ᠤᠯᠠᠭᠠᠠᠴᠠᠪ ᠵᠠᠰᠠᠭ ᠠᠯᠪᠠᠨ ᠥᠰᠥᠭ ﹇2020﹈ 48 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ᠄ | ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠵᠦ᠂ ︽ᠤᠯᠠᠭᠠᠨᠴᠠᠪ ᠬᠤᠲᠠ ᠶᠢᠨ | ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠬᠢᠨᠠᠯᠲᠠ | ᠬᠠᠮᠢᠶᠠᠷᠤᠯᠲᠠ ᠶᠢᠨ ᠵᠢᠯᠣᠭᠤᠳᠬᠤ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠳᠣᠭᠤᠰᠢᠯᠠᠭᠤᠯᠤᠨ ᠬᠡᠷᠡᠭᠵᠢᠭᠦᠯᠲᠦᠭᠡᠶ᠃ | | 2020 ᠣᠨ ᠤ 8 ᠰᠠᠷ᠎ᠠ ᠶᠢᠨ 31 ᠤ ᠡᠳᠦᠷ | | | ᠤᠯᠠᠭᠠᠨᠴᠠᠪ ᠬᠤᠲᠠ ᠶᠢᠨ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ | ᠬᠢᠨᠠᠯᠲᠠ ᠬᠠᠮᠢᠶᠠᠷᠤᠯᠲᠠ ᠶᠢᠨ ᠵᠢᠯᠣᠭᠤᠳᠬᠤ ᠰᠠᠨᠠᠯ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠶᠢᠨ ᠪᠣᠬᠢᠷ ᠤᠰᠤ ᠶᠢ ᠰᠢᠶᠳᠪᠦᠷᠢᠯᠡᠬᠦ ᠠᠵᠢᠯ | ᠦᠷᠭᠦᠯᠵᠢᠯᠡᠵᠦ᠂ ᠲᠥᠷᠥᠯ ᠵᠦᠶᠯ ᠤᠨ ᠠᠵᠢᠯ ᠬᠡᠰᠡᠭ ᠲᠠᠯ᠎ᠠ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠪᠦᠬᠦᠯᠢ | ᠴᠣᠭᠴᠠ ᠶᠢᠨ ᠠᠵᠢᠯ ᠰᠠᠶᠢᠨ ᠲᠡᠰᠢ ᠬᠥᠭᠵᠢᠬᠦ ᠬᠠᠨᠳᠤᠰᠢ ᠢᠯᠡᠷᠡᠪᠡ᠃ ᠭᠡᠪᠡᠴᠦ ᠪᠦᠬᠦ ᠬᠤᠲᠠ ᠶᠢᠨ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠦᠬᠦᠯᠢ ᠴᠣᠭᠴᠠ ᠪᠠᠷ ᠢᠶᠠᠨ ᠲᠣᠭᠲᠠᠭᠤᠨ ᠢᠶᠠᠷ ᠡᠵᠡᠩᠨᠡᠬᠦ | ᠴᠢᠳᠠᠪᠤᠷᠢ ᠪᠠᠷ ᠠᠨᠠᠢ᠂ ᠪᠠᠷᠢᠮᠵᠢᠶ᠎ᠠ ᠳᠤ ᠬᠦᠷᠴᠦ ᠭᠠᠳᠠᠭᠰᠢᠯᠠᠭᠤᠯᠬᠤ ᠨᠣᠷᠮ᠎ᠠ ᠨᠡᠯᠢᠶᠡᠳ ᠳᠣᠣᠷ᠎ᠠ ᠪᠠᠶᠢᠬᠤ | ᠠᠰᠠᠭᠤᠳᠠᠯ ᠣᠷᠣᠰᠢᠵᠤ ᠪᠠᠶᠢᠨ᠎ᠠ᠃ ᠮᠠᠨ ᠤ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠬᠤ ᠶᠢ ᠪᠠᠲᠤᠯᠠᠬᠤ ᠶᠢᠨ ᠲᠥᠯᠥᠭᠡ᠂ ︽ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ︾ ᠬᠥᠭᠵᠢᠯᠲᠡ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠪᠠᠯᠭᠠᠰᠤ ᠶᠢᠨ ᠤᠰᠤ | ᠵᠠᠯᠠᠬᠤ ᠪᠠ ᠪᠣᠬᠢᠷ ᠤᠰᠤ ᠶᠢ ᠰᠢᠶᠳᠪᠦᠷᠢᠯᠡᠬᠦ ᠳᠦᠷᠢᠮ︾᠂ ︽ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ | ᠠᠵᠢᠯᠯᠠᠭᠠᠨ ᠤ ᠲᠥᠯᠥᠪᠯᠡᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠲᠤᠬᠠᠢ ᠳᠣᠣᠷᠠᠬᠢ ᠰᠠᠨᠠᠯ ᠢ ᠳᠤᠷᠠᠳᠤᠶ᠎ᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠤ᠂ | ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠲᠤᠭᠤᠰᠢᠯᠠᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠪᠠ ᠣᠷᠴᠢᠨ ᠠᠬᠤᠶ ᠶᠢᠨ ᠬᠠᠮᠠᠭᠠᠯᠠᠯᠲᠠ ᠶᠢ ᠪᠠᠶᠢᠯᠳᠤᠬᠤ ᠪᠤᠳᠤᠯᠭ᠎ᠠ ᠶᠢᠨ ᠳᠣᠪᠤᠶᠢᠮ᠎ᠠ ᠪᠠᠶᠢᠷᠢᠨ ᠳᠤ | ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ︽ᠤᠰᠤᠨ ᠤ ᠠᠷᠪᠠᠨ ᠵᠤᠷᠪᠤᠰ︾ | ᠢ ᠴᠢᠩᠭ᠎ᠠ ᠨᠠᠶᠢᠳᠠᠪᠤᠷᠢᠵᠢᠭᠤᠯᠬᠤ᠂ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠴᠢᠨᠠᠷ | ᠰᠠᠶᠢᠲᠠᠶ ᠡᠵᠡᠩᠨᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠷᠲᠤ ᠤᠳᠠᠭᠠᠨ ᠢᠶᠠᠷ ᠠᠵᠢᠯᠯᠠᠬᠤ ᠶᠢ | ᠪᠠᠷᠢᠮᠲᠠᠯᠠᠨ᠂ ᠤᠰᠤᠨ ᠤ ᠪᠣᠬᠢᠷᠲᠤᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠵᠦ᠂ ︽ᠨᠣᠮᠢᠨ ᠤᠰᠤ︾ | ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠠᠮᠢ ᠠᠬᠤᠶ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | 1.ᠠᠮᠢ ᠠᠬᠤᠢ ᠶᠢ ᠳᠡᠭᠡᠳᠦᠯᠡᠵᠦ᠂ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠶᠢ ᠪᠠᠷᠢᠮᠲᠠᠯᠠᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ︾ ᠭᠡᠵᠦ ᠬᠡᠯᠡᠪᠡ᠃ ᠬᠤᠲᠠ ᠪᠠᠯᠭᠠᠰᠤᠨ ᠤ ᠪᠣᠬᠢᠷ ᠤᠰᠤ | ᠰᠢᠶᠳᠪᠦᠷᠢᠯᠡᠬᠦ ᠦᠢᠯᠡᠳᠪᠦᠷᠢ ᠶᠢ ᠰᠠᠶᠢᠲᠤᠷ ᠪᠠᠶᠢᠭᠤᠯᠵᠤ᠂ ᠰᠠᠶᠢᠲᠤᠷ ᠡᠵᠡᠩᠨᠡᠵᠦ᠂ ᠬᠤᠲᠠ ᠪᠠᠯᠭᠠᠰᠤᠨ ᠤ ᠪᠣᠬᠢᠷ | ᠤᠰᠤ ᠶᠢ ᠰᠢᠶᠳᠪᠦᠷᠢᠯᠡᠬᠦ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠣᠷᠴᠢᠨ ᠲᠣᠭᠤᠷᠢᠨ ᠤ | ᠪᠣᠬᠢᠷᠲᠤᠯ ᠤᠨ ᠳᠠᠯᠳᠠ ᠭᠡᠮ ᠢ ᠦᠨᠡᠨᠬᠦ ᠠᠷᠢᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢᠨ ᠤᠤᠷ ᠴᠢᠨᠠᠷ ᠢ | ᠪᠠᠲᠤᠯᠠᠨ᠂ ᠠᠷᠠᠳ ᠲᠦᠮᠡᠨ ᠢ ᠬᠠᠨᠤᠮᠵᠢᠲᠠᠶ ᠪᠠᠶᠢᠯᠭᠠᠬᠤ ᠪᠣᠯ ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ | ᠠᠵᠢᠯ ᠤᠨ ᠵᠣᠷᠢᠯᠲᠠ ᠪᠣᠯᠤᠨ᠎ᠠ᠃ | 2.ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠪᠠᠷᠢᠮᠲᠠᠯᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠲᠠ ᠪᠠᠯᠭᠠᠰᠤᠨ ᠤ ᠪᠣᠬᠢᠷ | ᠤᠰᠤ ᠰᠢᠢᠳᠪᠦᠷᠢᠯᠡᠬᠦ ᠠᠵᠢᠯ ᠢ ᠨᠠᠶᠢᠳᠠᠪᠤᠷᠢᠵᠢᠭᠤᠯᠬᠤ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠨᠠᠯᠲᠠ | ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠤᠰᠤᠨ ᠤ | ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠭᠠᠵᠠᠷ ᠣᠷᠣᠨ ᠤ ᠪᠠᠨ ᠪᠣᠬᠢᠷ ᠤᠰᠤ ᠰᠢᠶᠳᠪᠦᠷᠢᠯᠡᠬᠦ ᠬᠠᠷᠠᠯᠲᠠ᠂ | ᠡᠭᠦᠷᠭᠡ᠂ ᠪᠣᠬᠢᠷ ᠤᠰᠤ ᠰᠢᠶᠳᠪᠦᠷᠢᠯᠡᠬᠦ ᠳᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ᠂ ᠬᠢᠨᠠᠨ | ᠰᠢᠯᠭᠠᠵᠤ ᠬᠢᠨᠠᠨ ᠬᠠᠮᠢᠶᠠᠷᠬᠤ ᠠᠷᠭ᠎ᠠ ᠵᠢᠴᠢ ᠰᠢᠶᠳᠪᠦᠷᠢᠯᠡᠬᠦ ᠳᠠᠷᠬ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | 3.ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ | ᠪᠦᠬᠦ ᠬᠤᠲᠠ ᠶᠢᠨ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠳᠤ ᠬᠢᠨᠠᠨ | ᠬᠠᠮᠢᠶᠠᠷᠬᠤ ᠵᠣᠷᠢᠯᠭ᠎ᠠ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠯᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠦᠨᠡᠬᠡᠷ ᠣᠷᠣᠰᠢᠵᠤ ᠪᠠᠶᠢᠬᠤ ᠮᠥᠷᠲᠡᠭᠡᠨ | ᠣᠷᠣᠰᠢᠵᠤ ᠪᠠᠶᠢᠭ᠎ᠠ ᠠᠰᠠᠭᠤᠳᠠᠯ ᠢ ᠤᠳᠠᠭᠠᠰᠢᠷᠠᠭᠤᠯᠤᠭᠠᠳ ᠵᠠᠯᠠᠷᠠᠭᠤᠯᠬᠤ ᠦᠭᠡᠢ ᠬᠤᠲᠠ ᠪᠠᠯᠭᠠᠰᠤ ᠶᠢᠨ ᠪᠣᠬᠢᠷ | ᠤᠰᠤ ᠰᠢᠶᠳᠪᠦᠷᠢᠯᠡᠬᠦ ᠦᠶᠯᠡᠳᠪᠦᠷᠢ ᠶᠢ ᠴᠢᠩᠭ᠎ᠠ ᠰᠢᠶᠳᠬᠡᠨ ᠲᠣᠷᠭᠠᠵᠤ᠂ ᠴᠢᠩᠭ᠎ᠠ ᠰᠢᠶᠳᠪᠦᠷᠢᠯᠡᠬᠦ ᠬᠡᠷᠡᠭᠲᠡᠶ᠃ | 4.