ᠯᠧᠢ ᠺᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠬᠤᠳᠠ ᠶᠢᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2020/11/12
          ᠯᠧᠢ ᠺᠦᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 5 ᠰᠠᠷ᠎ᠠ ᠳᠤ ᠲᠦᠷᠦᠵᠡᠢ᠂ ᠠᠰᠫᠢᠷᠠᠨᠲ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠲᠠ ᠶᠢᠨ ᠳᠡᠳ᠋ ᠳᠠᠷᠤᠭ᠎ᠠ ᠶᠢᠨ ᠳᠤᠰᠢᠶᠠᠯ ᠢ ᠡᠬᠦᠷᠬᠡᠯᠡᠵᠤ ᠪᠠᠶᠢᠨ᠎ᠠ᠃     ᠬᠤᠪᠢᠳᠠᠨ ᠬᠠᠮᠢᠶᠠᠷᠬᠤ ᠠᠵᠢᠯ     ᠬᠤᠲᠠ ᠶᠢᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠡ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠵᠢᠯᠤᠭᠤᠳᠬᠤ ᠦᠢᠯᠡᠴᠢᠯᠡᠭᠡᠨ ᠤ ᠲᠥᠪ ᠢ ᠬᠤᠪᠢᠳᠡᠨ ᠬᠠᠮᠢᠶᠠᠷᠴᠤ ᠪᠠᠶᠢᠨ᠎ᠠ᠃     ᠬᠤᠲᠠ ᠶᠢᠨ ᠠᠵᠢᠯ ᠤᠨ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠲᠠ ᠶᠢᠨ ᠵᠥᠪᠯᠡᠯ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠡᠮᠨᠡᠯᠭᠡ ᠶᠢᠨ ᠲᠤᠰᠬᠠᠢ ᠮᠡᠷᠭᠡᠵᠢᠯ ᠤᠨ ᠬᠠᠷᠢᠶᠠᠲᠤ ᠬᠦᠷᠢᠶᠡᠯᠡᠩ︶᠂ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠲᠠᠢ ᠬᠠᠷᠢᠯᠴᠠᠨ᠎ᠠ᠃     ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2