ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2019/8/22
      ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯ ᠳᠣᠲᠣᠭᠠᠳᠤ ᠶᠢ ᠬᠠᠮᠠᠭᠠᠯᠠᠬᠤ ᠠᠵᠢᠯ ᠢ ᠭᠤᠤᠯᠯᠠᠨ ᠬᠠᠮᠢᠶᠠᠷᠴᠤ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠳᠣᠤᠷ᠎ᠠ ᠨᠢ ᠠᠷᠪᠠᠨ ᠬᠤᠶᠠᠷ ᠬᠤᠰᠢᠭᠤ ᠰᠢᠶᠠᠨ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠷᠢ ᠶᠢᠰᠦᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠪᠠᠶᠢᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠤᠯᠭ᠎ᠠ ᠳᠣᠤᠷ᠎ᠠ᠂ ᠳᠣᠤᠷᠠᠬᠢ ᠮᠡᠲᠦ ᠠᠵᠢᠯ ᠤᠨ ᠡᠭᠦᠷᠭᠡ ᠲᠤᠰᠢᠶᠠᠯ ᠢ ᠬᠠᠷᠢᠭᠤᠴᠠᠨ᠎ᠠ᠄ 1.ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠰᠦᠯ ᠢ ᠲᠤᠭᠤᠷᠪᠢᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ 2. ᠪᠥᠬᠦ ᠬᠤᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠬᠤ ᠪᠠᠶᠢᠳᠠᠯ ᠢ ᠡᠵᠡᠮᠰᠢᠵᠦ᠂ ᠬᠤᠯᠪᠣᠭᠳᠠᠯ ᠪᠦᠬᠦᠢ ᠠᠷᠭᠠᠴᠠᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ 3. ᠬᠠᠤᠯᠢ ᠵᠦᠷᠢᠴᠡᠨ ᠶᠠᠯ᠎ᠠ ᠬᠢᠬᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠬᠤ ᠪᠠ ᠲᠠᠩᠨᠠᠨ ᠪᠠᠶᠢᠴᠠᠭᠠᠵᠤ᠂ ᠠᠮᠤᠷ ᠢ ᠬᠠᠮᠠᠭᠠᠯᠠᠬᠤ ᠠᠳᠡᠯ ᠪᠠ ᠰᠠᠮᠠᠭᠤᠷᠠᠯ ᠢ ᠰᠢᠶᠳᠪᠦᠷᠢᠯᠡᠵᠦ᠂ ᠬᠤᠷᠠᠯ ᠴᠤᠭᠯᠠᠭ᠎ᠠ ᠬᠢᠬᠦ ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠬᠠᠮᠢᠶᠠᠷᠴᠤ᠂ ᠣᠨᠴᠠ ᠲᠥᠷᠥᠯ ᠤᠨ ᠠᠵᠢᠯ ᠲᠥᠷᠥᠯ ᠪᠠ ᠠᠶᠤᠯᠲᠠᠶ ᠪᠣᠳᠠᠰ ᠢ ᠬᠠᠮᠢᠶᠠᠷᠤᠨ᠎ᠠ︔ 4. ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠭᠡᠨᠡᠳᠡᠯ ᠢ ᠰᠢᠶᠳᠪᠦᠷᠢᠯᠡᠨ᠎ᠡ︔ 5. ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠨ᠎ᠠ︔ 6. ᠨᠠᠮ ᠪᠠ ᠲᠥᠷᠥ ᠶᠢᠨ ᠤᠳᠤᠷᠢᠳᠬᠤ ᠬᠥᠮᠦᠰ ᠵᠢᠴᠢ ᠭᠠᠳᠠᠭᠠᠳᠤ ᠶᠢᠨ ᠴᠢᠬᠤᠯᠠ ᠵᠣᠴᠢᠳ ᠤᠨ ᠠᠮᠤᠷ ᠲᠦᠪᠰᠢᠨ ᠤ ᠠᠵᠢᠯ ᠢ ᠡᠭᠦᠷᠭᠡᠯᠡᠨ᠎ᠡ︔ 7. ᠡᠷᠦᠬᠡ ᠠᠮᠠ ᠶᠢᠨ ᠶᠠᠪᠤᠳᠠᠯ᠂ ᠤᠯᠤᠰ ᠤᠨ ᠬᠠᠷᠢᠶ᠎ᠠ᠂ ᠬᠢᠯᠢ ᠳᠤ ᠣᠷᠣᠵᠤ ᠬᠢᠯᠢ ᠠᠴᠠ ᠭᠠᠷᠬᠤ ᠬᠡᠷᠡᠭ ᠶᠠᠪᠤᠳᠠᠯ ᠪᠠ ᠭᠠᠳᠠᠭᠠᠳᠤ ᠶᠢᠨ ᠬᠥᠮᠦᠨ ᠤ ᠲᠤᠰ ᠬᠤᠲᠠ ᠳᠤ ᠣᠷᠣᠰᠢᠨ ᠰᠠᠭᠤᠬᠤ᠂ ᠵᠢᠭᠤᠯᠴᠢᠯᠠᠬᠤ ᠬᠤᠯᠪᠣᠭᠳᠠᠯ ᠪᠦᠬᠦᠢ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ︔ 8. ᠵᠠᠬᠢᠷᠤᠨ ᠬᠠᠮᠢᠶᠠᠷᠬᠤ᠂ ᠬᠤᠷᠢᠵᠤ ᠬᠥᠳᠡᠯᠮᠦᠷᠢᠯᠡᠭᠦᠯᠬᠦ᠂ ᠤᠯᠤᠰ ᠲᠥᠷᠦ ᠶᠢᠨ ᠡᠷᠬᠡ ᠶᠢ ᠨᠢ ᠬᠠᠰᠤᠬᠤ ᠪᠠᠷ ᠰᠢᠢᠳᠬᠡᠭᠳᠡᠭᠰᠡᠨ ᠶᠠᠯᠠᠲᠠᠨ ᠪᠠ ᠭᠢᠨᠳᠠᠨ ᠤ ᠭᠠᠳᠠᠨ᠎ᠠ ᠭᠦᠶᠴᠡᠳᠬᠡᠬᠦ ᠶᠠᠯᠠᠲᠠᠨ ᠳᠤ ᠡᠷᠡᠭᠦᠤ ᠶᠢᠨ ᠰᠢᠢᠳᠬᠡᠯ ᠢ ᠭᠦᠶᠴᠡᠳᠬᠡᠵᠦ᠂ ᠡᠷᠡᠭᠦᠤ ᠶᠢᠨ ᠰᠢᠢᠳᠬᠡᠯ ᠢ ᠬᠤᠶᠢᠰᠢᠯᠠᠭᠤᠯᠬᠤ᠂ ᠲᠡᠩᠰᠡᠨ ᠰᠤᠯᠠᠯᠠᠬᠤ ᠪᠠᠷ ᠵᠠᠷᠯᠠᠭᠰᠠᠨ ᠶᠠᠯᠠᠲᠠᠨ ᠳᠤ ᠬᠢᠨᠠᠯᠲᠠ ᠲᠠᠯᠪᠢᠵᠤ᠂ ᠰᠢᠯᠭᠠᠨ ᠪᠠᠶᠢᠴᠠᠭᠠᠵᠤ᠂ ᠬᠤᠷᠢᠬᠤ ᠭᠠᠵᠠᠷ᠂  ᠠᠮᠤᠷ ᠢ ᠬᠠᠮᠠᠭᠠᠯᠠᠬᠤ ᠲᠦᠷ ᠬᠤᠷᠢᠬᠤ ᠭᠠᠵᠠᠷ ᠂ ᠬᠤᠤᠷ ᠲᠠᠲᠠᠬᠤ ᠶᠢ ᠠᠯᠪᠠᠳᠠᠯᠭ᠎ᠠ ᠪᠠᠷ ᠵᠣᠭᠰᠣᠭᠠᠬᠤ ᠭᠠᠵᠠᠷ᠂ ᠦᠯᠡᠳᠡᠭᠡᠨ ᠠᠪᠴᠤ  ᠰᠤᠷᠭᠠᠨ ᠬᠦᠮᠦᠵᠢᠭᠦᠯᠬᠦ ᠭᠠᠵᠠᠷ ᠵᠡᠷᠭᠡ ᠲᠠᠯᠠᠪᠤᠷ ᠢ ᠬᠠᠤᠯᠢ ᠶᠤᠰᠤᠭᠠᠷ ᠬᠠᠮᠢᠶᠠᠷᠤᠨ᠎ᠠ︔ 9. ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ 10. ᠲᠥᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠪᠠ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠺᠣᠮᠢᠰ ᠵᠡᠷᠭᠡ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ᠎ᠠ︔ 11. ᠦᠯᠡᠳᠡᠭᠡᠨ ᠠᠪᠴᠤ ᠵᠠᠰᠠᠨ ᠬᠥᠮᠦᠵᠢᠭᠦᠯᠬᠦ ᠪᠠ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ︔ 12. ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠶᠠᠪᠣᠭᠳᠠᠭᠤᠯᠵᠤ᠂ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ᠂ ᠠᠵᠢᠯᠯᠠᠭᠠᠨ ᠤ ᠮᠡᠷᠭᠡᠵᠢᠯ ᠤᠨ ᠪᠠᠶᠢᠭᠤᠯᠤᠯᠲᠠ ᠶᠢ ᠬᠠᠷᠢᠭᠤᠴᠠᠨ᠎ᠠ︔ 13. ᠬᠤᠲᠠ ᠶᠢᠨ ᠲᠣᠪᠴᠢᠶ᠎ᠠ ᠶᠢᠨ ᠰᠢᠭᠤᠳ ᠬᠠᠮᠢᠶᠠᠷᠬᠤ ᠰᠠᠯᠠᠭ᠎ᠠ ᠮᠥᠴᠢᠷ ᠤᠨ ᠳᠣᠲᠣᠭᠠᠳᠤ ᠶᠢ ᠬᠠᠮᠠᠭᠠᠯᠠᠬᠤ ᠲᠣᠨᠤᠭ ᠲᠥᠬᠦᠭᠡᠷᠦᠮᠵᠢ᠂ ᠬᠤᠪᠴᠠᠰᠤ ᠬᠤᠨᠠᠷ ᠪᠠ ᠵᠠᠷᠤᠳᠠᠯ ᠰᠦᠶᠳᠬᠡᠯ ᠵᠡᠷᠭᠡ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ  ᠶᠢᠨ ᠲᠣᠨᠤᠭ ᠲᠥᠬᠦᠭᠡᠷᠦᠮᠵᠢ᠂ ᠡᠳ᠋ ᠤᠨ ᠶᠠᠪᠤᠳᠠᠯ ᠵᠡᠷᠭᠡ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ︔ 14. ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠨ ᠬᠡᠷᠡᠭᠵᠢᠭᠦᠯᠵᠦ᠂ ᠪᠥᠬᠦ  ᠲᠤᠪᠴᠢᠶ᠎ᠠ ᠶᠢᠨ ᠠᠷᠠᠳ ᠤᠨ ᠴᠠᠭᠳᠠᠭ᠎ᠠ ᠶᠢᠨ ᠬᠥᠮᠦᠵᠢᠯ᠂ ᠪᠣᠯᠪᠠᠰᠤᠷᠠᠭᠤᠯᠤᠯ ᠵᠢᠴᠢ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠺᠠᠳ᠋ᠷ ᠪᠠ ᠴᠠᠭᠳᠠᠭ᠎ᠠ ᠶᠢ ᠬᠠᠮᠢᠶᠠᠷᠴᠤ᠂ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠂ ᠲᠤᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠤᠯᠢ ᠳᠦᠷᠢᠮ  ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠨ᠎ᠡ︔ 15.ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ᠂ ᠰᠡᠷᠭᠡᠶᠢᠯᠡᠨ ᠬᠠᠮᠠᠭᠠᠯᠠᠬᠤ ᠴᠡᠷᠢᠭ ᠠᠩᠭᠢ ᠶᠢ ᠤᠳᠤᠷᠢᠳᠤᠨ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠣᠲᠣᠭᠠᠳᠤ ᠶᠢ ᠬᠠᠮᠠᠭᠠᠯᠠᠬᠤ ᠡᠭᠦᠷᠭᠡ ᠭᠦᠢᠴᠡᠳᠬᠡᠬᠦ ᠵᠢᠴᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠭᠦᠶᠴᠡᠳᠬᠡᠬᠦ ᠳᠤ ᠤᠳᠤᠷᠢᠳᠤᠯᠭ᠎ᠠ ᠪᠠ ᠵᠢᠯᠣᠭᠤᠳᠤᠯᠭ᠎ᠠ ᠶᠠᠪᠤᠭᠤᠯᠤᠨ᠎ᠠ︔ 16. ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠰᠢᠶᠳᠪᠦᠷᠢᠯᠡᠨ᠎ᠡ᠃    ᠰᠢᠤᠳᠠᠨ ᠨᠤᠮᠧᠷ᠄ 012000    ᠠᠮᠤᠷ ᠢ ᠬᠠᠮᠠᠭᠠᠯᠠᠬᠤ ᠴᠠᠭᠳᠠᠭ᠎ᠠ ᠳᠤ ᠮᠡᠳᠡᠭᠦᠯᠬᠦ᠄ 110᠂ 8228110    ᠭᠠᠯ ᠲᠦᠢᠮᠡᠷ ᠤᠨ ᠲᠦᠭᠰᠢᠭᠦᠷᠢ ᠮᠡᠳᠡᠭᠦᠯᠬᠦ᠄ 119    ᠵᠠᠮ ᠬᠠᠷᠢᠯᠴᠠᠭᠠᠨ ᠤ ᠠᠳᠡᠯ᠄ 122                                                              ᠨᠠᠶᠢᠷᠠᠭᠤᠯᠤᠭᠴᠢ᠄ ᠭᠤᠸ᠎ᠠ                                                              ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2