ᠤᠯᠠᠭᠠᠨᠴᠠᠪ ᠬᠤᠳᠠ ᠶᠢᠨ ᠭᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ
ᠨᠡᠶᠢᠲᠡᠯᠡᠭᠰᠡᠨ ᠴᠠᠭ᠄
2019/8/9
      ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠬᠤᠲᠠ ᠶᠢᠨ ᠵᠠᠰᠠᠭ ᠤᠨ ᠣᠷᠳᠣᠨ ᠤ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠬᠤ  ᠡᠷᠬᠡ ᠲᠤᠰᠢᠶᠠᠯᠲᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠠ ᠵᠢᠯ ᠤᠨ ᠬᠥᠭᠵᠢᠯᠲᠡ ᠶᠢᠨ ᠲᠥᠯᠥᠪᠯᠡᠭᠡ ᠶᠢ ᠰᠤᠳᠤᠯᠤᠨ ᠳᠤᠷᠠᠳᠴᠤ᠂ ᠪᠥᠬᠦ ᠬᠤᠲᠠ ᠶᠢᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠬᠥᠭᠵᠢᠯᠲᠡ ᠶᠢᠨ ᠬᠤᠷᠳᠤᠴᠠ᠂ ᠪᠦᠲᠦᠴᠡ ᠶᠢᠨ ᠲᠣᠬᠢᠷᠠᠭᠤᠯᠤᠯᠲᠠ ᠶᠢ ᠲᠤᠬᠢᠷᠠᠭᠤᠯᠤᠨ ᠡᠵᠡᠮᠳᠡᠬᠦ ᠬᠠᠷᠠᠯᠲᠠ ᠵᠢᠴᠢ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠴᠤ᠂ ᠡᠯ᠎ᠡ ᠭᠤᠤᠯ ᠠᠵᠢᠯ ᠲᠥᠷᠥᠯ ᠤᠨ ᠲᠤᠬᠠᠢ ᠲᠥᠯᠥᠪᠵᠢᠭᠦᠯᠭᠡ ᠶᠢ ᠵᠤᠯᠭᠠᠯᠳᠤᠭᠤᠯᠤᠨ ᠲᠡᠩᠴᠡᠭᠦᠷᠢᠲᠡᠶ ᠪᠠᠶᠢᠯᠭᠠᠨ᠎ᠠ︔ ᠨᠡᠶᠢᠭᠡᠮ ᠤᠨ ᠶᠡᠷᠦᠩᠬᠡᠶ ᠬᠡᠷᠡᠭᠴᠡᠭᠡ ᠪᠠ ᠴᠢᠬᠤᠯᠠ ᠶᠡᠭᠡ ᠬᠠᠷᠢᠴᠠᠯ ᠤᠨ ᠬᠠᠷᠢᠴᠠᠭ᠎ᠠ ᠶᠢ ᠵᠣᠬᠢᠴᠠᠭᠤᠯᠬᠤ ᠠᠵᠢᠯ ᠢ ᠰᠠᠶᠢᠲᠤᠷ ᠬᠢᠵᠦ᠂  ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ᠂ ᠡᠬᠢ ᠪᠠᠶᠠᠯᠢᠭ ᠤᠨ ᠨᠡᠭᠡᠭᠡᠯᠲᠡ ᠪᠠ ᠠᠮᠢ ᠠᠬᠤᠢ ᠶᠢᠨ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠠᠶᠢᠲᠤᠷ ᠬᠢᠨ᠎ᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠶᠢ ᠳᠤᠷᠠᠳᠤᠨ ᠭᠠᠷᠭᠠᠨ᠎ᠠ᠃ ᠴᠢᠬᠤᠯᠠ ᠶᠡᠭᠡ ᠲᠦᠷᠦᠯ ᠵᠦᠢᠯ ᠤᠨ ᠪᠠᠶᠢᠷᠢᠯᠠᠭᠤᠯᠤᠯᠲᠠ ᠶᠢ ᠲᠥᠯᠥᠪᠵᠢᠭᠦᠯᠵᠦ᠂ ᠭᠠᠳᠠᠭᠠᠳᠤ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠡᠷᠡᠭᠯᠡᠬᠦ ᠴᠢᠭᠯᠡᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ︔ ᠭᠠᠳᠠᠭᠠᠳᠤ  ᠪᠡᠯᠡ ᠶᠢᠨ ᠲᠦᠷᠦᠯ ᠵᠦᠢᠯ ᠤᠨ ᠠᠰᠢᠭᠯᠠᠯᠳᠠ ᠶᠢ ᠬᠢᠨᠠᠨ ᠵᠥᠪᠰᠢᠶᠡᠷᠡᠬᠦ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠤᠳᠠᠰ ᠤᠨ ᠦᠨ᠎ᠡ ᠶᠢᠨ ᠠᠵᠢᠯ ᠤᠨ ᠲᠤᠬᠠᠶ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠦᠨ᠎ᠡ ᠬᠠᠩᠰᠢ ᠶᠢᠨ ᠲᠥᠷᠦ ᠶᠢᠨ ᠪᠣᠳᠣᠯᠭ᠎ᠠ   ᠶᠢᠨ ᠬᠢᠨᠠᠯᠲᠠ ᠶᠢ ᠬᠡᠷᠡᠭᠵᠢᠭᠦᠯᠦᠨ᠎ᠡ︔ ᠣᠷᠣᠨ ᠨᠤᠲᠤᠭ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠪᠣᠯᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠵᠢᠯᠣᠭᠤᠳᠴᠤ᠂ ᠠᠵᠢᠯ ᠲᠥᠷᠥᠯ  ᠤᠨ ᠵᠤᠬᠢᠶᠠᠨ  ᠪᠠᠶᠢᠭᠤᠯᠤᠯᠳᠠ ᠶᠢᠨ ᠦᠨ᠎ᠡ ᠬᠠᠩᠰᠢ ᠡᠵᠡᠮᠳᠠᠨ ᠲᠤᠭᠲᠠᠭᠠᠬᠤ ᠵᠡᠷᠭᠡ ᠶᠢ ᠵᠢᠯᠣᠭᠤᠳᠤᠨ᠎ᠠ᠃ ᠲᠡᠷᠡᠴᠢᠯᠡᠨ ᠨᠡᠶᠢᠭᠡᠮ ᠤᠨ ᠠᠵᠤ ᠦᠢᠯᠡᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠳᠤᠮᠳᠠᠬᠢ  ᠡᠯ᠎ᠡ ᠵᠦᠢᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠬᠠᠷᠢᠯᠴᠠᠬᠤ ᠤᠲᠠᠰᠤ᠄ 0474 — 8320939 ᠬᠢᠨᠠᠯᠲᠠ ᠲᠠᠯᠪᠢᠬᠤ ᠤᠲᠠᠰᠤ᠄ 0474 — 8320939 ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠵᠠᠮ ᠤᠨ ᠬᠤᠶᠢᠲᠤ ᠬᠡᠰᠡᠭ ᠨᠢᠭᠡᠴᠡ ᠶᠢᠨ ᠢᠮᠧᠯ᠄  fgwbgs 8320939 @ 163.com                                                             ᠨᠠᠶᠢᠷᠠᠭᠤᠯᠤᠭᠴᠢ᠄ ᠭᠤᠸ᠎ᠠ                                                             ᠬᠢᠨᠠᠭᠴᠢ᠄ ᠭᠡᠷᠡᠯᠳᠤ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2