ᠤᠯᠠᠭᠠᠨᠴᠠᠪ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019/8/15
    ᠤᠯᠠᠭᠠᠨᠴᠠᠪ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠪᠣᠯ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃ ᠪᠦᠬᠦ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠢ ᠭᠤᠣᠯᠯᠠᠨ ᠬᠠᠮᠢᠶᠠᠷᠴᠤ᠂ ᠨᠠᠮ ᠤᠨ ᠲᠥᠪ ᠬᠤᠷᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠴᠢᠭᠯᠡᠯᠲᠡ ᠲᠥᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠭᠠᠨ᠎ᠠ᠃ ᠣᠢ ᠰᠢᠭᠤᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠬᠤᠲᠠ ᠶᠢᠨ ᠣᠢ ᠰᠢᠭᠤᠶ᠂ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ᠂ ᠨᠤᠭᠤ ᠭᠠᠵᠠᠷ ᠤᠨ ᠡᠬᠢ ᠪᠠᠶᠠᠯᠢᠭ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠣᠢ ᠰᠢᠭᠤᠶ ᠶᠢᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠣᠢ ᠰᠢᠭᠤᠶ᠂ ᠨᠤᠲᠤᠭ ᠪᠡᠯᠴᠢᠭᠡᠷ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ  ᠢ ᠬᠠᠷᠢᠭᠤᠴᠠᠨ᠎ᠠ︔ ᠪᠦᠬᠦ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ᠂ ᠤᠯᠤᠰ ᠤᠨ ᠥᠮᠴᠢᠯᠡᠯᠲᠤ ᠭᠤᠣᠯᠳᠠᠯᠭ᠎ᠠ ᠲᠠᠢ ᠰᠢᠭᠤᠶᠢᠲᠤ ᠣᠷᠣᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠦᠷ᠎ᠡ ᠴᠢᠬᠢ ᠶᠢᠨ ᠦᠶᠯᠡᠳᠪᠦᠷᠢᠯᠡᠯ ᠵᠢᠴᠢ ᠣᠢ ᠰᠢᠭᠤᠶ᠂ ᠨᠤᠲᠤᠭ ᠪᠡᠯᠴᠢᠭᠡᠷ ᠤᠨ ᠰᠡᠷᠭᠡᠶᠢᠯᠡᠨ ᠵᠠᠰᠠᠯᠲᠠ᠂ ᠤᠯᠤᠰ ᠤᠨ ᠥᠮᠴᠢᠯᠡᠯ ᠤᠨ ᠣᠢ ᠰᠢᠭᠤᠶ ᠶᠢᠨ ᠲᠠᠯᠠᠪᠠᠢ᠂ ᠴᠢᠬᠢ ᠮᠣᠳᠣᠨ ᠤ ᠬᠦᠷᠢᠶᠡᠯᠡᠩ ᠵᠢᠴᠢ ᠦᠨᠳᠦᠰᠦᠨ ᠱᠠᠲᠤᠨ ᠤ ᠣᠢ ᠰᠢᠭᠤᠶ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠪᠦᠲᠦᠭᠡᠨ ᠪᠠᠶᠢᠭᠤᠯᠵᠤ ᠰᠡᠷᠭᠦᠭᠡᠬᠦ ᠪᠠ ᠣᠶᠢᠵᠢᠭᠤᠯᠵᠤ ᠨᠣᠭᠤᠭᠠᠷᠠᠭᠤᠯᠬᠤ ᠪᠠ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠣᠢ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠨ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔ ᠪᠦᠬᠦ ᠬᠤᠲᠠ ᠶᠢᠨ ᠠᠮᠢ ᠠᠬᠤᠢ ᠪᠠᠷ ᠶᠠᠳᠠᠭᠤ ᠶᠢ ᠲᠡᠳᠬᠦᠬᠦ ᠪᠠ ᠮᠠᠯ ᠠᠵᠤ ᠠᠬᠤᠢ ᠶᠢ ᠴᠠᠭᠠᠵᠠᠯᠠᠬᠤ ᠠᠵᠢᠯ ᠵᠡᠷᠭᠡ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠢᠨᠠᠯᠲᠠ ᠲᠠᠯᠪᠢᠨ᠎ᠠ᠃     ᠬᠠᠷᠢᠯᠴᠠᠬᠤ ᠬᠠᠶ᠋ᠢᠭ᠄ ᠵᠢᠨᠢᠩ ᠰᠢᠨ᠎ᠡ ᠲᠣᠭᠤᠷᠢᠭ ᠤᠨ ᠳᠥᠷᠪᠡᠳ ᠶᠡᠭᠡ ᠵᠡᠭᠡᠯᠢ ᠶᠢᠨ 18 ᠨᠣᠮᠧᠷ     ᠬᠠᠷᠢᠯᠴᠠᠬᠤ ᠤᠲᠠᠰᠤ᠄ 0474 — 8324129                                                                ᠣᠷᠴᠢᠭᠤᠯᠤᠭᠴᠢ᠄ ᠭᠤᠸ᠎ᠠ                                                                ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2