1 — 7 ᠳ᠋ᠤᠭᠠᠷ ᠰᠠᠷ᠎ᠠ ᠶᠢᠨ ᠪᠥᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2019/8/21
    7 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 29.5 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠲᠥᠰᠦᠪ ᠤᠨ ᠲᠤᠭ᠎ᠠ 46.4 ᠳ᠋ᠦᠩᠰᠢᠭᠤᠷ ᠲᠥᠭᠦᠷᠢᠭ ᠤᠨ 63.5 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.2 ᠳ᠋ᠦᠩᠰᠢᠭᠤᠷ ᠲᠥᠭᠦᠷᠢᠭ ᠨᠡᠮᠡᠭᠳᠡᠵᠦ᠂ 4.3 % ᠨᠡᠮᠡᠭᠳᠡᠵᠡᠢ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 22.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠲᠥᠰᠦᠪ ᠢ 35.6 ᠳ᠋ᠦᠩᠰᠢᠭᠤᠷ ᠲᠥᠭᠦᠷᠢᠭ ᠤᠨ 63.2 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.6 ᠳ᠋ᠦᠩᠰᠢᠭᠤᠷ ᠲᠥᠭᠦᠷᠢᠭ ᠨᠡᠮᠡᠭᠳᠡᠵᠦ᠂ 2.7 % ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠲᠥᠰᠦᠪ ᠤᠨ 10.7 ᠳ᠋ᠦᠩᠰᠢᠭᠤᠷ ᠲᠥᠭᠦᠷᠢᠭ 64.6 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.6 ᠳ᠋ᠦᠩᠰᠢᠭᠤᠷ ᠲᠥᠭᠦᠷᠢᠭ ᠨᠡᠮᠡᠭᠳᠡᠵᠦ᠂ 9.7 % ᠪᠠᠷ ᠨᠡᠮᠡᠭᠳᠡᠪᠡ᠃     ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 195.4 ᠳ᠋ᠦᠩᠰᠢᠭᠤᠷ ᠲᠥᠭᠦᠷᠢᠭ ᠪᠠᠶᠢᠵᠤ᠂ ᠤᠨ ᠤ ᠲᠣᠬᠢᠷᠠᠭᠤᠯᠤᠯᠲᠠ ᠶᠢᠨ ᠲᠥᠰᠦᠪ ᠤᠨ ᠲᠤᠭ᠎ᠠ 334.4 ᠳ᠋ᠦᠩᠰᠢᠭᠤᠷ ᠲᠥᠭᠦᠷᠢᠭ ᠤᠨ 58.4 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8 ᠳ᠋ᠦᠩᠰᠢᠭᠤᠷ ᠲᠥᠭᠦᠷᠢᠭ ᠬᠠᠰᠤᠭᠳᠠᠵᠤ᠂ 4.8 % ᠪᠠᠷ ᠪᠠᠭᠤᠷᠠᠪᠠ᠃                                         ᠢᠷᠡᠯᠳᠡ᠄ ᠡᠳ᠋ ᠤᠨ ᠵᠠᠰᠠᠭ ᠤᠨ ᠳᠤᠪᠴᠢᠶ᠎ᠠ                                         ᠤᠷᠴᠢᠭᠤᠯᠤᠭᠴᠢ᠄ ᠬᠦᠰᠡᠯ                                         ᠬᠢᠨᠠᠭᠴᠢ᠄ ᠭᠡᠷᠡᠯᠳᠤ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2