ᠵᠢᠨᠢᠩ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠴᠤᠭᠯᠠᠭᠠᠨ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2020/1/3
     12 ᠰᠠᠷ᠎ᠠ ᠶᠢᠨ 25 ᠤ ᠡᠳᠦᠷ᠂ ᠵᠢᠨᠢᠩ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠭᠰᠡᠨ ᠵᠢᠨᠢᠩ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠴᠤᠭᠯᠠᠭᠠᠨ ᠢ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ ᠡᠷᠬᠢᠯᠡᠵᠦ᠂ ᠮᠥᠰᠥ ᠴᠠᠰᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠣᠯᠠᠨ ᠲᠦᠮᠡᠨᠴᠢ ᠴᠢᠨᠠᠷᠲᠠᠶ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠭᠡᠮᠡᠯᠵᠢᠯᠲᠡ ᠶᠢ ᠠᠬᠢᠭᠤᠯᠵᠤ᠂ ᠡᠷᠡᠭᠦᠯ ᠪᠣᠯᠪᠠᠰᠤᠨ᠂ ᠥᠭᠡᠳᠡᠯᠡᠨ ᠳᠠᠪᠰᠢᠬᠤ ᠠᠵᠢᠯᠲᠠᠨ ᠠᠵᠢᠯᠴᠢᠨ ᠤ ᠰᠣᠶᠣᠯ ᠢ ᠪᠣᠶ ᠪᠣᠯᠭᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠵᠣᠬᠢᠶᠠᠨ ᠪᠠᠶᠢᠭᠤᠯᠬᠤ ᠳᠤ ᠲᠤᠬᠢᠯᠢᠭ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠪᠠ᠃      ᠤᠷᠤᠯᠳᠤᠭᠠᠨ ᠳᠤ ᠴᠠᠰᠤᠨ ᠳᠡᠭᠡᠷ᠎ᠡ ᠲᠠᠭᠡᠰᠦ ᠲᠠᠲᠠᠬᠤ᠂ ᠬᠥᠳᠡᠯᠭᠡᠭᠡᠨᠲᠦ ᠴᠠᠰᠤᠨ ᠴᠠᠭᠠᠷᠢᠭ ᠤᠨ ᠤᠷᠤᠯᠳᠤᠭᠠᠨ᠂ ᠴᠠᠰᠤᠨ ᠳᠡᠭᠡᠷᠡᠬᠢ ᠳᠤᠭᠤᠶ ᠲᠡᠷᠭᠡᠨ ᠤ ᠪᠤᠤᠬᠢᠶ᠎ᠠ ᠤᠷᠤᠯᠳᠤᠭᠠᠨ᠂ ᠴᠠᠰᠤᠲᠤ ᠭᠠᠵᠠᠷ ᠤᠨ ᠯᠤᠤᠲᠤ ᠣᠩᠭᠤᠴᠠ ᠵᠡᠷᠭᠡ 5 ᠲᠥᠷᠥᠯ ᠵᠦᠢᠯ ᠲᠣᠬᠢᠷᠠᠭᠤᠯᠵᠤ᠂ ᠵᠢᠨᠢᠩ ᠲᠣᠭᠤᠷᠢᠭ ᠤᠨ 42 ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠪᠠᠭ᠂ 300 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠪᠣᠯᠤᠨ ᠪᠠᠶᠠᠷ ᠪᠠᠶᠠᠰᠤᠯ ᠢ ᠬᠠᠮᠲᠤ ᠳᠠᠭᠠᠨ ᠡᠳ᠋ᠯᠡᠵᠡᠢ᠃      ᠤᠷᠤᠯᠳᠤᠭᠠᠨ ᠤ ᠲᠠᠯᠠᠪᠤᠷ ᠲᠤ᠂ ᠬᠦᠢᠲᠡᠨ ᠰᠠᠯᠬᠢ ᠶᠠᠰᠦ ᠵᠢᠩᠳᠡᠮ᠎ᠡ᠂ ᠠᠭᠤᠷ ᠠᠮᠢᠰᠬᠤᠯ ᠬᠠᠬᠢᠷ ᠬᠦᠢᠳᠡᠨ ᠪᠣᠯᠪᠠᠴᠤ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠬᠠᠷᠢᠨ ᠬᠠᠯᠠᠭᠤᠨ ᠰᠡᠳᠬᠢᠯᠭᠡ ᠣᠷᠭᠢᠯᠤᠮ᠎ᠠ᠂ ᠤᠷᠮ᠎ᠠ ᠪᠠᠬ᠎ᠠ ᠪᠠᠳᠠᠷᠠᠵᠤ ᠪᠠᠶᠢᠯ᠎ᠠ᠃ ᠤᠷᠤᠯᠳᠤᠭᠠᠨ ᠤ ᠳᠤᠮᠳᠠ᠂ ᠲᠠᠮᠢᠷᠴᠢᠳ ᠬᠡᠲᠦ᠋ᠢᠳᠦᠭᠰᠡᠨ ᠮᠡᠷᠭᠡᠵᠢᠯ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠬᠢᠷᠢ ᠬᠡᠮᠵᠢᠶ᠎ᠡ ᠪᠠ ᠬᠡᠪ ᠨᠠᠮᠪᠠ ᠲᠠᠢ ᠤᠷᠤᠯᠳᠤᠪᠠ᠃ ᠪᠠᠶᠠᠷ ᠪᠠᠶᠠᠰᠤᠯ ᠲᠠᠢ ᠤᠷᠤᠯᠳᠤᠭᠠᠨ ᠨᠢ ᠮᠥᠰᠥ ᠴᠠᠰᠤᠨ ᠤ ᠪᠡᠶ᠎ᠡ ᠲᠠᠮᠢᠷ ᠤᠨ ᠭᠤᠸ᠎ᠠ ᠰᠠᠶᠢᠬᠠᠨ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠣᠯᠠᠨ ᠲᠦᠮᠡᠨ ᠤ ᠪᠠᠭ᠋ᠠᠷᠬᠠᠯ ᠢ ᠲᠠᠲᠠᠵᠤ᠂ ᠥᠷᠭᠡᠨ ᠣᠯᠠᠨ ᠲᠦᠮᠡᠨ ᠳᠤ ᠭᠤᠶᠢᠳᠠ ᠰᠠᠶᠢᠬᠠᠨ ᠲᠠᠮᠢᠷ ᠤᠨ ᠨᠠᠶᠢᠷ ᠢ ᠰᠤᠨᠢᠷᠬᠠᠭᠤᠯᠤᠭᠰᠠᠨ ᠪᠠᠶᠢᠨ᠎ᠠ᠃      ︽ᠡᠨᠡ ᠤᠳᠠᠭᠠᠨ ᠤ ᠮᠥᠰᠥ ᠴᠠᠰᠤᠨ ᠤ ᠲᠠᠮᠢᠷ ᠤᠨ ᠴᠤᠭᠯᠠᠭᠠᠨ ᠨᠢ ᠪᠢᠳᠡᠨ ᠤ ᠪᠠᠴᠢᠮ ᠶᠠᠭᠠᠷᠠᠯᠲᠠᠶ ᠠᠵᠢᠯ ᠤᠨ ᠴᠢᠯᠥᠭᠡᠨ ᠳᠤ ᠰᠡᠳᠬᠢᠯ ᠰᠠᠨᠠᠭ᠎ᠠ ᠲᠠᠯᠪᠢᠭᠤᠷᠠᠨ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠬᠢᠬᠦ ᠳᠤ ᠢᠳᠡᠪᠬᠢᠲᠡᠢ ᠦᠢᠯᠡᠳᠦᠯ ᠦᠵᠡᠭᠦᠯᠵᠡᠶ᠃ ᠪᠢᠳᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠨᠢᠭᠡ  ᠵᠦᠢᠯ ᠤᠨ ᠠᠮᠢᠳᠤᠷᠠᠯ ᠤᠨ ᠬᠡᠯᠪᠡᠷᠢ ᠪᠠ ᠴᠠᠭ ᠤᠨ ᠥᠩᠭᠡ ᠪᠣᠯᠭᠠᠵᠤ ᠂ ᠮᠥᠰᠥ ᠴᠠᠰᠤᠨ ᠤ ᠵᠤᠭᠠᠴᠠᠯ ᠢᠶᠠᠷ ᠬᠤᠲᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠪᠠᠯ ᠵᠤᠭᠢᠨ᠎ᠠ︾ ᠭᠡᠵᠦ ᠴᠠᠰᠤᠨ ᠳᠡᠭᠡᠷ᠎ᠡ ᠲᠠᠭᠡᠰᠦ ᠲᠠᠲᠠᠬᠤ ᠤᠷᠤᠯᠲᠤᠭᠠᠨ ᠳᠤ ᠤᠷᠤᠯᠴᠠᠭᠰᠠᠨ ᠵᠦ ᠶᠤᠸᠠᠢ ᠶᠡᠷᠢᠪᠠ᠃      ᠵᠢᠨᠢᠩ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠫᠠᠨ ᠹᠧᠩ᠂ ᠲᠣᠰ ᠤᠳᠠᠭᠠᠨ ᠤ ᠮᠥᠰᠥ ᠴᠠᠰᠤᠨ ᠤ ᠲᠠᠮᠢᠷ ᠤᠨ ᠴᠤᠭᠯᠠᠭᠠᠨ ᠳᠤ ᠣᠯᠠᠨ ᠢᠶᠠᠷ ᠢᠶᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠥᠰᠥ ᠴᠠᠰᠤᠨ ᠤ ᠰᠣᠶᠣᠯ ᠤᠨ ᠠᠪᠴᠢᠷᠠᠭᠰᠠᠨ ᠷᠢᠳᠢ ᠰᠢᠳᠢ ᠶᠢ ᠣᠶᠢᠯᠠᠭᠠᠵᠤ᠂ ᠮᠥᠰᠥ ᠴᠠᠰᠤᠨ ᠳᠤ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠳᠬᠠᠵᠤ᠂ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠬᠤᠲᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠥᠷᠨᠢᠩᠭᠦᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2