| | 1 — 8 ᠰᠠᠷ᠎ᠠ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠶᠯ ᠨᠡᠶᠢᠲᠡ 241.1 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 % ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠦᠬᠦ ᠥᠪᠡᠷᠲᠡᠭᠡᠨ ᠵᠠᠰᠠᠬᠤ ᠣᠷᠣᠨ ᠤ 2 ᠳ᠋ᠤᠭᠠᠷ ᠲᠤ ᠵᠢᠭᠰᠠᠭᠠᠭᠳᠠᠪᠠ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠶᠯ ᠨᠡᠶᠢᠲᠡ 23.8 ᠳ᠋ᠦᠩᠰᠢᠭᠤᠷ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.9 % ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ | ᠬᠤᠪᠢᠶᠠᠪᠠᠯ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠶᠢᠨ ᠵᠢᠵᠢᠭᠯᠡᠨ | ᠬᠤᠳᠠᠯᠳᠤᠭᠰᠠᠨ ᠲᠤᠭ᠎ᠠ ᠨᠡᠶᠢᠲᠡ 1.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.9 % ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠬᠤ ᠪᠠᠷ ᠬᠢᠵᠠᠭᠠᠷᠯᠠᠭᠰᠠᠨ | ᠲᠤᠭ᠎ᠠ ᠨᠡᠶᠢᠲᠡ 22.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4 % | ᠪᠠᠷ ᠨᠡᠮᠡᠭᠳᠡᠪᠡ᠃ ᠡᠵᠡᠩᠨᠡᠯᠲᠡ ᠶᠢᠨ ᠭᠠᠵᠠᠷ ᠢᠶᠠᠷ ᠨᠢ ᠬᠤᠪᠢᠶᠠᠪᠠᠯ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ | ᠬᠤᠲᠠ ᠪᠠᠯᠭᠠᠰᠤᠨ ᠤ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 23.4 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.1 % ᠪᠠᠷ ᠨᠡᠮᠡᠭᠳᠡᠪᠡ᠂ ᠡᠭᠦᠨ ᠳᠤ ᠬᠤᠲᠠ ᠶᠢᠨ ᠲᠣᠭᠤᠷᠢᠭ ᠤᠨ | ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 17.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.8 % ᠪᠠᠷ ᠨᠡᠮᠡᠭᠳᠡᠪᠡ︔ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠬᠥᠳᠡᠭᠡ | ᠲᠣᠰᠬᠤᠨ ᠤ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 0.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.1 % ᠪᠠᠷ ᠪᠠᠭᠤᠷᠠᠵᠠᠶ᠃ | ᠨᠢᠭᠡ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 22.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.4 % ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠦᠢᠯᠡᠰ ᠤᠨ | ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 0.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 39 % ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ | ᠬᠤᠳᠠᠯᠳᠤᠭᠰᠠᠨ ᠲᠤᠭ᠎ᠠ ᠨᠡᠶᠢᠲᠡ 22.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.5 % ᠪᠠᠷ ᠨᠡᠮᠡᠭᠳᠡᠪᠡ᠃ | ᠬᠤᠶᠠᠷ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠦᠢᠯᠡᠰ ᠤᠨ | ᠵᠢᠵᠢᠭᠯᠡᠨ ᠬᠤᠳᠠᠯᠳᠤᠬᠤ ᠬᠡᠮᠵᠢᠶ᠎ᠡ ᠪᠠᠭᠤᠷᠠᠬᠤ ᠬᠠᠨᠳᠤᠰᠢ ᠲᠠᠢ ᠪᠠᠶᠢᠨ᠎ᠠ᠃ | ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠬᠤᠨᠤᠭ ᠢᠳᠡᠭᠡᠨ ᠤ ᠦᠢᠯᠡᠰ ᠤᠨ ᠵᠢᠵᠢᠭᠯᠡᠨ ᠬᠤᠳᠠᠯᠳᠤᠭᠰᠠᠨ | ᠲᠤᠭ᠎ᠠ ︵ᠠᠵᠤ ᠦᠢᠯᠡᠰ ᠤᠨ ᠠᠵᠢᠯᠯᠠᠭᠠᠨ ᠤ ᠨᠢᠭᠡᠴᠢ ᠪᠠᠭᠲᠠᠬᠤ ᠥᠬᠡᠶ︶ ᠨᠢ ᠨᠡᠶᠢᠲᠡ 1.2 ᠳ᠋ᠦᠩᠰᠢᠭᠤᠷ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.7 % ᠪᠠᠷ ᠪᠠᠭᠤᠷᠠᠪᠠ᠃ ᠡᠭᠦᠨ ᠳᠤ᠂ ᠬᠤᠨᠣᠭᠯᠠᠬᠤ | ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ︵ᠠᠵᠤ ᠦᠢᠯᠡᠰ ᠤᠨ ᠠᠵᠢᠯᠯᠠᠭᠠᠨ ᠤ ᠨᠢᠭᠡᠴᠢ ᠪᠠᠭᠲᠠᠬᠤ ᠥᠬᠡᠶ︶ | ᠨᠡᠶᠢᠲᠡ 0.14 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 32.3 % ᠪᠠᠷ | ᠪᠠᠭᠤᠷᠠᠪᠠ︔ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ︵ᠠᠵᠤ ᠦᠢᠯᠡᠰ ᠤᠨ | ᠠᠵᠢᠯᠯᠠᠭᠠᠨ ᠤ ᠨᠢᠭᠡᠴᠢ ᠪᠠᠭᠲᠠᠬᠤ ᠥᠬᠡᠶ︶ ᠨᠢ ᠨᠡᠶᠢᠲᠡ 1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 4.7 % ᠪᠠᠷ ᠨᠡᠮᠡᠭᠳᠡᠪᠡ᠃ | ᠵᠤᠬᠢᠶᠠᠭᠴᠢ᠄ ᠰᠢᠶᠧ ᠹᠸᠢ | ᠤᠷᠴᠢᠭᠤᠯᠤᠭᠴᠢ᠄ ᠬᠦᠰᠡᠯ | ᠬᠢᠨᠠᠭᠴᠢ᠄ ᠭᠡᠷᠡᠯᠳᠤ |