ᠳᠤᠮᠳᠠᠳᠤ ᠤᠯᠤᠰ · ᠤᠯᠠᠭᠠᠨᠴᠠᠪ ᠤᠨ ᠲᠥᠮᠥᠰᠦᠨ ᠤ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019/9/26
     ᠮᠠᠨ ᠤ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠤᠳᠠᠳᠠᠢ ᠠᠰᠠᠭᠤᠳᠠᠯ ᠢ ᠰᠢᠢᠳᠪᠦᠷᠢᠯᠡᠵᠦ᠂ ᠮᠠᠨ ᠤ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠶᠢᠨ ᠲᠥᠮᠥᠰᠥᠨ ᠤ ᠠᠵᠤ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ 9 ᠰᠠᠷ᠎ᠠ ᠶᠢᠨ 10 ᠤ ᠡᠳᠦᠷ᠂ ᠳᠤᠮᠳᠠᠳᠤ ᠤᠯᠤᠰ · ᠤᠯᠠᠭᠠᠨᠴᠠᠪ ᠤᠨ ᠲᠥᠮᠥᠰᠥᠨ ᠤ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠠᠴᠠ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠬᠢᠪᠡ᠃ ᠬᠤᠲᠠ ᠶᠢᠨ ᠳᠡᠳ᠋ ᠳᠠᠷᠤᠭ᠎ᠠ ᠸᠠᠩ ᠭᠦᠸᠧ ᠰᠢᠶᠠᠩ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠸᠠᠩ ᠭᠦᠸᠧ ᠰᠢᠶᠠᠩ ᠲᠠᠨᠢᠯᠴᠠᠭᠤᠯᠬᠤ ᠳᠠᠭᠠᠨ᠂ ᠤᠯᠠᠭᠠᠨᠴᠠᠪ ᠬᠤᠲᠠ ᠶᠢᠨ ᠲᠥᠮᠥᠰᠥ ᠲᠠᠷᠢᠬᠤ ᠬᠡᠪᠴᠢᠶ᠎ᠡ ᠶᠡᠭᠡ᠂ ᠲᠠᠯᠠᠪᠠᠢ ᠶᠢ 400 ᠲᠦᠮᠡᠨ ᠮᠤ᠋ ᠣᠷᠴᠢᠮ ᠳᠤ ᠲᠣᠭᠲᠠᠪᠤᠷᠢᠵᠢᠭᠤᠯᠵᠤ᠂ ᠰᠢᠨ᠎ᠡ ᠰᠣᠷᠭᠤᠭ ᠲᠥᠮᠥᠰᠥᠨ ᠤ ᠭᠠᠷᠤᠯᠳᠠ 400 ᠲᠦᠮᠡᠨ ᠲᠣᠨ ᠣᠷᠴᠢᠮ ᠳᠤ ᠪᠠᠶᠢᠬᠤ ᠶᠢ ᠪᠠᠲᠤᠯᠠᠵᠤ᠂ ᠲᠥᠮᠥᠰᠥᠨ ᠤ ᠠᠵᠤ ᠦᠢᠯᠡᠰ ᠤᠨ ᠬᠡᠪᠴᠢᠶᠡᠵᠢᠭᠦᠯᠦᠨ ᠲᠠᠷᠢᠬᠤ᠂ ᠠᠵᠤ ᠦᠢᠯᠡᠰᠵᠢᠭᠦᠯᠦᠨ ᠡᠵᠡᠩᠨᠡᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠲᠡᠳᠡᠨ ᠣᠷᠣᠭᠤᠯᠬᠤ᠂ ᠪᠤᠶᠢᠵᠢᠭᠤᠯᠬᠤ᠂ ᠦᠷᠡᠵᠢᠭᠦᠯᠬᠦ᠂ ᠳᠡᠯᠭᠡᠷᠡᠭᠦᠯᠬᠦ᠂ ᠨᠡᠮᠡᠬᠦ᠂ ᠪᠣᠷᠣᠯᠠᠭᠤᠯᠬᠤ᠂ ᠬᠠᠳᠠᠭᠠᠯᠠᠬᠤ ᠶᠢ ᠦᠨᠳᠦᠰᠦᠨ ᠳᠡᠭᠡᠨ ᠪᠦᠷᠢᠯᠳᠦᠬᠦᠯᠵᠦ᠂ ᠠᠵᠤ ᠦᠢᠯᠡᠰ ᠤᠨ ᠦᠷ᠎ᠡ ᠠᠰᠢᠭ ᠢ ᠢᠯᠡᠳᠲᠡ ᠳᠡᠭᠡᠭᠰᠢᠯᠡᠬᠦᠯᠵᠦ᠂ ᠨᠢᠭᠡᠨᠲᠡ ᠤᠯᠠᠭᠠᠨᠴᠠᠪ ᠬᠤᠲᠠ ᠶᠢᠨ ᠲᠠᠷᠢᠶᠠᠯᠠᠩ ᠪᠠ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠬᠦ᠂ ᠲᠠᠷᠢᠶᠠᠴᠢᠳ ᠢ ᠬᠠᠪᠰᠤᠷᠴᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠲᠤᠯᠭᠠᠭᠤᠷᠢ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠪᠣᠯᠵᠠᠶ᠃     ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠤᠯᠠᠭᠠᠨᠴᠠᠪ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠠ ᠭᠤᠤᠯᠳᠠᠯᠭ᠎ᠠ ᠲᠠᠢ ᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠰᠠᠨᠠᠭᠤᠯᠭ᠎ᠠ ᠳᠤᠷᠠᠳᠴᠤ᠂ ᠤᠯᠠᠭᠠᠨᠴᠠᠪ ᠲᠥᠮᠥᠰᠥ ᠲᠠᠷᠢᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠡᠳ᠋ᠰᠢᠭᠦᠯᠬᠦ ᠵᠡᠷᠭᠡ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠲᠥᠮᠥᠰᠥ ᠶᠢ ᠬᠥᠮᠥᠷᠭᠡᠯᠡᠨ ᠬᠠᠳᠠᠭᠠᠯᠠᠬᠤ᠂ ᠪᠠᠷᠠᠭ᠎ᠠ ᠶᠢᠨ ᠬᠦᠢᠯᠭᠡᠭᠡ ᠵᠡᠷᠭᠡ ᠰᠠᠭᠤᠷᠢ ᠲᠥᠬᠦᠭᠡᠷᠦᠮᠵᠢ ᠶᠢ ᠬᠦᠴᠦᠯᠡᠨ ᠰᠠᠶᠢᠵᠢᠷᠠᠭᠤᠯᠵᠤ᠂ ᠤᠯᠠᠭᠠᠨᠴᠠᠪ ᠤᠨ ᠲᠥᠮᠥᠰᠥᠨ ᠤ ᠬᠡᠪᠴᠢᠶᠡᠵᠢᠯᠲᠡ᠂ ᠠᠵᠤ ᠦᠶᠢᠯᠡᠰᠵᠢᠯᠲᠡ ᠶᠢᠨ ᠲᠦᠪᠰᠢᠨ ᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ︔ ᠲᠤᠬᠠᠶ ᠶᠢᠨ ᠭᠠᠵᠠᠷ ᠤᠨ ᠲᠥᠮᠥᠰᠥᠨ ᠤ ᠦᠢᠯᠡᠳᠪᠦᠷᠢᠯᠡᠯ ᠤᠨ ᠪᠣᠬᠢᠷᠲᠤᠯ ᠥᠬᠡᠶ᠂ ᠣᠷᠭᠠᠨᠢᠭ ᠰᠠᠶᠢᠨ ᠨᠥᠬᠦᠴᠡᠯ ᠢ ᠬᠦᠢᠴᠡᠳ ᠠᠰᠢᠭᠯᠠᠵᠤ᠂ ᠪᠣᠬᠢᠷᠲᠤᠯ ᠥᠬᠡᠶ ᠠᠮᠢ ᠠᠬᠤᠢ ᠶᠢᠨ ᠲᠠᠷᠢᠮᠠᠯ ᠤᠨ ᠮᠡᠷᠭᠡᠵᠢᠯ ᠤᠨ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠡᠷᠡᠭᠦᠯ ᠬᠥᠷᠥᠰᠥ ᠰᠢᠷᠣᠶ ᠶᠢ ᠪᠤᠶᠢᠵᠢᠭᠤᠯᠵᠤ᠂ ᠲᠥᠮᠥᠰᠥᠨ ᠤ ᠦᠷ᠎ᠡ ᠶᠢᠨ ᠪᠣᠬᠢᠷᠲᠤᠯ ᠥᠬᠡᠶ ᠣᠷᠭᠠᠨᠢᠭ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ︔ ︽ᠦᠢᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭᠠᠨ ᠮᠡᠷᠭᠡᠵᠢᠯ︾ ᠤᠨ ᠪᠣᠬᠢᠷᠲᠤᠯ ᠥᠬᠡᠶ ᠰᠢᠰᠲ᠋ᠧᠮ ᠢᠶᠠᠷ ᠳᠠᠮᠵᠢᠭᠤᠯᠤᠨ᠂ ᠤᠯᠠᠭᠠᠨᠴᠠᠪ ᠤᠨ ᠪᠣᠬᠢᠷᠲᠤᠯ ᠥᠬᠡᠶ ᠣᠷᠭᠠᠨᠢᠭ ᠲᠥᠮᠥᠰᠥᠨ ᠤ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃                                ᠵᠣᠬᠢᠶᠠᠭᠴᠢ᠄ ᠸᠠᠩ ᠶᠢᠨ ᠫᠧᠩ                                ᠤᠷᠴᠢᠭᠤᠯᠤᠭᠴᠢ᠄ ᠢᠷᠭᠤᠢ                                ᠬᠢᠨᠠᠭᠴᠢ᠄ ᠬᠡᠷᠡᠯᠳᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2