ᠵᠢᠯ ᠳᠤ 3000 ᠲᠦᠮᠡᠨ ᠲᠡᠭᠰᠢ ᠳᠥᠷᠪᠡᠯᠵᠢᠨ ᠮᠧᠲᠷ ᠤᠨ ᠳᠤᠮᠳᠠ ᠥᠨᠳᠥᠷ ᠬᠦᠴᠦᠳᠡᠯᠲᠦ ᠢᠯᠳᠠᠰᠤᠵᠢᠭᠤᠯᠬᠤ ᠦᠶᠯᠡᠳᠪᠦᠷᠢᠯᠡᠯ ᠤᠨ ᠱᠤᠭᠤᠮ ᠤᠨ ᠲᠥᠷᠥᠯ ᠵᠦᠶᠯ ᠵᠢᠨᠢᠩ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2019/9/26
     9 ᠰᠠᠷ᠎ᠠ ᠶᠢᠨ 3 ᠤ ᠡᠳᠦᠷ᠂ ᠤᠯᠠᠭᠠᠨᠴᠠᠪ ᠤᠨ ᠳ᠋ᠦᠩ ᠶᠠᠩ ᠭᠤᠸᠠᠩ ᠢᠯᠳᠠᠰᠤᠵᠢᠭᠤᠯᠬᠤ ᠬᠢᠵᠠᠭᠠᠷᠲᠤ ᠺᠣᠮᠫᠠᠨᠢ ᠶᠢᠨ ᠵᠢᠯ ᠤᠨ ᠭᠠᠷᠤᠯᠳᠠ ᠨᠢ 3000 ᠲᠦᠮᠡᠨ ᠲᠡᠭᠰᠢ ᠳᠥᠷᠪᠡᠯᠵᠢᠨ ᠮᠧᠲᠷ ᠪᠤᠯᠬᠤ ᠳᠤᠮᠳᠠ ᠥᠨᠳᠥᠷ ᠬᠦᠴᠦᠳᠡᠯᠳᠦ ᠢᠯᠳᠠᠰᠤᠵᠢᠭᠤᠯᠬᠤ ᠦᠶᠯᠡᠳᠪᠦᠷᠢᠯᠡᠯ ᠤᠨ ᠱᠤᠭᠤᠮ ᠤᠨ ᠲᠥᠷᠥᠯ ᠵᠦᠶᠯ ᠵᠢᠩᠬᠢᠨᠢ ᠪᠠᠷ ᠠᠰᠢᠭᠯᠠᠯᠲᠠ ᠳᠤ ᠣᠷᠣᠪᠠ᠃  ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠬᠤᠸᠠᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠴᠧᠩ ᠮᠢᠨ ᠵᠢᠴᠢ ᠱᠧᠨᠵᠧᠨ ᠬᠤᠲᠠ ᠶᠢᠨ ᠳ᠋ᠦᠩ ᠶᠠᠩ ᠭᠤᠸᠠᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠥᠩ ᠨᠧᠩ ᠠᠰᠢᠭᠯᠠᠯᠲᠠ ᠳᠤ ᠣᠷᠣᠭᠤᠯᠬᠤ ᠶᠣᠰᠣᠯᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠯᠸᠢ ᠿᠦ ᠰᠢᠨ᠂ ᠳ᠋ᠦᠩ ᠶᠠᠩ ᠭᠤᠸᠠᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠦ ᠶᠢᠩ ᠸᠧᠶ ᠪᠠᠶᠠᠷ ᠤᠨ ᠦᠭᠡ ᠬᠡᠯᠡᠪᠡ᠃ ᠯᠸᠢ ᠿᠦ ᠰᠢᠨ ᠪᠠᠶᠠᠷ ᠤᠨ ᠦᠭᠡᠨ ᠳᠡᠭᠡᠨ᠂ ᠤᠶᠢᠷ᠎ᠠ ᠶᠢᠨ ᠵᠢᠯ ᠤᠳ ᠲᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠡᠶ᠃ ᠳ᠋ᠦᠩ ᠶᠠᠩ ᠭᠤᠸᠠᠩ ᠺᠣᠮᠫᠠᠨᠢ ᠤᠯᠠᠭᠠᠨᠴᠠᠪ ᠬᠤᠲᠠ ᠳᠤ ᠨᠤᠲᠤᠭᠰᠢᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠲᠥᠪ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠶᠢ ᠠᠬᠢᠭᠤᠯᠬᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠦᠶᠯᠡᠳᠦᠯᠭᠡ ᠪᠣᠯᠬᠤ ᠪᠥᠭᠡᠳ ᠣᠷᠣᠨ ᠨᠤᠲᠤᠭ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠦᠶᠯᠡᠴᠢᠯᠡᠬᠦ᠂ ᠣᠷᠣᠨ ᠨᠤᠲᠤᠭ ᠤᠨ ᠠᠵᠤ ᠠᠬᠤᠶᠢᠯᠠᠯ ᠭᠠᠷ ᠬᠤᠯᠪᠣᠨ ᠬᠠᠮᠲᠤᠪᠠᠷ ᠠᠰᠢᠭ ᠬᠦᠷᠲᠡᠬᠦ ᠬᠥᠭᠵᠢᠯᠲᠡ ᠶᠢᠨ ᠠᠮᠵᠢᠯᠲᠠ ᠲᠠᠢ ᠦᠯᠢᠭᠡᠷ ᠵᠢᠱᠢᠶ᠎ᠡ ᠪᠣᠯᠤᠨ᠎ᠠ᠃ ᠪᠢᠳᠡ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠨ ᠳᠠᠮᠵᠢᠵᠤ᠂ ᠦᠶᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠨᠠᠩ ᠥᠷᠭᠡᠨ ᠳᠡᠯᠭᠡᠷ ᠬᠠᠮᠲᠤᠷᠠᠯᠴᠠᠭ᠎ᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠰᠢᠯᠢᠳᠡᠭ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠲᠥᠷᠥᠯ ᠵᠦᠢᠯ ᠤᠨ ᠬᠦᠴᠦᠷᠭᠡᠭᠵᠢᠨ ᠪᠤᠵᠠᠭᠠᠶᠢᠷᠠᠬᠤ ᠶᠢ ᠳᠠᠮᠵᠢᠨ᠎ᠠ᠃ ᠡᠭᠦᠨ ᠤ ᠬᠠᠮᠲᠤ᠂ ᠳ᠋ᠦᠩ ᠶᠠᠩ ᠭᠤᠸᠠᠩ ᠪᠦᠯᠦᠭᠯᠡᠯ ᠤᠨ ᠬᠢᠨ ᠤ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠷᠢᠯᠢᠭ ᠲᠠᠷᠢᠵᠤ ᠨᠢᠮᠪᠠᠶ ᠠᠷᠠᠴᠢᠯᠠᠵᠤ᠂ ᠲᠥᠷᠥᠯ ᠵᠦᠶᠯ ᠢ ᠨᠠᠷᠢᠯᠢᠭ ᠬᠢᠵᠦ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳ᠋ᠦᠩ ᠶᠠᠩ ᠭᠤᠸᠠᠩ ᠤᠨ ᠢᠯᠳᠠᠰᠤᠵᠢᠭᠤᠯᠬᠤ ᠦᠢᠯᠡᠰ ᠢ ᠤᠯᠠᠭᠠᠨᠴᠠᠪ ᠤᠨ ᠪᠠᠰᠠ ᠨᠢᠭᠡᠨ ᠰᠢᠨ᠎ᠡ ᠲᠥᠷᠥᠯ ᠲᠡᠮᠳᠡᠭ ᠪᠣᠯᠭᠠᠬᠤ ᠶᠢ ᠬᠦᠰᠡᠵᠦ ᠪᠠᠶᠢᠨ᠎ᠠ ᠭᠡᠪᠡ᠃ ᠵᠦ ᠶᠢᠩ ᠸᠧᠶ ᠪᠠᠶᠠᠷ ᠤᠨ ᠦᠭᠡᠨ ᠳᠡᠭᠡᠨ᠂ ᠳ᠋ᠦᠩ ᠶᠠᠩ ᠭᠤᠸᠠᠩ ᠠᠵᠤ ᠦᠶᠯᠡᠰ ᠪᠣᠯ ᠬᠦᠰᠡᠯ ᠡᠷᠡᠮᠡᠯᠵᠡᠯ ᠢᠶᠠᠷ ᠪᠢᠯᠬᠠᠭᠰᠠᠨ᠂ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠭᠰᠡᠨ᠂ ᠵᠠᠭᠤᠨ ᠵᠢᠯ ᠤᠨ ᠰᠠᠭᠤᠷᠢ ᠦᠶᠯᠡᠰ ᠢ ᠪᠠᠶᠢᠭᠤᠯᠵᠤ ᠪᠠᠶᠢᠭ᠎ᠠ ᠲᠣᠮᠣ ᠬᠡᠯᠪᠡᠷᠢ ᠶᠢᠨ ᠬᠤᠪᠢᠴᠠᠭᠠᠳᠤ ᠳᠦᠷᠢᠮ ᠤᠨ ᠠᠵᠤ ᠠᠬᠤᠶᠢᠯᠠᠯ ᠪᠣᠯᠤᠨ᠎ᠠ᠂ ᠪᠢᠳᠡ ᠡᠭᠦᠷᠭᠡᠯᠡᠵᠦ ᠪᠠᠶᠢᠭ᠎ᠠ ᠨᠡᠶᠢᠭᠡᠮ ᠤᠨ ᠬᠠᠷᠢᠭᠤᠴᠠᠯᠭ᠎ᠠ ᠪᠠᠨ ᠭᠦᠨᠵᠡᠭᠡᠶ ᠣᠶᠢᠯᠠᠭᠠᠵᠤ᠂ ᠵᠢᠯ ᠳᠤ 3000 ᠲᠦᠮᠡᠨ ᠲᠡᠭᠰᠢ ᠳᠥᠷᠪᠡᠯᠵᠢᠨ ᠮᠧᠳ᠋ᠷ ᠤᠨ ᠥᠨᠳᠥᠷ ᠬᠦᠴᠦᠳᠡᠯᠲᠦ ᠢᠯᠳᠠᠰᠤᠵᠢᠭᠤᠯᠬᠤ ᠲᠥᠷᠥᠯ ᠵᠦᠶᠯ ᠢ ᠪᠦᠬᠦ ᠪᠥᠮᠪᠥᠷᠴᠡᠭ ᠤᠨ ᠬᠡᠪᠴᠢᠶ᠎ᠡ ᠪᠠᠷ ᠣᠷᠦ᠋ᠢᠯᠠᠭᠰᠠᠨ᠂ ᠴᠢᠨᠠᠷ ᠦᠨ᠎ᠡ ᠶᠢᠨ ᠬᠠᠷᠢᠴᠠᠯ ᠢᠶᠠᠷ ᠬᠠᠮᠤᠭ ᠤᠨ ᠰᠢᠯᠢᠳᠡᠭ ᠥᠨᠳᠥᠷ ᠬᠦᠴᠦᠳᠡᠯᠲᠦ ᠢᠯᠳᠠᠰᠤᠵᠢᠭᠤᠯᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠡᠭᠦᠨ ᠤ ᠬᠠᠮᠲᠤ᠂ ᠳ᠋ᠦᠩ ᠶᠠᠩ ᠭᠤᠸᠠᠩ ᠠᠵᠤ ᠦᠶᠯᠡᠰ ᠨᠢ ᠤᠯᠠᠭᠠᠨᠴᠠᠪ ᠤᠨ ᠬᠥᠭᠵᠢᠯᠲᠡ ᠳᠤ ᠠᠰᠢᠭᠲᠠᠢ ᠯᠠ ᠶᠤᠮ ᠪᠣᠯ ᠯᠠᠪᠲᠠᠶ ᠪᠦᠬᠦ ᠬᠦᠴᠦᠨ ᠢᠶᠠᠷ ᠢᠶᠠᠨ ᠲᠡᠮᠡᠴᠡᠨ ᠣᠯᠬᠤ ᠵᠣᠷᠢᠯᠲᠠ ᠶᠢ ᠵᠢᠷᠤᠮᠯᠠᠵᠤ᠂ ᠦᠨᠡᠨ ᠰᠡᠳᠬᠢᠯ ᠠᠴᠠ ᠪᠠᠨ ᠤᠯᠠᠭᠠᠨᠴᠠᠪ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠡᠢ᠃     