| | ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠳᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ | ᠬᠡᠮᠵᠢᠶ᠎ᠡ ᠪᠣᠯᠤᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠬᠤᠶᠠᠷ ᠬᠡᠰᠡᠭ ᠪᠠᠭᠲᠠᠨ᠎ᠠ᠂ 2019 | ᠤᠨ ᠳᠤ᠂ 6 ᠳ᠋ᠤᠭᠠᠷ ᠰᠠᠷ᠎ᠠ ᠶᠢᠨ ᠰᠡᠭᠦᠯᠴᠢ ᠪᠤᠯᠲᠠᠯ᠎ᠠ ᠳᠡᠭᠡᠷ᠎ᠡ ᠬᠠᠭᠠᠰ ᠵᠢᠯ ᠳᠤ ᠪᠥᠬᠦ ᠬᠤᠲᠠ ᠪᠠᠷ ᠢᠶᠠᠨ | 121.1 ᠲᠦᠮᠡᠨ ᠬᠥᠮᠦᠨ ᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠶᠢ ᠪᠡᠶᠡᠯᠡᠭᠦᠯᠵᠦ᠂ ᠠᠶᠠᠨᠴᠢᠳ ᠤᠨ | ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 154.4 ᠲᠦᠮᠡᠨ ᠺᠢᠯᠣᠮᠧᠲᠷ ᠬᠦᠷᠴᠦ᠂ 3896.7 ᠲᠦᠮᠡᠨ ᠲᠣᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠪᠡᠶᠡᠯᠡᠭᠦᠯᠵᠦ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ | 802553.3 ᠲᠦᠮᠡᠨ ᠲᠣᠨ ᠺᠢᠯᠤᠮᠧᠲᠷ ᠬᠦᠷᠪᠡ᠃ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠢᠴᠢ | ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | ᠲᠣᠰ ᠲᠣᠰ 4.4 % ᠪᠠ 3.9 % ᠪᠠᠷ ᠪᠠᠭᠤᠷᠠᠵᠤ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠵᠢᠴᠢ ᠪᠠᠷᠠᠭᠠᠨ | ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 9. | 4 % ᠪᠠ 7.5 % ᠪᠠᠷ ᠨᠡᠮᠡᠭᠳᠡᠵᠡᠶ᠃ | ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠠᠴᠠ ᠦᠵᠡᠪᠡᠯ᠂ ᠮᠠᠨ ᠤ ᠬᠤᠲᠠ ᠶᠢᠨ ᠵᠠᠰᠠᠮᠠᠯ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠪᠣᠯᠤᠨ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ | ᠴᠥᠮ ᠵᠤᠬᠢᠬᠤ ᠬᠡᠮᠵᠢᠶ᠎ᠡ ᠪᠠᠷ ᠪᠠᠭᠤᠷᠠᠵᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠣᠯᠤᠨ | ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠴᠥᠮ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠥᠭᠡᠳ | ᠡᠨᠡ ᠬᠦ ᠬᠥᠭᠵᠢᠯᠲᠡ ᠶᠢᠨ ᠬᠠᠨᠳᠤᠰᠢ ᠶᠢ 2018 ᠤᠨ ᠪᠣᠯᠤᠨ 2017 ᠤᠨ ᠤ ᠠᠳᠠᠯᠢ ᠬᠤᠭᠤᠴᠠᠭᠠᠨ ᠤ ᠲᠤᠭ᠎ᠠ | ᠪᠠᠷᠢᠮᠲᠠ ᠶᠢᠨ ᠬᠠᠷᠢᠴᠠᠭᠤᠯᠤᠯ ᠠᠴᠠ ᠴᠤ ᠢᠯᠡᠷᠡᠭᠦᠯᠵᠦ ᠪᠣᠯᠤᠨ᠎ᠠ᠃ ᠵᠠᠰᠠᠮᠠᠯ ᠵᠠᠮ ᠤᠨ ᠲᠡᠭᠡᠭᠡᠪᠦᠷᠢ ᠶᠢᠨ ᠠᠶᠠᠨᠴᠢᠳ | ᠤᠨ ᠲᠡᠭᠡᠭᠡᠪᠦᠷᠢ ᠶᠢᠨ ᠬᠡᠮᠵᠢᠶ᠎ᠡ ᠪᠣᠯᠤᠨ ᠠᠶᠠᠨᠴᠢᠳ ᠶᠢᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ | ᠳᠣᠷᠣᠭᠰᠢᠯᠠᠭᠰᠠᠨ ᠤ ᠭᠤᠤᠯ ᠰᠢᠯᠲᠠᠭᠠᠨ ᠪᠣᠯ ᠭᠠᠳᠠᠭᠰᠢ ᠭᠠᠷᠬᠤ ᠠᠷᠭ᠎ᠠ ᠮᠠᠶ᠋ᠢᠭ ᠤᠨ ᠣᠯᠠᠨ ᠡᠰᠢᠵᠢᠯᠳᠡ ᠪᠣᠯᠤᠨ᠎ᠠ᠂ | ᠦᠩᠭᠡᠷᠡᠭᠰᠡᠨ ᠳᠤ ᠭᠠᠳᠠᠭᠰᠢ ᠭᠠᠷᠬᠤ ᠳᠤ ᠭᠤᠤᠯᠳᠠᠭᠤ ᠵᠠᠰᠠᠮᠠᠯ ᠵᠠᠮ ᠤᠨ ᠵᠠᠮ ᠬᠠᠷᠢᠯᠴᠠᠭ᠎ᠠ ᠳᠤ ᠲᠦᠰᠢᠭᠯᠡᠵᠦ | ᠪᠠᠶᠢᠵᠠᠶ᠂ ᠤᠳᠤ ᠠᠷᠠᠳ ᠤᠨ ᠠᠮᠢᠳᠤᠷᠠᠯ ᠤᠨ ᠬᠢᠷᠢ ᠲᠦᠪᠰᠢᠨ ᠶᠡᠬᠡᠳᠡ ᠳᠡᠭᠡᠭᠰᠢᠯᠡᠵᠦ᠂ ᠬᠤᠪᠢ ᠶᠢᠨ ᠮᠠᠰᠢᠨ | ᠲᠡᠷᠭᠡ ᠶᠢᠨ ᠲᠤᠭ᠎ᠠ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ ᠲᠡᠮᠦᠷ ᠵᠠᠮ᠂ ᠠᠭᠠᠷ ᠤᠨ ᠲᠡᠭᠡᠭᠡᠪᠦᠷᠢ ᠦᠳᠲᠡᠷ | ᠲᠦᠷᠭᠡᠨ ᠬᠥᠭᠵᠢᠵᠦ᠂ ᠨᠡᠯᠢᠶᠡᠳ ᠶᠡᠭᠡ ᠬᠡᠮᠵᠢᠶᠡᠨ ᠳᠡᠭᠡᠷ᠎ᠡ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢ | ᠰᠠᠯᠭᠠᠭᠰᠠᠨ ᠪᠣᠯᠬᠤᠷ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠤᠬᠢᠬᠤ ᠬᠡᠮᠵᠢᠶ᠎ᠡ ᠪᠠᠷ | ᠪᠠᠭᠤᠷᠠᠭᠰᠠᠨ ᠪᠠᠶᠢᠨ᠎ᠠ᠃ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠣᠯᠤᠨ ᠪᠠᠷᠠᠭᠠᠨ ᠤ ᠲᠡᠭᠡᠭᠡᠪᠦᠷᠢ | ᠶᠢᠨ ᠡᠷᠭᠢᠯᠲᠡ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ ᠪᠠᠶᠢᠭ᠎ᠠ ᠭᠤᠤᠯ ᠰᠢᠯᠲᠠᠭᠠᠨ ᠨᠢ ᠬᠤᠶᠠᠷ ᠲᠠᠯ᠎ᠠ ᠪᠣᠢ᠂ | ᠨᠢᠭᠡ ᠳᠤ ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠮ ᠤᠨ | ᠲᠣᠤᠷ ᠲᠠᠰᠤᠷᠠᠯᠲᠠ ᠦᠭᠡᠢ ᠲᠡᠭᠦᠯᠳᠡᠷᠵᠢᠵᠦ᠂ ᠵᠠᠰᠠᠮᠠᠯ ᠵᠠᠮ ᠤᠨ ᠵᠡᠷᠭᠡ ᠳᠡᠰ ᠪᠣᠯᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠠᠶ᠃ ᠢᠯᠠᠩᠭᠤᠶ᠎ᠠ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 3.2 | ᠳ᠋ᠦᠩᠰᠢᠭᠤᠷ ᠲᠥᠭᠦᠷᠢᠭ ᠬᠦᠷᠴᠦ᠂ 2018 ᠤᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠵᠠᠰᠠᠮᠠᠯ ᠵᠠᠮ ᠤᠨ | ᠪᠥᠬᠦ ᠤᠷᠲᠤ 16728 ᠺᠢᠯᠣᠮᠧᠲᠷ ᠲᠤ ᠬᠥᠷᠪᠡ᠂ ᠡᠭᠦᠨ ᠳᠤ ᠬᠤᠷᠳᠤᠨ ᠤ ᠵᠠᠮ 782 ᠺᠢᠯᠣᠮᠧᠲᠷ᠂ | ᠨᠢᠭᠡᠳᠦᠭᠡᠷ ᠲᠡᠰ ᠤᠨ ᠵᠠᠰᠠᠮᠠᠯ ᠵᠠᠮ 817 ᠺᠢᠯᠣᠮᠧᠲᠷ᠂ ᠬᠤᠶᠠᠳᠤᠭᠠᠷ ᠲᠡᠰ ᠤᠨ ᠵᠠᠰᠠᠮᠠᠯ ᠵᠠᠮ 1750 ᠺᠢᠯᠣᠮᠧᠲᠷ᠂ | ᠭᠤᠷᠪᠠᠳᠤᠭᠠᠷ ᠲᠡᠰ ᠤᠨ ᠵᠠᠰᠠᠮᠠᠯ ᠵᠠᠮ 3611 ᠺᠢᠯᠣᠮᠧᠲᠷ᠂ ᠳᠥᠷᠪᠡᠳᠦᠭᠡᠷ ᠲᠡᠰ ᠤᠨ ᠵᠠᠰᠠᠮᠠᠯ ᠵᠠᠮ 9768 | ᠺᠢᠯᠣᠮᠧᠲᠷ ᠪᠠᠶᠢᠨ᠎ᠠ᠃ ᠵᠠᠮ ᠤᠨ ᠲᠤᠤᠷ ᠤᠨ ᠨᠢᠭᠲᠠᠴᠠ 31.04 ᠺᠢᠯᠣᠮᠧᠲᠷ \ ᠵᠠᠭᠤᠨ ᠲᠡᠭᠰᠢ ᠳᠥᠷᠪᠡᠯᠵᠢᠨ | ᠺᠢᠯᠣᠮᠧᠲᠷ ᠲᠤ ᠬᠦᠷᠴᠡᠶ᠃ ᠬᠤᠶᠠᠷ ᠲᠤ᠂ ᠮᠠᠨ ᠤ ᠬᠤᠲᠠ ︽ᠨᠢᠭᠡ ᠪᠦᠰᠡ ᠨᠢᠭᠡ ᠵᠠᠮ︾ ᠤᠨ ᠴᠢᠬᠤᠯᠠ | ᠵᠠᠩᠭᠢᠯᠠᠭ᠎ᠠ ᠶᠢᠨ ᠴᠡᠭ ᠤᠨ ᠬᠤᠲᠠ ᠪᠠ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠶᠢᠨ ᠵᠠᠩᠭᠢᠯᠠᠭ᠎ᠠ ᠶᠢᠨ | ᠴᠡᠭ ᠤᠨ ᠬᠤᠲᠠ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠣᠷᠣᠨ ᠪᠠᠶᠢᠷᠢ ᠪᠠ ᠵᠠᠮ ᠬᠠᠷᠢᠯᠴᠠᠭᠠᠨ ᠤ | ᠳᠠᠪᠠᠭᠤᠯᠢᠭ ᠢ ᠭᠦᠢᠴᠡᠳ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠬᠥᠭᠵᠢᠯᠲᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠠᠢ᠂ ᠤᠶᠢᠷ᠎ᠠ ᠶᠢᠨ ᠵᠢᠯ ᠠᠴᠠ | ᠨᠠᠭᠠᠰᠢ ᠪᠠᠷᠠᠭ᠎ᠠ ᠭᠦᠢᠯᠭᠡᠭᠡᠨ ᠤ ᠦᠢᠯᠡᠰ ᠤᠨ ᠬᠥᠭᠵᠢᠯᠲᠡ ᠦᠳᠲᠦᠷ ᠲᠦᠷᠭᠡᠨ ᠪᠠᠶᠢᠵᠤ᠂ ᠳᠣᠯᠣᠳᠤᠭᠠᠷ | ᠰᠤᠮᠤ ᠶᠢᠨ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠶᠢᠨ ᠪᠠᠷᠠᠭ᠎ᠠ ᠭᠦᠢᠯᠭᠡᠭᠡᠨ ᠤ ᠵᠠᠩᠭᠢᠯᠠᠭ᠎ᠠ ᠶᠢᠨ | ᠰᠠᠭᠤᠷᠢᠨ ᠵᠢᠴᠢ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭ᠎ᠠ ᠭᠦᠢᠯᠭᠡᠭᠡᠨ ᠤ ᠠᠵᠤ | ᠦᠢᠯᠡᠰ ᠤᠨ ᠬᠦᠷᠢᠶᠡᠯᠡᠩ᠂ ᠭᠠᠶᠢᠯᠢ ᠪᠠᠲᠤᠯᠠᠬᠤ ᠪᠠᠷᠠᠭ᠎ᠠ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ᠂ | ᠤᠮᠠᠷᠠᠲᠤ ᠶᠢᠨ ᠭᠡᠷ ᠤᠨ ᠡᠳ᠋ᠯᠡᠯ ᠤᠨ ᠠᠵᠤ ᠦᠢᠯᠡᠰ ᠤᠨ ᠬᠦᠷᠢᠶᠡᠯᠡᠩ᠂ ᠸᠠᠨ ᠢ ᠪᠠᠷᠠᠭ᠎ᠠ ᠭᠦᠶᠦᠯᠭᠡᠨ ᠬᠦᠷᠢᠶᠡᠯᠡᠩ | ᠲᠣᠭᠤᠷᠢᠭ ᠵᠡᠷᠭᠡ ᠶᠢᠨ ᠬᠥᠭᠵᠢᠯᠲᠡ ᠨᠢ ᠮᠠᠨ ᠤ ᠬᠤᠲᠠ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠬᠥᠭᠵᠢᠯᠲᠡ ᠳᠤ | ᠴᠥᠮ ᠢᠳᠡᠪᠬᠢᠲᠡᠢ ᠨᠥᠯᠥᠭᠡ ᠦᠵᠡᠭᠦᠯᠵᠡᠶ᠃ | ᠳᠡᠭᠡᠷᠡᠬᠢ ᠪᠠᠶᠢᠳᠠᠯ ᠠᠴᠠ ᠦᠵᠡᠪᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠶᠢᠨ ᠨᠡᠮᠡᠭᠳᠡᠯ ᠢ | ᠨᠥᠯᠥᠭᠡᠯᠡᠵᠦ ᠪᠠᠶᠢᠭ᠎ᠠ ᠰᠢᠯᠲᠠᠭᠠᠨ ᠨᠢ ᠮᠥᠨ ᠴᠦ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ | ᠪᠠ ᠳᠡᠭᠡᠭᠰᠢᠯᠡᠯᠲᠡ ᠶᠢᠨ ᠢᠯᠡᠷᠡᠯ ᠮᠥᠨ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠨᠢ ᠮᠠᠨ ᠤ ᠬᠤᠲᠠ ᠶᠢᠨ | ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠬᠡᠷᠡᠭᠯᠡᠭᠡ ᠲᠠᠰᠤᠷᠠᠯᠲᠠ | ᠦᠭᠡᠢ ᠳᠡᠰ ᠳᠠᠪᠰᠢᠵᠤ᠂ ᠡᠳ᠋ ᠪᠠᠷᠠᠭ᠎ᠠ ᠶᠢᠨ ᠭᠦᠶᠦᠯᠭᠡ ᠲᠦᠷᠭᠡᠰᠴᠦ᠂ ᠮᠠᠨ ᠤ ᠬᠤᠲᠠ ᠶᠢᠨ ᠲᠣᠭᠤᠷᠢᠭ ᠤᠨ ᠵᠠᠮ | ᠬᠠᠷᠢᠯᠴᠠᠭᠠᠨ ᠤ ᠳᠠᠪᠠᠭᠤᠯᠢᠭ ᠴᠤ ᠤᠯᠠᠮ ᠨᠢᠭᠡ ᠠᠯᠬᠤᠮ ᠳᠤᠪᠤᠶᠢᠮ᠎ᠠ ᠪᠣᠯᠤᠭᠰᠠᠨ ᠢ ᠬᠠᠷᠠᠭᠤᠯᠵᠤ ᠪᠠᠶᠢᠨ᠎ᠠ᠃ | |