1 — 8 ᠰᠠᠷ᠎ᠠ ᠳᠤ ᠮᠠᠨ ᠤ ᠬᠤᠲᠠ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢᠭᠡᠨᠲᠡ 300 ᠳ᠋ᠦᠩᠰᠢᠭᠤᠷ ᠺᠢᠯᠣᠸᠠᠲ ᠴᠠᠭ ᠢ ᠳᠠᠪᠠᠪᠠ
ᠨᠡᠶᠢᠲᠡᠯᠡᠭᠰᠡᠨ ᠴᠠᠭ᠄
2019/9/26
     ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠲᠤᠭ᠎ᠠ ᠪᠠᠷᠢᠮᠲᠠ ᠠᠴᠠ ᠦᠵᠡᠪᠡᠯ᠂ 8 ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠲᠠ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 300 ᠳ᠋ᠦᠩᠰᠢᠭᠤᠷ ᠺᠢᠯᠣᠸᠠᠲ ᠴᠠᠭ ᠢ ᠳᠠᠪᠠᠵᠤ᠂ 336.2 ᠳ᠋ᠦᠩᠰᠢᠭᠤᠷ ᠺᠢᠯᠣᠸᠠᠲ ᠴᠠᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.4 % ᠪᠠᠷ ᠨᠡᠮᠡᠭᠳᠡᠵᠡᠶ᠃ 8 ᠰᠠᠷ᠎ᠠ ᠳᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 45.2ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.1 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠰᠠᠷ᠎ᠠ ᠶᠢᠨ ᠬᠢ ᠠᠴᠠ 14 ᠵᠠᠭᠤᠨ ᠤ ᠨᠢᠭᠡᠴᠢ ᠨᠡᠮᠡᠭᠳᠡᠵᠡᠶ᠃     1 — 8 ᠰᠠᠷ᠎ᠠ ᠳᠤ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.7 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 98.2 % ᠢ ᠡᠵᠡᠯᠡᠪᠡ᠃ ᠡᠭᠦᠨ ᠳᠤ᠂ ᠨᠢᠭᠡᠳᠦᠭᠡᠷ ᠠᠵᠤ ᠦᠶᠯᠡᠰ 0.8 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13 % ᠪᠠᠷ ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶᠡᠨ ᠤ ᠡᠵᠡᠯᠡᠬᠦ ᠬᠤᠪᠢ ᠶᠢᠨ ᠵᠢᠩ ᠨᠢ 0.2 % ᠪᠣᠯᠤᠨ᠎ᠠ︔ ᠬᠤᠶᠠᠳᠤᠭᠠᠷ ᠠᠵᠤ ᠦᠶᠯᠡᠰ 314.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.3 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶᠡᠨ ᠤ 93.5 % ᠶᠢ ᠡᠵᠡᠯᠡᠪᠡ︔ ᠭᠤᠷᠪᠠᠳᠤᠭᠠᠷ ᠠᠵᠤ ᠦᠶᠯᠡᠰ 14.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 % ᠢᠶᠠᠷ ᠪᠠᠭᠤᠷᠠᠵᠤ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ 4.4 % ᠢ ᠡᠵᠡᠯᠡᠪᠡ᠃     1 — 8 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ ᠨᠡᠶᠢᠲᠡ 6.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶᠡᠨ ᠤ 1.8 % ᠶᠢ ᠡᠵᠡᠯᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 4.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8 % ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ 1.4 % ᠪᠣᠯᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3 % ᠪᠠᠷ᠎ᠠ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 0.4 % ᠢ ᠡᠵᠡᠯᠡᠪᠡ᠃                                 ᠵᠤᠬᠢᠶᠠᠭᠴᠢ᠄ ᠸᠠᠩ ᠴᠢᠨ                                 ᠤᠷᠴᠢᠭᠤᠯᠤᠭᠴᠢ᠄ ᠢᠷᠭᠤᠢ                                 ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2