ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ
ᠨᠡᠶᠢᠲᠡᠯᠡᠭᠰᠡᠨ ᠴᠠᠭ᠄
2019/9/19
      ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠥᠩᠭᠦᠨ ᠭᠦᠢᠯᠭᠡᠭᠡᠨ ᠤ ᠠᠯᠪᠠᠨ ᠭᠡᠷ ᠨᠢ 2006 ᠤᠨ ᠤ 4 ᠰᠠᠷ᠎ᠠ ᠳᠤ  ᠪᠠᠶᠢᠭᠤᠯᠤᠭᠳᠠᠵᠤ᠂  ᠵᠢᠩᠬᠢᠨᠢ ᠭᠠᠵᠠᠷ ᠤᠨ ᠳᠡᠰ ᠤᠨ ᠬᠡᠷᠡᠭ ᠡᠷᠬᠢᠯᠡᠬᠦ ᠪᠠᠶᠢᠭᠤᠯᠤᠮᠵᠢ ᠳᠤ ᠬᠠᠷᠢᠶᠠᠯᠠᠭᠳᠠᠨ᠎ᠠ᠃ ᠭᠤᠤᠯ ᠡᠭᠦᠷᠭᠡ ᠲᠤᠰᠢᠶᠠᠯ ᠨᠢ ᠬᠤᠲᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠤᠨ ᠦᠢᠯᠡᠴᠢᠯᠡᠭᠦᠯᠬᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ  ᠵᠢᠯᠣᠭᠤᠳᠬᠤ᠂ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ  ᠵᠦᠢᠯ ᠵᠢᠴᠢ ᠳᠤᠮᠳᠠ ᠵᠢᠵᠢᠭ ᠠᠵᠤ ᠠᠬᠤᠶᠢᠯᠠᠯ ᠳᠤ ᠪᠡᠯᠡ ᠲᠣᠬᠢᠷᠠᠭᠤᠯᠭ᠎ᠠ ᠬᠢᠵᠦ ᠥᠭᠬᠦ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠬᠢᠭᠡᠳ ᠪᠡᠯᠡ ᠲᠣᠬᠢᠷᠠᠭᠤᠯᠭ᠎ᠠ ᠶᠢᠨ ᠴᠢᠨᠠᠷᠲᠠᠶ  ᠪᠠᠲᠤᠯᠠᠪᠤᠷᠢ ᠶᠢᠨ ᠺᠣᠮᠫᠠᠨᠢ ᠶᠢ ᠬᠢᠨᠠᠨ ᠬᠠᠮᠢᠶᠠᠷᠬᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠪᠣᠯᠤᠨ᠎ᠠ᠃ ᠳᠤᠲᠤᠭᠠᠳᠤ ᠳᠤ ᠪᠠᠨ ᠳᠣᠣᠷᠠᠬᠢ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠢ ᠲᠤᠬᠢᠷᠠᠭᠤᠯᠪᠠ — ᠶᠡᠷᠦᠩᠬᠡᠶᠢᠯᠡᠭᠰᠡᠨ ᠰᠠᠯᠠᠭ᠎ᠠ᠂ ᠮᠥᠩᠭᠦᠨ ᠬᠦᠢᠯᠭᠡᠭᠡᠨ ᠤ ᠰᠠᠯᠠᠭ᠎ᠠ᠂ ᠳᠣᠣᠷ᠎ᠠ ᠪᠠᠨ ᠬᠤᠶᠠᠷ ᠰᠠᠯᠠᠭᠠᠨ ᠤ ᠲᠡᠰ ᠤᠨ ᠠᠵᠢᠯ ᠦᠢᠯᠡᠰ ᠤᠨ ᠨᠢᠭᠡᠴᠢ ᠶᠢ ᠬᠠᠷᠢᠶᠠᠯᠠᠪᠠ — ᠬᠤᠲᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠣᠷᠣᠨ ᠨᠤᠲᠤᠭ ᠤᠨ ᠦᠢᠯᠡᠴᠢᠯᠡᠭᠡᠨ ᠤ ᠲᠥᠪ ᠲᠠᠢ᠃ ᠡᠭᠦᠨ ᠠᠴᠠ ᠭᠠᠳᠠᠨ᠎ᠠ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠣᠤᠷ᠎ᠠ ᠨᠢ ᠪᠠᠰᠠ ᠬᠤᠶᠠᠷ ᠺᠣᠮᠫᠠᠨᠢ ᠪᠠᠶᠢᠭᠤᠯᠵᠠᠶ᠄ ᠾᠦᠢ ᠶᠤᠸᠠᠨ ᠪᠠᠯᠠ ᠣᠷᠣᠭᠤᠯᠤᠯᠲᠠ ᠶᠢᠨ  ᠪᠠᠲᠤᠯᠠᠪᠤᠷᠢ ᠶᠢᠨ ᠺᠣᠮᠫᠠᠨᠢ ᠪᠣᠯᠤᠨ ᠵᠢᠤᠢ ᠶᠤᠸᠠᠨ ᠠᠳᠠᠯ  ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠺᠣᠮᠫᠠᠨᠢ᠂ ᠭᠤᠤᠯᠳᠠᠭᠤ ᠪᠥᠬᠦ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ  ᠦᠢᠯᠡᠴᠢᠯᠡᠭᠡᠨ ᠤ ᠴᠢᠳᠠᠮᠵᠢ ᠶᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474 — 8320188 ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠮᠦᠨ᠎ᠡ ᠠᠰᠠᠷ ᠤᠨ 2 ᠳ᠋ᠤᠭᠠᠷ ᠳᠠᠪᠬᠤᠷᠭ᠎ᠠ ᠪᠠᠶᠢᠭᠤᠯᠭ᠎ᠠ ᠶᠢᠨ ᠢᠮᠧᠯ᠄ wmjrb @ sina.com                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠭᠡᠷᠡᠯᠲᠦ                  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2