ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019/9/9
ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ︽ᠤᠯᠠᠭᠠᠨᠴᠠᠪ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠤᠯᠠᠭᠠᠨᠴᠠᠪ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠢᠯ   ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠳᠣᠷᠣᠭᠰᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ ᠨᠢᠭᠡᠴᠢ ᠪᠣᠯᠤᠨ᠎ᠠ᠃ ᠤᠯᠠᠭᠠᠨᠴᠠᠪ ᠬᠤᠲᠠ ᠶᠢᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ ᠭᠤᠷᠪᠠᠳᠤᠭᠠᠷ ᠵᠦᠢᠯ   ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠲᠤᠰᠢᠶᠠᠯ ᠨᠢ᠄     ︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠦᠷᠢᠶᠡᠨ ᠳᠠᠬᠢ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ  ᠪᠣᠯᠤᠨ ᠮᠦᠽᠧᠶ ᠶᠢᠨ ᠬᠤᠯᠪᠣᠭᠳᠠᠯ ᠪᠦᠬᠦᠢ ᠬᠢᠨᠠᠨ ᠬᠠᠷᠭᠤᠭᠤᠯᠵᠤ ᠳᠠᠩᠰᠠᠯᠠᠬᠤ᠂ ᠬᠢᠨᠠᠨ ᠵᠥᠪᠰᠢᠶᠡᠷᠡᠬᠦ ᠬᠡᠷᠡᠭ ᠶᠠᠪᠤᠳᠠᠯ ᠵᠢᠴᠢ ᠬᠠᠮᠢᠶ᠎ᠠ ᠪᠦᠬᠦᠢ ᠬᠢᠷᠢ ᠴᠢᠳᠠᠮᠵᠢ ᠬᠢᠷᠢ ᠬᠡᠮ ᠢ  ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠬᠤᠶᠠᠷ︶ ᠪᠦᠬᠦ ᠬᠤᠲᠠ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠦᠷᠢᠶᠡᠨ ᠳᠠᠬᠢ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠳᠠᠭᠠᠳᠤ ᠳᠤ ᠵᠣᠷᠢᠭᠤᠯᠤᠭᠰᠠᠨ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠶᠢ ᠥᠷᠨᠢᠭᠦᠯᠦᠨ᠎ᠡ᠃     ︵ᠭᠤᠷᠪᠠ︶ ᠤᠳᠬ᠎ᠠ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ ᠪᠦᠲᠦᠭᠡᠭᠳᠡᠬᠦ ᠶᠢ ᠵᠢᠯᠣᠭᠤᠳᠤᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠬᠠᠷᠠᠭᠤᠯᠤᠭᠰᠠᠨ᠂ ᠬᠥᠲᠥᠯᠥᠨ ᠵᠢᠯᠣᠭᠤᠳᠬᠤ ᠴᠢᠨᠠᠷᠲᠠᠢ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠲᠡᠳᠬᠦᠵᠦ᠂ ᠡᠯ᠎ᠡ ᠵᠦᠢᠯ ᠤᠨ ᠤᠷᠠᠯᠢᠭ᠂ ᠡᠯ᠎ᠡ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠤᠷᠠᠯᠢᠭ ᠤᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃     ︵ᠳᠥᠷᠪᠡ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠳᠡᠭᠡᠭᠰᠢᠯᠡᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ᠂ ᠪᠡᠶ᠎ᠡ  ᠶᠢᠨ ᠲᠠᠮᠢᠷ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃     ︵ᠲᠠᠪᠤ︶ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃     ︵ᠵᠢᠷᠭᠤᠭ᠎ᠠ︶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠶ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠬᠤ ᠪᠠ ᠵᠢᠯᠣᠭᠤᠳᠴᠤ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠱᠠᠭᠠᠷᠳᠠᠨ ᠪᠠᠶᠢᠴᠠᠭᠠᠵᠤ ᠰᠢᠢᠳᠪᠦᠷᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠶᠢᠨ ᠳᠤᠷᠠᠰᠬᠠᠯᠲᠤ ᠵᠦᠢᠯ ᠤᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃     ︵ᠳᠣᠯᠤᠭ᠎ᠠ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠡᠤᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶᠂ ᠤᠯᠠᠮᠵᠢᠯᠠᠯᠲᠤ ᠲᠣᠰᠬᠤᠨ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠳᠤ ᠣᠷᠣᠯᠴᠠᠨ᠎ᠠ᠃ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠲᠠᠨᠢᠯᠴᠠᠭᠤᠯᠤᠭᠰᠠᠨ ᠬᠤᠯᠪᠣᠭᠳᠠᠯ ᠪᠦᠬᠦᠢ ᠠᠵᠢᠯ᠂ ᠤᠯᠠᠭᠠᠨᠴᠠᠪ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠲᠣᠭᠲᠠᠭᠠᠭᠰᠠᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃     ︵ᠨᠠᠢᠮᠠ︶ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠶ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠶ ᠶᠢᠨ ᠲᠤᠬᠠᠶᠢᠯᠠᠭᠰᠠᠨ ᠠᠵᠢᠯ ᠢ ᠵᠢᠯᠣᠭᠤᠳᠴᠤ᠂ ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠴᠠᠭᠤᠯᠤᠨ᠎ᠠ᠃ ᠠᠷᠠᠳ ᠤᠨ ᠳᠤᠮᠳᠠᠬᠢ ᠬᠤᠪᠣᠷ ᠴᠤᠬᠠᠭ ᠲᠡᠦᠬᠡ ᠶᠢᠨ ᠳᠤᠷᠠᠰᠬᠠᠯᠲᠤ ᠵᠦᠢᠯᠡᠰ ᠤᠨ ᠲᠦᠷᠭᠡᠨ ᠠᠪᠤᠷᠠᠬᠤ᠂ ᠴᠤᠭᠯᠠᠭᠤᠯᠬᠤ ᠠᠵᠢᠯ ᠢ ᠵᠢᠯᠣᠭᠤᠳᠤᠨ᠎ᠠ᠃     ︵ᠶᠢᠰᠦ︶ ᠲᠡᠤᠬᠡ ᠶᠢᠨ ᠳᠤᠷᠠᠰᠬᠠᠯᠲᠤ ᠵᠦᠢᠯᠡᠰ ᠪᠣᠯᠤᠨ ᠮᠦᠽᠧᠶ ᠶᠢᠨ ᠰᠢᠨᠵᠢᠯᠡᠭᠡᠨ ᠮᠡᠷᠭᠡᠵᠢᠯ᠂ ᠮᠡᠳᠡᠭᠡ ᠵᠠᠩᠭᠢᠴᠢᠯᠠᠯᠲᠠ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠡᠤᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠰᠢᠨᠵᠢᠯᠡᠭᠡᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠤᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ  ᠤᠯᠠᠷᠢᠭᠤᠯᠬᠤ  ᠪᠠ ᠳᠡᠯᠭᠡᠷᠡᠭᠦᠯᠬᠦ ᠶᠢ ᠠᠬᠢᠭᠤᠯᠤᠨ᠎ᠠ᠃     ︵ᠠᠷᠪᠠ︶ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠢ ᠨᠢᠭᠡᠳᠦᠯᠲᠡᠶ ᠲᠥᠯᠥᠪᠵᠢᠭᠦᠯᠵᠦ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠠᠷᠪᠠᠨ ᠨᠢᠭᠡ︶ ᠪᠦᠬᠦ ᠬᠤᠲᠠ ᠶᠢᠨ ᠴᠢᠬᠤᠯᠠ ᠶᠡᠭᠡ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠠᠮᠢᠶᠠᠷᠴᠤ᠂ ᠭᠤᠤᠯᠳᠠᠯᠭ᠎ᠠ ᠲᠠᠢ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠬᠤᠲᠠ ᠶᠢᠨ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠢ ᠳᠡᠯᠭᠡᠷᠡᠭᠦᠯᠬᠦ ᠪᠠ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃     ︵ᠠᠷᠪᠠᠨ ᠬᠤᠶᠠᠷ︶ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃     ︵ᠠᠷᠪᠠᠨ ᠭᠤᠷᠪᠠ︶ ᠪᠦᠬᠦ ᠬᠤᠲᠠ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠢᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠬᠤᠲᠠ ᠶᠢᠨ ᠴᠢᠨᠠᠷᠲᠠᠶ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃     ︵ᠠᠷᠪᠠᠨ ᠳᠥᠷᠪᠡ︶ ᠪᠦᠬᠦ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠲᠠᠮᠢᠷᠴᠢᠨ ᠤ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃     ︵ᠠᠷᠪᠠᠨ ᠲᠠᠪᠤ︶ ᠣᠯᠠᠨ ᠤᠯᠤᠰ᠂ ᠤᠯᠤᠰ ᠤᠨ ᠳᠣᠲᠣᠭᠠᠳᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠡᠷᠬᠢᠯᠡᠬᠦ ᠪᠠ ᠲᠡᠭᠦᠨ ᠳᠤ ᠣᠷᠣᠯᠴᠠᠵᠤ᠂ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠤᠯᠯᠠᠨ ᠡᠷᠬᠢᠯᠡᠨ᠎ᠡ᠃ ᠬᠥᠭᠡᠷᠦᠭᠦᠯᠦᠭᠴᠢ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠵᠢᠷᠭᠤᠭ᠎ᠠ︶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠶᠠᠪᠤᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠪᠣᠯᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠵᠢᠯ ᠤᠨ ᠡᠩᠨᠡᠭᠡᠨ ᠤ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠠᠷᠪᠠᠨ ᠳᠣᠯᠤᠭ᠎ᠠ︶ ᠪᠦᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠲᠦᠯᠬᠢᠨ ᠠᠬᠢᠭᠤᠯᠵᠤ᠂ ᠪᠦᠬᠦ ᠬᠤᠲᠠ ᠶᠢᠨ ᠵᠠᠯᠠᠭᠤᠴᠤᠳ ᠪᠠᠭᠠᠴᠤᠳ ᠤᠨ ᠴᠢᠳᠠᠪᠤᠷᠢᠲᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃     ︵ᠠᠷᠪᠠᠨ ᠨᠠᠢᠮᠠ︶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠵᠢᠯᠣᠭᠤᠳᠬᠤ ᠪᠠ ᠲᠦᠯᠬᠢᠨ ᠠᠬᠢᠭᠤᠯᠵᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠮᠡᠳᠡᠭᠡ ᠵᠠᠩᠬᠢᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠠᠷᠪᠠ ᠶᠢᠰᠦ︶ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠦᠢᠯᠡᠰ ᠤᠨ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠢᠬᠦ᠂ ᠬᠤᠷᠰᠢᠯᠴᠠᠬᠤ ᠪᠠ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠢᠬᠦ ᠲᠣᠮᠣ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠢ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠭᠠᠨᠴᠠᠪ ᠤᠨ ᠰᠣᠶᠣᠯ ᠤᠨ ᠭᠠᠳᠠᠭᠰᠢ ᠭᠠᠷᠬᠤ ᠶᠢ ᠠᠬᠢᠭᠤᠯᠤᠨ᠎ᠠ᠃      ︵ᠬᠤᠷᠢ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮᠴᠢ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠪᠠᠲᠤᠯᠠᠬᠤ ᠵᠠᠬᠢᠳᠠᠯ ᠰᠤᠷᠪᠤᠯᠵᠢᠯᠠᠭ᠎ᠠ᠂ ᠢᠳᠡᠭᠡᠨ ᠤ ᠠᠮᠤᠷ ᠲᠦᠪᠰᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃      ︵ᠬᠤᠷᠢᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃                                                           ᠣᠷᠴᠢᠭᠤᠯᠤᠭᠴᠢ᠄ ᠭᠤᠸ᠎ᠠ                                                           ᠬᠢᠨᠠᠭᠴᠢ᠄  ᠭᠡᠷᠡᠯᠲᠦ                                                                                                                                                                                                        
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2