ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠨᠢᠭᠡ ᠪᠣᠯᠤᠨ᠎ᠠ᠂ ᠭᠤᠣᠯ ᠡᠭᠦᠷᠭᠡ ᠲᠤᠰᠢᠶᠠᠯ ᠨᠢ᠄ ︵ᠨᠢᠭᠡ︶ | ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ | ᠬᠢᠭᠡᠳ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠤᠭᠤᠰᠢᠯᠠᠭᠤᠯᠵᠤ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠣᠷᠣᠨ ᠨᠤᠲᠤᠭ ᠤᠨ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠣᠳᠤᠯᠤᠨ | ᠲᠤᠭᠤᠷᠪᠢᠨ᠎ᠠ︔ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ︵ᠬᠤᠶᠠᠷ︶ ᠤᠯᠠᠭᠠᠨᠴᠠᠪ ᠬᠤᠲᠠ ᠶᠢᠨ ᠬᠥᠳᠡᠯᠮᠦᠷᠢ ᠪᠠᠷ ᠵᠠᠰᠠᠨ ᠬᠥᠮᠦᠵᠢᠭᠦᠯᠬᠦ ︵ᠬᠤᠤᠷ ᠠᠴᠠ | ᠭᠠᠷᠬᠤ︶ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ︔ | ᠬᠥᠳᠡᠯᠮᠦᠷᠢ ᠪᠠᠷ ᠵᠠᠰᠠᠨ ᠬᠥᠮᠦᠵᠢᠭᠦᠯᠬᠦ ᠶᠢ ᠭᠦᠶᠴᠡᠳᠬᠡᠬᠦ ᠠᠵᠢᠯ ᠢ ᠵᠢᠯᠣᠭᠤᠳᠴᠤ ᠲᠡᠭᠦᠨ ᠳᠤ ᠬᠢᠨᠠᠯᠲᠠ ᠲᠠᠯᠪᠢᠨ᠎ᠠ︔ | ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ ︵ᠭᠤᠷᠪᠠ︶ ᠪᠦᠬᠦ ᠬᠤᠲᠠ ᠶᠢᠨ ᠬᠠᠤᠯᠢ ᠳᠦᠷᠢᠮ ᠤᠨ ᠤᠬᠠᠭᠤᠯᠭ᠎ᠠ ᠪᠠ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠭᠠᠵᠠᠷ ᠣᠷᠣᠨ᠂ ᠠᠵᠢᠯ ᠲᠥᠷᠥᠯ᠂ ᠦᠨᠳᠦᠰᠦᠨ ᠱᠠᠲᠤᠨ ᠤ ᠬᠠᠤᠯᠢ | ᠳᠦᠷᠢᠮ ᠤᠨ ᠤᠬᠠᠭᠤᠯᠭ᠎ᠠ ᠪᠣᠯᠤᠨ ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠤᠨ᠎ᠠ᠃ ︵ᠳᠥᠷᠪᠡ︶ ᠪᠦᠬᠦ | ᠬᠤᠲᠠ ᠶᠢᠨ ᠬᠠᠤᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠠᠷᠢᠭᠤᠴᠠᠨ ᠵᠢᠯᠣᠭᠤᠳᠴᠤ ᠬᠢᠨᠠᠯᠲᠠ ᠲᠠᠯᠪᠢᠬᠤ ᠶᠢᠨ | ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠨ᠎ᠡ︔ ᠤᠯᠠᠭᠠᠨᠴᠠᠪ ᠬᠤᠲᠠ ᠶᠢᠨ ᠬᠠᠤᠯᠢᠴᠢᠳ ᠤᠨ | ᠨᠡᠶᠢᠭᠡᠮᠯᠢᠭ ᠪᠣᠯᠤᠨ ᠠᠯᠪᠠᠨ ᠭᠡᠷᠡᠴᠢᠯᠡᠭᠡ ᠶᠢᠨ ᠨᠡᠶᠢᠭᠡᠮᠯᠢᠭ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ | ᠲᠠᠪᠤ︶ ᠪᠦᠬᠦ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠢᠨᠠᠵᠤ ᠬᠠᠮᠢᠶᠠᠷᠤᠨ᠎ᠠ᠃ ︵ᠵᠢᠷᠭᠤᠭ᠎ᠠ | ︶ ᠪᠦᠬᠦ ᠬᠤᠲᠠ ᠶᠢᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ | ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠰᠠᠯᠲᠠ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡ ᠪᠠ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ | ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ᠂ ᠪᠣᠯᠪᠠᠰᠤᠷᠠᠭᠤᠯᠬᠤ ᠪᠠ ᠬᠢᠨᠠᠨ ᠰᠢᠯᠭᠠᠬᠤ ᠠᠵᠢᠯ ᠢ | ᠵᠢᠯᠣᠭᠤᠳᠤᠨ᠎ᠠ︔ ᠥᠪᠥᠷ ᠮᠣᠩᠭᠤᠯ ᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ | ᠠᠵᠢᠯᠲᠠᠨ ᠤ ᠨᠡᠶᠢᠭᠡᠮᠯᠢᠭ ᠤᠨ ᠤᠯᠠᠭᠠᠨᠴᠠᠪ ᠬᠤᠲᠠ ᠶᠢᠨ ᠬᠤᠪᠢᠶᠠᠷᠢ ᠨᠡᠶᠢᠭᠡᠮᠯᠢᠭ ᠤᠨ ᠠᠵᠢᠯ ᠪᠣᠯᠤᠨ ᠥᠪᠥᠷ | ᠮᠣᠩᠭᠤᠯ ᠤᠨ ᠠᠷᠠᠳ ᠤᠨ ᠡᠶᠡᠳᠡᠭᠦᠯᠦᠭᠴᠢ ᠶᠢᠨ ᠨᠡᠶᠢᠭᠡᠮᠯᠢᠭ ᠤᠨ ᠤᠯᠠᠭᠠᠨᠴᠠᠪ ᠬᠤᠲᠠ ᠶᠢᠨ ᠬᠤᠪᠢᠶᠠᠷᠢ | ᠨᠡᠶᠢᠭᠡᠮᠯᠢᠭ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠳᠣᠯᠤᠭ᠎ᠠ︶ ᠪᠦᠬᠦ ᠬᠤᠲᠠ ᠶᠢᠨ ᠤᠯᠤᠰ ᠤᠨ | ᠬᠠᠤᠯᠢ ᠴᠠᠭᠠᠵᠠ ᠶᠢᠨ ᠰᠢᠯᠭᠠᠯᠲᠠ ᠶᠢᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ | ᠬᠢᠨᠠᠯᠲᠠ ᠲᠠᠯᠪᠢᠨ᠎ᠠ᠃ ︵ᠨᠠᠢᠮᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠠᠵᠢᠯᠲᠠᠨ ᠪᠣᠯᠤᠨ ᠬᠠᠤᠯᠢ | ᠴᠠᠭᠠᠵᠠ ᠶᠢᠨ ᠪᠠᠶᠢᠭᠤᠯᠤᠮᠵᠢ ᠶᠢᠨ ᠳᠠᠩᠰᠠᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠶᠢᠰᠦ︶ ᠪᠦᠬᠦ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ | ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠲᠥᠯᠥᠪᠯᠡᠭᠡ ᠡᠳ᠋ ᠤᠨ ᠶᠠᠪᠤᠳᠠᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ | ᠠᠷᠪᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠪᠠ ᠦᠵᠡᠯ | ᠰᠠᠨᠠᠭᠠᠨ ᠤ ᠬᠡᠪ ᠰᠤᠷᠲᠠᠯ᠂ ᠠᠵᠢᠯ ᠤᠨ ᠬᠡᠪ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠪᠠᠷ ᠬᠠᠮᠢᠶᠠᠷᠤᠯᠲᠠ ᠶᠢᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠪᠠ | ᠺᠠᠳ᠋ᠷ ᠢ ᠬᠠᠮᠢᠶᠠᠷᠤᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠵᠢᠯᠲᠠᠨ ᠤ ᠶᠠᠪᠤᠳᠠᠯ᠂ | ᠪᠠᠶᠢᠭᠤᠯᠤᠮᠵᠢ ᠶᠢᠨ ᠣᠷᠣᠨ ᠲᠣᠭᠠᠨ ᠤ ᠠᠵᠢᠯ ᠢ ᠵᠢᠯᠣᠭᠤᠳᠤᠨ᠎ᠠ︔ ᠪᠦᠬᠦ ᠬᠤᠲᠠ ᠶᠢᠨ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ | ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠰᠢᠶᠠᠨ ᠬᠤᠲᠠ ᠲᠣᠭᠤᠷᠢᠭ ᠢ ᠬᠠᠮᠵᠢᠨ ᠬᠠᠤᠯᠢ | ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠺᠠᠳ᠋ᠷ ᠢ ᠬᠠᠮᠢᠶᠠᠷᠤᠨ᠎ᠠ᠃ ︵ᠠᠷᠪᠠᠨ ᠨᠢᠭᠡ︶ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠵᠦᠶᠯ ᠤᠨ ᠠᠵᠢᠯ ᠢ ᠳᠠᠭᠠᠭᠠᠨ ᠡᠷᠬᠢᠯᠡᠨ᠎ᠡ᠃ ᠤᠯᠠᠭᠠᠨᠴᠠᠪ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠤᠰᠬᠠᠶ ᠵᠦᠶᠯ ᠤᠨ ᠵᠠᠰᠠᠭ ᠵᠠᠬᠢᠷᠭᠠᠨ ᠤ ᠣᠷᠣᠨ ᠲᠤᠭ᠎ᠠ 52 | ᠬᠥᠮᠦᠨ᠃ ᠡᠭᠦᠨ ᠳᠤ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ᠂ | ᠰᠠᠯᠠᠭᠠᠨ ᠤ ᠲᠡᠰ ᠤᠨ ᠤᠳᠤᠷᠢᠳᠬᠤ ᠲᠤᠰᠢᠶᠠᠯ ᠤᠨ ᠲᠤᠭ᠎ᠠ 19 ᠬᠥᠮᠥᠨ ︵11 ᠵᠢᠩᠬᠢᠨᠢ ︿ᠪᠠᠶᠢᠭᠤᠯᠤᠯᠭ᠎ᠠ ᠶᠢᠨ | ᠨᠠᠮ ᠤᠨ ᠡᠭᠦᠷ ᠤᠨ ᠲᠤᠰᠬᠠᠶ ᠲᠤᠰᠢᠶᠠᠯᠲᠤ ᠳᠡᠳ᠋ ᠱᠦᠵᠢ 1 ᠬᠥᠮᠥᠨ ᠪᠠᠭᠲᠠᠨ᠎ᠠ﹀ 10 ᠳᠡᠳ᠋︶ ᠪᠠᠶᠢᠨ᠎ᠠ᠃ | | ᠠᠵᠢᠯᠯᠠᠬᠤ ᠭᠠᠵᠠᠷ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠢᠨ᠎ᠡ | ᠲᠣᠭᠤᠷᠢᠭ ᠤᠨ 6 ᠳ᠋ᠤᠭᠠᠷ ᠨᠣᠮᠧᠷᠲᠤ ᠠᠰᠠᠷ | ᠬᠠᠷᠢᠯᠴᠠᠬᠤ ᠤᠲᠠᠰᠤ᠄ 8320225 | ᠢᠮᠧᠯ᠄ wlcbsfj @ 163.com | | ᠣᠷᠴᠢᠭᠤᠯᠤᠭᠴᠢ᠄ ᠭᠤᠸ᠎ᠠ | ᠬᠢᠨᠠᠭᠴᠢ᠄ ᠭᠡᠷᠡᠯᠲᠦ | |