| ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠶᠯ ᠪᠥᠬᠦ ᠬᠤᠲᠠ ᠶᠢᠨ ᠢᠯᠴᠢ ᠬᠠᠩᠭᠠᠬᠤ ᠶᠢ ᠢᠯᠴᠢ ᠶᠢᠨ ᠬᠡᠮᠵᠢᠶ᠎ᠡ ᠪᠠᠷ ᠦᠨ᠎ᠡ ᠪᠣᠳᠣᠵᠤ | ᠰᠦᠶᠳᠬᠡᠯ ᠬᠤᠷᠢᠶᠠᠬᠤ ᠳᠦᠷᠢᠮ ᠢ ᠬᠡᠷᠡᠭᠵᠢᠭᠦᠯᠵᠦ᠂ ᠢᠯᠴᠢ ᠬᠠᠩᠭᠠᠬᠤ ᠶᠢ ᠬᠡᠮᠵᠢᠬᠦ ᠦᠨ᠎ᠡ ᠬᠠᠩᠰᠢ ᠪᠠ | ᠰᠦᠶᠳᠬᠡᠯ ᠬᠤᠷᠢᠶᠠᠬᠤ ᠠᠷᠭ᠎ᠠ ᠶᠢ ᠪᠠᠶᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠢᠯᠴᠢ ᠬᠠᠩᠭᠠᠬᠤ ᠶᠢ ᠬᠡᠮᠵᠢᠬᠦ ᠦᠨ᠎ᠡ ᠬᠠᠩᠰᠢ ᠶᠢ ᠬᠡᠷᠡᠭᠵᠢᠭᠦᠯᠬᠦ ᠲᠤᠬᠠᠶ | ᠵᠢᠯᠣᠭᠤᠳᠬᠤ ᠰᠠᠨᠠᠯ﹀ ᠢ ᠳᠠᠬᠢᠨ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ | ᠥᠭᠡᠷᠡᠴᠢᠯᠡᠯᠲᠡ ᠦᠨ᠎ᠡ ᠦᠰᠦᠭ ︹ 2018 ︺ 322 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠬᠠᠮᠢᠶᠠᠷᠤᠯᠲᠠ ᠶᠢᠨ | ᠠᠷᠭ᠎ᠠ ᠶᠢ ᠳᠤᠷᠠᠳᠪᠠ᠃ | ᠬᠤᠶᠠᠳᠤᠭᠠᠷ ᠵᠦᠶᠯ ᠤᠯᠠᠭᠠᠨᠴᠠᠪ ᠬᠤᠲᠠ ᠶᠢᠨ ᠬᠤᠲᠠᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ | ᠣᠷᠣᠨ ᠪᠦᠰᠡ ᠳᠤ ᠢᠯᠴᠢ ᠬᠠᠩᠭᠠᠬᠤ ᠶᠢ ᠬᠡᠮᠵᠢᠬᠦ ᠪᠠ ᠳᠤᠯᠠᠭᠠᠨ ᠢ ᠡᠵᠡᠮᠳᠡᠬᠦ ᠲᠣᠨᠣᠭᠯᠠᠯ ᠪᠡᠯᠡᠳᠬᠡᠮᠵᠢ ᠶᠢ ᠨᠢᠭᠡᠨᠲᠡ | ᠤᠭᠰᠠᠷᠠᠵᠤ᠂ ᠢᠯᠴᠢ ᠶᠢᠨ ᠬᠡᠮᠵᠢᠶ᠎ᠡ ᠶᠢ ᠣᠨᠣᠪᠴᠢᠲᠠᠶ ᠪᠠᠷ ᠡᠷᠦᠬᠡ ᠬᠤᠪᠢᠶᠠᠨ ᠬᠡᠮᠵᠢᠨ ᠪᠣᠳᠣᠵᠤ ᠰᠦᠶᠳᠬᠡᠯ | ᠬᠤᠷᠢᠶᠠᠬᠤ ᠨᠥᠬᠦᠴᠡᠯ ᠢ ᠪᠦᠷᠢᠯᠳᠦᠭᠦᠯᠦᠭᠰᠡᠨ ᠡᠨᠧᠷᠭᠢ ᠠᠷᠪᠢᠯᠠᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠪᠣᠯᠤᠨ | ᠣᠯᠠᠨ ᠨᠡᠶᠢᠲᠡ ᠶᠢᠨ ᠪᠠᠷᠢᠯᠭ᠎ᠠ ᠶᠢᠨ ᠬᠡᠷᠡᠭᠯᠡᠭᠴᠢ ᠳᠤ ᠲᠣᠰ ᠠᠷᠭ᠎ᠠ ᠲᠣᠬᠢᠷᠠᠨ᠎ᠠ᠃ | ᠲᠣᠰ ᠠᠷᠭ᠎ᠠ ᠶᠢᠨ ᠢᠯᠴᠢ ᠬᠠᠩᠭᠠᠬᠤ ᠨᠢᠭᠡᠴᠢ ᠭᠡᠳᠡᠭ ᠨᠢ ᠢᠯᠴᠢ ᠡᠭᠦᠰᠭᠡᠭᠴᠢ ᠶᠢᠨ ᠨᠢᠭᠡᠴᠢ ᠶᠢᠨ ᠬᠠᠩᠭᠠᠭᠰᠠᠨ | ᠪᠤᠶᠤ ᠲᠣᠰ ᠨᠢᠭᠡᠴᠢ ᠶᠢᠨ ᠦᠶᠯᠡᠳᠪᠦᠷᠢᠯᠡᠭᠰᠡᠨ ᠢᠯᠴᠢ ᠶᠢᠨ ᠡᠨᠧᠷᠭᠢ ᠶᠢ ᠠᠰᠢᠭᠯᠠᠨ᠂ ᠢᠯᠴᠢ ᠬᠠᠩᠭᠠᠬᠤ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠶᠢ ᠵᠢᠭᠠᠵᠤ ᠪᠤᠢ᠃ | ᠲᠣᠰ ᠠᠷᠭ᠎ᠠ ᠶᠢᠨ ᠢᠯᠴᠢ ᠬᠡᠷᠡᠭᠯᠡᠭᠴᠢ ᠭᠡᠳᠡᠭ ᠨᠢ ᠢᠯᠴᠢ ᠬᠠᠩᠭᠠᠬᠤ ᠨᠢᠭᠡᠴᠢ ᠶᠢᠨ ᠢᠯᠴᠢ ᠬᠠᠩᠭᠠᠬᠤ | ᠡᠨᠧᠷᠭᠢ ᠶᠢ ᠲᠥᠯᠥᠪᠦᠷᠢ ᠲᠠᠢ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠢ ᠵᠢᠭᠠᠵᠤ ᠪᠤᠢ᠃ | ᠭᠤᠷᠪᠠᠳᠤᠭᠠᠷ ᠵᠦᠶᠯ ᠲᠣᠰ ᠠᠷᠭ᠎ᠠ ᠪᠣᠯ ᠢᠯᠴᠢ ᠬᠠᠩᠭᠠᠬᠤ ᠶᠢ ᠬᠡᠮᠵᠢᠵᠦ ᠰᠦᠶᠳᠬᠡᠯ ᠬᠤᠷᠢᠶᠠᠬᠤ ᠠᠷᠭ᠎ᠠ | ᠪᠣᠯᠤᠨ᠎ᠠ᠂ ᠢᠯᠴᠢ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠳᠤ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠰᠲᠠᠭᠠᠨ ᠨᠡᠶᠢᠲᠡᠯᠡᠭᠰᠡᠨ ᠢᠯᠴᠢ ᠶᠢᠨ ᠬᠡᠮᠵᠢᠶ᠎ᠡ ᠶᠢ | ᠬᠢᠨᠠᠨ ᠲᠣᠭᠲᠠᠭᠠᠬᠤ ᠠᠷᠭ᠎ᠠ ᠪᠠᠷ ᠯᠠᠪᠯᠠᠯᠲᠠ ᠪᠣᠯᠭᠠᠨ᠎ᠠ᠃ | | ᠬᠤᠶᠠᠳᠤᠭᠠᠷ ᠪᠦᠯᠦᠭ ᠢᠯᠴᠢ ᠬᠠᠩᠭᠠᠬᠤ ᠬᠡᠮᠵᠢᠯᠲᠡ ᠶᠢᠨ ᠦᠨ᠎ᠡ ᠶᠢ ᠲᠣᠭᠲᠠᠭᠠᠬᠤ | ᠳᠥᠷᠪᠡᠳᠦᠭᠡᠷ ᠵᠦᠶᠯ ᠢᠯᠴᠢ ᠬᠠᠩᠭᠠᠬᠤ ᠬᠡᠮᠵᠢᠯᠲᠡ ᠶᠢᠨ ᠦᠨ᠎ᠡ ᠬᠠᠩᠰᠢ ᠨᠢ ︽ᠥᠪᠡᠷ ᠤᠨ ᠥᠷᠲᠡᠭ ᠢ | ᠵᠦᠶ ᠵᠣᠬᠢᠰᠲᠠᠶ ᠨᠥᠬᠦᠪᠥᠷᠢᠯᠡᠬᠦ᠂ ᠢᠯᠴᠢ ᠠᠷᠪᠢᠯᠠᠨ ᠬᠡᠷᠡᠭᠯᠡᠬᠦ ᠶᠢ ᠠᠬᠢᠭᠤᠯᠬᠤ᠂ ᠲᠥᠪ ᠭᠤᠤᠯᠴᠢ ᠪᠠᠷ | ᠡᠭᠦᠷᠭᠡᠯᠡᠬᠦ ᠶᠢ ᠪᠠᠷᠢᠮᠲᠠᠯᠠᠬᠤ︾ ᠵᠠᠷᠴᠢᠮ ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠶᠯ ᠢᠯᠴᠢ ᠬᠠᠩᠭᠠᠬᠤ ᠦᠨ᠎ᠡ ᠶᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ | ᠬᠡᠷᠡᠭᠵᠢᠭᠦᠯᠦᠨ᠎ᠡ᠃ ᠢᠯᠴᠢ ᠬᠠᠩᠭᠠᠬᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠥᠪᠡᠷ ᠤᠨ ᠥᠷᠲᠡᠭ ᠵᠡᠷᠭᠡ | ᠬᠤᠪᠢᠷᠠᠯᠲᠠ ᠶᠢᠨ ᠬᠦᠴᠦᠨ ᠵᠦᠶᠯ ᠢ ᠦᠨᠳᠦᠰᠦᠯᠡᠨ᠂ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠭᠰᠠᠨ ᠡᠷᠬᠡ ᠮᠡᠳᠡᠯ ᠪᠣᠯᠤᠨ ᠬᠠᠤᠯᠢ ᠪᠠᠷ ᠲᠣᠭᠲᠠᠭᠠᠭᠰᠠᠨ ᠶᠠᠪᠤᠴᠠ ᠶᠢᠨ ᠶᠣᠰᠣᠭᠠᠷ ᠬᠢᠨᠠᠨ | ᠵᠥᠪᠰᠢᠶᠡᠷᠡᠵᠦ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ | ᠵᠢᠷᠭᠤᠳᠤᠭᠠᠷ ᠵᠦᠶᠯ ᠢᠯᠴᠢ ᠬᠠᠩᠭᠠᠬᠤ ᠬᠡᠮᠵᠢᠯᠲᠡ ᠶᠢᠨ ᠦᠨ᠎ᠡ ᠬᠠᠩᠰᠢ ᠳᠤ ᠦᠨᠳᠦᠰᠦᠨ ᠢᠯᠴᠢ ᠶᠢᠨ | ᠦᠨ᠎ᠡ ᠪᠣᠯᠤᠨ ᠬᠡᠮᠵᠢᠯᠲᠡ ᠶᠢᠨ ᠢᠯᠴᠢ ᠶᠢᠨ ᠦᠨ᠎ᠡ ᠶᠢ ᠬᠠᠷᠢᠯᠴᠠᠨ ᠤᠶᠠᠯᠳᠤᠭᠤᠯᠤᠭᠰᠠᠨ ᠬᠤᠶᠠᠷ ᠬᠡᠰᠡᠭ ᠠᠴᠠ | ᠲᠣᠭᠲᠠᠭᠠᠭᠰᠠᠨ ᠢᠯᠴᠢ ᠶᠢᠨ ᠦᠨ᠎ᠡ ᠶᠢ ᠬᠡᠷᠡᠭᠵᠢᠭᠦᠯᠬᠦ ᠶᠢᠨ ᠬᠠᠮᠲᠤ ᠬᠡᠷᠡᠭᠯᠡᠭᠴᠢ ᠶᠢᠨ ᠰᠢᠨᠵᠢ ᠴᠢᠨᠠᠷ ᠢᠶᠠᠷ ᠨᠢ | ᠰᠠᠭᠤᠭᠠᠯᠢ ᠠᠷᠠᠳ ᠤᠨ ᠢᠯᠴᠢ ᠬᠡᠷᠡᠭᠯᠡᠬᠦ ᠦᠨ᠎ᠡ ᠬᠠᠩᠰᠢ ᠪᠣᠯᠤᠨ ᠰᠠᠭᠤᠭᠠᠯᠢ ᠠᠷᠠᠳ ᠤᠨ ᠪᠤᠰᠤ ᠢᠯᠴᠢ ᠬᠡᠷᠡᠭᠯᠡᠬᠦ | ᠦᠨ᠎ᠡ ᠬᠠᠩᠰᠢ ᠭᠡᠵᠦ ᠬᠤᠪᠢᠶᠠᠨ᠎ᠠ᠃ ᠦᠨᠳᠦᠰᠦᠨ ᠢᠯᠴᠢ ᠶᠢᠨ ᠦᠨ᠎ᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ | ᠲᠠᠯᠠᠪᠠᠢ ᠶᠢᠨ ᠢᠯᠴᠢ ᠶᠢᠨ ᠦᠨ᠎ᠡ ᠶᠢᠨ 30 % ᠶᠢ ᠦᠨᠳᠦᠰᠦᠯᠡᠨ ᠲᠣᠭᠲᠠᠭᠠᠵᠤ᠂ ᠬᠡᠮᠵᠢᠯᠲᠡ ᠶᠢᠨ ᠢᠯᠴᠢ ᠶᠢᠨ | ᠦᠨ᠎ᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠲᠠᠯᠠᠪᠠᠢ ᠶᠢᠨ ᠢᠯᠴᠢ ᠶᠢᠨ ᠦᠨ᠎ᠡ᠂ ᠦᠨᠳᠦᠰᠦᠨ ᠢᠯᠴᠢ ᠶᠢᠨ | ᠦᠨ᠎ᠡ᠂ ᠲᠤᠬᠠᠶ ᠶᠢᠨ ᠭᠠᠵᠠᠷ ᠤᠨ ᠳᠤᠯᠠᠭᠠᠯᠠᠭ᠎ᠠ ᠶᠢᠨ ᠬᠤᠭᠤᠴᠠᠭᠠᠨ ᠳᠤ ᠲᠡᠭᠰᠢ ᠳᠥᠷᠪᠡᠯᠵᠢᠨ ᠮᠧᠲᠷ ᠪᠦᠷᠢ ᠳᠤ | ᠢᠯᠴᠢ ᠶᠢᠨ ᠬᠡᠮᠵᠢᠶ᠎ᠡ ᠵᠡᠷᠭᠡ ᠭᠦᠶᠴᠡᠳᠬᠡᠬᠦ ᠲᠤᠭ᠎ᠠ ᠶᠢ ᠦᠨᠳᠦᠰᠦᠯᠡᠨ ᠵᠢᠱᠢᠨ ᠪᠣᠳᠣᠵᠤ ᠲᠣᠭᠲᠠᠭᠠᠨ᠎ᠠ ᠃ | ᠦᠨᠳᠦᠰᠦᠨ ᠢᠯᠴᠢ ᠶᠢᠨ ᠰᠦᠶᠳᠬᠡᠯ ᠭᠡᠳᠡᠭ ᠨᠢ ᠢᠯᠴᠢ ᠬᠡᠷᠡᠭᠯᠡᠭᠴᠢ ᠦᠨᠳᠦᠰᠦᠨ ᠢᠯᠴᠢ ᠶᠢᠨ ᠦᠨ᠎ᠡ ᠪᠠ | ᠰᠦᠶᠳᠬᠡᠯ ᠬᠤᠷᠢᠶᠠᠬᠤ ᠲᠠᠯᠠᠪᠠᠢ ᠪᠠᠷ ᠲᠤᠰᠢᠶᠠᠬᠤ ᠰᠦᠶᠳᠬᠡᠯ ᠢ ᠵᠢᠭᠠᠵᠤ ᠪᠠᠶᠢᠨ᠎ᠠ᠂ ᠢᠯᠴᠢ ᠬᠡᠷᠡᠭᠯᠡᠬᠦ ᠡᠰᠡᠬᠦ ᠶᠢ | ᠬᠠᠮᠢᠶᠠᠷᠬᠤ ᠦᠭᠡᠢ ᠪᠦᠷ ᠲᠤᠰᠢᠶᠠᠬᠤ ᠬᠡᠷᠡᠭᠲᠡᠶ ᠃ | ᠬᠡᠮᠵᠢᠯᠲᠡ ᠶᠢᠨ ᠢᠯᠴᠢ ᠶᠢᠨ ᠰᠦᠶᠳᠬᠡᠯ ᠭᠡᠳᠡᠭ ᠨᠢ ᠢᠯᠴᠢ ᠬᠡᠷᠡᠭᠯᠡᠭᠴᠢᠳ ᠤᠨ ᠢᠯᠴᠢ ᠶᠢᠨ ᠬᠡᠮᠵᠢᠶ᠎ᠡ ᠶᠢ | ᠬᠡᠮᠵᠢᠬᠦ ᠦᠨ᠎ᠡ ᠪᠠ ᠢᠯᠴᠢ ᠶᠢᠨ ᠬᠡᠮᠵᠢᠶ᠎ᠡ ᠪᠠᠷ ᠲᠤᠰᠢᠶᠠᠬᠤ ᠰᠦᠶᠳᠬᠡᠯ ᠢ ᠵᠢᠭᠠᠵᠤ ᠪᠠᠶᠢᠨ᠎ᠠ᠃ | ᠢᠯᠴᠢ ᠡᠭᠦᠰᠭᠡᠬᠦ ᠬᠤᠶᠠᠷ ᠵᠦᠶᠯ ᠤᠨ ᠦᠨ᠎ᠡ ᠶᠢ ᠪᠤᠳᠤᠬᠤ ᠲᠣᠮᠢᠶ᠎ᠠ ᠨᠢ᠄ | ᠶᠡᠷᠦᠩᠬᠡᠶ ᠢᠯᠴᠢ ᠶᠢᠨ ᠰᠦᠢᠳᠬᠡᠯ = ᠦᠨᠳᠦᠰᠦᠨ ᠢᠯᠴᠢ ᠶᠢᠨ ᠰᠦᠢᠳᠬᠡᠯ + ᠬᠡᠮᠵᠢᠯᠲᠡ ᠶᠢᠨ ᠢᠯᠴᠢ ᠶᠢᠨ | ᠰᠦᠢᠳᠬᠡᠯ | ᠦᠨᠳᠦᠰᠦᠨ ᠢᠯᠴᠢ ᠶᠢᠨ ᠰᠦᠢᠳᠬᠡᠯ = ᠦᠨᠳᠦᠰᠦᠨ ᠢᠯᠴᠢ ᠶᠢᠨ ᠦᠨ᠎ᠡ × ᠰᠦᠢᠳᠬᠡᠯ ᠪᠣᠳᠣᠬᠤ | ᠲᠠᠯᠠᠪᠠᠢ | ᠬᠡᠮᠵᠢᠯᠲᠡ ᠶᠢᠨ ᠢᠯᠴᠢ ᠶᠢᠨ ᠰᠦᠢᠳᠬᠡᠯ = ᠬᠡᠮᠵᠢᠯᠲᠡ ᠶᠢᠨ ᠢᠯᠴᠢ ᠶᠢᠨ ᠦᠨ᠎ᠡ × ᠢᠯᠴᠢ ᠵᠠᠷᠤᠴᠠᠭᠤᠯᠬᠤ | ᠬᠡᠮᠵᠢᠶ᠎ᠡ ︵ᠲᠣᠰ ᠬᠤᠭᠤᠴᠠᠭᠠᠨ ᠤ ᠢᠯᠴᠢ ᠶᠢᠨ ᠬᠡᠮᠵᠢᠭᠦᠷ ᠢ ᠤᠩᠰᠢᠬᠤ ᠲᠤᠭ᠎ᠠ︶ | ᠦᠨᠳᠦᠰᠦᠨ ᠢᠯᠴᠢ ᠶᠢᠨ ᠦᠨ᠎ᠡ = ᠣᠳᠣ ᠶᠢᠨ ᠬᠡᠷᠡᠭᠵᠢᠭᠦᠯᠵᠦ ᠪᠠᠶᠢᠭ᠎ᠠ ᠲᠠᠯᠠᠪᠠᠢ ᠶᠢᠨ ᠢᠯᠴᠢ ᠶᠢᠨ ᠦᠨ᠎ᠡ | × 30 % ᠶᠢᠨ ᠬᠠᠷᠢᠴᠠᠯ | ᠬᠡᠮᠵᠢᠯᠲᠡ ᠶᠢᠨ ᠢᠯᠴᠢ ᠶᠢᠨ ᠦᠨ᠎ᠡ = ︵ᠲᠠᠯᠠᠪᠠᠢ ᠶᠢᠨ ᠢᠯᠴᠢ ᠶᠢᠨ ᠦᠨ᠎ᠡ — ᠦᠨᠳᠦᠰᠦᠨ ᠢᠯᠴᠢ ᠶᠢᠨ | ᠦᠨ᠎ᠡ︶ ÷ ᠢᠯᠴᠢ ᠬᠡᠷᠡᠭᠯᠡᠬᠦ ᠡᠷᠦᠬᠡ ᠶᠢᠨ ᠳᠤᠯᠠᠭᠠᠯᠠᠬᠤ ᠬᠤᠭᠤᠴᠠᠭᠠᠨ ᠳᠠᠬᠢ ᠲᠡᠭᠰᠢ ᠳᠥᠷᠪᠡᠯᠵᠢᠨ ᠮᠧᠲᠷ | ᠪᠦᠷᠢ ᠳᠤ ᠬᠡᠷᠡᠭᠯᠡᠬᠦ ᠢᠯᠴᠢ(GJ/ M2) | | ᠭᠤᠷᠪᠠᠳᠤᠭᠠᠷ ᠪᠦᠯᠦᠭ ᠰᠦᠶᠳᠬᠡᠯ ᠬᠤᠷᠢᠶᠠᠬᠤ ᠶᠢᠨ ᠬᠠᠮᠢᠶᠠᠷᠤᠯᠲᠠ ᠶᠢᠨ ᠠᠷᠭ᠎ᠠ | ᠳᠣᠯᠣᠳᠤᠭᠠᠷ ᠵᠦᠶᠯ ᠢᠯᠴᠢ ᠶᠢᠨ ᠰᠦᠶᠳᠬᠡᠯ ᠢ ᠤᠷᠢᠳᠴᠢᠯᠠᠨ ᠥᠭᠬᠦ ᠬᠡᠯᠪᠡᠷᠢ ᠪᠠᠷ ᠲᠤᠰᠢᠶᠠᠨ᠎ᠠ᠃ ᠢᠯᠴᠢ | ᠬᠡᠷᠡᠭᠯᠡᠭᠴᠢᠳ ᠵᠢᠯ ᠪᠦᠷᠢ ᠶᠢᠨ ᠳᠤᠯᠠᠭᠠᠯᠠᠬᠤ ᠬᠤᠭᠤᠴᠠᠭ᠎ᠠ ᠡᠬᠢᠯᠡᠬᠦ ᠠᠴᠠ ᠠᠷᠪᠠᠨ ᠡᠳᠦᠷ ᠤᠨ ᠡᠮᠦᠨ᠎ᠡ ᠲᠣᠰ | ᠳᠤᠯᠠᠭᠠᠯᠠᠬᠤ ᠬᠤᠭᠤᠴᠠᠭᠠᠨ ᠤ ᠢᠯᠴᠢ ᠶᠢᠨ ᠰᠦᠶᠳᠬᠡᠯ ᠢᠶᠠᠨ ᠲᠤᠰᠢᠶᠠᠵᠤ᠂ ᠲᠠᠯᠠᠪᠠᠢ ᠶᠣᠰᠣᠭᠠᠷ ᠨᠢ ᠪᠦᠬᠦ | ᠢᠯᠴᠢ ᠶᠢᠨ ᠰᠦᠶᠳᠬᠡᠯ ᠢ ᠬᠤᠷᠢᠶᠠᠨ᠎ᠠ᠃ ᠢᠯᠴᠢ ᠬᠡᠷᠡᠭᠯᠡᠬᠦ ᠡᠷᠦᠬᠡ ᠨᠢᠭᠡ ᠯᠡ ᠤᠳᠠᠭ᠎ᠠ ᠳᠡᠭᠡᠷ᠎ᠡ ᠢᠯᠴᠢ ᠶᠢᠨ | ᠰᠦᠶᠳᠬᠡᠯ ᠲᠤᠰᠢᠶᠠᠬᠤ ᠳᠤ ᠦᠨᠡᠬᠡᠷ ᠬᠦᠴᠢᠷᠲᠡᠶ ᠪᠠᠶᠢᠪᠠᠯ᠂ ᠢᠯᠴᠢ ᠬᠠᠩᠭᠠᠬᠤ ᠨᠢᠭᠡᠴᠢ ᠲᠠᠢ ᠵᠥᠪᠳᠡᠯᠴᠡᠵᠦ᠂ | ᠲᠤᠰ ᠢᠯᠴᠢ ᠬᠠᠩᠭᠠᠬᠤ ᠬᠤᠭᠤᠴᠠᠭᠠᠨ ᠳᠤ ᠬᠤᠭᠤᠴᠠᠭ᠎ᠠ ᠬᠤᠪᠢᠶᠠᠨ ᠲᠤᠰᠢᠶᠠᠵᠤ ᠪᠣᠯᠤᠨ᠎ᠠ᠃ ᠢᠯᠴᠢ ᠬᠠᠩᠭᠠᠬᠤ | ᠨᠢᠭᠡᠴᠢ ᠡᠷᠬᠡᠪᠰᠢ ᠰᠠᠷ᠎ᠠ ᠬᠤᠪᠢᠶᠠᠨ ᠬᠡᠮᠵᠢᠭᠦᠷ ᠪᠠᠶᠢᠴᠠᠭᠠᠵᠤ᠂ ᠢᠯᠴᠢ ᠬᠤᠷᠣᠭᠳᠠᠭᠤᠯᠬᠤ ᠬᠡᠮᠵᠢᠶ᠎ᠡ ᠶᠢ ᠴᠠᠭ | ᠲᠤᠬᠠᠶ ᠳᠤᠨᠢ ᠢᠯᠴᠢ ᠬᠡᠷᠡᠭᠯᠡᠭᠴᠢ ᠳᠤ ᠮᠡᠳᠡᠭᠳᠡᠵᠦ᠂ ᠳᠤᠯᠠᠭᠠᠨ ᠬᠠᠩᠭᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ | ᠲᠣᠭᠠᠴᠠᠭ᠎ᠠ ᠬᠢᠬᠦ ᠬᠡᠷᠡᠭᠲᠡᠶ ᠃ | ᠨᠠᠢᠮᠠᠳᠤᠭᠠᠷ ᠵᠦᠶᠯ ᠢᠯᠴᠢ ᠬᠠᠩᠭᠠᠯᠲᠠ ᠶᠢᠨ ᠬᠡᠮᠵᠢᠯᠲᠡ ᠶᠢᠨ ᠰᠦᠶᠳᠬᠡᠯ ᠬᠤᠷᠢᠶᠠᠬᠤ ᠡᠬᠢᠯᠡᠯᠲᠡ ᠶᠢᠨ ᠱᠠᠲᠤ | ᠦᠶ᠎ᠡ ᠳᠤ᠂ ᠬᠡᠷᠡᠭᠯᠡᠭᠴᠢ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠠᠪᠴᠤ᠂ ᠢᠯᠴᠢ ᠬᠠᠩᠭᠠᠯᠲᠠ ᠶᠢᠨ | ᠬᠡᠮᠵᠢᠯᠲᠡ ᠶᠢ ᠬᠡᠷᠡᠭᠵᠢᠭᠦᠯᠦᠭᠰᠡᠨ ᠭᠤᠷᠪᠠᠨ ᠵᠢᠯ ᠤᠨ ᠳᠣᠲᠣᠷ᠎ᠠ᠂ ᠢᠯᠴᠢ ᠬᠠᠩᠭᠠᠬᠤ ᠠᠵᠤ ᠠᠬᠤᠶᠢᠯᠠᠯ ᠤᠨ | ᠢᠯᠴᠢ ᠶᠢᠨ ᠰᠦᠶᠳᠬᠡᠯ ᠢ ᠳ᠋ᠦᠩᠨᠡᠨ ᠪᠣᠳᠣᠬᠤ ᠦᠶ᠎ᠡ ᠳᠤ᠂ ᠬᠡᠮᠵᠢᠯᠲᠡ ᠪᠠᠷ ᠬᠤᠷᠢᠶᠠᠬᠤ ᠢᠯᠴᠢ ᠶᠢᠨ ᠰᠦᠶᠳᠬᠡᠯ ᠨᠢ | ᠬᠠᠷᠠᠭᠠᠯᠵᠠᠭᠰᠠᠨ ᠲᠠᠯᠠᠪᠠᠢ ᠪᠠᠷ ᠬᠤᠷᠢᠶᠠᠬᠤ ᠲᠤᠭ᠎ᠠ ᠬᠡᠮᠵᠢᠶ᠎ᠡ ᠠᠴᠠ ᠥᠨᠳᠥᠷ ᠪᠠᠶᠢᠪᠠᠯ᠂ ᠲᠠᠯᠠᠪᠠᠢ ᠶᠢᠨ ᠰᠦᠶᠳᠬᠡᠯ | ᠬᠤᠷᠢᠶᠠᠬᠤ ᠲᠤᠭ᠎ᠠ ᠪᠠᠷ ᠬᠤᠷᠢᠶᠠᠬᠤ ᠬᠡᠷᠡᠭᠲᠡᠶ᠃ ᠲᠣᠬᠢᠷᠠᠬᠤ ᠲᠠᠯᠠᠪᠠᠢ ᠠᠴᠠ ᠳᠣᠤᠷ᠎ᠠ ᠦᠨ᠎ᠡ ᠪᠠᠷ ᠰᠦᠶᠳᠬᠡᠯ | ᠬᠤᠷᠢᠶᠠᠬᠤ ᠦᠶ᠎ᠡ ᠳᠤ᠂ ᠬᠡᠮᠵᠢᠭᠦᠷ ᠤᠨ ᠰᠦᠶᠳᠬᠡᠯ ᠬᠤᠷᠢᠶᠠᠬᠤ ᠲᠤᠭ᠎ᠠ ᠪᠠᠷ ᠬᠤᠷᠢᠶᠠᠵᠤ᠂ ᠢᠯᠡᠭᠦᠦ ᠬᠤᠷᠢᠶᠠᠭᠰᠠᠨ | ᠢᠯᠴᠢ ᠶᠢᠨ ᠰᠦᠶᠳᠬᠡᠯ ᠢ ᠢᠯᠴᠢ ᠬᠡᠷᠡᠭᠯᠡᠭᠴᠢ ᠳᠤ ᠪᠤᠴᠠᠭᠠᠬᠤ ᠬᠡᠷᠡᠭᠲᠡᠶ᠃ ᠢᠯᠴᠢ ᠬᠠᠩᠭᠠᠬᠤ ᠬᠡᠮᠵᠢᠯᠲᠡ ᠶᠢᠨ | ᠵᠠᠷᠤᠳᠠᠯ ᠤᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠭᠤᠷᠪᠠᠨ ᠵᠢᠯ ᠤᠨ ᠳᠠᠷᠠᠭ᠎ᠠ ᠠᠯᠬᠤᠮ ᠠᠯᠬᠤᠮ ᠢᠶᠠᠷ | ᠬᠡᠳᠦᠶ ᠢᠯᠴᠢ ᠬᠡᠷᠡᠭᠯᠡᠪᠡᠯ᠂ ᠲᠡᠳᠦᠢ ᠵᠣᠭᠤᠰ ᠲᠤᠰᠢᠶᠠᠬᠤ ᠰᠢᠯᠵᠢᠯᠲᠠ ᠶᠢ ᠪᠡᠶᠡᠯᠡᠭᠦᠯᠦᠨ᠎ᠡ᠃ | ᠶᠢᠰᠦᠳᠦᠭᠡᠷ ᠵᠦᠶᠯ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠶᠳᠬᠡᠯ ᠬᠤᠷᠢᠶᠠᠬᠤ ᠶᠢ ᠬᠡᠷᠡᠭᠵᠢᠭᠦᠯᠵᠦ | ᠪᠠᠶᠢᠭ᠎ᠠ ᠬᠡᠷᠡᠭᠯᠡᠭᠴᠢ᠂ ᠢᠯᠴᠢ ᠬᠡᠮᠵᠢᠯᠲᠡ ᠶᠢᠨ ᠬᠡᠮᠵᠢᠭᠦᠷ ᠤᠨ ᠡᠪᠳᠡᠷᠡᠯ ᠵᠢᠴᠢ ᠶᠠᠰᠤ ᠴᠢᠨᠠᠷ ᠵᠡᠷᠭᠡ ᠰᠢᠯᠲᠠᠭᠠᠨ ᠠᠴᠠ | ᠪᠣᠯᠵᠤ ᠬᠡᠮᠵᠢᠯᠲᠡ ᠶᠢᠨ ᠲᠤᠭ᠎ᠠ ᠪᠠᠷᠢᠮᠲᠠ ᠨᠢ ᠦᠨᠡᠨ ᠪᠤᠰᠤ ᠪᠣᠯᠤᠭᠰᠠᠨ ᠪᠠᠶᠢᠪᠠᠯ᠂ ᠲᠠᠯᠠᠪᠠᠢ ᠶᠣᠰᠣᠭᠠᠷ ᠰᠦᠶᠳᠬᠡᠯ | ᠬᠤᠷᠢᠶᠠᠵᠤ ᠲᠠᠰᠤᠯᠤᠨ ᠪᠣᠳᠣᠨ᠎ᠠ᠃ | ᠠᠷᠪᠠᠳᠤᠭᠠᠷ ᠵᠦᠶᠯ ᠢᠯᠴᠢ ᠬᠡᠷᠡᠭᠯᠡᠬᠦ ᠦᠭᠡᠢ ᠭᠡᠵᠦ ᠭᠤᠶᠤᠴᠢᠯᠠᠭᠰᠠᠨ ᠬᠡᠷᠡᠭᠯᠡᠭᠴᠢ ᠠᠴᠠ ᠡᠯ᠎ᠡ | ᠭᠠᠵᠠᠷ ᠤᠨ ᠬᠢᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠢᠯᠴᠢ ᠶᠢ ᠨᠡᠭᠡᠭᠡᠬᠦ ᠦᠭᠡᠢ ᠢᠯᠴᠢ ᠬᠠᠩᠭᠠᠬᠤ | ᠦᠨᠳᠦᠰᠦᠨ ᠰᠦᠶᠳᠬᠡᠯ ᠢ ᠬᠤᠷᠢᠶᠠᠨ ᠠᠪᠴᠤ᠂ ᠬᠠᠮᠤᠭ ᠤᠨ ᠥᠨᠳᠥᠷ ᠲᠡᠭᠡᠨ 30 % ᠠᠴᠠ ᠬᠡᠲᠦᠷᠡᠭᠦᠯᠵᠦ | ᠪᠣᠯᠬᠤ ᠦᠭᠡᠢ᠂ ᠡᠭᠦᠨ ᠢᠶᠠᠷ ᠢᠯᠴᠢ ᠬᠠᠩᠭᠠᠬᠤ ᠨᠢᠭᠡᠴᠢ ᠶᠢᠨ ᠬᠡᠷᠡᠭᠯᠡᠭᠴᠢ ᠶᠢᠨ ᠪᠠᠭᠲᠠᠭᠠᠮᠵᠢ ᠶᠢᠨ ᠥᠪᠡᠷ ᠤᠨ | ᠥᠷᠲᠡᠭ ᠤᠨ ᠵᠠᠷᠤᠯᠭ᠎ᠠ ᠵᠢᠴᠢ ᠢᠯᠴᠢ ᠳᠠᠮᠵᠢᠯᠲᠠ ᠶᠢᠨ ᠬᠤᠷᠣᠭᠳᠠᠯ ᠵᠡᠷᠭᠡ ᠶᠢ ᠨᠥᠬᠦᠪᠥᠷᠢᠯᠡᠵᠦ ᠪᠣᠯᠤᠨ᠎ᠠ᠂ ᠪᠣᠳᠠᠲᠠᠶ | ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠲᠣᠭᠲᠠᠭᠠᠨ᠎ᠠ᠃ | ᠠᠷᠪᠠᠨ ᠨᠢᠭᠡᠳᠦᠭᠡᠷ ᠵᠦᠶᠯ ᠢᠯᠴᠢ ᠬᠠᠩᠭᠠᠬᠤ ᠬᠤᠭᠤᠴᠠᠭᠠᠨ ᠳᠤ ᠶᠠᠮᠠᠷ ᠨᠢᠭᠡᠨ ᠰᠢᠯᠲᠠᠭᠠᠨ ᠠᠴᠠ ᠪᠣᠯᠣᠭᠠᠳ | ᠢᠯᠴᠢ ᠬᠠᠩᠭᠠᠭᠰᠠᠨ ᠦᠭᠡᠢ ᠪᠣᠯ ᠢᠯᠴᠢ ᠬᠠᠩᠭᠠᠬᠤ ᠨᠢᠭᠡᠴᠢ ᠨᠢ ᠪᠣᠳᠠᠲᠠᠶ ᠬᠠᠩᠭᠠᠭᠰᠠᠨ ᠦᠭᠡᠢ ᠡᠳᠦᠷ ᠤᠨ | ᠲᠤᠭ᠎ᠠ ᠪᠠᠷ ᠢᠯᠴᠢ ᠬᠡᠷᠡᠭᠯᠡᠭᠰᠡᠨ ᠡᠷᠦᠬᠡ ᠶᠢᠨ ᠦᠨᠳᠦᠰᠦᠨ ᠢᠯᠴᠢ ᠶᠢᠨ ᠰᠦᠶᠳᠬᠡᠯ ᠤᠨ ᠬᠡᠰᠡᠭ ᠢ ᠬᠠᠰᠤᠵᠤ | ᠬᠤᠷᠢᠶᠠᠨ᠎ᠠ᠃ | | ᠳᠥᠷᠪᠡᠳᠦᠭᠡᠷ ᠪᠦᠯᠦᠭ ᠢᠯᠴᠢ ᠶᠢᠨ ᠦᠨ᠎ᠡ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ | ᠠᠷᠪᠠᠨ ᠬᠤᠶᠠᠳᠤᠭᠠᠷ ᠵᠦᠶᠯ ᠢᠯᠴᠢ ᠬᠠᠩᠭᠠᠬᠤ ᠨᠢᠭᠡᠴᠢ ᠵᠠᠰᠠᠭ ᠤᠨ ᠣᠷᠳᠣᠨ ᠤ ᠲᠣᠭᠲᠠᠭᠠᠭᠰᠠᠨ ᠢᠯᠴᠢ | ᠬᠠᠩᠭᠠᠬᠤ ᠦᠨ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠢᠯᠴᠢ ᠶᠢᠨ ᠦᠨ᠎ᠡ ᠶᠢ ᠳᠤᠷ᠎ᠠ ᠪᠠᠷ ᠢᠶᠠᠨ ᠥᠰᠬᠡᠬᠦ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ ᠃ | ᠠᠷᠪᠠᠨ ᠭᠤᠷᠪᠠᠳᠤᠭᠠᠷ ᠵᠦᠶᠯ ᠢᠯᠴᠢ ᠬᠡᠷᠡᠭᠯᠡᠬᠦ ᠡᠷᠦᠬᠡ ᠲᠣᠭᠲᠠᠭᠠᠭᠰᠠᠨ ᠢᠯᠴᠢ ᠶᠢᠨ ᠦᠨ᠎ᠡ ᠶᠣᠰᠣᠭᠠᠷ | ᠢᠯᠴᠢ ᠬᠠᠩᠭᠠᠬᠤ ᠰᠦᠶᠳᠬᠡᠯ ᠢ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃ ᠵᠦᠶ ᠶᠣᠰᠣᠨ ᠤ ᠰᠢᠯᠲᠠᠭᠠᠨ | ᠦᠭᠡᠢ ᠪᠠᠷ ᠢᠯᠴᠢ ᠬᠠᠩᠭᠠᠬᠤ ᠵᠠᠷᠤᠳᠠᠯ ᠲᠤᠰᠢᠶᠠᠬᠤ ᠶᠢ ᠲᠡᠪᠴᠢᠭᠰᠡᠨ ᠬᠡᠷᠡᠭᠯᠡᠭᠴᠢᠳ ᠲᠤ᠂ ᠢᠯᠴᠢ ᠬᠠᠩᠭᠠᠬᠤ | ᠨᠢᠭᠡᠴᠢ ᠨᠢ ᠢᠯᠴᠢ ᠬᠡᠷᠡᠭᠯᠡᠬᠦ ᠡᠷᠦᠬᠡ ᠶᠢᠨ ᠪᠦᠬᠦ ᠲᠣᠭᠠᠨ ᠤ ᠢᠯᠴᠢ ᠶᠢᠨ ᠵᠠᠷᠤᠳᠠᠯ ᠤᠨ ᠵᠣᠭᠤᠰ ᠤᠨ ᠲᠤᠭ᠎ᠠ ᠶᠢᠨ | 1‰ ᠪᠠᠷ ᠡᠳᠦᠷ ᠪᠦᠷᠢ ᠲᠣᠷᠭᠠᠭᠤᠯᠢ ᠶᠢᠨ ᠮᠥᠩᠭᠦ ᠬᠤᠷᠢᠶᠠᠵᠤ ᠪᠣᠯᠤᠨ᠎ᠠ᠃ | ᠠᠷᠪᠠᠨ ᠳᠥᠷᠪᠡᠳᠦᠭᠡᠷ ᠵᠦᠶᠯ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠢᠯᠴᠢ ᠬᠠᠩᠭᠠᠬᠤ ᠥᠪᠡᠷ ᠤᠨ ᠥᠷᠲᠡᠭ ᠢ ᠬᠢᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠯᠴᠢ ᠬᠠᠩᠭᠠᠬᠤ | ᠨᠢᠭᠡᠴᠢ ᠶᠢᠨ ᠪᠦᠲᠦᠮᠵᠢᠲᠡᠶ ᠥᠪᠡᠷ ᠤᠨ ᠥᠷᠲᠡᠭ ᠢ ᠬᠢᠵᠠᠭᠠᠷᠯᠠᠬᠤ ᠲᠣᠭᠲᠠᠴᠠ ᠪᠠᠶᠢᠭᠤᠯᠬᠤ ᠶᠢ ᠠᠬᠢᠭᠤᠯᠬᠤ | ᠬᠡᠷᠡᠭᠲᠡᠶ᠃ | ᠠᠷᠪᠠᠨ ᠲᠠᠪᠤᠳᠤᠭᠠᠷ ᠵᠦᠶᠯ ᠬᠤᠲᠠ ᠶᠢᠨ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠢᠯᠴᠢ ᠬᠠᠩᠭᠠᠬᠤ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ | ᠠᠵᠢᠯ ᠢᠶᠠᠨ ᠴᠢᠩᠭᠠᠳᠬᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠬᠤᠲᠠ ᠶᠢᠨ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠢᠯᠴᠢ | ᠬᠠᠩᠭᠠᠬᠤ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠠᠷᠪᠠᠨ ᠳᠣᠯᠣᠳᠤᠭᠠᠷ ᠵᠦᠶᠯ ᠬᠤᠶᠠᠷ ᠵᠦᠢᠯ ᠤᠨ ᠪᠤᠳᠤᠬᠤ ᠠᠷᠭ᠎ᠠ ᠪᠠᠷ ᠢᠯᠴᠢ ᠶᠢᠨ ᠰᠦᠢᠳᠬᠡᠯ ᠪᠣᠳᠣᠬᠤ | ᠨᠥᠬᠦᠴᠡᠯ ᠢ ᠲᠦᠷ ᠪᠦᠷᠢᠯᠳᠦᠭᠦᠯᠦᠭᠡᠳᠦᠶ ᠪᠠᠷᠢᠯᠭ᠎ᠠ ᠳᠤ ᠪᠣᠯ ᠰᠢᠯᠵᠢᠯᠲᠡ ᠶᠢᠨ ᠬᠤᠭᠤᠴᠠᠭᠠᠨ ᠳᠤ ᠪᠠᠷᠢᠯᠭ᠎ᠠ ᠶᠢᠨ | ᠲᠠᠯᠠᠪᠠᠢ ᠪᠠᠷ ᠢᠯᠴᠢ ᠶᠢᠨ ᠰᠦᠢᠳᠬᠡᠯ ᠢ ᠪᠣᠳᠣᠵᠤ ᠬᠤᠷᠢᠶᠠᠬᠤ ᠶᠢ ᠬᠡᠷᠡᠭᠵᠢᠭᠦᠯᠵᠦ᠂ ᠰᠦᠢᠳᠬᠡᠯ ᠪᠣᠳᠣᠬᠤ | ᠨᠥᠬᠦᠴᠡᠯ ᠪᠦᠷᠢᠯᠳᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ | ᠬᠤᠷᠢᠶᠠᠬᠤ ᠶᠢ ᠬᠡᠷᠡᠭᠵᠢᠭᠦᠯᠵᠦ ᠪᠣᠯᠤᠨ᠎ᠠ᠃ | ᠠᠷᠪᠠᠨ ᠨᠠᠢᠮᠠᠳᠤᠭᠠᠷ ᠵᠦᠶᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ | ᠬᠡᠷᠡᠭᠵᠢᠭᠦᠯᠦᠨ᠎ᠡ᠂ ᠲᠤᠷᠰᠢᠨ ᠶᠠᠪᠤᠭᠤᠯᠬᠤ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ | ᠠᠷᠪᠠ ᠶᠢᠰᠦᠳᠦᠭᠡᠷ ᠵᠦᠢᠯ ᠲᠤᠷᠰᠢᠨ ᠬᠡᠷᠡᠭᠵᠢᠭᠦᠯᠬᠦ ᠬᠤᠭᠤᠴᠠᠭᠠᠨ ᠤ ᠳᠠᠷᠠᠭ᠎ᠠ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠰ ᠠᠷᠭ᠎ᠠ ᠳᠤ | ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠎ᠡ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠭᠡᠷᠡᠯᠲᠦ |