12 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ︽ ᠤᠭ ᠰᠠᠨᠠᠭ᠎ᠠ ᠪᠠᠨ ᠦᠯᠦ | ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠢᠢᠯᠠᠩ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠬᠠᠮᠲᠤᠷᠠᠨ ᠡᠷᠬᠢᠯᠡᠭᠰᠡᠨ ᠠᠷᠠᠳ ᠲᠦᠮᠡᠨ ᠤ ᠵᠢᠱᠢᠶᠡᠴᠢ ᠲᠦᠬᠢᠮ᠎ᠠ ᠶᠢᠨ | ᠲᠡᠷᠢᠭᠦᠨ ᠤ ᠦᠢᠯᠡ ᠠᠵᠢᠯᠯᠠᠭ᠎ᠠ ᠶᠢᠨ ᠠᠩᠬᠠᠨ ᠤ ᠮᠡᠳᠡᠭᠦᠯᠦᠯᠲᠡ ᠴᠠᠬᠠᠷ ᠪᠠᠷᠠᠭᠤᠨ ᠭᠠᠷᠤᠨ ᠲᠤᠮᠳᠠᠳᠦ | ᠬᠤᠰᠢᠭᠤᠨ ᠳᠤ ᠶᠠᠪᠤᠭᠳᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠬᠡᠪᠴᠢᠶᠡᠨ ᠳᠤ | ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠤᠬᠠᠭᠤᠯᠬᠤ᠂ ᠲᠡᠷᠢᠭᠦᠨ ᠤ ᠬᠢ ᠶᠢ ᠡᠷᠬᠢᠮᠯᠡᠬᠦ ᠤᠷᠴᠢᠨ | ᠲᠤᠭᠤᠷᠢᠨ ᠢ ᠪᠣᠶ ᠪᠣᠯᠭᠠᠪᠠ᠃ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ 400 ᠰᠢᠬᠠᠮ ᠨᠠᠮ ᠤᠨ | ᠭᠡᠰᠢᠭᠦᠨ ᠺᠠᠳ᠋ᠷ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃ | ᠲᠦᠬᠢᠮ᠎ᠠ ᠪᠣᠯ ᠳᠥᠷᠪᠡᠳ ᠬᠤᠰᠢᠭᠤᠨ ᠤ ᠨᠣᠮᠣᠭᠠᠨ ᠰᠤᠮᠤᠨ ᠤ ᠡᠭᠡᠯ ᠵᠢᠷ ᠤᠨ ᠮᠠᠯᠴᠢᠨ᠂ ᠮᠥᠨ ᠴᠦ ᠡᠪ | ᠬᠠᠮᠲᠤ ᠨᠠᠮ ᠤᠨ ᠭᠡᠰᠢᠭᠦᠨ᠂ ᠨᠠᠩ ᠴᠤ ᠲᠠᠯ᠎ᠠ ᠨᠤᠲᠤᠭ ᠤᠨ ᠪᠠᠭᠠᠲᠤᠷ ᠡᠵᠢ ᠪᠣᠯᠤᠨ᠎ᠠ᠃ 60 ᠵᠢᠯ ᠤᠨ ᠡᠮᠦᠨ᠎ᠡ᠂ | 19 ᠨᠠᠰᠤᠲᠠᠶ ᠲᠦᠬᠢᠮ᠎ᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠱᠠᠩᠬᠠᠶ ᠶᠢᠨ 28 ᠥᠨᠥᠴᠢᠨ ᠬᠡᠤᠬᠡᠳ ᠢ | ᠠᠰᠠᠷᠠᠨ ᠬᠥᠮᠦᠵᠢᠭᠦᠯᠬᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠠᠭᠠᠰ ᠵᠠᠭᠤᠨ ᠤ ᠲᠣᠷᠰᠢ ᠦᠨᠡᠨ | ᠰᠡᠳᠭᠢᠯ ᠢᠶᠠᠨ ᠵᠤᠷᠢᠭᠤᠯᠵᠦ ᠶᠡᠭᠡ ᠬᠠᠶᠢᠷ᠎ᠠ ᠬᠢᠵᠠᠭᠠᠷ ᠦᠭᠡᠢ ᠭᠡᠳᠡᠭ ᠲᠤ ᠬᠠᠪᠤᠲᠠᠢ ᠰᠠᠶᠢᠬᠠᠨ ᠲᠠᠶᠢᠯᠪᠤᠷᠢᠯᠠᠯᠲᠠ | ᠬᠢᠵᠦ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠴᠢᠬᠤᠯᠠ ᠶᠡᠭᠡ ᠬᠤᠪᠢ | ᠨᠠᠮᠠᠷᠢ ᠦᠵᠡᠭᠦᠯᠦᠭᠰᠡᠨ ᠪᠠᠶᠢᠨ᠎ᠠ᠃ ᠢᠳᠡᠷ ᠨᠠᠰᠤᠨ ᠤ ᠲᠦᠬᠢᠮ᠎ᠠ ᠵᠣᠷᠢᠭᠲᠠᠶ ᠪᠠᠷ ᠦᠷᠡᠭᠳᠠᠯ ᠭᠠᠷᠭᠠᠵᠦ᠂ ᠮᠣᠩᠭᠤᠯ | ᠡᠮ ᠡᠮᠨᠡᠯᠭᠡ ᠪᠣᠯᠤᠨ ᠬᠥᠩᠭᠡᠵᠢᠭᠦᠯᠬᠦ ᠮᠡᠳᠡᠯᠭᠡ ᠶᠢ ᠰᠤᠷᠤᠯᠴᠠᠵᠦ᠂ 10 ᠭᠠᠷᠤᠶ ᠵᠢᠯ ᠤᠨ ᠬᠤᠭᠤᠴᠠᠭᠠᠨ ᠳᠤ 40 | ᠭᠠᠷᠤᠶ ᠵᠠᠯᠠᠭᠤ ᠡᠵᠢ ᠶᠢᠨ ᠠᠮᠢ ᠨᠠᠰᠤ ᠶᠢ ᠠᠪᠤᠷᠠᠵᠤ᠂ ᠠᠷᠠᠳ ᠣᠯᠠᠨ ᠳᠤ ᠪᠤᠶᠠᠨ ᠦᠢᠯᠡᠳᠴᠦ᠂ ᠥᠷᠭᠡᠨ | ᠠᠭᠤᠳᠠᠮ ᠲᠠᠯ᠎ᠠ ᠨᠤᠲᠤᠭ ᠢ ᠳᠤᠯᠠᠭᠠᠴᠠᠭᠤᠯᠵᠠᠶ᠃ ᠲᠦᠬᠢᠮ᠎ᠠ ᠳᠤ ᠲᠩᠷᠢ ᠭᠠᠵᠠᠷ ᠢ ᠳᠣᠩᠰᠣᠯᠭᠠᠮ᠎ᠠ ᠠᠤᠭ᠎ᠠ ᠦᠢᠯᠡ | ᠠᠵᠢᠯᠯᠠᠭ᠎ᠠ ᠭᠡᠵᠦ ᠪᠠᠶᠢᠬᠤ ᠦᠭᠡᠢ᠂ ᠭᠡᠳᠡᠯ᠎ᠡ ᠲᠠᠷᠠ ᠦᠷᠦᠴᠡ ᠵᠢᠷᠦᠬᠡ ᠦᠨᠡᠨ ᠬᠠᠶᠢᠷ᠎ᠠ ᠪᠠᠷ ᠢᠶᠠᠨ ᠰᠡᠳᠬᠢᠯ | ᠳᠣᠭᠳᠣᠯᠤᠭᠤᠯᠤᠮ᠎ᠠ ᠦᠯᠢᠭᠡᠷ ᠢ ᠪᠢᠴᠢᠭᠯᠡᠵᠦ᠂ ᠤᠷᠢᠳ ᠬᠤᠵᠢᠳ ︽ᠪᠦᠬᠦ ᠤᠯᠤᠰ ᠤᠨ ᠭᠤᠷᠪᠡ ᠨᠠᠢᠮᠠ ᠶᠢᠨ | ᠤᠯᠠᠭᠠᠨ ᠲᠤᠭᠴᠢ︾᠂ ︽ᠳᠤᠮᠳᠠᠳᠤ ᠤᠯᠤᠰ ᠤᠨ ᠠᠷᠪᠠᠨ ᠭᠠᠷᠮᠠᠭᠠᠶ ᠡᠵᠢ︾᠂ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾᠂ ︽ᠪᠦᠬᠦ ᠤᠯᠤᠰ ᠤᠨ ᠬᠠᠮᠤᠭ ᠤᠨ | ᠭᠤᠶᠤ ᠡᠷᠡᠯᠬᠡᠭᠯᠡᠨ ᠲᠡᠮᠡᠴᠡᠭᠴᠢ︾ ᠵᠡᠷᠭᠡ ᠢᠷᠠᠭᠤ ᠠᠯᠳᠠᠷ ᠢ ᠬᠦᠷᠲᠡᠪᠡ᠃ ᠡᠨᠡ ᠵᠢᠯ ᠤᠨ 9 ᠰᠠᠷ᠎ᠠ ᠶᠢᠨ 29 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ᠂ | ᠲᠡᠭᠦᠨ ᠳᠤ ︽ᠠᠷᠠᠳ ᠤᠨ ᠵᠢᠱᠢᠶᠡᠴᠢ︾ ᠭᠡᠬᠦ ᠤᠯᠤᠰ ᠤᠨ ᠢᠷᠠᠭᠤ ᠠᠯᠳᠠᠷ ᠤᠨ ᠴᠣᠯᠠ ᠣᠯᠭᠤᠪᠠ᠃ ᠡᠳᠡᠭᠡᠷ | ᠬᠦᠨᠳᠦ ᠨᠦᠰᠡᠷ ᠢᠷᠠᠭᠤ ᠠᠯᠳᠠᠷ ᠪᠣᠯ ᠲᠦᠬᠢᠮ᠎ᠠ ᠶᠢᠨ ᠨᠢᠭᠡ ᠨᠠᠰᠦ ᠪᠠᠨ ᠵᠤᠷᠢᠭᠤᠯᠤᠭᠰᠠᠨ ᠡᠷᠬᠢᠮ ᠳᠡᠭᠡᠳᠦ | ᠮᠠᠭᠲᠠᠭᠠᠯ ᠪᠣᠯᠬᠤ ᠪᠥᠭᠡᠳ ᠨᠡᠩ ᠴᠦ ᠤᠯᠠᠭᠠᠨᠴᠠᠪ ᠤᠨ ᠣᠮᠣᠭᠰᠢᠯ ᠪᠣᠯᠬᠤ ᠶᠤᠮ᠃ | ᠮᠡᠳᠡᠭᠦᠯᠦᠯᠲᠡ ᠶᠢᠨ ᠬᠤᠷᠠᠯ ᠳᠤ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ ᠡᠷᠬᠢᠮ ᠠᠴᠠ᠂ ︽ᠤᠯᠤᠰ ᠤᠨ ᠬᠡᠤᠬᠡᠳ︾ ᠪᠦᠦ ᠳ᠋ᠧ᠂ ᠰᠦᠨ ᠪᠦᠦ ᠸᠧᠢ᠂ | ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠸᠠᠩ ᠹᠦ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ | ᠱᠦᠵᠢ ᠪᠦᠦ ᠢᠦᠶ ᠶᠢᠩ᠂ ᠳᠥᠷᠪᠡᠳ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠺᠠᠳ᠋ᠷ | ᠲᠤᠩᠭᠠᠯᠠᠭ ᠵᠡᠷᠭᠡ ᠮᠡᠳᠡᠭᠦᠯᠦᠯᠲᠡ ᠶᠢᠨ ᠪᠦᠯᠬᠦᠮ ᠤᠨ ᠲᠠᠪᠤᠨ ᠭᠡᠰᠢᠭᠦᠨ ᠲᠣᠰ ᠲᠣᠰ ︽ᠤᠭ ᠰᠠᠨᠠᠭ᠎ᠠ ᠨᠢ ᠭᠠᠯ | ᠪᠠᠮᠪᠠᠷ ᠮᠡᠲᠦ᠂ ᠶᠡᠭᠡ ᠬᠠᠶᠢᠷ᠎ᠠ ᠬᠢᠵᠠᠭᠠᠷ ᠦᠭᠡᠢ︾᠂ ︽ᠡᠭᠦᠷᠢᠳᠡ ᠶᠢᠨ ᠡᠵᠢ︾᠂ ︽ᠠᠳᠠᠯᠢ ᠪᠤᠰᠤ ᠶᠢᠨ ᠠᠵᠠ | ᠵᠢᠷᠭᠠᠯᠲᠤ ᠠᠮᠢᠳᠤᠷᠠᠯ︾᠂ ︽ᠡᠬᠡ ᠶᠢᠨ ᠬᠠᠶᠢᠷ᠎ᠠ ᠪᠣᠷᠣᠭᠠᠨ ᠤ ᠬᠤᠷ᠎ᠠ ᠰᠢᠭ᠋ ᠲᠠᠯ᠎ᠠ ᠨᠤᠲᠤᠭ ᠢ ᠤᠮᠳᠠᠯᠠᠭᠰᠠᠨ︾᠂ | ︽ᠦᠯᠢᠭᠡᠷ ᠳᠠᠭᠤᠷᠢᠶᠠᠯ ᠤᠨ ᠬᠦᠴᠦᠨ ᠴᠢᠳᠠᠯ ᠨᠢ ᠬᠢᠵᠠᠭᠠᠷ ᠦᠭᠡᠢ︾ ᠪᠠᠷ ᠭᠤᠤᠯ ᠰᠡᠳᠦᠪ ᠪᠣᠯᠭᠠᠵᠤ᠂ | ᠪᠣᠷᠣᠭᠵᠢᠭᠤᠨ ᠦᠭᠡ ᠬᠡᠯᠡ᠂ ᠰᠡᠳᠬᠢᠯ ᠬᠥᠳᠡᠯᠭᠡᠮ᠎ᠡ ᠪᠤᠲᠠᠲᠦ ᠶᠠᠪᠤᠳᠠᠯ᠂ ᠴᠢᠩ ᠦᠨᠡᠨᠴᠢ ᠰᠡᠳᠬᠢᠯᠭᠡ ᠪᠠᠷ᠂ | ᠠᠳᠠᠯᠢ ᠪᠤᠰᠤ ᠬᠠᠷᠠᠭᠠᠰᠤ ᠠᠴᠠ ᠲᠦᠬᠢᠮ᠎ᠠ ᠶᠢᠨ ᠡᠭᠡᠯ ᠶᠡᠷᠦᠮᠳᠡᠭ ᠪᠥᠭᠡᠳ ᠰᠡᠳᠬᠢᠯ ᠬᠥᠳᠡᠯᠭᠡᠮ᠎ᠡ ᠦᠢᠯᠡ | ᠶᠠᠪᠤᠳᠠᠯ ᠢ ᠲᠣᠭᠠᠴᠢᠵᠠᠶ᠃ | ᠰᠦᠨ ᠪᠦᠦ ᠸᠧᠢ ᠨᠢᠭᠡᠯᠬᠡᠨ ᠨᠠᠰᠤ ᠲᠠᠢ ᠳᠠᠭᠠᠨ ᠱᠠᠩᠬᠠᠶ ᠠᠴᠠ ᠥᠪᠥᠷ ᠮᠣᠩᠭᠤᠯ ᠳᠤ ᠢᠷᠡᠵᠦ᠂ | ᠲᠦᠬᠢᠮ᠎ᠠ ᠶᠢᠨ ᠲᠡᠵᠢᠭᠡᠵᠦ ᠥᠰᠬᠡᠭᠰᠡᠨ ᠱᠠᠩᠬᠠᠶ ᠶᠢᠨ 28 ᠥᠨᠥᠴᠢᠨ ᠬᠡᠤᠬᠡᠳ ᠤᠨ ᠨᠢᠭᠡ ᠨᠢ ᠪᠤᠯᠵᠡᠢ᠃ ᠣᠳᠣ | ᠲᠡᠷᠡ ᠨᠢᠭᠡᠨᠲᠡ ᠨᠠᠭᠠᠴᠤ ᠡᠪᠦᠭᠡ ᠪᠣᠯᠵᠤ᠂ ᠬᠦᠮᠦᠨ ᠤ ᠠᠮᠢᠳᠦᠷᠠᠯ ᠤᠨ ᠪᠠᠶᠠᠷ ᠴᠡᠩᠭᠡᠯ ᠢ ᠡᠳ᠋ᠯᠡᠵᠦ᠂ ᠡᠳᠦᠷ ᠠᠴᠠ | ᠡᠳᠦᠷ ᠰᠠᠶᠢᠬᠠᠨ ᠠᠮᠢᠳᠤᠷᠠᠵᠤ ᠪᠠᠶᠢᠨ᠎ᠠ᠃ ︽ᠪᠢ ︿ᠲᠠᠯ᠎ᠠ ᠨᠤᠲᠤᠭ ᠤᠨ ᠡᠵᠢ﹀ ᠲᠦᠬᠢᠮ᠎ᠠ ᠳᠤ ᠣᠨᠴᠠᠭᠠᠶᠢᠯᠠᠨ | ᠲᠠᠯᠠᠷᠬᠠᠵᠤ ᠪᠠᠶᠢᠨ᠎ᠠ᠂ ᠲᠡᠷᠡ ᠮᠣᠩᠭᠤᠯ ᠦᠨᠳᠦᠰᠦᠲᠡᠨ ᠤ ᠬᠠᠮᠤᠭ ᠤᠨ ᠬᠠᠯᠠᠭᠤᠨ ᠳᠤᠯᠠᠭᠠᠨ ᠡᠪᠦᠷ ᠢᠶᠠᠨ ᠳᠡᠯᠭᠡᠵᠦ | ᠪᠢᠳᠡᠨ ᠢ ᠠᠰᠠᠷᠠᠨ ᠭᠦᠮᠦᠵᠢᠭᠦᠯᠵᠦ᠂ ᠮᠠᠰᠢ ᠣᠯᠠᠨ ᠦᠷᠡᠭᠳᠡᠯ ᠭᠠᠷᠭᠠᠭᠰᠠᠨ ᠪᠠᠶᠢᠨ᠎ᠠ᠂ ᠲᠡᠭᠦᠨ ᠤ ᠬᠠᠷᠠᠮ ᠦᠭᠡᠢ | ᠬᠠᠶᠢᠷ᠎ᠠ ᠨᠢ ᠮᠦᠨᠴᠦ ᠮᠢᠨᠦ ᠨᠢᠭᠡ ᠨᠠᠰᠤ ᠶᠢ ᠨᠥᠯᠥᠭᠡᠯᠡᠭᠰᠡᠨ ᠪᠠᠶᠢᠨ᠎ᠠ᠃ ᠬᠠᠶᠢᠷᠠᠳᠦ ᠡᠵᠢ ᠶᠢᠨ ᠢᠶᠠᠨ ᠦᠯᠢᠭᠡᠷ ᠢ | ᠳᠠᠬᠢᠨᠲᠠ ᠶᠠᠷᠢᠬᠤ ᠨᠢ᠂ ᠨᠠᠳᠠ ᠳᠤ ᠠᠪᠴᠤ ᠬᠡᠯᠡᠪᠡᠯ ᠨᠢᠭᠡ ᠤᠳᠠᠭᠠᠨ ᠤ ᠤᠬᠢᠶᠠᠯ ᠪᠣᠯᠤᠨ᠎ᠠ᠂ ᠨᠠᠮᠠᠢᠢ ᠶᠢ ᠡᠬᠡ | ᠤᠯᠤᠰ᠂ ᠨᠠᠮ ᠢᠶᠠᠨ ᠨᠠᠩ ᠬᠠᠶᠢᠷᠠᠯᠠᠬᠤ ᠪᠣᠯᠭᠠᠵᠡᠢ︾ ᠭᠡᠪᠡ᠃ ᠡᠵᠢ ᠪᠣᠯᠤᠭᠰᠠᠨ ᠤ ᠬᠤᠪᠢ ᠳᠤ᠂ ᠲᠦᠬᠢᠮ᠎ᠠ | ᠬᠠᠶᠢᠷ᠎ᠠ ᠪᠠᠨ ᠬᠡᠤᠬᠡᠳ ᠲᠡᠭᠡᠨ ᠵᠤᠷᠢᠭᠤᠯᠵᠦ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠬᠠᠶᠢᠷ᠎ᠠ ᠪᠠᠨ | ᠬᠠᠷᠠᠮᠯᠡᠯ ᠦᠭᠡᠢ ᠪᠠᠷ ᠠᠷᠠᠳ ᠲᠦᠮᠡᠨ ᠳᠡᠭᠡᠨ ᠵᠤᠷᠢᠭᠤᠯᠪᠠ ᠭᠡᠵᠦ ᠰᠤᠷᠪᠤᠯᠵᠢᠯᠠᠭᠴᠢ ᠳᠤ ᠶᠠᠷᠢᠪᠠ᠃ | ᠴᠠᠭ ᠬᠠᠭᠠᠰ ᠤᠨ ᠶᠠᠷᠢᠶ᠎ᠠ ᠨᠢ ᠲᠤᠬᠠᠶ ᠶᠢᠨ ᠲᠠᠯᠠᠪᠠᠢ ᠳᠤ ᠪᠠᠶᠢᠭᠰᠠᠨ ᠨᠠᠮ ᠤᠨ ᠭᠡᠰᠢᠭᠦᠨ ᠺᠠᠳ᠋ᠷ ᠨᠢᠭᠡᠪᠦᠷᠢ ᠶᠢ | ᠶᠡᠬᠡᠳᠡ ᠳᠣᠭᠳᠣᠯᠤᠭᠤᠯᠵᠤ᠂ ᠬᠤᠷᠠᠯ ᠤᠨ ᠲᠠᠯᠠᠪᠠᠢ ᠳᠤ ᠣᠯᠠᠨ ᠤᠳᠠᠭ᠎ᠠ ᠠᠯᠠᠭ᠎ᠠ ᠲᠡᠰᠢᠯᠲᠠ ᠶᠢᠨ ᠳᠠᠭᠤᠨ | ᠨᠢᠵᠢᠬᠢᠨᠡᠵᠤ᠂ ᠮᠠᠰᠢ ᠣᠯᠠᠨ ᠬᠥᠮᠦᠰ ᠪᠦᠷ ᠬᠠᠯᠠᠭᠤᠨ ᠨᠢᠯᠪᠤᠰᠤ ᠮᠡᠯᠮᠡᠷᠡᠭᠦᠯᠦᠨ ᠮᠡᠳᠡᠭᠦᠯᠦᠯᠲᠡ ᠶᠢ ᠰᠣᠨᠣᠰᠤᠭᠰᠠᠨ | ᠪᠠᠶᠢᠨ᠎ᠠ᠃ ︽ᠮᠠᠨ ᠤ ᠳᠡᠷᠭᠡᠳᠡ ᠡᠶᠢᠮᠦ ᠨᠢᠭᠡᠨ ᠬᠦᠨᠳᠦᠳᠬᠡᠭᠦᠰᠢᠲᠡᠶ ᠡᠵᠢ ᠪᠠᠶᠢᠨ᠎ᠠ᠂ ᠨᠢᠭᠡᠨ ᠪᠣᠷᠣᠭᠵᠢᠭᠤᠨ | ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠲᠦᠬᠢᠮ᠎ᠠ ᠶᠢᠨ ᠬᠠᠷᠠᠮ ᠦᠭᠡᠢ ᠵᠣᠷᠢᠭᠤᠯᠬᠤ᠂ ᠶᠡᠭᠡ ᠬᠠᠶᠢᠷ᠎ᠠ ᠬᠢᠵᠠᠭᠠᠷ | ᠦᠭᠡᠢ ᠪᠠᠶᠢᠬᠤ ᠵᠣᠷᠢᠭ ᠰᠠᠨᠠᠭᠠᠨ ᠠᠴᠠ ᠰᠤᠷᠤᠯᠴᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠥᠪᠡᠷ ᠢ ᠪᠠᠨ | ᠵᠣᠷᠢᠭᠵᠢᠭᠤᠯᠵᠤ᠂ ᠲᠦᠬᠢᠮ᠎ᠠ ᠰᠢᠭ ᠴᠠᠭ ᠦᠶ᠎ᠡ ᠶᠢᠨ ᠬᠠᠮᠤᠭ ᠤᠨ ᠭᠤᠶᠤ ᠬᠤᠪᠢ ᠨᠡᠮᠡᠷᠢ ᠦᠵᠡᠭᠦᠯᠦᠭᠴᠢ ᠪᠣᠯᠤᠨ᠎ᠠ | ︾ ᠭᠡᠵᠦ ᠮᠡᠳᠡᠭᠦᠯᠦᠯᠲᠡ ᠶᠢ ᠰᠣᠨᠣᠰᠤᠭᠰᠠᠨ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠴᠠᠢ ᠬᠠᠢ ᠫᠢᠩ ᠭᠦᠨ ᠲᠥᠷᠥᠭᠳᠡᠯ ᠢᠶᠠᠨ ᠶᠠᠷᠢᠯ᠎ᠠ᠃ | ᠣᠶᠢᠯᠠᠭᠠᠭᠰᠠᠨ ᠢᠶᠠᠷ᠂ ᠲᠦᠬᠢᠮ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠨᠢ ᠪᠠᠰᠠ ᠮᠠᠨ ᠤ ᠬᠤᠲᠠ ᠶᠢᠨ 9 | ᠬᠤᠰᠢᠭᠤ ᠰᠢᠶᠠᠨ ᠬᠤᠲᠠ ᠲᠣᠭᠤᠷᠢᠭ ᠲᠤ ᠲᠣᠭᠤᠷᠢᠨ ᠲᠠᠶᠢᠯᠤᠮᠵᠢ ᠬᠢᠵᠦ᠂ ᠪᠠᠭᠠᠲᠤᠷ ᠵᠢᠱᠢᠶᠡᠴᠢ ᠶᠢᠨ ᠰᠢᠯᠢᠳᠡᠭ | ᠵᠠᠩ ᠴᠢᠨᠠᠷ ᠢ ᠮᠠᠨᠳᠤᠭᠤᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠦᠳᠲᠡᠷ ᠲᠦᠷᠭᠡᠨ ᠬᠥᠭᠵᠢᠵᠦ ᠪᠠᠶᠢᠭ᠎ᠠ ᠤᠯᠠᠭᠠᠨᠴᠠᠪ ᠬᠤᠲᠠ ᠳᠤ ᠣᠶᠤᠨ ᠰᠠᠨᠠᠭᠠᠨ ᠤ | ᠬᠥᠳᠡᠯᠭᠡᠬᠦ ᠬᠦᠴᠦᠨ ᠨᠡᠮᠡᠷᠢᠯᠡᠬᠦ ᠶᠢ ᠤᠯᠠᠨ ᠳᠤ ᠤᠷᠢᠶᠠᠯᠠᠬᠰᠠᠨ ᠪᠠᠶᠢᠨ᠎ᠠ᠃ | | | | |