8 ᠳ᠋ᠤᠭᠠᠷ ᠰᠠᠷ᠎ᠠ ᠳᠤ ᠪᠦᠬᠦ ᠬᠤᠳᠠ ᠶᠢᠨ 8 ᠠᠵᠤ ᠠᠬᠤᠶᠢᠯᠠᠯ ᠬᠡᠪᠴᠢᠶᠡᠵᠢᠯ ᠠᠴᠠ ᠳᠡᠭᠡᠭᠰᠢᠬᠢ  ᠬᠦᠮᠦᠷᠭᠡᠯᠡᠯᠳᠠ ᠶᠢᠨ ᠠᠵᠤ ᠠᠬᠤᠶᠢᠯᠠᠯ ᠢᠶᠠᠷ ᠠᠮᠵᠢᠯᠳᠠ ᠲᠠᠢ ᠮᠡᠳᠡᠬᠦᠯᠪᠡ
ᠨᠡᠶᠢᠲᠡᠯᠡᠭᠰᠡᠨ ᠴᠠᠭ᠄
2019/9/26
      8 ᠳ᠋ᠤᠭᠠᠷ ᠰᠠᠷ᠎ᠠ ᠳᠤ᠂ ᠮᠠᠨ ᠤ ᠬᠤᠳᠠ ᠤᠯᠤᠰ ᠤᠨ ᠲᠤᠭ᠎ᠠ ᠪᠦᠷᠢᠳᠭᠡᠯ ᠤᠨ ᠳᠤᠪᠴᠢᠶᠠᠨ ᠤ ︽ᠤᠷᠢᠳᠠᠪᠠᠷ ᠬᠦᠮᠦᠷᠭᠡᠯᠡᠵᠦ ᠲᠤᠭ᠎ᠠ ᠶᠢ ᠨᠢ ᠠᠪᠴᠤ᠂ ᠬᠦᠮᠦᠷᠭᠡ ᠳᠤ ᠤᠷᠤᠭᠤᠯᠬᠤ ᠳᠤ ᠳᠠᠷᠠᠭᠠᠯᠠᠯ ᠢ ᠵᠢᠷᠤᠮᠯᠠᠬᠤ︾  ᠵᠠᠷᠴᠢᠮ ᠢ ᠴᠢᠩᠭ᠎ᠠ ᠵᠢᠷᠤᠮᠯᠠᠵᠤ᠂ ᠪᠠᠷᠢᠮᠵᠢᠶᠠᠨ ᠳᠤ ᠨᠡᠶᠢᠴᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ   ᠢ ᠳᠠᠷᠤᠶᠢᠬᠠᠨ ᠬᠦᠰᠦᠨᠦᠭᠳᠦ ᠳᠤ ᠤᠷᠤᠭᠤᠯᠵᠤ ᠰᠦᠯᠵᠢᠶ᠎ᠠ ᠬᠤᠯᠪᠤᠵᠤ ᠲᠤᠭ᠎ᠠ ᠪᠦᠷᠢᠳᠭᠡᠯ ᠤᠨ ᠬᠦᠷᠢᠶ᠎ᠠ ᠴᠠᠷᠠᠭᠠᠨ   ᠳᠤ ᠰᠢᠭᠤᠳ ᠮᠡᠳᠡᠬᠦᠯᠵᠦ᠂ ᠤᠯᠠᠭᠠᠨᠴᠠᠪ ᠤᠨ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠢ ᠪᠦᠬᠦ ᠳᠠᠯ᠎ᠠ ᠪᠠᠷ  ᠦᠨᠡᠨ ᠪᠤᠳᠠᠳᠠᠢ ᠲᠤᠰᠬᠠᠪᠠ᠃ 8 ᠳ᠋ᠤᠭᠠᠷ ᠰᠠᠷ᠎ᠠ ᠳᠤ᠂ ᠮᠠᠨ ᠤ ᠬᠤᠳᠠ ᠶᠢᠨ 8 ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠬᠡᠪᠴᠢᠶᠡᠵᠢᠯ ᠠᠴᠠ ᠳᠡᠭᠡᠭᠰᠢᠬᠢ ᠲᠤᠭ᠎ᠠ ᠪᠦᠷᠢᠳᠭᠡᠯ ᠤᠨ ᠬᠡᠪᠴᠢᠶᠡᠨ ᠳᠤ ᠠᠮᠵᠢᠯᠳᠠ ᠲᠠᠢ ᠪᠠᠷ ᠤᠷᠤᠪᠡ  ᠂ ᠲᠤᠰᠪᠤᠷᠢ᠄ 5000 ᠲᠦᠮᠡᠨ ᠲᠦᠬᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠶᠢᠨ ᠬᠠᠤᠯᠢ ᠶᠢᠨ ᠡᠷᠭᠡᠳᠡᠨ   ᠤ ᠨᠢᠭᠡᠴᠡ 3᠂ ᠭᠡᠷ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠦᠯᠳᠡ ᠶᠢᠨ ᠡᠵᠡᠩᠨᠡᠯᠳᠡ ᠶᠢᠨ ᠠᠵᠤ ᠠᠬᠤᠶᠢᠯᠠᠯ 4᠂ ᠠᠵᠤ ᠦᠢᠯᠡᠳᠪᠦᠷᠢ ᠶᠢᠨ ᠠᠵᠤ ᠠᠬᠤᠶᠢᠯᠠᠯ 1 ᠪᠤᠯᠤᠨ᠎ᠠ︔ ᠰᠢᠨ᠎ᠡ ᠪᠠᠷ ᠬᠦᠮᠦᠷᠭᠡᠯᠡᠭᠰᠡᠨ ᠨᠢᠭᠡᠴᠡ ᠶᠢᠨ 37. 5%᠂ 50%᠂ 12.5 % ᠶᠢ ᠡᠵᠡᠯᠡᠨ᠎ᠡ᠃           ᠰᠢᠨ᠎ᠡ ᠪᠠᠷ ᠨᠡᠮᠡᠭᠳᠡᠭᠰᠡᠨ 8 ᠬᠡᠪᠴᠢᠶᠡᠵᠢᠯ ᠠᠴᠠ ᠳᠡᠭᠡᠭᠰᠢᠬᠢ ᠬᠦᠮᠦᠷᠭᠡᠯᠡᠯᠳᠠ ᠶᠢᠨ ᠠᠵᠤ ᠠᠬᠤᠶᠢᠯᠠᠯ ᠢᠶᠠᠷ ᠮᠡᠳᠡᠬᠦᠯᠦᠭᠰᠡᠨ ᠨᠢᠭᠡᠴᠡ ᠨᠢ ᠲᠤᠰᠪᠤᠷᠢ᠄ ᠲᠦᠸᠧ ᠹᠦ᠋ ︵ᠦᠪᠦᠷ ᠮᠤᠩᠭᠤᠯ︶ ᠬᠢᠮᠢ ᠶᠢᠨ ᠠᠵᠤ ᠦᠢᠯᠡᠳᠪᠦᠷᠢ ᠶᠢᠨ ᠬᠦᠭᠵᠢᠯᠳᠡ ᠶᠢᠨ ᠬᠢᠵᠠᠭᠠᠷᠳᠤ ᠺᠤᠮᠫᠠᠨᠢ᠂ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠤᠯᠤᠰ ᠤᠨ ᠬᠦᠢᠯᠭᠡᠭᠡᠨ ᠤ ᠪᠡᠯᠡ ᠤᠷᠤᠭᠤᠯᠤᠯᠳᠠ ᠶᠢᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ᠂ ᠰᠢᠩ ᠾᠧ ᠰᠢᠶᠠᠨ ᠤ  ᠲᠢᠶᠠᠨ ᠾᠧ ᠨᠠᠬᠦᠷᠡᠰᠦᠳᠦ᠋ᠷᠦᠭᠴᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠬᠤᠸᠠᠳᠧ ᠰᠢᠶᠠᠨ ᠤ ᠳ᠋ᠢᠩ ᠰᠢᠨ ᠬᠡᠷ ᠭᠠᠵᠠᠷ ᠬᠦᠷᠦᠩᠭᠡ ᠶᠢᠨ ᠨᠡᠭᠡᠭᠡᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ   ᠶᠢᠨ ᠺᠦᠨ ᠠᠳᠠᠯ ᠦᠢᠯᠡᠰ ᠤᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠰᠢᠨ ᠴᠤᠸᠠᠩ ᠲᠡᠮᠦᠷ  ᠬᠠᠶᠢᠯᠤᠭᠤᠯᠬᠤ ᠬᠢᠵᠠᠭᠠᠷᠳᠤ ᠺᠤᠮᠫᠠᠨᠢ ᠵᠡᠷᠭᠡ᠃           ᠰᠢᠨ᠎ᠡ ᠪᠠᠷ ᠨᠡᠮᠡᠭᠳᠡᠭᠰᠡᠨ 8 ᠬᠠᠤᠯᠢ ᠶᠢᠨ ᠡᠷᠭᠡᠳᠡᠨ ᠤ ᠨᠢᠭᠡᠴᠡ ᠨᠢ ᠤᠰᠤ ᠦᠭᠡᠢ ᠤᠰᠤᠳᠦ᠋ᠷᠦᠭᠴᠢᠳᠦ  ᠹᠯᠤᠷ ᠬᠦᠴᠢᠯ ᠢ ᠦᠢᠯᠡᠳᠬᠦ᠂ ᠪᠡᠯᠡ ᠤᠷᠤᠭᠤᠯᠤᠯᠳᠠ ᠪᠠ ᠬᠦᠷᠦᠩᠭᠡ ᠶᠢᠨ ᠬᠠᠮᠢᠶᠠᠷᠤᠯᠳᠠ᠂ ᠪᠠᠯ ᠴᠢᠯᠠᠭᠤ ᠪᠠ ᠨᠡᠬᠦᠷᠡᠰᠦᠳᠦᠷᠦᠭᠴᠢᠳᠦ ᠪᠦᠲᠦᠭᠡᠭᠳᠡᠬᠦᠨ ᠢ ᠦᠢᠯᠡᠳᠬᠦ᠂ ᠭᠡᠷ ᠭᠠᠵᠠᠷ ᠬᠦᠷᠦᠩᠭᠡ ᠶᠢ ᠨᠡᠭᠡᠭᠡᠨ ᠬᠦᠭᠵᠢᠬᠦᠯᠬᠦ᠂ ᠴᠠᠬᠢᠭᠤᠷ ᠮᠠᠩᠭᠠᠨ ᠢ ᠪᠤᠯᠪᠠᠰᠤᠷᠠᠭᠤᠯᠬᠤ ᠦᠢᠯᠡᠰ ᠵᠡᠷᠭᠡ ᠠᠵᠢᠯ ᠲᠦᠷᠦᠯ ᠳᠤ ᠳᠠᠷᠬᠠᠵᠤ ᠪᠠᠶᠢᠨ᠎ᠠ᠃           2019 ᠤᠨ ᠳᠤ ᠮᠠᠨ ᠤ ᠬᠤᠳᠠ ᠮᠡᠳᠡᠬᠦᠯᠦᠭᠰᠡᠨ ᠠᠵᠤ ᠠᠬᠤᠶᠢᠯᠠᠯ ᠢ ᠬᠢᠨᠠᠨ ᠬᠡᠮᠵᠢᠬᠦ ᠪᠠ ᠪᠤᠳᠠᠳᠦ ᠭᠠᠵᠠᠷ  ᠲᠤ ᠨᠢ ᠬᠢᠨᠠᠨ ᠪᠠᠶᠢᠴᠠᠭᠠᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠮᠡᠳᠡᠬᠦᠯᠦᠭᠰᠡᠨ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠠᠵᠤ ᠠᠬᠤᠶᠢᠯᠠᠯ ᠢ ᠬᠠᠮᠵᠢᠵᠤ ᠬᠡᠪᠴᠢᠶᠡᠵᠢᠯ ᠠᠴᠠ ᠳᠡᠭᠡᠭᠰᠢᠬᠢ ᠳᠤ  ᠮᠡᠳᠡᠬᠦᠯᠬᠦ ᠠᠵᠢᠯ ᠢ ᠰᠠᠶᠢᠳᠤᠷ ᠬᠢᠵᠦ᠂ ᠮᠠᠨ ᠤ ᠬᠤᠳᠠ ᠶᠢᠨ ᠠᠵᠤ ᠠᠬᠤᠢ ᠨᠡᠮᠡᠭᠳᠡᠯ ᠳᠤ ᠰᠢᠨ᠎ᠡ ᠪᠠᠶᠢᠳᠠᠯ ᠤᠷᠤᠭᠤᠯᠤᠨ᠎ᠠ᠃                                                                                                                                          ᠵᠤᠬᠢᠶᠠᠭᠴᠢ᠄ ᠪᠠᠢ ᠰᠢᠶᠠᠩ ᠷᠦᠩ                                                          ᠤᠷᠴᠢᠭᠤᠯᠤᠭᠴᠢ᠄ ᠢᠷᠭᠤᠢ                                                          ᠬᠢᠨᠠᠭᠴᠢ᠄ ᠬᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2