ᠪᠠᠶ ᠳ᠋ᠦ᠋ ︵ᠤᠯᠠᠭᠠᠨᠴᠠᠪ︶ ᠰᠢᠨ᠎ᠡ ᠶᠢ ᠡᠭᠦᠳᠬᠦ ᠲᠥᠪ ᠨᠢ ᠮᠠᠨ ᠤ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2019/8/21
     2018 ᠣᠨ ᠳᠤ ᠮᠠᠨ ᠤ ᠬᠤᠲᠠ ᠪᠣᠯᠤᠨ ᠪᠡᠭᠡᠵᠢᠩ ᠤᠨ ᠪᠠᠶ ᠳ᠋ᠦ᠋ ᠰᠦᠯᠵᠢᠶᠡᠨ ᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶ ᠳ᠋ᠦ᠋ ︵ᠤᠯᠠᠭᠠᠨᠴᠠᠪ︶ ᠰᠢᠨ᠎ᠡ ᠶᠢ ᠡᠭᠦᠳᠬᠦ ᠲᠥᠪ ︵ᠳᠣᠷᠣᠭᠰᠢ ᠪᠠᠶ ᠳ᠋ᠦ᠋ ᠰᠢᠨ᠎ᠡ ᠶᠢ ᠡᠭᠦᠳᠬᠦ ᠲᠥᠪ ᠭᠡᠵᠦ ᠲᠣᠪᠴᠢᠯᠠᠨ᠎ᠠ︶ ᠢ ᠬᠠᠮᠲᠤᠷᠠᠨ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠠᠵᠤ ᠠᠬᠤᠶᠢᠯᠠᠯ ᠳᠤ ᠮᠥᠩᠭᠦᠨ ᠭᠦᠶᠯᠭᠡᠭᠡᠨ ᠤ ᠦᠶᠯᠡᠴᠢᠯᠡᠭᠡ᠂ ᠲᠥᠷᠥᠯ ᠵᠦᠶᠯ ᠤᠨ ᠨᠡᠪᠴᠢᠭᠦᠯᠬᠦ ᠠᠴᠢᠶᠠᠯᠠᠪᠤᠷᠢ᠂ ᠲᠡᠷᠢᠭᠦᠨ ᠤ ᠮᠡᠷᠭᠡᠵᠢᠯ᠂ ᠣᠷᠦ᠋ᠢᠯᠠᠭᠰᠠᠨ ᠲᠠᠪᠴᠠᠩ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ᠂ ᠨᠡᠷᠡᠲᠦ ᠲᠥᠷᠥᠯ ᠲᠡᠮᠳᠡᠭᠲᠦ ᠶᠢᠨ ᠤᠬᠠᠭᠤᠯᠭ᠎ᠠ᠂ ᠠᠵᠤ ᠠᠬᠤᠶᠢᠯᠠᠯ ᠤᠨ ᠬᠦᠷᠦᠩᠭᠡ ᠶᠢ ᠪᠡᠯᠡᠨ ᠵᠣᠭᠤᠰ ᠪᠣᠯᠭᠠᠬᠤ ᠵᠡᠷᠭᠡ ᠠᠯᠢ ᠣᠯᠠᠨ ᠥᠷᠲᠡᠭ ᠤᠨ ᠦᠶᠯᠡᠴᠢᠯᠡᠭᠡ ᠪᠠ ᠲᠤᠯᠭᠠᠭᠤᠷᠢᠯᠠᠯ ᠬᠠᠩᠭᠠᠵᠤ᠂ ᠮᠠᠨ ᠤ ᠬᠤᠲᠠ ᠶᠢᠨ ᠤᠯᠠᠮᠵᠢᠯᠠᠯᠲᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠮᠠᠨ ᠤ ᠬᠤᠲᠠ ᠶᠢᠨ ︽ᠵᠣᠬᠢᠶᠠᠮᠠᠯ ᠣᠶᠤᠨ ᠴᠢᠳᠠᠪᠤᠷᠢ + ᠰᠢᠨ᠎ᠡ ᠶᠢ ᠡᠭᠦᠳᠴᠦ ᠦᠶᠯᠡᠰ ᠪᠣᠰᠬᠠᠬᠤ + ᠠᠵᠤ ᠦᠢᠯᠡᠰ ᠤᠨ ᠳᠡᠰ ᠳᠡᠪᠰᠢᠬᠦ︾ ᠬᠥᠭᠵᠢᠯᠲᠡ ᠶᠢᠨ ᠠᠬᠢᠴᠠ ᠳᠤ ᠬᠦᠴᠦ ᠨᠡᠮᠡᠷᠢᠯᠡᠵᠦ᠂ ᠮᠠᠨ ᠤ ᠬᠤᠲᠠ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ 2019 ᠤᠨ ᠤ 6 ᠰᠠᠷ᠎ᠠ ᠳᠤ ᠪᠠᠶ ᠳ᠋ᠦ᠋ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠡᠵᠡᠩᠨᠡᠯᠲᠡ ᠳᠤ ᠣᠷᠣᠪᠠ᠃     ᠬᠤᠶᠠᠷ ᠰᠠᠷ᠎ᠠ ᠶᠢᠨ ᠡᠵᠡᠩᠨᠡᠯᠲᠡ ᠪᠠᠷ ᠳᠠᠮᠵᠢᠨ᠂ ᠣᠳᠣᠬᠠᠨ ᠳᠤ᠂ ᠪᠠᠶ ᠳ᠋ᠦ᠋ ᠰᠢᠨ᠎ᠡ ᠶᠢ ᠡᠭᠦᠳᠬᠦ ᠲᠥᠪ ᠨᠢᠭᠡᠨᠲᠡ 50 ᠭᠠᠷᠤᠶ ᠠᠵᠤ ᠠᠬᠤᠶᠢᠯᠠᠯ ᠲᠠᠢ ᠬᠠᠷᠢᠯᠴᠠᠭᠰᠠᠨ ᠪᠠᠶᠢᠨ᠎ᠠ᠂ ᠡᠭᠦᠨ ᠳᠤ ᠨᠢᠭᠡᠨᠲᠡ ᠨᠡᠪᠴᠢᠭᠦᠯᠬᠦ ᠠᠵᠤ ᠠᠬᠤᠶᠢᠯᠠᠯ 26 ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ᠂ ᠵᠣᠬᠢᠶᠠᠮᠠᠯ ᠣᠶᠤᠨᠴᠢ᠂ ᠭᠡᠷᠡᠴᠢᠯᠡᠯ ᠤᠨ ᠦᠶᠯᠡᠴᠢᠯᠡᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠭᠰᠠᠨ ᠪᠠᠶᠢᠨ᠎ᠠ᠃ ᠠᠵᠤ ᠠᠬᠤᠶᠢᠯᠠᠯ ᠳᠤ ᠣᠷᠣᠵᠤ ᠰᠠᠭᠤᠬᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠳᠠᠯ ᠦᠶᠯᠡᠰ ᠴᠣᠭᠴᠠᠯᠠᠬᠤ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠪᠠᠶ ᠳ᠋ᠦ᠋ ᠰᠢᠨ᠎ᠡ ᠶᠢ ᠡᠭᠦᠳᠬᠦ ᠲᠥᠪ ᠠᠴᠠ ᠨᠡᠷᠡᠲᠦ ᠲᠡᠮᠳᠡᠭ ᠤᠨ ᠠᠵᠢᠯᠯᠠᠭ᠎ᠠ᠂ ᠮᠡᠷᠭᠡᠵᠢᠯ ᠤᠨ ᠲᠠᠶᠢᠯᠤᠮᠵᠢ᠂ ᠠᠳᠠᠯ ᠦᠶᠯᠡᠰ ᠴᠣᠭᠴᠠᠯᠠᠬᠤ ᠲᠠᠶᠢᠯᠤᠮᠵᠢ᠂ ᠠᠵᠢᠯ ᠲᠥᠷᠥᠯ ᠤᠨ ᠶᠠᠷᠢᠶᠠᠨ ᠤ ᠲᠠᠪᠴᠠᠩ᠂ ᠠᠳᠠᠯ ᠦᠶᠯᠡᠰ ᠴᠣᠭᠴᠠᠯᠠᠬᠤ ᠤᠷᠤᠯᠳᠤᠭᠠᠨ ᠵᠡᠷᠭᠡ ᠣᠯᠠᠨ ᠬᠡᠯᠪᠡᠷᠢ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠠᠵᠤ ᠠᠬᠤᠶᠢᠯᠠᠯ ᠳᠤ ᠨᠡᠪᠴᠢᠭᠦᠯᠬᠦ ᠠᠵᠢᠯ ᠢ ᠢᠳᠡᠪᠬᠢᠲᠡᠢ ᠥᠷᠨᠢᠭᠦᠯᠪᠡ᠃ ᠡᠭᠦᠨ ᠤ ᠬᠠᠮᠲᠤ᠂ ᠪᠠᠶ ᠳ᠋ᠦ᠋ ᠰᠢᠨ᠎ᠡ ᠶᠢ ᠡᠭᠦᠳᠬᠦ ᠲᠥᠪ ᠤᠨ ᠬᠡᠷᠡᠭ ᠮᠡᠳᠡᠭᠴᠢ ᠵᠢᠴᠢ ᠲᠠᠪᠴᠠᠩ ᠤᠨ ᠣᠷᠣᠵᠤ ᠰᠠᠭᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠢᠳᠡᠪᠬᠢᠲᠡᠢ ᠤᠷᠢᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠨ᠂ ᠦᠶᠯᠡᠰ ᠪᠣᠰᠬᠠᠬᠤ ᠲᠤᠷᠰᠢᠯᠭ᠎ᠠ ᠪᠠᠨ ᠬᠤᠪᠢᠶᠠᠯᠴᠠᠨ ᠡᠳ᠋ᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠲᠣᠳᠣᠷᠬᠠᠶᠢᠯᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠤᠷᠤᠯᠴᠠᠵᠤ᠂ ᠠᠵᠢᠯ ᠲᠥᠷᠥᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠶᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠪᠠᠶ ᠳ᠋ᠦ᠋ ᠰᠢᠨ᠎ᠡ ᠶᠢ ᠡᠭᠦᠳᠬᠦ ᠲᠥᠪ ᠨᠢ ᠪᠦᠬᠦ ᠠᠵᠤ ᠦᠢᠯᠡᠰ ᠤᠨ ᠬᠡᠯᠬᠢᠶᠡᠨ ᠤ ᠦᠶᠯᠡᠰ ᠪᠣᠰᠬᠠᠬᠤ ᠠᠮᠢ ᠠᠬᠤᠢ ᠶᠢᠨ ᠲᠠᠪᠴᠠᠩ ᠪᠣᠯᠤᠭᠰᠠᠨ ᠤ ᠬᠤᠪᠢ ᠳᠤ᠂ ᠡᠯ᠎ᠡ ᠡᠲᠡᠭᠡᠳ ᠤᠨ ᠬᠥᠮᠦᠰ ᠢᠮᠠᠭᠲᠠ ᠠᠩᠬᠠᠷᠴᠤ᠂ ᠠᠶᠢᠯᠴᠢᠯᠠᠬᠤ ᠪᠠᠷ ᠢᠷᠡᠭᠰᠡᠨ ᠲᠣᠭᠤᠷᠢᠨ ᠠᠶᠢᠯᠴᠢᠯᠠᠬᠤ ᠪᠦᠯᠬᠦᠮ ᠤᠨ ᠠᠩᠭᠢ᠂ ᠪᠠᠶᠢᠴᠠᠭᠠᠨ ᠰᠤᠳᠤᠯᠬᠤ ᠪᠦᠯᠬᠦᠮ ᠤᠨ ᠬᠢᠨ ᠲᠠᠰᠤᠷᠠᠯᠲᠠ ᠦᠭᠡᠢ ᠴᠤᠪᠤᠷᠠᠵᠤ᠂ 2019 ᠤᠨ ᠤ 7 ᠰᠠᠷ᠎ᠠ ᠶᠢᠨ ᠰᠡᠭᠦᠯᠴᠢ ᠪᠣᠯᠲᠠᠯ᠎ᠠ ᠲᠣᠭᠤᠷᠢᠨ ᠠᠶᠢᠯᠴᠢᠯᠠᠬᠤ ᠪᠦᠯᠬᠦᠮ ᠤᠨ ᠠᠩᠭᠢ ᠶᠢ  ᠨᠡᠶᠢᠳᠡ 17 ᠤᠳᠠᠭ᠎ᠠ ᠬᠦᠯᠢᠶᠡᠨ ᠠᠪᠴᠤ᠂ ᠰᠤᠷᠪᠤᠯᠵᠢᠯᠠᠬᠤ  ᠪᠠᠷ ᠢᠷᠡᠭᠰᠡᠳ ᠢ 200 ᠰᠢᠬᠠᠮ ᠬᠥᠮᠦᠨ ᠤᠳᠠᠭ᠎ᠠ ᠬᠦᠯᠢᠶᠡᠨ ᠠᠪᠴᠤ ᠵᠣᠴᠢᠯᠠᠪᠠ᠃                                      ᠢᠷᠡᠯᠳᠡ᠄ ᠠᠵᠤ ᠠᠬᠤᠢ ᠮᠡᠳᠡᠭᠡ ᠵᠠᠩᠬᠢ ᠶᠢᠨ ᠳᠤᠪᠴᠢᠶ᠎ᠠ                                      ᠤᠷᠴᠢᠭᠤᠯᠤᠭᠴᠢ᠄ ᠬᠦᠰᠡᠯ                                      ᠬᠢᠨᠠᠭᠴᠢ᠄ ᠭᠡᠷᠡᠯᠳᠤ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2