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠯᠠᠭᠠᠨᠴᠠᠪ ᠤᠨ ᠳ᠋ᠦᠩ ᠶᠠᠩ ᠭᠤᠸᠠᠩ ᠢᠯᠳᠠᠰᠤᠵᠢᠭᠤᠯᠬᠤ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠪᠦᠲᠦᠭᠡᠨ ᠪᠠᠶᠢᠭᠤᠯᠤᠭᠰᠠᠨ ︽ᠵᠢᠯ ᠳᠤ 3000 ᠲᠦᠮᠡᠨ ᠲᠡᠭᠰᠢ ᠳᠥᠷᠪᠡᠯᠵᠢᠨ ᠮᠧᠳ᠋ᠷ ᠤᠨ ᠳᠤᠮᠳᠠ ᠥᠨᠳᠥᠷ ᠬᠦᠴᠦᠳᠡᠯᠳᠦ ᠢᠯᠳᠠᠰᠤᠵᠢᠭᠤᠯᠬᠤ ᠦᠶᠯᠡᠳᠪᠦᠷᠢᠯᠡᠯ ᠤᠨ ᠱᠤᠭᠤᠮ︾  ᠤᠨ ᠲᠥᠷᠥᠯ ᠵᠦᠶᠯ ᠳᠤ 9.93 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠦ᠂ 446 ᠮᠤ᠋ ᠲᠠᠯᠠᠪᠠᠢ᠂ 2018 ᠣᠨ ᠤ 3 ᠰᠠᠷ᠎ᠠ ᠳᠤ ᠵᠢᠩᠬᠢᠨᠢ ᠪᠠᠷ ᠪᠠᠷᠢᠯᠭ᠎ᠠ ᠪᠠᠨ ᠡᠬᠢᠯᠡᠭᠦᠯᠬᠦ ᠪᠠᠷ ᠲᠦᠯᠦᠪᠯᠡᠵᠦ ᠪᠠᠶᠢᠪᠠ᠃ ᠬᠤᠶᠠᠷ ᠵᠢᠯ ᠤᠨ ᠶᠠᠭᠠᠷᠠᠯᠲᠠᠶ ᠠᠵᠢᠯ ᠢᠶᠠᠷ ᠳᠠᠮᠵᠢᠨ᠂ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠨᠢ 9 ᠰᠠᠷ᠎ᠠ ᠶᠢᠨ 3 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠠᠰᠢᠭᠯᠠᠯᠲᠠ ᠳᠤ ᠣᠷᠣᠭᠤᠯᠬᠤ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠠᠰᠢᠭᠯᠠᠯᠲᠠ ᠳᠤ ᠣᠷᠣᠭᠤᠯᠬᠤ ᠶᠣᠰᠣᠯᠠᠯ ᠢ ᠡᠬᠢᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠪᠡ᠃                                ᠣᠷᠴᠢᠭᠤᠯᠤᠭᠴᠢ᠄ ᠢᠷᠭᠤᠢ                                ᠬᠢᠨᠠᠭᠴᠢ᠄ ᠭᠡᠷᠡᠯᠲᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2