1 — 7 ᠰᠠᠷ᠎ᠠ ᠳᠤ ᠪᠦᠬᠦ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2019/8/20
    1 — 7 ᠰᠠᠷ᠎ᠠ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 272 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠨ ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 93.5 % ᠶᠢ ᠡᠵᠡᠯᠡᠪᠡ᠃ 7 ᠳ᠋ᠤᠭᠠᠷ ᠰᠠᠷ᠎ᠠ ᠶᠢᠨ ᠲᠣᠰ ᠰᠠᠷ᠎ᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 40.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.5 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 13 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃     ᠠᠵᠤ ᠦᠢᠯᠡᠳᠪᠦᠷᠢ ᠶᠢᠨ ᠠᠵᠢᠯ ᠲᠥᠷᠥᠯ ᠠᠴᠠ ᠦᠵᠡᠪᠡᠯ᠂ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ ᠨᠡᠯᠢᠶᠡᠳ ᠶᠡᠭᠡ ᠪᠠᠶᠢᠵᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠨᠡᠮᠡᠭᠳᠡᠯ ᠳᠤ ᠦᠵᠡᠬᠦᠯᠦᠭᠰᠡᠨ ᠬᠤᠪᠢ ᠨᠡᠮᠡᠷᠢ ᠨᠢ ᠨᠡᠯᠢᠶᠡᠳ ᠶᠡᠭᠡ ᠪᠤᠯᠤᠨ᠎ᠠ᠃ 7 ᠰᠠᠷ᠎ᠠ ᠶᠢᠨ ᠡᠴᠦᠰ ᠪᠣᠯᠲᠠᠯ᠎ᠠ᠂ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 246.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.3 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 84.7 % ᠶᠢ ᠡᠵᠡᠯᠡᠵᠦ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢ 24.1 ᠵᠠᠭᠤᠨ ᠤ ᠬᠤᠪᠢ ᠶᠢᠨ ᠴᠡᠭ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 99.9 % ᠳᠤ ᠬᠦᠷᠴᠡᠶ︔ ᠠᠭᠤᠷᠬᠠᠶ ᠮᠠᠯᠲᠠᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ ᠨᠡᠶᠢᠲᠡ 1.2 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 0.4 % ᠪᠣᠯᠤᠨ᠎ᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶ᠎ᠡ 24.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1 % ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ 8.3 % ᠶᠢ ᠡᠵᠡᠯᠡᠪᠡ᠃ ᠵᠢᠷᠭᠤᠭᠠᠨ ᠲᠤᠮᠤ ᠡᠨᠧᠷᠬᠢ ᠤᠨ ᠬᠤᠷᠤᠭᠳᠠᠯ ᠢᠶᠠᠷ ᠶᠡᠭᠡ ᠠᠵᠢᠯ ᠲᠥᠷᠥᠯ ᠤᠨ ᠳᠣᠲᠣᠷ᠎ᠠ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠢᠴᠢ ᠳᠠᠷᠤᠰᠢᠭᠤᠯᠤᠨ ᠰᠤᠩᠭᠠᠵᠤ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶᠡᠨ ᠤ ᠬᠠᠷᠢᠴᠠᠯᠠᠰᠢ ᠦᠭᠡᠢ ᠬᠡᠮᠵᠢᠶ᠎ᠡ ᠨᠢ ᠡᠯ᠎ᠡ ᠠᠵᠢᠯ ᠲᠥᠷᠥᠯ ᠤᠨ ᠲᠡᠷᠢᠭᠦᠨ ᠳᠤ ᠲᠠᠯᠪᠢᠭᠳᠠᠭᠰᠠᠭᠠᠷ ᠢᠷᠡᠵᠡᠢ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠢᠴᠢ ᠳᠠᠷᠤᠰᠢᠭᠤᠯᠤᠨ ᠰᠤᠩᠭᠠᠵᠤ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 161.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.9 % ᠪᠠᠷ ᠨᠡᠮᠡᠭᠳᠡᠨ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢ 23.5 ᠵᠠᠭᠤᠨ ᠤ ᠬᠤᠪᠢ ᠶᠢᠨ ᠴᠡᠭ ᠨᠡᠮᠡᠭᠳᠡᠭᠦᠯᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 55.6 % ᠶᠢ ᠡᠵᠡᠯᠡᠪᠡ︔ ᠬᠢᠮᠢ ᠶᠢᠨ ᠲᠦᠭᠦᠬᠡᠶ ᠮᠠᠲ᠋ᠧᠷᠢᠶᠠᠯ ᠵᠢᠴᠢ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 63.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4 % ᠪᠠᠷ ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 8 % ᠪᠠᠶᠢᠪᠠ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 15.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 80.3 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 5.2 % ᠪᠣᠯᠤᠨ᠎ᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 23.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1 % ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 8. 1 % ᠶᠢ ᠡᠵᠡᠯᠡᠪᠡ︔ ᠦᠩᠭᠡᠳᠦ ᠲᠡᠮᠦᠷᠯᠢᠭ ᠪᠣᠯᠪᠠᠰᠤᠷᠠᠭᠤᠯᠬᠤ ᠵᠢᠴᠢ ᠳᠠᠷᠤᠰᠢᠭᠤᠯᠤᠨ ᠰᠤᠩᠭᠠᠵᠤ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.3 % ᠪᠠᠷ ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 0.7 % ᠶᠢ ᠡᠵᠡᠯᠡᠪᠡ᠃                                                                                ᠵᠣᠬᠢᠶᠠᠭᠴᠢ᠄ ᠸᠠᠩ ᠴᠢᠨ                                              ᠤᠷᠴᠢᠭᠤᠯᠤᠭᠴᠢ᠄ ᠢᠷᠭᠤᠢ                                              ᠬᠢᠨᠠᠭᠴᠢ᠄ ᠬᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2