ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠳᠤᠪᠴᠢᠶ᠎ᠠ ᠨᠢ ᠬᠤᠲᠠ ᠶᠢᠨ ᠵᠠᠰᠠᠭ | ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠤᠯᠳᠠᠭᠤ ᠰᠢᠨ᠎ᠡ ᠬᠡᠯᠪᠡᠷᠢ ᠶᠢᠨ | ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠦ ᠶᠢᠨ ᠪᠣᠳᠣᠯᠭ᠎ᠠ ᠶᠢ | ᠲᠤᠭᠤᠰᠢᠯᠠᠭᠤᠯᠬᠤ ᠶᠢ ᠬᠠᠷᠢᠭᠤᠴᠠᠵᠤ᠂ ᠪᠦᠬᠦ ᠬᠤᠲᠠ ᠶᠢᠨ ᠠᠵᠤ ᠦᠶᠯᠡᠳᠪᠦᠷᠢ ᠶᠢᠨ ᠠᠵᠤ ᠠᠬᠤᠶ ᠪᠠ ᠮᠡᠳᠡᠭᠡ | ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠨ ᠤ | ᠬᠤᠲᠠ ᠶᠢᠨ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠬᠠᠷᠠᠯᠲᠠ ᠪᠠ ᠠᠷᠭ᠎ᠠ ᠬᠡᠮᠵᠢᠶ᠎ᠡ ᠶᠢ | ᠲᠤᠬᠢᠷᠠᠭᠤᠯᠤᠨ ᠡᠵᠡᠮᠳᠡᠵᠦ᠂ ᠠᠵᠤ ᠦᠶᠯᠡᠳᠪᠦᠷᠢ ᠶᠢᠨ ᠠᠵᠤ ᠠᠬᠤᠢ ᠶᠢᠨ ᠪᠠᠶᠢᠳᠠᠯ ᠪᠠ ᠬᠥᠭᠵᠢᠯᠲᠡ ᠶᠢᠨ | ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠶᠯ ᠢ ᠨᠤᠲᠠᠯᠠᠬᠤ᠂ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠠᠵᠤ | ᠦᠶᠯᠡᠳᠪᠦᠷᠢ ᠶᠢᠨ ᠲᠥᠷᠥᠯ ᠵᠦᠶᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠵᠣᠬᠢᠴᠠᠭᠤᠯᠤᠨ᠎ᠠ᠃ | ᠣᠷᠴᠢᠯ ᠠᠵᠤ ᠠᠬᠤᠢ ᠶᠢᠨ ᠲᠤᠷᠰᠢᠯᠲᠠ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠡᠬᠢ ᠪᠠᠶᠠᠯᠢᠭ ᠢ ᠠᠷᠪᠢᠯᠠᠬᠤ | ᠂ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠦᠬᠦ ᠬᠤᠲᠠ ᠶᠢᠨ ᠠᠵᠤ | ᠦᠶᠯᠡᠳᠪᠦᠷᠢ ᠶᠢᠨ ᠠᠵᠤ ᠠᠬᠤᠢ ᠶᠢᠨ ᠠᠵᠢᠯ ᠲᠥᠷᠥᠯ ᠤᠨ ᠲᠥᠯᠥᠪᠵᠢᠭᠦᠯᠭᠡ ᠶᠢ ᠲᠤᠭᠤᠷᠪᠢᠵᠤ᠂ ᠠᠵᠤ | ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠰᠠᠨᠠᠯ ᠢ ᠳᠤᠷᠠᠳᠤᠨ᠎ᠠ᠃ ᠪᠦᠬᠦ ᠨᠡᠶᠢᠭᠡᠮ ᠤᠨ ᠪᠤᠢ ᠪᠦᠬᠦᠢ | ᠳᠤᠮᠳᠠ ᠵᠢᠵᠢᠭ ᠠᠵᠤ ᠠᠬᠤᠶᠢᠯᠠᠯ ᠳᠤ ᠬᠤᠷᠸ᠎ᠠ ᠵᠢᠯᠣᠭᠤᠳᠤᠯᠭ᠎ᠠ ᠬᠢᠨ᠎ᠡ᠃ ᠨᠡᠶᠢᠭᠡᠮ ᠪᠣᠯᠤᠨ ᠠᠵᠤ ᠠᠬᠤᠢ ᠶᠢᠨ | ᠡᠯ᠎ᠡ ᠬᠦᠷᠢᠶᠡᠨ ᠤ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠨᠢᠭᠡᠴᠢ ᠶᠢᠨ ᠬᠠᠷᠢᠯᠴᠠᠬᠤ ᠤᠲᠠᠰᠤ᠄ | ᠠᠯᠪᠠᠨ ᠭᠡᠷ 0474 — 8321656 | ᠵᠢᠵᠢᠭᠦᠷ ᠤᠨ ᠲᠠᠰᠤᠭ᠄ 0474 — 8321651 | ᠹᠠᠺᠰ᠄ 0474 - 8321638 | ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠣᠨ ᠴᠠᠬᠠᠷ ᠪᠠᠷᠠᠭᠤᠨ ᠵᠡᠭᠡᠯᠢ | ᠪᠠᠶᠢᠭᠤᠯᠭ᠎ᠠ ᠶᠢᠨ ᠢᠮᠧᠯ᠄ w s j w 508 @ s o h u | ᠬᠤᠶᠠᠳᠤᠭᠠᠷ ᠲᠡᠰ ᠤᠨ ᠨᠢᠭᠡᠴᠢ ᠶᠢᠨ ᠬᠠᠷᠢᠯᠴᠠᠬᠤ ᠤᠲᠠᠰᠤ᠄ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠦᠶᠯᠡᠴᠢᠯᠡᠭᠡᠨ ᠤ ᠠᠯᠪᠠᠨ ᠭᠡᠷ᠄ | 8151507 | ᠵᠠᠳᠠᠭᠠᠶ ᠱᠦᠶᠨᠢ ᠶᠢᠨ ᠠᠯᠪᠠᠨ ᠭᠡᠷ᠄ 8321366 | ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠲᠥᠪ᠄ 8321660 | ᠭᠠᠷ ᠦᠶᠯᠡᠳᠪᠦᠷᠢ ᠶᠢᠨ ᠬᠤᠯᠪᠣᠭᠠᠲᠤ ᠬᠤᠷᠰᠢᠶ᠎ᠠ ᠶᠢᠨ ᠠᠯᠪᠠᠨ ᠭᠡᠷ᠄ 8321655 | ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠳᠡ ᠶᠢᠨ ᠦᠶᠯᠡᠴᠢᠯᠡᠭᠡᠨ ᠤ ᠲᠥᠪ᠄ 8983359 | ᠨᠠᠶᠢᠷᠠᠭᠤᠯᠤᠭᠴᠢ᠄ ᠬᠦᠰᠡᠯ | ᠬᠢᠨᠠᠭᠴᠢ᠄ ᠭᠡᠷᠡᠯᠳᠤ | |