ᠶᠡᠷᠦᠩᠬᠡᠢ ᠪᠡᠯᠡ ᠣᠷᠣᠭᠤᠯᠦᠯᠳᠠ ᠨᠢ 45 ᠳ᠋ᠦᠩᠰᠢᠭᠤᠷ ᠲᠥᠭᠦᠷᠢᠭ ᠤᠨ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠶᠢᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2019/8/20
     ᠳ᠋ᠦ᠋ ᠰᠢᠤᠸᠠᠢ ᠵᠢᠶᠦ᠋ᠨ ᠣᠷᠣᠯᠴᠠᠵᠤ ᠹᠧᠶ ᠳ᠋ᠦᠩ ᠪᠢᠨ ᠪᠠᠶᠠᠷ ᠤᠨ ᠦᠭᠡ ᠬᠡᠯᠡᠵᠡᠶ᠃     ᠨᠠᠶᠢᠮᠠᠨ ᠰᠠᠷ᠎ᠠ ᠶᠢᠨ ᠤᠯᠠᠭᠠᠨᠴᠠᠪ ᠲᠤ ᠰᠠᠷᠢᠭᠦᠨ ᠰᠠᠯᠬᠢ ᠰᠡᠩᠬᠢᠨᠠᠨ᠂ ᠴᠡᠴᠡᠭ ᠵᠢᠮᠢᠰ ᠤᠨ ᠦᠨᠦᠷ ᠬᠠᠩᠬᠤᠯᠤᠨ᠎ᠠ᠃ 8 ᠰᠠᠷ᠎ᠠ ᠶᠢᠨ 8 ᠤ ᠡᠳᠦᠷ᠂ ᠶᠡᠷᠦᠩᠬᠡᠶ ᠪᠡᠯᠡ ᠣᠷᠣᠭᠤᠯᠤᠯᠲᠠ ᠨᠢ 45 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠶᠢᠨ ᠪᠠᠷᠢᠯᠭ᠎ᠠ ᠡᠬᠢᠯᠡᠬᠦ ᠶᠣᠰᠣᠯᠠᠯ ᠶᠠᠪᠤᠬᠳᠠᠭᠤᠯᠪᠠ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠯᠠᠭᠠᠨᠴᠠᠪ ᠤᠨ ᠲᠥᠪ ᠬᠤᠲᠠ ᠶᠢᠨ ᠲᠣᠭᠤᠷᠢᠭ ᠲᠤ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠤᠭᠤᠰᠣᠨ ᠢ ᠨᠥᠬᠦᠪᠥᠷᠢᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠣᠷᠣᠨ ᠵᠠᠶ ᠶᠢ ᠳᠡᠭᠡᠭᠰᠢᠯᠡᠭᠦᠯᠬᠦ᠂ ᠬᠤᠲᠠ ᠶᠢᠨ ᠠᠴᠢᠶᠠᠯᠠᠪᠤᠷᠢ ᠶᠢᠨ ᠴᠢᠳᠠᠪᠤᠷᠢ ᠶᠢ ᠴᠢᠩᠭᠠᠷᠠᠭᠤᠯᠬᠤ᠂ ᠬᠤᠲᠠ ᠶᠢᠨ ᠳᠡᠭᠡᠳᠦ ᠲᠡᠰ ᠤᠨ ᠬᠤᠳᠠᠯᠳᠤᠭᠠᠨ ᠤ ᠲᠣᠭᠤᠷᠢᠭ ᠪᠦᠷᠢᠯᠳᠦᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃     ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ᠂ ᠸᠠᠨ ᠳ᠋ᠠ ᠭᠡᠷ ᠬᠥᠷᠥᠩᠭᠡ ᠶᠢᠨ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠭᠴᠢ ᠬᠤᠸᠠᠩ ᠭᠦᠸᠧ ᠪᠢᠨ ᠪᠠᠶᠠᠷ ᠤᠨ ᠦᠭᠡ ᠬᠡᠯᠡᠪᠡ᠃ ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠵᠠᠩ ᠵᠢᠶᠦ᠋ᠨ᠂ ᠸᠠᠩ ᠰᠢᠨ ᠢᠦᠶ᠂ ᠼᠠᠩ ᠳ᠋ᠤᠤ ᠶᠤᠸᠠᠨ ᠪᠠᠷᠢᠯᠭ᠎ᠠ ᠡᠬᠢᠯᠡᠭᠦ ᠶᠣᠰᠣᠯᠠᠯ ᠳᠤ ᠣᠷᠣᠯᠴᠠᠪᠠ᠃  ᠹᠧᠶ ᠳ᠋ᠦᠩ ᠪᠢᠨ ᠪᠠᠶᠠᠷ ᠤᠨ ᠦᠭᠡ ᠬᠡᠯᠡᠬᠦ ᠳᠡᠭᠡᠨ ᠂ ᠸᠠᠨ ᠳ᠋ᠠ ᠪᠦᠯᠦᠭᠯᠡᠯ ᠤᠯᠠᠭᠠᠨᠴᠠᠪ ᠬᠤᠲᠠ ᠳᠤ ᠰᠠᠭᠤᠷᠢᠰᠢᠵᠤ᠂ ᠮᠠᠨ ᠤ ᠬᠤᠲᠠ ᠶᠢᠨ ᠭᠤᠤᠯ ᠬᠤᠲᠠ ᠲᠣᠭᠤᠷᠢᠭ ᠤᠨ ᠬᠤᠳᠠᠯᠳᠤᠭᠠᠨ ᠤ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠬᠦ᠂ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠪᠡᠯᠭᠡ ᠲᠡᠮᠳᠡᠭ ᠤᠨ ᠬᠦᠰᠢᠶ᠎ᠠ ᠶᠢ ᠪᠤᠰᠬᠠᠪᠠ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠠᠶᠤᠯᠭᠦᠶ ᠦᠢᠯᠡᠳᠪᠦᠷᠢᠯᠡᠯ᠂ ᠪᠣᠯᠪᠠᠰᠤᠨ ᠢᠶᠠᠷ ᠪᠠᠷᠢᠯᠭ᠎ᠠ ᠪᠠᠷᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠠᠬᠢᠭᠤᠯᠵᠤ᠂ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠶᠢᠨ ᠲᠥᠷᠥᠯ ᠵᠦᠢᠯ ᠢ ᠲᠡᠷᠢᠭᠦᠨ ᠵᠡᠷᠭᠡ ᠶᠢᠨ ᠴᠢᠨᠠᠷ ᠰᠠᠶᠢᠲᠠᠶ ᠢᠨᠵᠧᠨᠧᠷᠢᠩ᠂ ᠣᠷᠣᠨ ᠨᠤᠲᠤᠭ ᠤᠨ ᠪᠡᠯᠭᠡᠳᠡᠯ ᠤᠨ ᠴᠢᠨᠠᠷᠲᠡᠢ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠶ ᠦᠢᠯᠡᠴᠢᠯᠡᠬᠡᠨ ᠤ ᠪᠠᠲᠤᠯᠠᠭ᠎ᠠ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠡᠵᠡᠩᠨᠡᠯᠲᠡ ᠬᠢᠬᠦ ᠶᠢ ᠪᠠᠳᠤᠯᠠᠨ᠎ᠠ᠃ ᠪᠠᠰᠠ ᠬᠤᠶᠠᠷ ᠲᠠᠯ᠎ᠠ ᠪᠠᠷ ᠢᠶᠠᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭ᠎ᠠ ᠳᠤ ᠬᠠᠮᠲᠤᠷᠠᠯᠴᠠᠭ᠎ᠠ ᠶᠢ ᠡᠷᠢᠯᠬᠢᠯᠡᠵᠦ᠂ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠬᠤᠸᠠᠩ ᠭᠦᠸᠧ ᠪᠢᠨ ᠪᠠᠶᠠᠷ ᠤᠨ ᠦᠭᠡ ᠬᠡᠯᠡᠬᠦ ᠳᠡᠭᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠡᠯ᠎ᠡ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠸᠠᠨ ᠳ᠋ᠠ ᠪᠦᠯᠦᠭᠯᠡᠯ 31 ᠵᠢᠯ ᠤᠨ ᠬᠥᠭᠵᠢᠯᠲᠡ ᠪᠠᠷ ᠳᠠᠮᠵᠢᠨ᠂ ᠭᠠᠵᠠᠷ ᠰᠢᠷᠣᠶ ᠭᠡᠷ ᠬᠥᠷᠥᠩᠭᠡ᠂ ᠬᠤᠳᠠᠯᠳᠤᠭᠠᠨ ᠤ ᠬᠠᠮᠢᠶᠠᠷᠤᠯᠲᠠ᠂ ᠰᠣᠶᠣᠯ᠂ ᠪᠡᠯᠡ ᠣᠷᠣᠭᠤᠯᠤᠯᠲᠠ ᠵᠡᠷᠭᠡ ᠳᠥᠷᠪᠡᠨ ᠶᠡᠭᠡ ᠠᠵᠤ ᠦᠢᠯᠡᠰ ᠤᠨ ᠪᠦᠯᠦᠭᠯᠡᠯ ᠢ ᠪᠠᠭᠲᠠᠭᠠᠭᠰᠠᠨ ᠲᠣᠮᠣ ᠬᠡᠯᠪᠡᠷᠢ ᠶᠢᠨ ᠤᠯᠤᠰ ᠠᠯᠤᠰᠯᠠᠭᠰᠠᠨ ᠠᠵᠤ ᠠᠬᠤᠶᠢᠢᠯᠠᠯ ᠪᠣᠯᠵᠠᠶ᠃ ᠸᠠᠨ ᠳ᠋ᠠ ᠪᠦᠯᠦᠭᠯᠡᠯ ᠨᠢ ᠠᠯᠢ ᠨᠢᠭᠡ ᠬᠤᠲᠠ ᠳᠤ ᠣᠷᠣᠬᠤ ᠪᠦᠷᠢ ᠲᠤᠬᠠᠶ ᠶᠢᠨ ᠭᠠᠵᠠᠷ ᠤᠨ ᠬᠤᠳᠠ ᠳᠤ ᠬᠥᠭᠵᠢᠯ ᠪᠠᠳᠠᠷᠠᠯ ᠢ ᠪᠤᠢ ᠪᠤᠯᠭᠠᠳᠠᠬ ᠶᠤᠮ᠃ ᠣᠳᠣ᠂ ᠸᠠᠨ ᠳ᠋ᠠ ᠪᠦᠯᠦᠭᠯᠡᠯ ᠤᠯᠠᠭᠠᠨᠴᠠᠪ ᠲᠤ ᠰᠠᠭᠤᠷᠢᠰᠢᠵᠤ᠂ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠷ ᠪᠦᠬᠦ ᠬᠦᠴᠦᠨ ᠢᠶᠠᠷ ᠢᠶᠠᠨ ᠲᠥᠷᠥᠯ ᠵᠦᠢᠯ ᠤᠨ ᠤᠷᠤᠭᠰᠢᠲᠠᠶ ᠠᠬᠢᠵᠢᠬᠤ ᠶᠢ ᠪᠠᠲᠤᠯᠠᠵᠤ᠂ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠶᠢ ᠵᠢᠨᠢᠩ ᠤᠨ ᠬᠤᠲᠠ ᠲᠤᠭᠤᠷᠢᠬ ᠤᠨ ᠰᠢᠨ᠎ᠡ ᠪᠡᠯᠭᠡᠳᠡᠯ ᠤᠨ ᠬᠦᠰᠢᠶ᠎ᠠ ᠲᠡᠮᠳᠡᠭ ᠪᠣᠯᠭᠠᠨ ᠪᠠᠶᠢᠭᠤᠯᠵᠤ᠂ ᠤᠯᠠᠭᠠᠨᠴᠠᠪ ᠤᠨ ᠬᠥᠷ ᠨᠠᠷᠭᠢᠶᠠᠨᠲᠤ ᠴᠣ ᠰᠢᠨ᠎ᠡ ᠬᠠᠭᠤᠳᠠᠰᠤ ᠶᠢ ᠨᠡᠭᠡᠭᠡᠬᠦ ᠪᠤᠯᠤᠨ᠎ᠠ ᠭᠡᠪᠡ᠃ ᠪᠠᠷᠢᠯᠭ᠎ᠠ ᠡᠬᠢᠯᠡᠬᠦ ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠮᠲᠤᠪᠠᠷ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠶᠢᠨ ᠲᠥᠷᠥᠯ ᠵᠦᠢᠯ ᠢ ᠡᠬᠢᠯᠡᠭᠦᠯᠵᠦ᠂ ᠲᠥᠷᠥᠯ ᠵᠦᠢᠯ ᠤᠨ ᠰᠠᠭᠤᠷᠢ ᠲᠠᠯᠪᠢᠵᠤ ᠰᠢᠷᠣᠶ ᠨᠡᠮᠡᠬᠦ ᠠᠵᠢᠯᠯᠠᠭ᠎ᠠ ᠳᠤ ᠤᠷᠤᠯᠴᠠᠪᠠ᠃         ᠣᠶᠢᠯᠠᠭᠠᠭᠰᠠᠨ ᠢᠶᠠᠷ᠂ ᠵᠢᠨᠢᠩ ᠤᠨ ᠸᠠᠨ ᠳ᠋ᠠ ᠠᠭᠤᠳᠠᠮ ᠲᠠᠯᠠᠪᠠᠢ ᠪᠣᠯ ᠸᠠᠨ ᠳ᠋ᠠ ᠪᠦᠯᠦᠭᠯᠡᠯ ᠤᠨ ᠪᠥᠬᠦ ᠤᠯᠤᠰ ᠲᠠᠬᠢ 286 ᠳ᠋ᠤᠭᠠᠷ᠂ ᠥᠪᠥᠷ ᠮᠣᠩᠭᠤᠯ ᠤᠨ 12 ᠳ᠋ᠤᠭᠠᠷ ᠸᠠᠨ ᠳ᠋ᠠ ᠲᠠᠯᠠᠪᠠᠢ ᠪᠣᠯᠤᠨ᠎ᠠ᠃ ᠲᠥᠷᠥᠯ ᠵᠦᠢᠯ ᠨᠢ 350 ᠮᠦ ᠭᠠᠵᠠᠷ ᠡᠵᠡᠯᠡᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 56 ᠲᠦᠮᠡᠨ ᠮᠦ ᠪᠠᠶᠢᠵᠤ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠯ᠂ ᠰᠣᠶᠣᠯ᠂ ᠵᠤᠭ᠎ᠠ ᠴᠡᠩᠭᠡᠯ᠂ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠶᠡᠷᠦᠩᠬᠡᠶᠢᠯᠡᠭᠰᠡᠨ ᠴᠣᠭᠴᠠ ᠪᠣᠯᠤᠨ᠎ᠠ᠂ ᠳᠣᠲᠣᠭᠠᠳᠤ ᠡᠵᠡᠩᠨᠡᠯᠲᠡ ᠶᠢᠨ ᠪᠠᠶᠢᠳᠠᠯ ᠳᠤ ᠣᠯᠠᠨ ᠤᠯᠤᠰ ᠤᠨ ᠺᠢᠨᠣ᠋ ᠶᠢᠨ ᠬᠤᠲᠠ᠂ ᠲᠣᠮᠣ ᠬᠡᠯᠪᠡᠷᠢ ᠶᠢᠨ ᠴᠢᠯᠦᠭᠡᠳᠦ ᠳᠡᠯᠭᠡᠭᠦᠷ᠂ ᠬᠡᠤᠬᠡᠳ ᠤᠨ ᠵᠤᠭ᠎ᠠ ᠴᠡᠩᠭᠡᠯ᠂ ᠭᠡᠷ ᠳᠣᠲᠣᠷᠠᠬᠢ ᠬᠤᠳᠠᠯᠳᠤᠭᠠᠨ ᠤ ᠶᠠᠪᠠᠭᠠᠨ ᠵᠡᠭᠡᠯᠢ᠂ ᠣᠷᠣᠨ ᠰᠠᠭᠤᠴᠠ ᠵᠡᠷᠭᠡ ᠶᠢ ᠪᠠᠭᠲᠠᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 3 ᠵᠢᠯ ᠪᠠᠶᠢᠵᠤ᠂ ᠬᠤᠳᠠᠯᠳᠤᠭᠠᠨ ᠤ ᠬᠡᠰᠡᠭ ᠨᠢ ᠵᠢᠱᠢᠯᠲᠡ ᠪᠠᠷ 2021 ᠤᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠵᠡᠩᠨᠡᠯᠲᠡ ᠳᠤ ᠣᠷᠣᠭᠤᠯᠬᠤ ᠪᠤᠯᠤᠨ᠎ᠠ᠃  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2