ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2019/8/8
    ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠣᠯ ᠬᠤᠲᠠ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢ ᠲᠤᠰᠬᠠᠶ ᠬᠠᠮᠢᠶᠠᠷᠬᠤ ᠡᠷᠬᠡ ᠳᠤᠰᠢᠶᠠᠯᠳᠤ ᠰᠠᠯᠠᠭ᠎ᠠ ᠮᠥᠴᠢᠷ ᠪᠣᠯᠤᠨ᠎ᠠ᠃ ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ ᠪᠣᠯ ᠤᠯᠤᠰ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠠᠪᠤᠳᠠᠯ ᠪᠣᠯᠤᠨ᠎ᠠ᠃ ᠪᠦᠬᠦ ᠬᠤᠲᠠ ᠶᠢᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠪᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠬᠤᠲᠠ ᠶᠢᠨ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂ ᠡᠯ᠎ᠡ ᠵᠦᠢᠯ ᠤᠨ ᠬᠤᠷᠸ᠎ᠠ ᠠᠵᠤ ᠠᠬᠤᠢ ᠶᠢᠨ ᠲᠥᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠬᠤᠲᠠ ᠶᠢᠨ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠶᠢᠨ ᠱᠠᠲᠤᠨ ᠤ ᠬᠦᠷᠢᠶ᠎ᠡ ᠬᠡᠪᠴᠢᠶᠡᠨ ᠳᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠲᠥᠰᠦᠯ ᠢ ᠰᠤᠳᠤᠯᠤᠨ ᠲᠤᠭᠤᠷᠪᠢᠨ ᠲᠣᠭᠲᠠᠭᠠᠨ᠎ᠠ︔ ᠪᠦᠬᠦ ᠬᠤᠲᠠ ᠶᠢᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠪᠠ ᠥᠭᠬᠦ ᠳᠦᠷᠢᠮ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠭᠦᠢᠴᠡᠳᠬᠡᠬᠦ ᠪᠠ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠵᠠᠰᠠᠭ ᠤᠨ ᠣᠷᠳᠣᠨ ᠤ ᠳᠣᠳᠣᠷ᠎ᠡ ᠭᠠᠳᠠᠨᠠᠬᠢ ᠥᠷᠢ ᠥᠭᠴᠡᠭᠡ᠂ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠵᠦᠶᠯᠡᠰ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠲᠠᠯ᠎ᠠ ᠠᠯᠪᠠᠨ ᠤᠲᠠᠰᠤ᠄ ︵0474︶ 8326221 8326220 ᠹᠠᠺᠰ᠄ ︵0474︶ 8326270 ᠰᠢᠤᠳᠠᠨ ᠳ᠋ᠤᠭᠠᠷ᠄ 012000 ᠢᠮᠧᠯ᠄ w l c b c z j @ 163.com                                 ᠤᠷᠴᠢᠭᠤᠯᠤᠭᠴᠢ᠄ ᠬᠦᠰᠡᠯ                                ᠬᠢᠨᠠᠭᠴᠢ᠄ ᠭᠡᠷᠡᠯᠳᠤ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2