7 ᠰᠠᠷ᠎ᠠ ᠳᠤ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ 520 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2019/8/21
    7 ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠦᠷᠭᠡᠨ ᠨᠡᠮᠡᠭᠳᠡᠯ  ᠢ ᠦᠷᠭᠦᠯᠵᠢᠯᠡᠨ ᠪᠠᠲᠤᠯᠠᠵᠤ᠂ 1 — 7 ᠰᠠᠷ᠎ᠠ ᠳᠤ ᠠᠵᠤ ᠦᠶᠯᠡᠳᠪᠦᠷᠢ ᠶᠢᠨ ᠶᠡᠷᠦᠩᠬᠡᠢ ᠥᠷᠲᠡᠭ ᠢ 520 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20 % ᠨᠡᠮᠡᠭᠳᠡᠵᠡᠢ᠃ ᠠᠵᠢᠯ ᠲᠥᠷᠥᠯ ᠤᠨ ᠲᠥᠷᠥᠯ ᠢᠯᠭᠠᠯ ᠢᠶᠠᠷ ᠬᠦᠨᠳᠦ ᠠᠵᠤ ᠦᠶᠯᠡᠳᠪᠦᠷᠢ ᠶᠢᠨ ᠬᠤᠪᠢ ᠶᠢᠨ ᠵᠢᠩ ᠢ ᠬᠤᠪᠢᠶᠠᠵᠤ ᠬᠥᠩᠭᠡᠨ ᠠᠵᠤ ᠦᠶᠯᠡᠳᠪᠦᠷᠢ ᠠᠴᠠ ᠶᠡᠭᠡ ᠪᠠᠶᠢᠯᠭᠠᠨ᠎ᠠ᠃ ᠪᠦᠬᠦ ᠬᠤᠲᠠ ᠶᠢᠨ ᠬᠦᠨᠳᠦ ᠠᠵᠤ ᠦᠶᠯᠡᠳᠪᠦᠷᠢ ᠶᠢᠨ ᠠᠵᠤ ᠠᠬᠤᠶᠢᠯᠠᠯ 498.6 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠶᠡᠷᠦᠩᠬᠡᠢ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.8 % ᠨᠡᠮᠡᠭᠳᠡᠵᠡᠢ︔ 26 ᠡᠷᠦᠬᠡ ᠬᠥᠩᠭᠡᠨ ᠠᠵᠤ ᠦᠢᠯᠡᠳᠪᠦᠷᠢ ᠨᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.6 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠠᠴᠠ ᠲᠦᠷᠭᠡᠨ ᠪᠣᠯᠵᠤ᠂ ᠨᠡᠮᠡᠭᠳᠡᠯ ᠤᠨ ᠬᠡᠮᠵᠢᠶ᠎ᠡ ᠨᠢ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 4.6 ᠵᠠᠭᠤᠨ ᠤ ᠬᠤᠪᠢ ᠥᠨᠳᠥᠷ ᠪᠣᠯᠪᠠ᠃ ᠠᠵᠤ ᠠᠬᠤᠶᠢᠯᠠᠯ ᠤᠨ ᠬᠡᠪᠴᠢᠶ᠎ᠡ ᠪᠠᠷ ᠬᠤᠪᠢᠶᠠᠷᠢᠯᠠᠪᠠᠯ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠪᠦᠬᠦ ᠬᠤᠲᠠ ᠶᠢᠨ 157 ᠡᠷᠦᠬᠡ ᠠᠴᠠ ᠳᠡᠭᠡᠭᠰᠢᠬᠢ ᠵᠢᠵᠢᠭ ᠬᠡᠯᠪᠡᠷᠢ ᠶᠢᠨ ᠠᠵᠤ ᠠᠬᠤᠶᠢᠯᠠᠯ ᠠᠵᠤ ᠦᠶᠯᠡᠳᠪᠦᠷᠢ ᠶᠢᠨ ᠶᠡᠷᠦᠩᠬᠡᠶ ᠥᠷᠲᠡᠭ ᠢ 216.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28 % ᠨᠡᠮᠡᠭᠳᠡᠪᠡ︔ ᠪᠦᠬᠦ ᠬᠤᠲᠠ ᠶᠢᠨ 34 ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠠᠵᠤ ᠦᠶᠯᠡᠳᠪᠦᠷᠢ ᠶᠢᠨ ᠶᠡᠷᠦᠩᠬᠡᠢ ᠥᠷᠲᠡᠭ ᠢ 292.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.4 % ᠨᠡᠮᠡᠭᠳᠡᠵᠡᠢ︔ ᠪᠦᠬᠦ ᠬᠤᠲᠠ ᠶᠢᠨ 26 ᠵᠢᠵᠢᠭ ᠠᠵᠤ ᠠᠬᠤᠶᠢᠯᠠᠯ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 10.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30.2 % ᠨᠡᠮᠡᠭᠳᠡᠵᠡᠢ᠃ ᠠᠵᠤ ᠠᠬᠤᠢ ᠶᠢᠨ ᠲᠥᠷᠥᠯ ᠬᠡᠯᠪᠡᠷᠢ ᠪᠠᠷ ᠬᠤᠪᠢᠴᠠᠭᠠᠳᠤ ᠳᠦᠷᠢᠮ ᠤᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠦᠶᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠬᠠᠮᠤᠭ ᠤᠨ ᠶᠡᠭᠡ ᠪᠠᠶᠢᠵᠤ᠂ ᠬᠤᠪᠢᠴᠠᠭᠠᠳᠤ ᠳᠦᠷᠢᠮ ᠤᠨ ᠠᠵᠤ ᠠᠬᠤᠶᠢᠯᠠᠯ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ ᠨᠡᠶᠢᠲᠡ 501.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.1 % ᠨᠡᠮᠡᠭᠳᠡᠪᠡ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ ᠨᠡᠶᠢᠲᠡ 6.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35.5 % ᠨᠡᠮᠡᠭᠳᠡᠪᠡ᠃                                             ᠵᠤᠬᠢᠶᠠᠭᠴᠢ᠄ ᠭᠤᠸᠠᠨ ᠵᠢᠶᠦ᠋ᠨ ᠴᠢᠶᠤᠤ                                             ᠤᠷᠴᠢᠭᠤᠯᠤᠭᠴᠢ᠄ ᠬᠦᠰᠡᠯ                                             ᠬᠢᠨᠠᠭᠴᠢ᠄ ᠭᠡᠷᠡᠯᠳᠤ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2