ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019/9/4
               ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠪᠠᠶᠢᠭᠤᠯᠭ᠎ᠠ ᠶᠢᠨ ᠺᠠᠳ᠋ᠷ ᠠᠵᠢᠯᠲᠠᠨ 99 ᠬᠥᠮᠥᠨ ᠪᠠᠶᠢᠵᠤ᠂ ᠠᠯᠪᠠᠨ ᠭᠡᠷ᠂ ᠪᠠᠶᠢᠭᠤᠯᠭ᠎ᠠ ᠶᠢᠨ ᠨᠠᠮ ᠤᠨ ᠡᠭᠦᠷ᠂ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠤ ᠰᠠᠯᠠᠭ᠎ᠠ᠂ ᠲᠥᠯᠥᠪᠯᠡᠭᠡ ᠡᠳ᠋ ᠤᠨ ᠶᠠᠪᠤᠳᠠᠯ ᠤᠨ ᠰᠠᠯᠠᠭ᠎ᠠ᠂ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠠᠯᠠᠭ᠎ᠠ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠠᠯᠠᠭ᠎ᠠ᠂ ᠪᠠᠭᠰᠢ ᠶᠢᠨ ᠬᠠᠮᠢᠶᠠᠷᠤᠯᠲᠠ ᠶᠢᠨ ᠰᠠᠯᠠᠭ᠎ᠠ᠂ ᠬᠢᠨᠠᠨ ᠵᠢᠯᠣᠭᠤᠳᠴᠤ ᠬᠢᠨᠠᠨ ᠪᠤᠳᠤᠬᠤ ᠲᠠᠰᠤᠭ᠂ ᠪᠡᠶ᠎ᠡ ᠲᠠᠮᠢᠷ ᠡᠷᠡᠭᠦᠯ ᠬᠠᠮᠠᠭᠠᠯᠠᠯ ᠪᠠ ᠤᠷᠠᠯᠢᠭ ᠤᠨ ᠰᠤᠷᠭᠠᠨ ᠬᠥᠮᠦᠵᠢᠯ ᠤᠨ ᠰᠠᠯᠠᠭ᠎ᠠ᠂ ᠬᠢᠨᠠᠨ ᠪᠠᠶᠢᠴᠠᠭᠠᠬᠤ ᠲᠠᠰᠤᠭ᠂ ᠰᠤᠷᠤᠭᠴᠢᠳ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠯᠠᠭ᠎ᠠ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ᠂ ᠠᠵᠢᠯᠴᠢ ᠠᠷᠪᠢᠴᠢ ᠪᠠᠷ ᠰᠤᠷᠤᠯᠴᠠᠬᠤ ᠠᠯᠪᠠᠨ ᠭᠡᠷ᠂ ᠰᠤᠷᠭᠠᠨ ᠬᠥᠮᠦᠵᠢᠯ ᠤᠨ ᠰᠣᠨᠢᠨ ᠤ ᠬᠤᠷᠢᠶ᠎ᠠ ᠵᠡᠷᠭᠡ 15 ᠡᠭᠦᠷᠭᠡ ᠴᠢᠳᠠᠪᠤᠷᠢᠲᠤ ᠰᠠᠯᠠᠭ᠎ᠠ ᠲᠠᠰᠤᠭ  ᠲᠠᠢ ᠪᠠᠶᠢᠵᠤ᠂ ᠬᠤᠲᠠ ᠶᠢᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ᠂ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ ᠂ ᠤᠯᠠᠭᠠᠨᠴᠠᠪ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ᠂ ᠪᠡᠭᠡᠵᠢᠩ ᠤᠨ ᠨᠠᠢᠮᠠᠳᠣᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠬᠤᠪᠢᠶᠠᠷᠢ ᠰᠤᠷᠭᠠᠭᠤᠯᠢ᠂ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠲᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠬᠤᠲᠠ ᠶᠢᠨ ᠰᠢᠭᠤᠳ ᠬᠠᠷᠢᠶ᠎ᠠ ᠬᠡᠤᠬᠡᠳ ᠤᠨ ᠴᠡᠴᠡᠷᠯᠢᠭ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠵᠢᠨᠢᠩ ᠤᠨ ᠰᠢᠨ ᠱᠢ ᠵᠢᠢ ᠳᠤᠮᠳᠠᠳᠤ ᠰᠤᠷᠭᠠᠭᠤᠯᠢ᠂ ᠬᠤᠲᠠ ᠶᠢᠨ ᠰᠢᠨ ᠯᠦᠩ ᠰᠢᠩ ᠳᠤᠮᠳᠠᠳᠤ ᠰᠤᠷᠭᠠᠭᠤᠯᠢ᠂ ᠬᠤᠲᠠ ᠶᠢᠨ ᠢᠦᠶ ᠢᠩ ᠳᠤᠮᠳᠠᠳᠤ ᠰᠤᠷᠭᠠᠭᠤᠯᠢ᠂ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠬᠤᠲᠠ ᠶᠢᠨ ᠵᠢᠭᠠᠬᠤ ᠶᠢ ᠰᠤᠳᠤᠯᠬᠤ ᠲᠠᠰᠤᠭ᠂ ᠬᠤᠲᠠ ᠶᠢᠨ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠲᠤᠨᠤᠭ ᠲᠥᠬᠦᠭᠡᠷᠦᠮᠵᠢ ᠶᠢᠨ ᠣᠷᠳᠣᠨ᠂ ᠬᠤᠲᠠ ᠶᠢᠨ ᠨᠡᠶᠢᠲᠡᠯᠢᠭ ᠬᠡᠯᠡᠨ ᠤ ᠰᠢᠯᠭᠠᠯᠲᠠ ᠶᠢᠨ ᠥᠷᠲᠡᠭᠡ ᠵᠡᠷᠭᠡ 17 ᠬᠤᠶᠠᠳᠤᠭᠠᠷ ᠲᠡᠰ ᠤᠨ ᠪᠠᠶᠢᠭᠤᠯᠭ᠎ᠠ ᠨᠢᠭᠡᠴᠢ ᠲᠠᠢ᠃ ᠡᠭᠦᠨ ᠤ ᠬᠠᠮᠲᠤ᠂ ᠪᠦᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃       ᠪᠦᠬᠦ ᠬᠤᠲᠠ ᠳᠤ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ 359 ᠪᠠᠶᠢᠵᠤ᠂ ᠡᠭᠦᠨ ᠳᠤ᠄ 4 ᠳᠡᠭᠡᠳᠦ ᠰᠤᠷᠭᠠᠭᠤᠯᠢ  ᠂ 4 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 10 ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ 21 ᠥᠨᠳᠦᠷ ᠳᠤᠮᠳᠠᠳᠤ᠂ 51 ᠠᠩᠬ᠎ᠠ ᠳᠤᠮᠳᠠᠳᠤ  ᠂ 207 ᠪᠠᠭ᠎ᠠ ᠰᠤᠷᠭᠠᠭᠤᠯᠢ᠂ 37 ᠵᠢᠭᠠᠨ ᠰᠤᠷᠭᠠᠬᠤ ᠴᠡᠭ᠂ 61 ᠬᠡᠤᠬᠡᠳ ᠤᠨ ᠴᠡᠴᠡᠷᠯᠢᠭ᠂ 1 ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠵᠡᠷᠭᠡ ᠶᠢ ᠪᠠᠭᠲᠠᠭᠠᠨ᠎ᠠ᠃ ᠪᠦᠬᠦ ᠬᠤᠲᠠ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ 266166 ᠪᠠᠶᠢᠵᠤ᠂ ᠡᠭᠦᠨ ᠳᠤ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ 53485 ᠰᠤᠷᠤᠭᠴᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ 158713 ᠰᠤᠷᠤᠭᠴᠢ᠂ ᠪᠠᠯᠴᠢᠷ ᠬᠡᠤᠬᠡᠳ ᠤᠨ ᠰᠤᠷᠭᠠᠨ ᠬᠥᠮᠦᠵᠢᠯ ᠤᠨ ᠱᠠᠲᠤᠨ ᠳᠤ 18508 ᠰᠤᠷᠤᠭᠴᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤᠨ ᠳᠤ 35460 ᠰᠤᠷᠤᠭᠴᠢ ᠪᠠᠶᠢᠨ᠎ᠠ᠃ ᠪᠦᠬᠦ ᠬᠤᠲᠠ ᠶᠢᠨ ᠪᠠᠭᠰᠢ ᠠᠵᠢᠯᠲᠠᠨ ᠨᠡᠶᠢᠲᠡ 23615  ᠪᠠᠶᠢᠨ᠎ᠠ  ᠃ ᠬᠠᠷᠢᠯᠴᠠᠬᠤ ᠤᠲᠠᠰᠤ᠄ 0474 — 8322333      0474 — 8322312 ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠭᠡᠭᠡᠨ ᠪᠠᠷᠠᠭᠤᠨ ᠵᠡᠭᠡᠯᠢ ᠶᠢᠨ 20 ᠳ᠋ᠤᠭᠠᠷ ᠨᠣᠮᠧᠷ ᠰᠢᠤᠳᠠᠨ ᠳ᠋ᠤᠭᠠᠷ᠄ 012000                                                              ᠣᠷᠴᠢᠭᠤᠯᠤᠭᠴᠢ᠄ ᠭᠤᠸ᠎ᠠ                                                              ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2