ᠦᠪᠦᠷ ᠮᠤᠩᠭᠤᠯ ᠠᠴᠠ ᠪᠡᠭᠡᠵᠢᠩ ᠬᠦᠷᠬᠦ ᠠᠩᠬᠠᠳᠠᠭᠴᠢ ᠲᠦᠷᠭᠡᠨ ᠤ ᠭᠠᠯᠲᠤ ᠲᠡᠷᠭᠡ ᠨᠡᠪᠳᠡᠷᠡᠯ᠎ᠡ
ᠨᠡᠶᠢᠲᠡᠯᠡᠭᠰᠡᠨ ᠴᠠᠭ᠄
2020/1/6
     12 ᠰᠠᠷ᠎ᠠ ᠶᠢᠨ 30 ᠤ ᠡᠳᠦᠷ᠂ ᠦᠪᠦᠷ ᠮᠤᠩᠭᠤᠯ ᠠᠴᠠ ᠪᠡᠭᠡᠵᠢᠩ ᠬᠦᠷᠬᠦ ᠠᠩᠬᠠᠳᠠᠭᠴᠢ ᠲᠦᠷᠭᠡᠨ ᠤ ᠭᠠᠯᠲᠤ ᠲᠡᠷᠭᠡ ᠵᠢᠩᠬᠢᠨᠢ ᠪᠠᠷ ᠨᠡᠪᠳᠡᠷᠡᠯ᠎ᠡ᠃ ᠲᠡᠭᠡᠭᠡᠪᠦᠷᠢ ᠶᠢᠨ ᠵᠢᠷᠤᠭ ᠤᠨ ᠲᠣᠬᠢᠷᠠᠭᠤᠯᠤᠯᠲᠠ ᠶᠣᠰᠣᠭᠠᠷ᠂ ᠬᠦᠬᠡᠬᠤᠲᠠ ᠶᠢᠨ ᠵᠡᠬᠦᠨ ᠦᠷᠲᠡᠭᠡ᠂ ᠪᠤᠭᠤᠲᠤ ᠠᠴᠠ ᠪᠡᠭᠡᠵᠢᠩ ᠤᠨ ᠬᠤᠶᠢᠲᠤ ᠦᠷᠲᠡᠭᠡ᠂ ᠴᠢᠩ ᠾᠧ ᠦᠷᠲᠡᠭᠡ ᠶᠢᠨ ᠬᠤᠭᠤᠷᠣᠨᠳᠣ 15 ᠬᠤᠤᠰ ᠴᠤᠪᠤᠭ᠎ᠠ ᠲᠦᠷᠭᠡᠨ ᠤ ᠭᠠᠯᠲᠤ ᠲᠡᠷᠭᠡ ᠨᠡᠪᠲᠡᠷᠬᠦ ᠪᠤᠯᠤᠨ᠎ᠠ᠃ ᠡᠭᠦᠨ ᠳᠤ ᠬᠦᠬᠡᠬᠤᠲᠠ ᠶᠢᠨ ᠵᠡᠬᠦᠨ ᠦᠷᠲᠡᠭᠡ ᠠᠴᠠ ᠪᠡᠭᠡᠵᠢᠩ ᠤᠨ ᠬᠤᠶᠢᠲᠤ ᠦᠷᠲᠡᠭᠡ ᠬᠦᠷᠬᠦ 2.5 ᠬᠤᠤᠰ᠂ ᠬᠦᠬᠡᠬᠤᠲᠠ ᠶᠢᠨ ᠵᠡᠬᠦᠨ ᠦᠷᠲᠡᠭᠡ ᠠᠴᠠ ᠴᠢᠩ ᠾᠧ ᠦᠷᠲᠡᠭᠡ ᠶᠢᠨ ᠬᠤᠭᠤᠷᠣᠨᠳᠣ 8.5 ᠬᠤᠤᠰ᠂ ᠪᠤᠭᠤᠲᠤ ᠠᠴᠠ ᠪᠡᠭᠡᠵᠢᠩ ᠤᠨ ᠬᠤᠶᠢᠲᠤ ᠦᠷᠲᠡᠭᠡ ᠬᠦᠷᠬᠦ 1.5 ᠬᠤᠤᠰ᠂ ᠪᠤᠭᠤᠲᠤ ᠠᠴᠠ ᠴᠢᠩ ᠾᠧ ᠦᠷᠲᠡᠭᠡ ᠬᠦᠷᠬᠦ 2.5 ᠬᠤᠤᠰ᠂ ᠦᠪᠦᠷ ᠮᠤᠩᠭᠤᠯ ᠤᠨ ᠬᠢᠯᠢ ᠳᠤᠳᠤᠷ᠎ᠠ ᠬᠥᠬᠡᠬᠤᠲᠠ ᠵᠡᠭᠦᠨ ᠦᠷᠲᠡᠭᠡ᠂ ᠤᠯᠠᠭᠠᠨᠴᠠᠪ ᠦᠷᠲᠡᠭᠡ᠂ ᠰᠢᠩ ᠾᠧ ᠬᠤᠶᠢᠲᠤ ᠦᠷᠲᠡᠭᠡ᠂ ᠵᠦᠸᠧᠽᠢ ᠵᠡᠭᠦᠨ ᠦᠷᠲᠡᠭᠡ᠂ ᠴᠠᠰᠤᠴᠢ᠂ ᠰᠠᠭᠠᠯᠢᠴᠢᠨ᠂ ᠪᠤᠭᠤᠲᠤ ᠶᠢᠨ ᠵᠡᠭᠦᠨ ᠦᠷᠲᠡᠭᠡ ᠵᠡᠷᠭᠡ ᠲᠡᠷᠭᠡᠨ ᠥᠷᠲᠡᠭᠡ ᠳᠤ ᠴᠥᠮ ᠲᠦᠷᠭᠡᠨ ᠤ ᠭᠠᠯᠲᠤ ᠲᠡᠷᠭᠡᠨ ᠤ ᠵᠤᠭᠰᠤᠭᠠᠯ ᠲᠤᠬᠢᠷᠠᠭᠤᠯᠤᠭᠰᠠᠨ ᠪᠠᠶᠢᠨ᠎ᠠ᠃
     ᠬᠦᠬᠡᠬᠤᠲᠠ ᠵᠡᠭᠦᠨ ᠥᠷᠲᠡᠭᠡ ᠠᠴᠠ ᠡᠳᠦᠷ ᠪᠦᠷᠢ ᠶᠢᠨ 7 ᠴᠠᠭ ᠠᠴᠠ 21 ᠴᠠᠭ ᠤᠨ ᠬᠤᠭᠤᠷᠤᠨᠳᠤ ᠪᠦᠷ ᠪᠡᠭᠡᠵᠢᠩ ᠤᠷᠤᠬᠤ ᠲᠦᠷᠭᠡᠨ ᠤ ᠭᠠᠯᠲᠤ ᠲᠡᠷᠭᠡ ᠪᠣᠶ᠂ ᠬᠠᠮᠤᠭ ᠤᠨ ᠣᠬᠤᠷ ᠠᠯᠤᠰᠯᠠᠬᠤ ᠴᠠᠭ ᠨᠢ 20 ᠮᠢᠨᠦ᠋ᠲ ᠣᠷᠴᠢᠮ ᠪᠠᠶᠢᠵᠤ᠂ ᠡᠩ ᠤᠨ ᠬᠤᠷᠳᠤᠴᠠᠲᠤ ᠭᠠᠯᠲᠤ ᠲᠡᠷᠭᠡ ᠶᠢᠨ ᠨᠡᠪᠲᠡᠷᠬᠦ ᠤᠳᠠᠭ᠎ᠠ ᠨᠢ ᠤᠤᠯ ᠤᠨ ᠪᠠᠶᠢᠭᠰᠠᠨ ᠬᠡᠮᠵᠢᠶ᠎ᠡ ᠠᠴᠠ ᠪᠠᠨ ᠪᠠᠭᠤᠷᠠᠭᠰᠠᠨ ᠥᠬᠡᠶ ᠰᠠᠭᠤᠷᠢᠨ ᠳᠡᠭᠡᠷ᠎ᠡ᠂ ᠡᠳᠦᠷ ᠪᠦᠷᠢ ᠪᠡᠭᠡᠵᠢᠩ ᠤᠷᠤᠬᠤ ᠲᠦᠷᠭᠡᠨ ᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠲᠦᠮᠡ ᠰᠢᠬᠠᠮ ᠬᠥᠮᠦᠨ ᠤᠳᠠᠭ᠎ᠠ ᠨᠡᠮᠡᠭᠳᠡᠭᠦᠯᠵᠦ᠂ ᠠᠶᠠᠨᠴᠢᠳ  ᠤᠨ ᠵᠥᠭᠡᠭᠡᠪᠦᠷᠢ ᠶᠢᠨ ᠴᠢᠳᠠᠪᠤᠷᠢ ᠶᠢ ᠥᠩᠭᠡᠷᠡᠭᠡᠭᠰᠡᠨ ᠤ ᠬᠢ ᠠᠴᠠ ᠶᠡᠭᠡ ᠪᠠᠷ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2