ᠲᠠᠯ᠎ᠠ ᠨᠤᠲᠤᠭ ᠤᠨ ᠲᠥᠮᠥᠰᠥᠨ ᠤ ᠮᠦᠽᠧᠶ
ᠨᠡᠶᠢᠲᠡᠯᠡᠭᠰᠡᠨ ᠴᠠᠭ᠄
2019/8/12
           ᠮᠦᠽᠧᠶ ᠳᠤ ᠪᠦᠷᠢᠨ ᠵᠠᠩᠬᠢᠳᠤ ᠸᠢᠳᠢᠤ᠋ ᠮᠡᠷᠭᠡᠵᠢᠯ ᠢᠶᠠᠷ ᠲᠦᠮᠦᠰᠦᠨ ᠤ ᠵᠢᠷᠤᠭ ᠤᠨ ᠵᠢᠭᠰᠠᠯ ᠢ ᠳᠡᠯᠭᠡᠨ ᠦᠵᠡᠭᠦᠯᠪᠠ
                 3D ᠳᠠᠷᠤᠮᠠᠯᠯᠠᠬᠤ ᠮᠡᠷᠭᠡᠵᠢᠯ ᠢᠶᠠᠷ ᠪᠠᠭᠤᠯᠭᠠᠭᠰᠠᠨ ᠲᠥᠮᠥᠰᠥ
                 ᠮᠦᠽᠧᠶ ᠳᠤ ᠳᠡᠯᠭᠡᠨ ᠦᠵᠡᠭᠦᠯᠵᠦ ᠪᠠᠶᠢᠭ᠎ᠠ ᠳᠡᠯᠡᠬᠡᠶ ᠳᠡᠭᠡᠷᠡᠬᠢ ᠬᠠᠮᠤᠭ ᠤᠨ ᠤᠨᠴᠠᠯᠢᠭ ᠲᠠᠢ ᠲᠥᠮᠥᠰᠥ ᠶᠢᠨ ᠲᠥᠷᠥᠯ ᠵᠦᠢᠯ
               ᠲᠥᠮᠥᠰᠥᠨ ᠤ ᠬᠦᠪᠦᠷᠡᠯ ᠤᠨ ᠵᠠᠭᠪᠤᠷ
          ᠵᠤᠭᠠᠴᠠᠭᠰᠠᠳ ᠮᠦᠽᠧᠶ ᠳᠤ ᠳᠤᠮᠳᠠᠳᠤ ᠤᠯᠤᠰ ᠤᠨ ᠴᠢᠨᠠᠷ ᠰᠠᠶᠢᠲᠠᠶ ᠲᠥᠮᠥᠰᠥᠨ ᠤ ᠥᠰᠥᠯᠲᠡ ᠶᠢᠨ ᠪᠦᠰᠡ ᠶᠢ ᠰᠡᠭᠦᠳᠡᠷᠯᠡᠵᠦ ᠪᠠᠶᠢᠭ᠎ᠠ ᠨᠢ      ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠦᠷᠢᠶᠡᠯᠡᠩ ᠳᠤ᠂ ᠳᠤᠮᠳᠠᠳᠤ ᠤᠯᠤᠰ ᠤᠨ ᠲᠦᠮᠦᠰᠦᠨ ᠤ ᠲᠦᠪ ᠤᠨ ᠮᠦᠽᠧᠶ ᠪᠠᠶᠢᠷᠢᠰᠢᠵᠤ ᠪᠣᠶ᠃ ᠳᠡᠬᠦᠨ ᠢ ᠪᠡᠭᠡᠵᠢᠩ ᠤᠨ ᠺᠠᠶ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠠᠴᠠ ᠪᠡᠯᠡ ᠤᠷᠤᠭᠤᠯᠤᠨ ᠪᠠᠶᠢᠭᠤᠯᠵᠤ᠂ ᠨᠡᠶᠢᠳᠡ ᠬᠤᠶᠠᠷ ᠳᠠᠪᠬᠤᠷ᠂ ᠪᠠᠷᠢᠯᠭ᠎ᠠ ᠶᠢᠨ ᠲᠠᠯᠠᠪᠠᠢ ᠨᠢ 3500 ᠲᠡᠭᠰᠢ ᠳᠥᠷᠪᠡᠯᠵᠢᠨ ᠮᠧᠲᠷ ᠪᠠᠶᠢᠵᠤ᠂ ᠦᠵᠡᠰᠬᠦᠯᠡᠩ᠂ ᠰᠢᠨᠵᠢᠯᠡᠬᠦ ᠤᠬᠠᠭᠠᠨ  ᠤ ᠲᠦᠭᠡᠮᠡᠯᠵᠢᠭᠦᠯᠤᠯᠳᠠ᠂ ᠪᠡᠶᠡᠴᠢᠯᠡᠨ ᠣᠶᠢᠯᠠᠭᠠᠯᠳᠠ᠂ ᠬᠠᠷᠢᠯᠴᠠᠨ ᠬᠥᠳᠡᠯᠦᠯᠴᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠦᠵᠡᠰᠬᠦᠯᠡᠩ ᠤᠨ ᠣᠷᠳᠣᠨ ᠪᠣᠯᠤᠨ᠎ᠠ᠃      ᠲᠥᠮᠥᠰᠥᠨ ᠤ ᠮᠦᠽᠧᠶ ᠨᠢ ᠬᠥᠮᠦᠨ ᠲᠥᠷᠥᠯᠬᠢᠲᠡᠨ ᠲᠥᠮᠥᠰᠥ ᠶᠢ ᠬᠠᠮᠤᠭ ᠡᠷᠲᠡ ᠢᠯᠡᠷᠡᠭᠦᠯᠦᠭᠰᠡᠨ ᠠᠴᠠ ᠲᠥᠮᠥᠰᠥ ᠪᠠᠷ ᠡᠯ᠎ᠡ ᠵᠦᠢᠯ ᠤᠨ ᠠᠮᠳᠠᠳᠤ ᠢᠳᠡᠭᠡᠨ ᠦᠢᠯᠡᠳᠦᠭᠰᠡᠨ ᠲᠡᠤᠬᠡ ᠶᠢ ᠳᠡᠯᠭᠡᠨ ᠦᠵᠡᠭᠦᠯᠦᠭᠰᠡᠨ ᠪᠥᠭᠡᠳ ᠪᠠᠰᠠ ︽3D ᠳᠠᠷᠤᠮᠠᠯᠯᠠᠬᠤ ᠮᠡᠷᠭᠡᠵᠢᠯ︾ ᠢ ᠠᠰᠢᠭᠯᠠᠠ ᠵᠤᠭᠠᠴᠠᠭᠰᠠᠳ ᠲᠤ ᠲᠦᠮᠦᠰᠦᠨ ᠤ ᠤᠷᠭᠤᠯᠳᠠ ᠶᠢᠨ ᠪᠥᠬᠦ ᠶᠠᠪᠤᠴᠠ ᠶᠢ ᠦᠵᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠲᠥᠮᠥᠰᠥᠨ ᠤ ᠮᠦᠽᠧᠶ ᠶᠢᠨ ︽ᠣᠷᠣᠯᠠᠭᠴᠢ ᠳᠠᠷᠤᠭ᠎ᠠ︾᠂ ᠤᠶᠤᠨᠲᠤ ᠠᠪᠢᠶᠠᠨ ᠤ ᠮᠠᠰᠢᠨ ᠬᠥᠮᠦᠨ ︽ᠶᠢᠦ ᠶᠢᠦ︾᠂ ᠪᠡᠶᠡᠳᠦ ᠲᠥᠷᠥᠭᠳᠡᠯ ᠤᠨ ᠬᠠᠷᠢᠯᠴᠠᠨ ᠬᠦᠳᠡᠯᠦᠯᠴᠡᠭᠡ᠂ VR ᠲᠤᠷᠰᠢᠯᠲᠠ ᠶᠢᠨ ᠲᠠᠰᠤᠭ ᠵᠡᠷᠭᠡ ᠨᠢ ᠳᠠᠩ ᠴᠤᠯᠭᠤᠢ ᠮᠦᠽᠧᠶ ᠶᠢ ᠨᠢᠭᠡᠨ ᠰᠣᠨᠢᠷᠬᠠᠯᠲᠤ ᠴᠢᠨᠠᠷ᠂ ᠣᠷᠣᠯᠴᠠᠯᠭᠠᠳᠤ ᠴᠢᠨᠠᠷ ᠪᠠ ᠮᠡᠳᠡᠯᠭᠡᠲᠦ ᠴᠢᠨᠠᠷ ᠢ ᠨᠢᠭᠡ ᠴᠣᠭᠴᠠᠵᠢᠭᠤᠯᠤᠭᠰᠠᠨ ︽ᠵᠤᠭᠠᠴᠠᠯ ᠤᠨ ᠠᠵᠢᠯᠯᠠᠭ᠎ᠠ︾ ᠪᠣᠯᠭᠠᠨ ᠬᠤᠪᠢᠷᠠᠭᠤᠯᠪᠠ᠃      ᠤᠯᠠᠭᠠᠨᠴᠠᠪ ᠬᠤᠲᠠ ᠶᠢᠨ ᠲᠥᠮᠥᠰᠥ ᠲᠠᠷᠢᠬᠤ ᠲᠠᠯᠠᠪᠠᠢ ᠵᠢᠴᠢ ᠰᠣᠷᠭᠤᠭ ᠲᠥᠮᠥᠰᠥ ᠶᠢᠨ ᠵᠢᠯ ᠤᠨ ᠭᠠᠷᠤᠯᠲᠠ ᠴᠥᠮ ᠪᠥᠬᠦ ᠤᠯᠤᠰ ᠤᠨ ᠣᠷᠣᠨ ᠬᠤᠲᠠ ᠶᠢᠨ ᠲᠡᠰ ᠤᠨ ᠲᠡᠷᠢᠭᠦᠨ ᠳᠤ ᠤᠷᠤᠵᠤ ᠪᠠᠶᠢᠨ᠎ᠠ᠃ 2009 ᠤᠨ ᠳᠤ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ  ᠤᠨ ᠲᠥᠮᠥᠰᠦᠨ ᠤ ᠲᠥᠪ︾ ᠭᠡᠵᠦ ᠨᠡᠷᠡᠶᠢᠳᠦᠭᠳᠡᠪᠡ᠃                                                              ᠰᠡᠬᠦᠳᠡᠷ᠄ ᠯᠢ ᠭᠦᠸᠧ ᠳ᠋ᠦᠩ                                                              ᠤᠷᠴᠢᠭᠤᠯᠤᠭᠴᠢ᠄ ᠢᠷᠭᠤᠢ                                                              ᠬᠢᠨᠠᠭᠴᠢ᠄ ᠬᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2