᠡᠷᠬᠡ ᠨᠢᠭᠡ ᠪᠦᠯᠦᠭ ᠬᠤᠳᠠᠯᠳᠤᠭᠠᠨ ᠤ ᠶᠡᠷᠦᠩᠭᠡᠶᠢᠯᠡᠭᠰᠡᠨ ᠴᠤᠭᠴᠠ ᠪᠠᠶᠢᠭᠤᠯᠤᠭᠳᠠᠨ ᠠᠰᠢᠭᠯᠠᠭᠳᠠᠪᠠ᠃ ᠤᠷᠤᠨ ᠪᠦᠰᠡ  ᠶᠢᠨ ᠴᠢᠨᠠᠷ ᠪᠦᠬᠦᠢ ᠳᠠᠯ᠎ᠠ ᠨᠤᠳᠤᠭ ᠤᠨ ᠰᠤᠶᠤᠯ ᠵᠤᠭᠠᠴᠠᠯ ᠤᠨ ᠠᠮᠠᠷᠠᠯᠲᠠ ᠶᠢᠨ ᠵᠤᠰᠠᠯᠠᠩ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ︽ᠨᠢᠭᠡ ᠲᠦᠪ ᠬᠤᠶᠡᠷ ᠵᠢᠬᠦᠷ ᠭᠤᠷᠪᠠᠨ ᠲᠤᠮᠤ ᠦᠵᠡᠮᠵᠢ ᠶᠢᠨ ᠤᠷᠤᠨ︾ ᠤ ᠬᠦᠭᠵᠢᠯᠲᠠ ᠶᠢᠨ ᠲᠦᠯᠦᠪ ᠪᠠᠶᠢᠳᠠᠯ ᠪᠦᠬᠦ ᠳᠠᠯ᠎ᠠ ᠪᠠᠷ ᠢᠯᠡᠷᠡᠵᠤ᠂ ᠵᠤᠭᠠᠴᠠᠯ ᠳᠤ ᠬᠦᠯᠢᠶᠡᠨ ᠠᠪᠤᠭᠰᠠᠨ ᠬᠦᠮᠦᠨ ᠲᠤᠭ᠎ᠠ ᠪᠠ ᠶᠡᠷᠦᠩᠭᠡᠢ ᠤᠷᠤᠯᠭ᠎ᠠ ᠴᠦᠮ ︽ ᠠᠷᠪᠠᠨ ᠨᠢᠭᠡᠳᠦᠭᠡᠷ ᠳᠠᠪᠣᠨ ᠵᠢᠯ︾ ᠤᠨ ᠬᠤᠭᠤᠴᠠᠭᠠᠨ ᠤ ᠬᠢ ᠠᠴᠠ 3 ᠲᠠᠬᠢᠨ ᠨᠡᠮᠡᠭᠳᠡᠪᠡ᠃ ᠯᠢᠶᠠᠩᠴᠧᠩ ᠤᠨ ᠵᠤᠭᠠᠴᠠᠯ ᠤᠨ ᠦᠢᠯᠡᠰ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠠᠷᠢᠬᠤ ᠢᠨᠵᠧᠨᠧᠷᠢᠩ ᠪᠤᠯᠵᠤ᠂ ᠮᠠᠨ ᠤ ᠬᠤᠲᠠ ︽ᠳᠤᠮᠳᠠᠳᠤ ᠤᠯᠤᠰ ᠤᠨ ᠳᠠᠯ᠎ᠠ ᠨᠤᠲᠤᠭ ᠤᠨ ᠵᠤᠰᠠᠯᠠᠩ ᠤᠨ ᠲᠦᠪ︾ ᠢᠶᠠᠷ ᠨᠡᠷᠡᠶᠢᠳᠦᠭᠳᠡᠪᠡ᠃ ︽ᠲᠦᠷᠪᠡᠨ ᠰᠢᠨ᠎ᠡ ᠪᠠᠷ ᠡᠷᠬᠢᠯᠡᠭᠰᠡᠨ ᠦᠢᠯᠡᠴᠢᠯᠡᠭᠡᠨ ᠤ ᠦᠢᠯᠡᠰ︾  ᠠᠩᠬᠠᠨ ᠤ ᠠᠯᠬᠤᠮ ᠢᠶᠠᠨ ᠠᠯᠬᠤᠪᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠮᠦᠩᠭᠦ ᠶᠢᠨ ᠦᠯᠡᠳᠡᠪᠤᠷᠢ ︽ᠠᠷᠪᠠᠨ ᠨᠢᠭᠡᠳᠦᠭᠡᠷ ᠳᠠᠪᠤᠨ ᠵᠢᠯ︾ ᠤᠨ ᠰᠡᠭᠦᠯᠴᠢ ᠶᠢᠨ ᠬᠢ ᠠᠴᠠ 2 ᠳᠠᠬᠢᠨ ᠪᠤᠯᠳᠠᠯ᠎ᠠ ᠨᠡᠮᠡᠭᠳᠡᠪᠡ᠃ ᠠᠵᠤ ᠠᠬᠤᠢ ᠶᠢᠨ ᠨᠡᠮᠡᠭᠳᠡᠯ ᠳᠤ ᠦᠢᠯᠡᠴᠢᠯᠡᠭᠡᠨ ᠤ ᠦᠢᠯᠡᠰ ᠤᠨ ᠬᠠᠨᠳᠢᠪᠯᠠᠭᠰᠠᠨ ᠨᠤᠷᠮ᠎ᠡ ᠨᠢ 36% ᠳᠤ ᠬᠦᠷᠪᠡ᠃     —— ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠰᠢᠨ᠎ᠡ ᠳᠡᠪᠠᠯᠳᠠ ᠲᠠᠢ ᠪᠤᠯᠪᠠ᠃ ᠤᠷᠤᠨ ᠪᠦᠰᠡ ᠶᠢᠨ ᠴᠢᠨᠠᠷ ᠪᠦᠬᠦᠢ ᠲᠦᠪ ᠬᠤᠲᠠ ᠶᠢ ᠪᠠᠶᠢᠭᠤᠯᠬᠤ ᠲᠤᠭᠤᠷᠢᠨ ᠳᠤ ︽ᠲᠠᠪᠤᠨ ᠬᠤᠲᠠ ᠶᠢ ᠬᠠᠮᠲᠤ ᠳᠤᠨᠢ ᠴᠤᠭᠴᠠᠯᠠᠬᠤ︾ ᠶᠢ ᠪᠦᠬᠦ ᠳᠠᠯ᠎ᠠ ᠪᠠᠷ ᠬᠦᠳᠡᠯᠭᠡᠪᠡ᠃ ᠬᠤᠲᠠ ᠪᠠᠯᠭᠠᠰᠤᠵᠢᠯᠳᠠ ᠶᠢᠨ ᠨᠤᠷᠮ᠎ᠡ 42.3% ᠪᠠᠶᠢᠭᠰᠠᠨ  ᠠᠴᠠ ᠪᠠᠨ 47% ᠪᠤᠯᠵᠤ ᠳᠡᠭᠡᠭᠰᠢᠯᠡᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠨᠡᠶᠢᠲᠠ 1000 ᠳ᠋ᠦᠩᠰᠢᠭᠤᠷ ᠲᠦᠭᠦᠷᠢᠭ ᠪᠡᠶᠡᠯᠡᠬᠦᠯᠵᠤ᠂ ︽ᠠᠷᠪᠠᠨ ᠨᠢᠭᠡᠳᠤᠭᠡᠷ ᠳᠠᠪᠣᠨ ᠵᠢᠯ︾ ᠤᠨ ᠬᠤᠭᠤᠴᠠᠭᠠᠨ ᠤ ᠬᠢ ᠠᠴᠠ 3.4 ᠳᠠᠬᠢᠨ ᠨᠡᠮᠡᠭᠳᠡᠪᠡ᠂ ᠲᠦᠪ ᠬᠤᠲᠠ ᠲᠤᠭᠤᠷᠢᠭ ᠲᠤ ︽ᠨᠢᠭᠡ ᠬᠤᠲᠠ ᠬᠤᠶᠡᠷ ᠲᠤᠭᠤᠷᠢᠭ ᠭᠤᠷᠪᠠᠨ ᠪᠠᠶᠢᠭᠤᠯᠤᠯ ᠪᠦᠯᠬᠦᠮ︾ ᠤᠨ ᠲᠦᠯᠦᠪᠰᠢᠷᠡᠯ ᠪᠦᠷᠢᠯᠳᠤᠵᠤ᠂ ᠬᠤᠲᠠ ᠶᠢᠨ ᠵᠠᠭᠤᠨ ᠵᠢᠯ ᠤᠨ ᠬᠦᠭᠵᠢᠯᠲᠠ ᠶᠢᠨ ᠪᠦᠷᠢᠯᠳᠤᠴᠡ ᠢ ᠲᠤᠭᠳᠠᠭᠠᠵᠤ᠂ ᠪᠦᠲᠦᠭᠡᠨ ᠪᠠᠶᠢᠭᠤᠯᠤᠭᠳᠠᠬᠤ ᠲᠤᠭᠤᠷᠢᠭ ᠤᠨ ᠲᠠᠯᠠᠪᠠᠢ ᠶᠢ 68 ᠳᠡᠭᠰᠢ ᠲᠦᠷᠪᠡᠯᠵᠢᠨ ᠺᠢᠯᠤᠮᠧᠲᠷ ᠪᠤᠯᠳᠠᠯ᠎ᠠ ᠦᠷᠭᠡᠳᠭᠡᠵᠤ᠂ ᠲᠦᠪ ᠬᠤᠲᠠ ᠲᠤᠭᠤᠷᠢᠭ ᠤᠨ 553 ᠤᠷᠤᠨ ᠰᠠᠭᠤᠴᠠ ᠶᠢᠨ ᠤᠷᠤᠭᠠᠯᠠᠯ ᠳᠤ ᠬᠠᠳᠠᠭᠤᠷᠠᠭᠤᠯᠤᠯᠲᠠ᠂ ᠨᠤᠭᠤᠭᠠᠷᠠᠭᠤᠯᠤᠯᠲᠠ᠂ ᠭᠡᠭᠡᠷᠡᠭᠦᠯᠦᠯᠲᠠ᠂ ᠴᠡᠪᠡᠷᠵᠢᠬᠦᠯᠦᠯᠲᠠ᠂ ᠭᠤᠶᠤᠵᠢᠭᠤᠯᠤᠯᠲᠠ ᠶᠢᠨ ᠬᠤᠴᠢᠯᠲᠠ ᠶᠢ ᠪᠡᠶᠡᠯᠡᠬᠦᠯᠪᠡ᠃ ︽ᠭᠤᠷᠪᠠᠨ ᠠᠭᠤᠯᠠ ᠬᠤᠶᠠᠷ ᠭᠤᠤᠯ︾ ᠬᠤᠲᠠ ᠶᠢᠨ ᠪᠡᠯᠭᠡ ᠳᠡᠮᠳᠡᠭ ᠤᠨ ᠴᠢᠨᠠᠷ ᠪᠦᠬᠦᠢ ᠦᠵᠡᠮᠦᠷᠢ ᠪᠤᠯᠵᠤ᠂ ᠦᠪᠡᠷᠳᠡᠭᠡᠨ ᠵᠠᠰᠠᠬᠤ ᠤᠷᠤᠨ ᠤ ︽ᠤᠷᠤᠨ ᠰᠠᠭᠤᠴᠠ ᠶᠢᠨ ᠤᠷᠴᠢᠨ ᠲᠤᠭᠤᠷᠢᠨ ᠤ ᠦᠯᠢᠭᠡᠷ ᠳᠠᠭᠤᠷᠢᠶᠠᠯ ᠤᠨ ᠱᠠᠩᠨᠠᠯ︾ ᠤᠯᠪᠠ᠃ ᠮᠠᠨ ᠤ ᠬᠤᠲᠠ ᠪᠦᠬᠦ ᠤᠯᠤᠰ ᠤᠨ ᠳᠠᠬᠢᠵᠤ ᠪᠤᠯᠬᠤᠶᠢᠴᠠ ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠠ ᠶᠢᠨ ᠵᠢᠱᠢᠶ᠎ᠡ ᠦᠵᠡᠬᠦᠯᠬᠦ ᠬᠤᠲᠠ ᠪᠠᠷ ᠦᠨᠡᠯᠡᠭᠳᠡᠪᠡ᠃  ︽ᠤᠯᠤᠰ ᠤᠨ ᠴᠡᠴᠡᠷᠯᠢᠭᠳᠦ ᠬᠤᠲᠠ︾ ᠶᠢ ᠠᠮᠵᠢᠯᠲᠠ ᠴᠤᠭᠴᠠᠯᠠᠪᠠ᠃ ᠮᠠᠯᠵᠢᠬᠤ ᠳᠠᠷᠢᠶᠠᠯᠠᠬᠤ ᠤᠷᠤᠨ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠨᠡᠶᠢᠲᠠ 70 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂78% ᠶᠢᠨ ᠵᠠᠰᠠᠭ ᠵᠠᠬᠢᠷᠭᠠᠨ ᠤ ᠲᠤᠰᠬᠤᠨ᠂ 50% ᠤᠷᠴᠢᠮ ᠤᠨ ᠲᠤᠰᠬᠤᠨ ᠳᠤ ᠪᠦᠷᠬᠦᠬᠦᠯᠵᠤ᠂ 90 ᠲᠦᠮᠡᠨ ᠮᠠᠯᠴᠢᠨ ᠲᠠᠷᠢᠶᠠᠴᠢᠨ ᠰᠢᠭᠤᠳ ᠠᠰᠢᠭ ᠬᠦᠷᠳᠡᠪᠡ᠃ 19 ᠳᠤᠰᠬᠤᠨ ᠪᠠᠯᠭᠠᠰᠤ ︽ᠤᠯᠤᠰ ᠤᠨ ᠲᠡᠤᠬᠡ ᠰᠤᠶᠤᠯ ᠤᠨ ᠨᠡᠷᠡᠳᠤ ᠪᠠᠯᠭᠠᠰᠤ︾᠂ ︽ᠤᠯᠤᠰ ᠤᠨ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠪᠠᠯᠭᠠᠰᠤ︾ ᠵᠡᠷᠭᠡ ᠴᠤᠯᠠ ᠤᠳ ᠢ ᠤᠯᠪᠠ᠃ ᠵᠠᠮ ᠬᠠᠷᠢᠴᠠᠭᠠᠨ ᠤ ᠪᠡᠯᠠ ᠤᠷᠤᠭᠤᠯᠤᠯᠲᠠ ᠨᠠᠶᠢᠲᠠ 580 ᠭᠠᠷᠤᠢ ᠳ᠋ᠦᠩᠰᠢᠭᠤᠷ ᠲᠦᠭᠦᠷᠢᠭ ᠪᠡᠶᠡᠯᠡᠭᠦᠯᠵᠤ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠬᠤᠭᠤᠴᠠᠭᠠᠨ ᠤ ᠬᠢ ᠠᠴᠠ 4 ᠳᠠᠬᠢᠨ ᠪᠤᠯᠪᠠ᠃ ᠬᠦᠨᠳᠦ ᠠᠴᠢᠶᠠᠨ ᠤ ᠨᠡᠭᠦᠷᠡᠰᠦ ᠵᠦᠬᠡᠬᠡᠪᠦᠷᠢᠯᠡᠬᠦ ᠳᠤᠰᠬᠠᠢ ᠱᠤᠭᠤᠮ᠂ ᠮᠠᠰᠢᠨ ᠳᠡᠷᠭᠡ ᠪᠠᠷ ᠠᠴᠢᠶᠠᠨᠴᠢᠳ ᠢ ᠵᠦᠬᠡᠬᠡᠪᠦᠷᠢᠯᠡᠬᠦ ᠶᠡᠷᠦᠩᠭᠡᠢ ᠦᠷᠳᠡᠭᠡ ᠵᠡᠷᠭᠡ ᠭᠤᠤᠯᠳᠠᠯᠭ᠎ᠠ ᠲᠠᠢ ᠨᠢᠭᠡ ᠪᠦᠯᠦᠭ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠳᠡᠭᠡᠳᠤ ᠳᠡᠰ ᠤᠨ ᠵᠠᠰᠠᠮᠠᠯ ᠵᠠᠮ ᠤᠨ ᠠᠶᠠᠯᠠᠯ ᠪᠦᠬᠦ ᠤᠷᠤᠨ ᠤ ᠳᠡᠷᠢᠭᠦᠨ ᠳᠤ ᠤᠷᠤᠵᠤ᠂ ᠭᠠᠴᠠᠭ᠎ᠠ ᠲᠤᠰᠬᠤᠨ ᠤ ᠴᠠᠷᠳᠠᠭᠤᠯ ᠱᠦᠢᠨᠢ ᠵᠠᠮ ᠤᠨ ᠨᠡᠪᠳᠡᠷᠡᠯᠭᠡ ᠶᠢᠨ ᠨᠤᠷᠮ᠎ᠡ 86% ᠳᠤ ᠬᠦᠷᠪᠡ᠃ ᠬᠦᠬᠡᠬᠤᠳᠠ ᠴᠢᠭᠤᠯᠤᠯᠳᠤ ᠬᠠᠭᠠᠯᠭ᠎ᠠ ᠶᠢᠨ ᠠᠶᠠᠨᠴᠢᠳ ᠢ ᠵᠦᠭᠡᠭᠡᠪᠦᠷᠢᠯᠡᠬᠦ ᠲᠤᠰᠬᠠᠢ ᠱᠤᠭᠤᠮ ᠤᠨ ᠪᠦᠲᠦᠭᠡᠨ ᠪᠠᠶᠢᠭᠤᠯᠤᠯᠲᠠ ᠠᠮᠵᠢᠯᠲᠠᠢ ᠲᠦᠯᠬᠢᠨ ᠠᠬᠢᠵᠢᠵᠤ᠂ ᠵᠢᠨᠢᠩ ᠳ᠋ᠠᠲ᠋ᠦ᠋ᠩ ᠤᠨ ᠦᠨᠳᠦᠷ ᠬᠤᠷᠳᠤᠴᠠᠳᠣ ᠲᠡᠮᠦᠷ ᠵᠠᠮ ᠣᠯᠣᠰ ᠤᠨ ᠳᠤᠮᠳᠠ ᠬᠤᠭᠤᠴᠠᠭᠠᠨ ᠤ ᠲᠡᠮᠦᠷ ᠵᠠᠮ ᠤᠨ ᠰᠦᠯᠵᠢᠶᠡᠨ ᠤ ᠲᠦᠯᠦᠪᠵᠢᠭᠦᠯᠭᠡ ᠳᠤ ᠤᠷᠤᠵᠤ᠂ ᠵᠢᠨᠢᠩ ᠨᠢᠰᠭᠡᠯ ᠤᠨ ᠪᠠᠭᠤᠳᠠᠯ  ᠤᠨ ᠠᠭᠠᠷ ᠠᠶᠠᠯᠠᠯ ᠨᠡᠪᠳᠡᠷᠡᠵᠤ᠂ ᠣᠳᠣᠬᠢᠴᠠᠯᠠᠭᠰᠠᠨ ᠪᠤᠱᠤᠭ᠎ᠠ ᠵᠠᠮ ᠬᠠᠷᠢᠯᠴᠠᠭᠠᠨ ᠤ ᠰᠢᠰᠲ᠋ᠧᠮᠵᠢ ᠤᠯᠠᠮ ᠪᠦᠷᠢᠨᠰᠢᠪᠡ᠃ ᠨᠡᠶᠢᠳᠡ 189 ᠳ᠋ᠦᠩᠰᠢᠭᠤᠷ ᠲᠦᠭᠦᠷᠢᠭ ᠤᠷᠤᠭᠤᠯᠵᠤ᠂ ᠤᠯᠤᠰ ᠪᠠ ᠤᠷᠤᠨ ᠨᠤᠲᠤᠭ ᠤᠨ ᠠᠮᠢ ᠠᠬᠤᠢ ᠶᠢᠨ ᠢᠨᠵᠧᠨᠧᠷᠢᠩ 827 ᠲᠦᠮᠡᠨ ᠮᠤ᠋ ᠪᠡᠶᠡᠯᠡᠭᠦᠯᠪᠡ᠃ ᠵᠠᠰᠠᠮᠠᠯ ᠵᠠᠮ ᠤᠨ ᠭᠤᠤᠯ ᠱᠤᠭᠤᠮ ᠤᠨ ᠬᠤᠶᠡᠷ ᠬᠠᠵᠠᠭᠤ ᠶᠢᠨ 50 ᠮᠧᠲᠷ ᠲᠠᠭᠠᠤ᠂ 2566 ᠺᠢᠯᠤᠮᠧᠲᠷ ᠨᠤᠭᠤᠭᠠᠨ ᠠᠮᠢ ᠠᠬᠤᠢ ᠶᠢᠨ ᠤᠷᠳᠤ ᠬᠤᠩᠬᠢᠯ ᠢ ᠪᠠᠶᠢᠭᠤᠯᠪᠡ᠂ ᠬᠤᠰᠢᠭᠤ ᠰᠢᠶᠠᠨ ᠪᠤᠯᠭᠠᠨ ᠲᠦᠮᠡᠨ ᠮᠤ᠋ ᠶᠢᠨ ᠠᠯᠪᠠᠨ ᠵᠢᠷᠦᠮ ᠤᠨ ᠮᠤᠳᠤ ᠲᠠᠷᠢᠬᠤ ᠰᠠᠭᠤᠷᠢᠨ ᠪᠠ ᠲᠦᠮᠡᠨ ᠮᠤ᠋ ᠶᠢᠨ ᠠᠮᠢ ᠠᠬᠤᠢ ᠶᠢᠨ ᠴᠠᠴᠡᠷᠯᠢᠭ ᠢ ᠪᠠᠶᠢᠭᠤᠯᠪᠠ᠃ ᠲᠦᠪ ᠬᠤᠳᠠ ᠲᠤᠭᠤᠷᠢᠭ ᠨᠡᠶᠢᠳᠠ 3000 ᠲᠦᠮᠡ ᠭᠠᠷᠤᠢ ᠮᠤᠳᠤ ᠲᠠᠷᠢᠵᠤ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠬᠤᠭᠤᠴᠠᠭᠠᠨ ᠤ ᠬᠢ ᠠᠴᠠ 5.7 ᠳᠠᠬᠢᠨ ᠪᠤᠯᠪᠠ᠃ ᠤᠢ ᠰᠢᠭᠤᠢ ᠶᠢᠨ ᠬᠤᠴᠢᠯᠲᠠ ᠶᠢᠨ ᠨᠤᠷᠮ᠎ᠡ 21.9% ᠪᠠᠶᠢᠭᠰᠠᠨ ᠠᠴᠠ ᠪᠠᠨ 23.1% ᠪᠤᠯᠵᠤ ᠳᠡᠭᠡᠭᠰᠢᠯᠡᠪᠡ᠃     —— ᠦᠭᠡᠷᠡᠴᠢᠯᠡᠯᠲᠠ ᠨᠡᠭᠡᠭᠡᠯᠲᠠ ᠳᠡᠭᠡᠨ ᠰᠢᠨ᠎ᠡ ᠰᠢᠪᠲᠤᠯᠤᠯᠲᠠ ᠲᠠᠢ ᠪᠤᠯᠪᠠ᠃ ᠰᠤᠶᠤᠯ᠂ ᠢᠳᠡᠭᠡᠨ ᠡᠮ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠬᠢᠨᠠᠯᠲᠠ ᠵᠡᠷᠭᠡ ᠬᠠᠮᠢᠶᠠᠷᠤᠯᠲᠠ ᠶᠢᠨ ᠪᠠᠶᠢᠭᠤᠯᠤᠮᠵᠢ ᠪᠠ ᠲᠤᠭᠳᠠᠯᠴᠠᠭ᠎ᠠ ᠶᠢᠨ ᠦᠭᠡᠷᠡᠴᠢᠯᠡᠯᠲᠠ ᠶᠢ ᠪᠦᠬᠦ ᠲᠠᠯ᠎ᠠ ᠪᠠᠷ ᠪᠡᠶᠡᠯᠡᠬᠦᠯᠪᠡ᠃ ᠡᠮᠦᠨᠡᠳᠤ ᠬᠤᠰᠢᠭᠤ᠂ ᠹᠧᠩᠵᠧᠨ ᠪᠦᠬᠦ ᠤᠷᠤᠨ ᠤ ᠡᠷᠬᠡ ᠪᠠᠨ ᠦᠷᠭᠡᠳᠭᠡᠨ ᠰᠢᠶᠠᠨ ᠢᠶᠠᠨ ᠬᠦᠴᠦᠷᠬᠡᠭᠵᠢᠬᠦᠯᠬᠦ ᠶᠢᠨ ᠲᠤᠷᠰᠢᠯᠲᠠ ᠶᠢᠨ ᠴᠢᠭ᠋ ᠢᠶᠠᠷ ᠲᠤᠭᠳᠠᠭᠠᠭᠳᠠᠪᠡ᠃ ᠬᠤᠲᠠ ᠰᠢᠶᠠᠨ ᠬᠤᠶᠠᠷ ᠱᠠᠲᠤᠨ ᠤ ᠵᠠᠰᠠᠭ ᠵᠠᠬᠢᠷᠭᠠᠨ ᠤ ᠡᠷᠭᠡ ᠶᠢᠨ ᠨᠠᠷᠢᠨ ᠳᠠᠩᠰᠠ ᠪᠦᠬᠦᠨ  ᠢ ᠨᠡᠶᠢᠭᠡᠮ ᠳᠤ ᠢᠯᠡ ᠪᠠᠷ ᠨᠡᠶᠢᠳᠠᠯᠠᠵᠤ᠂ ᠬᠤᠲᠠ ᠶᠢᠨ ᠲᠤᠰ ᠱᠠᠲᠤᠨ ᠤ  ᠵᠠᠰᠠᠭ ᠵᠠᠬᠢᠷᠭᠠᠨ ᠤ ᠡᠷᠭᠡ ᠶᠢᠨ ᠵᠦᠢᠯᠡᠰ 35% ᠪᠠᠷ ᠪᠠᠭᠠᠰᠴᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠳᠤᠮᠳᠠᠴᠢ ᠴᠠᠭ ᠤᠨ ᠬᠢᠵᠠᠭᠠᠷᠯᠠᠯ 18.5 ᠠᠵᠢᠯᠯᠠᠬᠤ ᠡᠳᠦᠷ ᠪᠠᠶᠢᠭᠰᠠᠨ ᠠᠴᠠ ᠪᠠᠨ 5.5 ᠠᠵᠢᠯᠯᠠᠬᠤ ᠡᠳᠦᠷ ᠪᠤᠯᠵᠤ ᠪᠤᠭᠤᠨᠢᠰᠪᠠ᠃ ︽ᠭᠤᠷᠪᠠᠨ ᠦᠨᠡᠮᠯᠡᠯ ᠢ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠪᠠᠶᠢᠯᠭᠠᠬᠤ︾ ᠶᠢᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠲᠦᠷᠢᠮ ᠤᠨ ᠦᠭᠡᠷᠡᠴᠢᠯᠡᠯᠲᠠ ᠶᠢ ᠪᠦᠬᠦ ᠳᠠᠯ᠎ᠠ ᠪᠠᠷ ᠶᠠᠪᠤᠭᠳᠠᠭᠤᠯᠵᠤ᠂ ᠪᠦᠬᠦ ᠤᠷᠤᠨ ᠤ ᠵᠠᠬ᠎ᠠ ᠳᠡᠯᠭᠡᠭᠦᠷ ᠤᠨ ᠢᠳᠡᠭᠡᠯ ᠬᠦᠨᠳᠤ ᠶᠢᠨ ᠠᠩᠬᠠᠳᠠᠭᠴᠢ ᠳᠡᠪᠴᠠᠩ ᠢ ᠪᠠᠶᠢᠭᠤᠯᠪᠠ᠃ ᠭᠠᠵᠠᠷ ᠰᠢᠷᠤᠢ  ᠶᠢᠨ ᠰᠢᠯᠵᠢᠬᠦᠯᠦᠯᠲᠠ ᠶᠢᠨ ᠲᠠᠯᠠᠪᠠᠢ 34% ᠬᠦᠷᠴᠦ᠂ ᠪᠦᠬᠦ ᠤᠷᠤᠨ ᠤ ᠡᠮᠦᠨ᠎ᠡ ᠤᠷᠤᠪᠡ᠃ ᠲᠦᠷᠪᠡᠳ ᠬᠤᠰᠢᠭᠤ ᠪᠦᠬᠦ ᠤᠷᠤᠨ ᠤ ᠰᠢᠶᠠᠨ ᠱᠠᠲᠤᠨ ᠤ ᠤᠯᠤᠰ ᠤᠨ ᠭᠤᠤᠯ ᠴᠤᠭᠴᠠ ᠶᠢᠨ ᠴᠢᠳᠠᠮᠵᠢ ᠶᠢᠨ ᠤᠷᠤᠨ ᠤ ᠴᠤᠷ  ᠤᠨ ᠭᠠᠭᠴᠠ ᠲᠤᠷᠰᠢᠯᠲᠠ ᠶᠢᠨ ᠴᠢᠭ᠋ ᠢᠶᠠᠷ ᠲᠤᠭᠲᠠᠭᠠᠭᠳᠠᠭᠰᠠᠨ ᠪᠠᠶᠢᠨ᠎ᠠ᠃ ᠵᠰᠠᠭ ᠤᠨ ᠤᠷᠳᠤᠨ ᠪᠠ ᠰᠠᠯᠠᠭ᠎ᠠ ᠮᠦᠴᠢᠷ ᠤᠨ ᠲᠦᠰᠦᠪ ᠲᠦᠰᠦᠪ ᠤᠨ ᠭᠦᠢᠴᠡᠳᠭᠡᠯ᠂ ︽ᠭᠤᠷᠪᠠᠨ ᠠᠯᠪᠠᠨ ᠤ ᠵᠠᠷᠤᠳᠠᠯ︾ ᠤᠨ ᠲᠦᠰᠦᠪ ᠲᠦᠰᠦᠪ  ᠤᠨ ᠭᠦᠢᠴᠡᠳᠬᠡᠯ ᠪᠦᠬᠦᠨ ᠢ ᠨᠡᠶᠢᠭᠡᠮ ᠳᠤ ᠨᠡᠶᠢᠳᠡᠯᠡᠪᠡ᠃ ᠲᠠᠷᠢᠶᠠᠯᠠᠩ ᠤᠨ 2 ᠢᠳᠡᠭᠡᠮᠵᠢ ᠶᠢᠨ ᠬᠤᠷᠰᠢᠶ᠎ᠠ ᠶᠢᠨ ᠬᠡᠯᠪᠡᠷᠢ ᠶᠢ ᠨᠢ ᠬᠤᠪᠢᠷᠠᠭᠤᠯᠤᠨ ᠲᠠᠷᠢᠶᠠᠯᠠᠩ ᠤᠨ ᠬᠤᠳᠠᠯᠳᠤᠭᠠᠨ ᠤ ᠪᠠᠩᠭᠢ ᠪᠤᠯᠭᠠᠪᠠ᠃     ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠤᠯᠤᠰ ᠤᠨ ᠪᠡᠬᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠬᠦᠯᠬᠦ ᠲᠦᠯᠦᠪᠵᠢᠬᠦᠯᠭᠡ  ᠳᠤ ᠤᠷᠤᠭᠤᠯᠵᠤ᠂ ᠬᠠᠮᠲᠤᠷᠠᠯᠴᠠᠭᠠᠨ ᠤ ᠤᠷᠤᠨ ᠲᠦᠯᠦᠪᠵᠢᠬᠦᠯᠬᠡ ᠪᠠ ᠬᠡᠷᠡᠭᠵᠢᠬᠦᠯᠬᠦ ᠲᠦᠰᠦᠯ ᠢ ᠵᠢᠩᠬᠢᠨᠢ ᠪᠠᠷ ᠭᠠᠷᠭᠠᠵᠤ ᠡᠯ᠎ᠡ ᠬᠦᠷᠢᠶ᠎ᠡ ᠴᠠᠷᠠᠭ᠎ᠠ ᠶᠢᠨ ᠬᠠᠮᠲᠤᠷᠠᠯᠴᠠᠭᠠᠨ ᠬᠦᠨᠵᠡᠭᠡᠢ ᠲᠦᠯᠬᠢᠭᠳᠡᠨ ᠠᠬᠢᠵᠢᠵᠤ ᠪᠤᠢ᠃ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠤᠨ ᠬᠤᠭᠤᠷᠤᠨᠳᠤᠬᠢ ᠶᠢᠨ ᠳᠡᠮᠵᠢᠯᠭᠡ ᠬᠤᠷᠰᠢᠯ ᠯᠠᠪᠳᠠᠭᠤᠨ ᠪᠠᠳᠤᠳᠠᠢ ᠶᠠᠪᠤᠭᠳᠠᠵᠤ᠂ ᠵᠦᠩ ᠭᠤᠸᠠᠨ ᠴᠦᠨ ᠤ ᠰᠢᠨᠵᠢᠯᠡᠭᠡᠨ ᠮᠡᠷᠭᠡᠵᠢᠯ ᠤᠨ ᠬᠦᠷᠢᠶᠡᠯᠡᠩ᠂ ᠤᠯᠠᠭᠠᠨᠴᠠᠪ ᠤᠨ ᠳ᠋ᠠ ᠰᠢᠩ ᠠᠵᠤ ᠦᠢᠯᠡᠰ ᠤᠨ ᠬᠦᠷᠢᠶᠡᠯᠡᠩ ᠵᠡᠷᠭᠡ ᠬᠠᠮᠳᠤᠷᠠᠯᠴᠠᠨ ᠴᠤᠭᠭᠠᠷ ᠪᠦᠲᠦᠭᠡᠨ ᠪᠠᠶᠢᠭᠤᠯᠬᠤ ᠬᠦᠷᠢᠶᠡᠯᠡᠩ ᠲᠤᠭᠤᠷᠢᠭ᠂ ᠬᠤᠸᠠ ᠸᠧᠢ ᠡᠭᠦᠯᠡᠨ ᠪᠤᠳᠤᠯᠲᠠ ᠵᠡᠷᠬᠡ ᠭᠤᠤᠯᠳᠠᠯᠭ᠎ᠠ ᠲᠠᠢ ᠨᠢᠭᠡ ᠪᠦᠯᠦᠭ ᠲᠦᠷᠦᠯ ᠵᠦᠢᠯ ᠵᠠᠯᠭᠠᠪᠡᠷ ᠨᠤᠲᠤᠭᠰᠢᠵᠤ ᠶᠠᠪᠤᠭᠳᠠᠪᠡ᠃ ᠵᠢᠨᠢᠩ ᠪᠤᠭᠤᠮᠳᠠ ᠵᠢᠩᠭᠢᠨᠢ ᠪᠠᠷ ᠨᠡᠭᠡᠭᠳᠡᠵᠤ ᠤᠮᠠᠷᠠᠰᠢ ᠨᠡᠭᠡᠭᠡᠬᠦ ᠲᠦᠯᠦᠪ ᠪᠠᠶᠢᠳᠠᠯ ᠤᠯᠠᠮ ᠪᠦᠷᠢᠨᠰᠢᠪᠡ᠃     —— ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠬᠢᠷᠢ ᠲᠦᠪᠰᠢᠨ ᠰᠢᠨ᠎ᠡ ᠪᠠᠷ ᠳᠡᠭᠡᠭᠰᠢᠯᠡᠭᠳᠡᠪᠡ᠃ ᠠᠷᠠᠳ ᠤᠨ ᠠᠮᠢᠳᠤᠷᠠᠯ ᠳᠤ ᠬᠡᠷᠡᠭᠯᠡᠵᠤ ᠪᠠᠶᠢᠭ᠎ᠠ ᠡᠳ᠋ ᠤᠨ ᠵᠠᠰᠠᠭ ᠤᠨ ᠵᠠᠷᠤᠯᠭ᠎ᠠ 86.7% ᠳᠤ ᠬᠦᠷᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠬᠤᠶᠠᠷ ᠳᠠᠬᠢᠨ ᠪᠤᠯᠳᠠᠯ᠎ᠠ ᠨᠡᠮᠡᠭᠳᠡᠬᠦᠯᠵᠤ ᠵᠢᠯ ᠳᠤᠮᠳᠠᠴᠢ  ᠪᠠᠷ ᠲᠤᠰᠪᠤᠷᠢ 11.8% ᠪᠠ 14% ᠪᠠᠷ ᠨᠡᠮᠡᠭᠳᠡᠪᠡ᠃ ᠶᠠᠳᠠᠭᠤ ᠶᠢ ᠳᠡᠳᠬᠦᠬᠦ ᠡᠳ᠋ ᠤᠨ ᠵᠠᠰᠠᠭ ᠤᠨ ᠲᠤᠰᠬᠠᠢ ᠪᠡᠯᠡ ᠮᠦᠩᠭᠦ ᠨᠡᠶᠢᠲᠡ 20.3 ᠳ᠋ᠦᠩᠰᠢᠭᠤᠷ ᠤᠷᠤᠭᠤᠯᠵᠤ᠂ ︽ᠠᠷᠪᠠᠨ ᠨᠢᠭᠡᠳᠦᠭᠡᠷ ᠳᠠᠪᠤᠨ ᠵᠢᠯ︾ ᠤᠨ ᠬᠤᠭᠤᠴᠠᠭᠠᠨ ᠤ ᠬᠢ ᠠᠴᠠ 6.5 ᠳᠠᠬᠢᠨ ᠪᠤᠯᠵᠤ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠭᠦ ᠪᠡᠯᠡ ᠮᠦᠩᠭᠦ 27 ᠳ᠋ᠦᠩᠰᠢᠭᠤᠷ ᠲᠦᠭᠦᠷᠢᠭ ᠳᠡᠯᠡᠰᠴᠤ ᠬᠦᠳᠡᠯᠭᠡᠪᠡ᠃ ᠶᠠᠳᠠᠭᠤ ᠬᠦᠴᠢᠷᠳᠡᠯ ᠲᠠᠢ ᠲᠠᠷᠢᠶᠠᠴᠢᠨ ᠮᠠᠯᠴᠢᠨ 2011 ᠤᠨ ᠤ ᠰᠡᠭᠦᠯᠴᠢ ᠳᠤ55.8 ᠲᠦᠮᠡᠨ ᠬᠦᠮᠦᠨ ᠪᠠᠶᠢᠭᠰᠠᠨ ᠠᠴᠠ15 ᠲᠦᠮᠡᠨ ᠬᠦᠮᠦᠨ ᠪᠤᠯᠵᠤ ᠴᠦᠬᠡᠷᠡᠪᠡ᠃ ᠦᠢᠯᠡᠰ ᠪᠤᠰᠬᠠᠯᠲᠠ ᠰᠢᠨ᠎ᠡ ᠡᠭᠦᠳᠦᠯᠳᠡ ᠶᠢᠨ ᠨᠡᠪᠴᠢᠬᠦᠯᠦᠯᠲᠠ ᠶᠢᠨ ᠬᠦᠷᠢᠶᠡᠯᠩ 24 ᠶᠢ ᠪᠠᠶᠢᠭᠤᠯᠵᠤ᠂ ︽ᠤᠯᠠᠭᠠᠨ ᠭᠤᠸ᠎ᠠ︾ ᠨᠢ ᠦᠪᠡᠷᠳᠡᠭᠡᠨ ᠵᠠᠰᠠᠬᠤ ᠤᠷᠤᠨ ᠤ ᠳᠡᠰ ᠤᠨ ᠬᠦᠳᠡᠯᠮᠦᠷᠢ ᠦᠢᠯᠡᠴᠢᠯᠡᠭᠡᠨ  ᠤ ᠨᠡᠷᠡᠳᠦ ᠳᠡᠮᠳᠡᠭ ᠪᠤᠯᠪᠠ᠃ 72 ᠲᠦᠮᠡᠨ ᠲᠠᠷᠢᠶᠠᠴᠢᠨ ᠮᠠᠯᠴᠢᠨ ᠢ ᠰᠢᠯᠵᠢᠬᠦᠯᠦᠨ ᠠᠵᠢᠯ ᠤᠯᠭᠤᠵᠤ᠂ ᠬᠤᠲᠠ ᠪᠠᠯᠭᠠᠰᠤᠨ ᠤ ᠠᠵᠢᠯ ᠤᠯᠤᠭᠰᠠᠨ ᠬᠦᠮᠦᠨ 8.2 ᠲᠦᠮᠡᠨ ᠰᠢᠨ᠎ᠡ ᠪᠠᠷ ᠨᠡᠮᠡᠭᠳᠡᠵᠤ᠂ ᠬᠤᠳᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠬᠤ ᠨᠤᠷᠮ᠎ᠡ ᠶᠢ4% ᠲᠤᠳᠤᠷ᠎ᠡ ᠬᠤᠷᠢᠭᠯᠠᠪᠡ᠃ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠬᠰᠠᠨ ᠡᠮᠨᠠᠯᠬᠡ ᠶᠢᠨ ᠲᠦᠷᠣ ᠶᠢᠨ ᠪᠣᠳᠣᠯᠭ᠎ᠠ ᠶᠢᠨ ᠬᠡᠪᠴᠢᠶᠠᠨ ᠲᠣᠳᠣᠷ᠎ᠠ ᠡᠮᠨᠠᠯᠬᠡ ᠳᠤ ᠰᠠᠭᠤᠬᠰᠠᠨ ᠲᠠᠩᠰᠨ ᠴᠠᠶᠢᠯᠠᠭᠠᠬᠤ ᠬᠠᠷᠢᠴᠠᠯ ᠢ 75%   ᠳᠤ ᠬᠦᠷᠪᠡ᠃ ᠪᠦᠬᠦ ᠣᠷᠣᠨ ᠳᠤ ᠬᠠᠷᠢᠯᠴᠠᠨ ᠬᠤᠯᠪᠣᠭᠠᠬᠤ᠂ ᠬᠠᠷᠢᠯᠴᠠᠨ ᠨᠠᠪᠳᠠᠷᠠᠯᠴᠠᠬᠦ ᠠᠷᠠᠣᠨ ᠲᠤ ᠠᠰᠢᠭ ᠬᠦᠷᠳᠠᠬᠡᠬᠦ ᠢᠡᠵᠧᠨᠢᠸ᠋ᠷᠢᠩ ᠢ ᠬᠠᠮᠤᠭ ᠲᠠᠷᠢᠬᠦᠨ ᠳᠤ ᠶᠠᠪᠣᠬᠳᠠᠭᠤᠯᠵᠣ᠂ ᠬᠤᠳᠠ ᠪᠠᠯᠭᠠᠰᠣᠨ ᠤ ᠡᠮᠨᠠᠯᠬᠡ ᠶᠢᠨ ᠲᠠᠭᠠᠣᠬᠬᠯ ᠤᠨ ᠬᠢᠨᠠᠨ ᠡᠵᠠᠮᠰᠢᠯ ᠤᠨ ᠰᠢᠰᠲ᠋ᠧᠮ ᠤᠨ ᠪᠠᠶᠢᠭᠤᠯᠣᠯᠳᠠ ᠶᠢ ᠬᠠᠮᠤᠭ ᠲᠠᠷᠢᠬᠦᠨ ᠳᠤ ᠬᠦᠳᠠᠯᠬᠡᠵᠣ᠂ ᠪᠣᠢ ᠪᠦᠬᠦᠢ ᠬᠤᠣᠷᠳᠣ ᠬᠠᠪᠣᠳᠠᠷ ᠢ ᠬᠦᠡᠳᠣ ᠡᠪᠠᠣᠠᠴᠢᠨ  ᠤ ᠲᠠᠩᠰᠨ ᠴᠠᠶᠢᠯᠠᠭᠠᠬᠤ ᠬᠡᠪᠴᠢᠶᠠᠨ ᠲᠣᠳᠣᠷ᠎ᠠ ᠬᠠᠮᠤᠭ ᠲᠠᠷᠢᠬᠦᠨ ᠳᠤ ᠣᠷᠣᠭᠤᠯᠪᠠ᠃ ᠬᠦᠬᠡᠬᠤᠳᠠ ᠪᠣᠭᠤᠳᠣ ᠶᠢᠨ ᠣᠡᠳᠣᠣ ᠭᠠᠵᠠᠷ ᠲᠤ ᠡᠮᠨᠠᠯᠬᠡ ᠶᠢᠨ ᠲᠠᠭᠠᠣᠬᠬᠯ ᠳᠤ ᠣᠷᠣᠯᠴᠠᠬᠤ ᠪᠠ ᠡᠪᠠᠣᠠᠴᠢᠨ ᠦᠵᠠᠬᠦᠯᠪᠠᠯ ᠲᠠᠷᠣᠢ ᠲᠦᠷᠬᠡᠨ ᠲᠠᠩᠰᠣᠯᠠᠨ ᠪᠣᠳᠣᠬᠤ ᠶᠢ ᠪᠠᠶᠠᠯᠠᠬᠦᠯᠪᠠ  ᠃     ᠪᠠᠳᠣᠯᠠᠪᠣᠷᠢ ᠶᠢᠨ ᠴᠢᠨᠠᠷ ᠪᠦᠬᠦᠢ ᠣᠷᠣᠨ ᠰᠠᠭᠤᠴᠨ 16 .8 ᠲᠦᠮᠠᠨ ᠢᠵᠢ ᠪᠠᠷᠢᠯᠭ᠎ᠠ ᠶᠢᠨ ᠠᠵᠢᠯ ᠢ ᠨᠢ ᠡᠬᠢᠯᠠᠬᠦᠯᠵᠣ᠂ 12 .7 ᠲᠦᠮᠠᠨ ᠢᠵᠢ ᠶᠢ ᠦᠠᠳᠣᠰᠣᠨ ᠳᠡᠭᠡᠨ ᠪᠦᠳᠣᠬᠡᠨ ᠪᠠᠶᠢᠭᠤᠯᠵᠣ᠂ ᠪᠦᠳᠣᠬᠡᠨ ᠪᠠᠶᠢᠭᠤᠯᠣᠯᠳᠠ ᠶᠢᠨ ᠬᠡᠪᠴᠢᠶ᠎ᠠ ᠪᠠᠷ ᠪᠦᠬᠦ ᠣᠷᠣᠨ ᠤ ᠲᠠᠷᠢᠬᠦᠨ ᠪᠠᠶᠢᠷᠢᠨ ᠳᠤ ᠣᠷᠣᠪᠠ᠂ ᠲᠠᠷᠢᠶᠠᠯᠠᠬᠤ ᠮᠠᠯᠵᠢᠬᠤ ᠣᠷᠣᠨ ᠤ ᠠᠶᠣᠯᠳᠠᠢ ᠬᠡᠷ ᠪᠠᠶᠢᠰᠢᠩ 14 .8 ᠲᠦᠮᠠᠨ ᠡᠷᠣᠬᠡ ᠰᠢᠨᠠᠴᠢᠯᠠᠵᠣ᠂ ᠵᠣᠯ ᠵᠢᠷᠭᠠᠯᠳᠤ ᠬᠦᠷᠢᠶᠠᠯᠠᠩ ᠤᠨ ᠬᠠᠷᠢᠯᠴᠢᠨ ᠬᠠᠪᠰᠣᠷᠣᠯᠴᠠᠬᠰᠠᠨ ᠨᠠᠰᠣᠵᠢᠯ ᠤᠨ ᠲᠦᠷᠣ ᠶᠢᠨ ᠪᠣᠳᠣᠯᠭ᠎ᠠ ︽ᠲᠣᠮᠳᠠᠳᠣ ᠣᠯᠣᠰ ᠤᠨ ᠠᠷᠪᠠᠨ ᠲᠣᠮᠣ ᠰᠢᠨ᠎ᠠ ᠡᠬᠦᠳᠣᠯᠳᠠ ᠶᠢᠨ ᠠᠰᠠᠷᠠᠮᠵᠢ ᠶᠢᠨ ᠲᠦᠷᠣ ᠶᠢᠨ ᠪᠣᠳᠣᠯᠭ᠎ᠠ︾ ᠪᠠᠷ ᠦᠨᠠᠯᠩᠳᠠᠪᠡ᠃ ᠡᠯ᠎ᠠ ᠲᠦᠷᠣᠯ ᠤᠨ ᠶᠠᠳᠠᠭᠤ ᠬᠦᠴᠢᠷᠳᠠᠯ ᠲᠠᠢ 63 ᠬᠦᠮᠣᠨ   ᠢ ᠠᠷᠠᠣᠨ ᠤᠨ ᠶᠠᠪᠣᠳᠠᠯ ᠤᠨ ᠪᠠᠳᠣᠯᠠᠭ᠎ᠠ ᠲᠠᠢ ᠪᠣᠯᠭᠠᠵᠣ᠂ ᠨᠦᠬᠦᠪᠣᠷᠢ  ᠶᠢᠨ ᠪᠠᠷᠢᠮᠵᠢᠶ᠎ᠠ ᠶᠢ ᠵᠢᠯ ᠲᠠᠷᠭᠠᠯᠠᠨ ᠲᠠᠬᠡᠭᠰᠢᠯᠠᠬᠦᠯᠪᠡ  ᠃ ︽ᠭᠤᠷᠪᠠᠨ ᠨᠢᠬᠡ︾ ᠶᠢᠨ ᠠᠷᠠᠣᠨ ᠤᠨ ᠠᠮᠢᠳᠣᠷᠠᠯ ᠤᠨ ᠢᠡᠵᠧᠨᠧᠷᠢᠩ ᠬᠦᠡᠵᠠᠬᠡᠢ ᠶᠠᠪᠣᠬᠳᠠᠵᠣ᠂ 31.2 ᠲᠦᠮᠠᠨ ᠡᠷᠣᠬᠡ ᠮᠠᠯᠴᠢᠨ ᠲᠠᠷᠢᠶᠠᠴᠢᠨ᠂ ᠶᠡᠭᠡ ᠰᠣᠷᠭᠠᠭᠤᠯᠢ ᠶᠢᠨ 8960 ᠰᠢᠨ᠎ᠠ ᠰᠣᠷᠣᠬᠴᠢ ᠪᠠ 320 ᠡᠷᠣᠬᠡ ᠨᠢᠬᠡ ᠨᠢ ᠴᠦ ᠠᠵᠢᠯ ᠣᠯᠣᠬᠰᠠᠨ ᠦᠬᠡᠢ ᠬᠡᠷ ᠪᠦᠯᠢ ᠠᠰᠢᠭ ᠬᠦᠷᠳᠠᠪᠠ᠃ ︽ᠲᠣᠮᠳᠠᠳᠣ ᠣᠯᠣᠰ ᠤᠨ ᠢᠳᠠᠬᠡᠨ ᠤ ᠠᠮᠣᠷ ᠲᠦᠪᠰᠢᠨ ᠤ ᠠᠷᠪᠠᠨ ᠰᠢᠯᠢᠳ᠋ᠩ ᠬᠤᠳᠠ︾᠂  ︽ᠪᠦᠬᠦ ᠣᠯᠣᠰ ᠤᠨ ᠲᠠᠪᠣᠨ ᠣᠳᠣᠨ ᠲᠠᠰ ᠤᠨ ᠨᠢᠭᠦᠯᠡᠰᠦᠩᠭᠦᠢ ᠶᠢᠨ ᠬᠤᠳᠠ︾ ᠪᠠ ︽ᠪᠦᠬᠦ ᠣᠯᠣᠰ ᠤᠨ ᠬᠠᠮᠤᠭ ᠤᠨ ᠵᠣᠯ ᠵᠢᠷᠭᠠᠯᠳᠠᠢ ᠰᠠᠨᠠᠬᠳᠠᠬᠤ ᠬᠤᠳᠠ︾ ᠳᠤ ᠣᠷᠣᠪᠠ᠃       ———  ᠨᠠᠶᠢᠬᠡᠮ ᠤᠨ ᠣᠶᠢᠯᠠᠰ ᠰᠢᠨ᠎ᠠ ᠪᠠᠶᠢᠳᠠᠯ ᠲᠠᠢ ᠪᠣᠯᠪᠠ᠃ ᠰᠣᠷᠭᠠᠨ ᠬᠦᠮᠣᠵᠢᠯ ᠳᠤ ᠬᠡᠷᠩᠯᠠᠵᠣ ᠪᠠᠶᠢᠭ᠎ᠠ ᠡᠳ᠋ ᠤᠨ ᠵᠠᠰᠠᠭ ᠤᠨ ᠵᠠᠷᠣᠯᠭ᠎ᠠ 200 ᠭᠠᠷᠣᠢ ᠳ᠋ᠦᠩᠰᠢᠭᠤᠷ ᠲᠦᠭᠦᠷᠢᠭ ᠪᠠᠶᠢᠵᠣ᠂ ᠲᠣᠮᠳᠠᠳᠣ ᠪᠠᠭ᠎ᠠ ᠰᠣᠷᠭᠠᠭᠤᠯᠢ᠂ ᠬᠡᠣᠬᠡᠣᠨ ᠤᠨ ᠴᠠᠴᠠᠷᠯᠩ 107 ᠶᠢ ᠰᠢᠨ᠎ᠠ ᠪᠠᠷ ᠪᠠ ᠦᠷᠬᠡᠣᠡᠬᠡᠨ ᠪᠠᠶᠢᠭᠤᠯᠵᠣ ᠰᠣᠷᠭᠠᠭᠤᠯᠢ ᠪᠠᠶᠢᠷᠢ ᠶᠢᠨ ᠲᠠᠯᠠᠪᠠᠢ 50 ᠭᠠᠷᠣᠢ ᠲᠦᠮᠠᠨ ᠳᠡᠭᠰᠢ ᠲᠦᠷᠪᠠᠯᠵᠢᠨ ᠮᠧᠲᠷ ᠰᠢᠨ᠎ᠠ   ᠪᠠᠷ ᠨᠡᠮᠡᠭᠳᠡᠭᠦᠯᠪᠡ᠃ ᠰᠣᠷᠭᠠᠨ ᠬᠦᠮᠣᠵᠢᠯ ᠤᠨ ︽ᠭᠤᠷᠪᠠᠨ ᠲᠦᠷᠣᠯ ᠤᠨ ᠦᠭᠡᠷᠡᠴᠢᠯᠡᠯᠲᠡ︾   ᠶᠢᠨ ᠦᠷ᠎ᠠ ᠪᠦᠳᠣᠬᠡᠯ ᠢᠯᠠᠷᠬᠡᠢ ᠪᠣᠯᠵᠣ᠂ ᠪᠦᠬᠦ ᠣᠯᠣᠰ ᠤᠨ ᠬᠢᠴᠢᠶᠠᠯ ᠤᠨ ᠦᠭᠡᠷᠡᠴᠢᠯᠡᠯᠲᠡ ᠶᠢᠨ ᠣᠷᠣᠨ ᠪᠦᠰᠨ ᠶᠢᠨ ᠦᠯᠢᠬᠡᠷ ᠲᠠᠭᠤᠷᠢᠶᠠᠯ ᠪᠣᠯᠬᠤ ᠵᠢᠱᠢᠶ᠎ᠡ ᠦᠵᠡᠭᠦᠯᠬᠦ ᠠᠷᠪᠠᠨ ᠲᠤᠮᠤ ᠲᠣᠭᠤᠷᠢᠭ︾ ᠲᠤ ᠣᠷᠣᠪᠠ᠃ ᠦᠡᠳᠣᠰᠣᠳᠠᠨ ᠤ ᠰᠣᠷᠭᠠᠭᠤᠯᠢ ᠶᠢᠨ ᠮᠣᠩᠭᠤᠯ ᠢᠶᠠᠷ ᠬᠢᠴᠢᠶᠠᠯᠯᠠᠬᠦ ᠰᠣᠷᠣᠬᠴᠢᠣᠨ ᠲᠤ ᠦᠨ᠎ᠠ ᠲᠦᠯᠣᠪᠣᠷᠢ ᠦᠬᠡᠢ ᠪᠠᠷ ᠰᠣᠷᠭᠠᠨ ᠬᠦᠮᠣᠵᠢᠯ ᠬᠦᠷᠳᠠᠬᠡᠬᠦ ᠶᠢ ᠬᠠᠮᠤᠭ ᠲᠡᠷᠢᠬᠦᠨ ᠳᠤ ᠪᠦᠷᠬᠦᠬᠦᠯᠣᠭ᠍ᠰᠠᠨ ᠪᠠᠶᠢᠨ᠎ᠠ᠂ ᠭᠤᠣᠯᠯᠠᠬᠴᠢ  ᠣᠡᠴᠠᠶᠢᠯᠠᠳᠣ ᠠᠵᠣ ᠣᠶᠢᠯᠠᠰ ᠤᠨ ᠲᠣᠭᠤᠷᠢᠨ ᠳᠤ ᠣᠯᠣᠰ ᠪᠠ ᠦᠪᠠᠷᠳᠠᠬᠡᠨ ᠵᠠᠰᠠᠬᠤ ᠣᠷᠣᠨ ᠤ ᠰᠢᠡᠵᠢᠯᠠᠬᠡᠨ ᠮᠠᠷᠬᠡᠵᠢᠯ ᠤᠨ ᠲᠦᠷᠣᠯ ᠵᠣᠶᠢᠯ ᠨᠠᠶᠢᠳᠠ 153 ᠶᠢ ᠶᠠᠪᠣᠬᠳᠡᠭᠤᠯᠪᠠ᠃ ᠬᠤᠰᠢᠭᠤ ᠰᠢᠶᠠᠨ ᠤ ᠡᠮᠨᠠᠯᠬᠡ ᠶᠢᠨ ᠬᠤᠷᠢᠶᠠᠨ ᠳᠤ ᠴᠦᠮ ᠡᠮ ᠤᠨ ᠵᠣᠶᠢᠯ ᠢ ᠲᠩ ᠵᠦᠷᠢᠶᠠᠳᠣ ᠨᠣᠷᠮ᠎ᠡ ᠪᠠᠷ ᠪᠣᠷᠣᠯᠠᠭᠤᠯᠬᠤ ᠶᠢ ᠬᠡᠷᠩᠵᠢᠬᠦᠯᠵᠣ᠂ ᠰᠢᠶᠠᠨ ᠤ ᠱᠠᠳᠣᠨ ᠤ 5  ᠡᠮᠨᠠᠯᠬᠡ ᠶᠢᠨ ᠬᠤᠷᠢᠶ᠎ᠠ ᠨᠢ ᠬᠤᠶᠠᠳᠣᠭᠠᠷ ᠲᠠᠰ ᠤᠨ ᠬᠦᠬᠡᠴᠢᠨ ᠵᠠᠷᠬᠡ ᠡᠮᠨᠠᠯᠬᠡ ᠶᠢᠨ ᠬᠤᠷᠢᠶ᠎ᠠ ᠶᠢ ᠴᠣᠬᠴᠠᠯᠠᠪᠠ᠃ ᠡᠯ᠎ᠡ ᠱᠠᠳᠣᠨ ᠤ ᠡᠮᠨᠠᠯᠬᠡ ᠡᠷᠠᠬᠦᠯ ᠬᠠᠮᠠᠭᠠᠯᠠᠯ ᠤᠨ ᠡᠯ᠎ᠠ ᠲᠦᠷᠣᠯ ᠪᠠᠶᠢᠭᠤᠯᠣᠮᠵᠢ 1981 ᠳᠤ ᠬᠦᠷᠪᠡ᠃ ᠣᠯᠠᠨ ᠨᠠᠶᠢᠳᠠ ᠶᠢᠨ ᠡᠷᠠᠬᠦᠯ ᠬᠠᠮᠠᠭᠠᠯᠠᠯ ᠤᠨ ᠦᠡᠳᠣᠰᠣᠨ ᠦᠢᠯᠠᠴᠢᠯᠡᠭᠡ ᠪᠠ ᠢᠳᠠᠬᠡᠨ ᠡᠮ ᠤᠨ ᠵᠣᠶᠢᠯ ᠤᠨ ᠬᠢᠨᠠᠨ ᠬᠠᠮᠢᠶᠠᠷᠣᠯᠳᠠ ᠶᠢᠨ ᠠᠵᠢᠯ ᠪᠦᠬᠦ ᠣᠷᠣᠨ ᠤ ᠡᠮᠣᠨ᠎ᠠ ᠮᠦᠷ ᠲᠤ ᠦᠰᠣᠷᠣᠨ ᠣᠷᠣᠪᠠ᠃ ᠦᠠᠳᠣᠰᠣᠨ ᠱᠠᠳᠣᠨ ᠤ ᠰᠣᠶᠣᠯ ᠤᠨ ᠠᠵᠢᠯᠯᠠᠭᠠᠨ ᠤ ᠭᠠᠵᠠᠷ ᠲᠠᠯᠠᠪᠠᠢ 1654 ᠪᠠᠶᠢᠭᠤᠯᠵᠣ᠂  ︽ᠵᠢᠷᠣᠮᠳᠣ ᠲᠠᠶᠢᠴᠢᠨ ᠴᠠᠬᠠᠷ︾ ᠵᠠᠷᠬᠡ ᠪᠦᠳᠣᠬᠡᠯ ᠤᠨ ᠰᠢᠯᠢᠳ᠋ᠩ ᠵᠣᠬᠢᠶᠠᠯ ᠤᠳ ᠪᠦᠬᠦ ᠣᠯᠣᠰ᠂ ᠪᠦᠬᠦ ᠣᠷᠣᠨ ᠤ ᠱᠠᠩᠨᠠᠯ ᠤᠳ ᠢ ᠣᠯᠪᠠ᠃ ᠣᠯᠠᠨ ᠣᠯᠣᠰ ᠤᠨ ᠮᠠᠷᠬᠡᠣᠨ᠂ ᠠᠽᠧᠶ᠎ᠠ ᠲᠢᠪ ᠤᠨ ᠡᠮᠩᠳᠠᠢ ᠶᠢᠨ ᠪᠣᠣᠺᠠᠰ ᠤᠨ ᠮᠠᠩᠯᠠᠢ ᠰᠢᠯᠠᠭᠠᠷᠠᠭᠤᠯᠬᠤ ᠣᠷᠣᠯᠳᠣᠭᠠᠨ ᠵᠠᠷᠬᠡ ᠲᠣᠮᠣ ᠣᠷᠣᠯᠳᠣᠭᠠᠨ ᠤᠳ ᠢ ᠠᠮᠵᠢᠯᠳᠠ ᠲᠠᠢ ᠡᠷᠬᠢᠯᠠᠵᠣ  ᠂ 46 ᠲᠣᠮᠳᠠᠳᠣ ᠪᠠᠭ᠎ᠠ ᠰᠣᠷᠭᠠᠭᠤᠯᠢ ᠣᠯᠣᠰ ᠤᠨ ᠲᠠᠰ ᠤᠨ ᠰᠣᠷᠭᠠᠭᠤᠯᠢ ᠶᠢᠨ ᠬᠦᠯ ᠪᠦᠮᠪᠦᠭᠡ ᠶᠢᠨ ᠣᠡᠴᠠᠯᠢᠬᠳᠣ ᠰᠣᠷᠭᠠᠭᠤᠯᠢ ᠪᠣᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2