ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019/8/29
      ᠠᠷᠠᠳ ᠤᠨ ᠶᠠᠪᠤᠳᠠᠯ ᠤᠨ ᠲᠣᠪᠴᠢᠶ᠎ᠠ ᠪᠣᠯ ᠵᠠᠰᠠᠭ ᠤᠨ ᠣᠷᠳᠣᠨ ᠤ ᠨᠡᠶᠢᠭᠡᠮ ᠤᠨ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠡᠷᠬᠢᠯᠡᠨ ᠬᠠᠮᠢᠶᠠᠷᠬᠤ ᠡᠷᠬᠡ ᠲᠤᠰᠢᠶᠠᠯᠲᠤ ᠰᠠᠯᠠᠭ᠎ᠠ ᠮᠥᠴᠢᠷ ᠪᠣᠯᠤᠨ᠎ᠠ᠃ ︽ᠵᠠᠰᠠᠭ ᠤᠨ ᠣᠷᠳᠣᠨ ᠤ  ᠵᠦᠳᠡᠭᠦᠷᠢ ᠶᠢ ᠬᠤᠪᠢᠶᠠᠯᠴᠠᠵᠤ᠂  ᠣᠯᠠᠨ ᠲᠦᠮᠡᠨ ᠤ ᠵᠣᠪᠠᠨᠢᠯ ᠢ ᠲᠠᠶᠢᠯᠬᠤ︾ ᠴᠢᠬᠤᠯᠠ ᠡᠭᠦᠷᠭᠡ ᠴᠢᠳᠠᠪᠤᠷᠢ ᠶᠢ ᠭᠦᠶᠴᠡᠳᠬᠡᠵᠦ᠂ ᠭᠠᠮᠰᠢᠭ ᠠᠴᠠ ᠠᠪᠤᠷᠠᠨ ᠲᠡᠳᠬᠦᠬᠦ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠥᠪᠬᠢᠨᠡᠭᠦᠯᠬᠦ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠵᠠᠰᠠᠭ ᠤᠨ ᠡᠷᠬᠡ ᠶᠢᠨ ᠰᠠᠭᠤᠷᠢ ᠪᠠᠶᠢᠭᠤᠯᠤᠯᠲᠠ᠂ ᠬᠤᠲᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠰᠠᠷᠠᠮᠵᠢ ᠬᠢᠭᠡᠳ ᠨᠡᠶᠢᠭᠡᠮ ᠤᠨ ᠬᠡᠷᠡᠭ ᠶᠠᠪᠤᠳᠠᠯ᠂ ᠭᠠᠵᠠᠷ ᠤᠨ ᠨᠡᠷᠡᠶᠢᠳᠦᠯ ᠤᠨ ᠣᠷᠣᠨ ᠬᠤᠪᠢᠶᠠᠷᠢᠯᠠᠯ ᠵᠡᠷᠭᠡ ᠠᠵᠢᠯ ᠢ ᠡᠷᠬᠢᠯᠡᠨ ᠬᠠᠮᠢᠶᠠᠷᠤᠨ᠎ᠠ᠃ ᠭᠤᠤᠯ ᠲᠤᠰᠢᠶᠠᠯ ᠬᠠᠷᠢᠭᠤᠴᠠᠯᠭ᠎ᠠ᠄ ︵ᠨᠢᠭᠡ︶ ᠨᠠᠮ ᠪᠠ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ ᠲᠥᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ︵ᠬᠤᠶᠠᠷ︶ ᠪᠦᠬᠦ ᠬᠤᠲᠠ ᠶᠢᠨ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠪᠣᠯᠤᠨ ᠨᠠᠶᠢᠳᠠᠵᠤ ᠣᠷᠣᠯᠠᠨ ᠬᠠᠮᠢᠶᠠᠷᠤᠭᠤᠯᠬᠤ ᠪᠦᠬᠦ ᠣᠷᠣᠨ ᠤ ᠴᠢᠨᠠᠷᠲᠠᠶ ᠨᠡᠶᠢᠭᠡᠮ ᠤᠨ ᠪᠦᠯᠬᠦᠮ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠳᠤ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠭᠤᠷᠪᠠ︶ ᠤᠯᠤᠰ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠲᠤ ᠤᠷᠢᠳᠠᠪᠠᠷ ᠬᠠᠷᠠᠭᠠᠯᠵᠠᠬᠤ᠂ ᠬᠠᠷᠠᠭᠠᠯᠵᠠᠯ ᠦᠵᠡᠭᠦᠯᠬᠦ᠂ ᠨᠥᠬᠦᠪᠥᠷᠢ ᠥᠭᠬᠦ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠠᠳᠡᠯ ᠰᠢᠷᠬᠠᠲᠤᠯ ᠤᠨ ᠠᠰᠠᠷᠠᠨ ᠬᠠᠷᠠᠭᠠᠯᠵᠠᠬᠤ ᠠᠵᠢᠯ ᠢ ᠬᠠᠷᠢᠭᠤᠴᠠᠨ᠎ᠠ︔ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠠᠵᠢᠯ ᠢ ᠬᠠᠷᠢᠭᠤᠴᠠᠨ᠎ᠠ᠃ ︵ᠳᠥᠷᠪᠡ︶ ᠪᠦᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠭ᠎ᠠ ᠣᠹᠢᠼᠧᠷ᠂ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ᠂ ᠣᠷᠣᠨ ᠨᠤᠲᠤᠭ ᠲᠤ ᠰᠢᠯᠵᠢᠭᠦᠯᠦᠨ ᠲᠥᠪᠬᠢᠨᠡᠭᠦᠯᠵᠦ ᠪᠠᠶᠢᠭ᠎ᠠ ᠴᠡᠷᠢᠭ ᠠᠩᠭᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠪᠠ ᠴᠡᠷᠢᠭ ᠠᠩᠭᠢ ᠶᠢᠨ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠢ ᠲᠥᠪᠬᠢᠨᠡᠭᠦᠯᠬᠦ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠬᠦᠯᠢᠶᠡᠨ ᠠᠪᠴᠤ ᠲᠥᠪᠬᠢᠨᠡᠭᠦᠯᠬᠦ ᠠᠵᠢᠯ ᠪᠠ ᠪᠦᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢ ᠪᠣᠯᠪᠠᠰᠤᠷᠠᠭᠤᠯᠬᠤ ᠪᠠ ᠲᠤᠬᠠᠶ ᠶᠢᠨ ᠭᠠᠵᠠᠷ ᠲᠤᠨᠢ ᠠᠵᠢᠯᠯᠠᠬᠤ ᠶᠢ ᠵᠢᠯᠣᠭᠤᠳᠤᠨ᠎ᠠ᠃ ︵ᠲᠠᠪᠤ︶ ᠭᠠᠮᠰᠢᠭ ᠠᠴᠠ ᠠᠪᠤᠷᠠᠵᠤ ᠭᠠᠮᠰᠢᠭ ᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ︔ ᠪᠠᠶᠢᠭᠠᠯᠢ ᠶᠢᠨ ᠭᠠᠶ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ︔ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠪᠠ ᠭᠠᠮᠰᠢᠭ ᠤᠨ ᠪᠠᠶᠢᠳᠠᠯ ᠢ ᠪᠦᠷᠢᠳᠬᠡᠨ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ︔ ᠪᠦᠬᠦ ᠬᠤᠲᠠ ᠶᠢᠨ ᠴᠢᠨᠠᠷᠲᠠᠶ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠺᠣᠮᠢᠰ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃   ︵ᠵᠢᠷᠭᠤᠭ᠎ᠠ︶ ᠪᠦᠬᠦ ᠬᠤᠲᠠ ᠶᠢᠨ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠨᠡᠶᠢᠭᠡᠮ ᠤᠨ ᠠᠪᠤᠷᠠᠨ ᠲᠤᠰᠠᠯᠠᠬᠤ  ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠪᠠ ᠪᠠᠷᠢᠮᠵᠢᠶ᠎ᠠ ᠶᠢ  ᠲᠣᠭᠲᠠᠭᠠᠨ᠎ᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠪᠠ ᠠᠮᠢᠳᠤᠷᠠᠯ ᠨᠢ ᠪᠠᠲᠤᠯᠠᠭ᠎ᠠ ᠦᠭᠡᠢ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ︵ᠳᠣᠯᠤᠭ᠎ᠠ︶ ᠪᠦᠬᠦ ᠬᠤᠲᠠ ᠶᠢᠨ ᠶᠡᠷᠦᠩᠬᠡᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ︔ ᠲᠣᠬᠢᠷᠠᠭᠤᠯᠤᠯᠲᠠ ᠬᠢᠬᠦ᠂ ᠨᠡᠷ᠎ᠡ ᠬᠠᠯᠠᠬᠤ ᠪᠠ ᠵᠠᠭᠠᠭ ᠬᠢᠵᠠᠭᠠᠷ ᠢ ᠬᠤᠪᠢᠷᠠᠭᠤᠯᠬᠤ ᠵᠢᠴᠢ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠰᠢᠯᠵᠢᠭᠦᠯᠬᠦ ᠵᠡᠷᠭᠡ  ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠰᠢᠭᠤ ᠰᠢᠶᠠᠨ ᠬᠤᠲᠠ ᠶᠢᠨ ᠬᠢᠯᠢ ᠶᠢᠨ ᠮᠠᠷᠭᠤᠯᠳᠤᠭᠠᠨ ᠢ ᠪᠠᠶᠢᠴᠠᠭᠠᠬᠤ ᠪᠠ ᠰᠢᠶᠳᠪᠦᠷᠢᠯᠡᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠨᠠᠢᠮᠠ︶ ᠪᠦᠬᠦ ᠬᠤᠲᠠ ᠶᠢᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ ᠶᠢ ᠲᠤᠭᠤᠷᠪᠢᠨ ᠲᠣᠭᠲᠠᠭᠠᠨ᠎ᠠ︔ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ︵ᠶᠢᠰᠦ︶ ᠪᠥᠬᠦ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠪᠠ ᠬᠤᠨᠵᠢᠪᠤᠷᠢᠲᠤ ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ︔ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ᠂ ᠥᠨᠥᠴᠢᠨ ᠬᠡᠤᠬᠡᠳ ᠵᠡᠷᠭᠡ ᠣᠨᠴᠠᠭᠠᠢ ᠬᠦᠴᠢᠷᠳᠡᠯᠲᠡᠶ ᠬᠥᠮᠦᠰ ᠤᠨ ᠡᠷᠬᠡ ᠠᠰᠢᠭ ᠢ ᠪᠠᠲᠤᠯᠠᠬᠤ ᠠᠵᠢᠯ ᠢ ᠡᠭᠦᠷᠭᠡᠯᠡᠨ᠎ᠡ᠃  ︵ᠠᠷᠪᠠ︶ ᠣᠷᠣᠰᠢᠭᠤᠯᠭ᠎ᠠ ᠶᠢᠨ ᠠᠵᠢᠯ ᠤᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠬᠢᠨ᠎ᠡ︔ ᠲᠡᠨᠦᠭᠦᠴᠢᠯᠡᠨ ᠭᠤᠶᠢᠷᠠᠨᠴᠢᠯᠠᠭᠰᠠᠳ ᠪᠣᠯᠤᠨ ᠲᠡᠨᠦᠭᠦᠯ ᠬᠡᠤᠬᠡᠳ ᠢ ᠲᠡᠩᠬᠡᠷᠡᠭᠦᠯᠦᠨ ᠲᠤᠰᠠᠯᠠᠬᠤ ᠪᠠ ᠬᠡᠤᠬᠡᠳ ᠡᠷᠭᠦᠨ ᠲᠡᠵᠢᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠤᠷᠤᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠵᠤ᠂ ᠤᠷᠤᠭ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ︔ ᠤᠷᠤᠭ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠬᠠᠮᠢᠶ᠎ᠠ ᠪᠦᠬᠦᠢ ᠰᠠᠶᠢᠨ ᠳᠤᠷᠠᠴᠢᠳ ᠤᠨ ᠡᠩᠨᠡᠭᠡᠨ ᠤ ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠤᠨ᠎ᠠ᠃ ︵ᠠᠷᠪᠠᠨ ᠬᠤᠶᠠᠷ︶ ᠤᠯᠠᠭᠠᠨᠴᠠᠪ ᠬᠤᠲᠠ ᠶᠢᠨ ᠨᠠᠰᠤᠲᠠᠶᠢᠴᠤᠳ ᠤᠨ ᠠᠵᠢᠯ ᠤᠨ ᠺᠣᠮᠢᠰ ᠤᠨ ᠠᠯᠪᠠᠨ ᠭᠡᠷ ᠤᠨ ᠠᠵᠢᠯ ᠢ ᠵᠢᠯᠣᠭᠤᠳᠤᠨ᠎ᠠ᠃  ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠤᠰᠢᠶᠠᠭᠰᠠᠨ ᠪᠤᠰᠤᠳ ᠵᠦᠶᠯ ᠤᠨ ᠠᠵᠢᠯ ᠢ ᠡᠷᠬᠢᠯᠡᠨ ᠭᠦᠶᠴᠡᠳᠬᠡᠨ᠎ᠡ᠃ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠶᠦᠩ ᠠᠨ ᠵᠠᠮ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ Email : mzjbgs 0822 @ 163. comᠬᠠᠷᠢᠯᠴᠠᠬᠤ ᠤᠲᠠᠰᠤ᠄ 0474 — 8320821 Emailᠹᠠᠺᠰ᠄ 0474 — 8320821                                                           ᠣᠷᠴᠢᠭᠤᠯᠤᠭᠴᠢ᠄ ᠭᠤᠸ᠎ᠠ                                                         ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2