ᠰᠢᠨ᠎ᠡ ᠶᠢ ᠡᠭᠦᠳᠴᠦ ᠬᠥᠭᠵᠢᠭᠦᠯᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠨ᠎ᠠ᠃ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠬᠤᠲᠠ ᠪᠠᠯᠭᠠᠰᠤᠨ ᠤ ᠪᠣᠬᠢᠷ ᠤᠰᠤᠨ ᠤ ᠦᠢᠯᠡᠳᠪᠦᠷᠢ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠡᠦᠬᠡᠨ | ᠰᠢᠯᠲᠠᠭᠠᠨ ᠢ ᠦᠨᠡᠨᠬᠦ ᠵᠠᠳᠠᠯᠵᠤ᠂ ᠲᠡᠷᠡᠴᠢᠯᠡᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠪᠠᠶᠢᠳᠠᠯ ᠳᠤᠨᠢ | ᠲᠣᠬᠢᠷᠠᠭᠤᠯᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠠᠵᠤ ᠠᠬᠤᠶᠢᠯᠠᠯ ᠳᠤ ᠬᠠᠷᠢᠭᠤᠴᠠᠬᠤ᠂ ᠠᠷᠠᠳ | ᠲᠦᠮᠡᠨ ᠳᠤ ᠬᠠᠷᠢᠭᠤᠴᠠᠬᠤ ᠣᠪᠣᠷ ᠢᠶᠠᠷ ᠦᠨᠡᠨ ᠢ ᠪᠠᠷᠢᠮᠲᠠᠯᠠᠨ᠂ ᠰᠡᠳᠦᠪ ᠲᠤ ᠲᠤᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠰᠢᠶᠳᠪᠦᠷᠢᠯᠡᠬᠦ ᠠᠷᠭ᠎ᠠ ᠶᠢᠨ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠠᠵᠢᠯ | ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠬᠠᠨᠳᠤᠭᠤᠯᠤᠨ᠂ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ | ᠠᠯᠬᠤᠮ ᠠᠯᠬᠤᠮ ᠢᠶᠠᠷ ᠰᠢᠭᠰᠢᠭᠳᠡᠭᠦᠯᠵᠦ᠂ ᠪᠣᠬᠢᠷᠲᠤᠯ ᠥᠬᠡᠶ᠂ ᠠᠵᠤ ᠠᠬᠤᠶ ᠶᠢᠨ ᠬᠥᠭᠵᠢᠯᠲᠡ ᠶᠢ ᠪᠡᠶᠡᠯᠡᠭᠦᠯᠦᠨ᠎ᠡ᠃ | 5.ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠳᠦᠯ | ᠦᠭᠡᠶ ᠭᠥᠭᠵᠢᠭᠦᠯᠬᠦ ᠶᠢ ᠪᠡᠶᠡᠯᠡᠭᠦᠯᠬᠦ ᠪᠠᠷ ᠵᠣᠷᠢᠯᠲᠠ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠯ᠎ᠡ ᠵᠦᠶᠯ ᠤᠨ ᠲᠦᠷᠢᠮ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ | ᠬᠠᠷᠢᠭᠤ ᠲᠤᠰᠬᠠᠭᠰᠠᠨ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ︽ᠨᠣᠮᠢᠨ ᠤᠰᠤ︾ ᠶᠢ ᠬᠠᠮᠠᠭᠠᠯᠠᠬᠤ ᠳᠠᠶᠢᠨ ᠤ | ᠴᠢᠬᠤᠯᠠ ᠡᠭᠦᠷᠭᠡ ᠶᠢ ᠦᠨᠡᠨᠬᠦ ᠰᠠᠶᠢᠲᠤᠷ ᠬᠢᠵᠦ᠂ ᠮᠠᠨ ᠤ ᠬᠤᠲᠠ ᠶᠢᠨ ᠪᠣᠬᠢᠷᠲᠤᠯ ᠦᠭᠡᠢ ᠬᠥᠭᠵᠢᠯᠲᠡ ᠶᠢ | ᠪᠡᠶᠡᠯᠡᠭᠦᠯᠬᠦ ᠳᠤ ᠪᠠᠲᠤᠯᠠᠭ᠎ᠠ ᠬᠠᠩᠭᠠᠨ᠎ᠠ᠃ | ︵ᠭᠤᠷᠪᠠ︶ ᠠᠵᠢᠯ ᠤᠨ ᠬᠠᠷᠠᠯᠲᠠ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ | ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠱᠠᠭᠠᠷᠳᠠᠯᠭ᠎ᠠ ᠳᠤ ᠪᠦᠬᠦ ᠲᠠᠯ᠎ᠠ ᠪᠠᠷ ᠭᠦᠷᠭᠡᠬᠦ ᠪᠠᠷ | ᠬᠦᠴᠦᠯᠡᠨ ᠴᠢᠷᠮᠠᠶᠢᠵᠤ᠂ ᠪᠦᠬᠦ ᠬᠤᠲᠠ ᠶᠢᠨ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠶᠯᠡᠳᠪᠦᠷᠢ ᠶᠢᠨ ᠡᠵᠡᠩᠨᠡᠯᠲᠡ ᠬᠠᠮᠢᠶᠠᠷᠤᠯᠲᠠ᠂ ᠪᠠᠷᠢᠮᠵᠢᠶ᠎ᠠ ᠳᠤ ᠬᠦᠷᠴᠦ ᠭᠠᠳᠠᠭᠰᠢᠯᠠᠭᠤᠯᠬᠤ ᠪᠠ ᠳᠠᠬᠢᠯᠲᠠ | ᠤᠰᠤ ᠶᠢ ᠠᠰᠢᠭᠯᠠᠬᠤ ᠬᠢᠷᠢ ᠲᠦᠪᠰᠢᠨ ᠢ ᠰᠢᠰᠲ᠋ᠧᠮ ᠲᠠᠢ ᠪᠠᠷ ᠳᠡᠭᠡᠭᠰᠢᠯᠡᠭᠦᠯᠦᠨ᠎ᠡ᠃ | ︵ᠳᠥᠷᠪᠡ︶ ᠬᠡᠷᠡᠭᠯᠡᠬᠦ ᠬᠡᠪᠴᠢᠶ᠎ᠡ | ᠲᠣᠰ ᠰᠠᠨᠠᠯ ᠢ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ | ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠬᠢᠨᠠᠯᠲᠠ ᠪᠠ ᠬᠠᠮᠢᠶᠠᠷᠤᠯᠲᠠ ᠳᠤ | ᠯᠠ ᠬᠡᠷᠡᠭᠯᠡᠨ᠎ᠡ᠃ | ᠬᠤᠶᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ︵ᠨᠢᠭᠡ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠲᠠ | ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠵᠦ᠂ ᠪᠣᠬᠢᠷ ᠤᠰᠤ ᠰᠢᠶᠳᠪᠦᠷᠢᠯᠡᠬᠦ ᠰᠦᠶᠳᠬᠡᠯ ᠪᠣᠯᠤᠨ ᠵᠣᠬᠢᠰᠲᠠᠶ ᠡᠳ᠋ ᠤᠨ ᠵᠠᠰᠠᠭ ᠤᠨ ᠨᠥᠬᠦᠪᠥᠷᠢ | ᠬᠤᠷᠢᠶᠠᠬᠤ ᠪᠠᠷ ᠳᠠᠮᠵᠢᠭᠤᠯᠤᠨ᠂ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠬᠡᠪ ᠤᠨ | ᠶᠣᠰᠣᠭᠠᠷ ᠠᠵᠢᠯᠯᠠᠬᠤ ᠶᠢ ᠪᠠᠲᠤᠯᠠᠨ᠎ᠠ᠃ ᠲᠣᠰ ᠵᠠᠰᠠᠭ ᠵᠠᠬᠢᠷᠭᠠᠨ ᠤ ᠣᠷᠣᠨ ᠤ ᠪᠠᠨ ᠪᠣᠬᠢᠷ ᠤᠰᠤ ᠶᠢ ᠳᠠᠬᠢᠨ | ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ ᠶᠢᠨ ᠪᠣᠬᠢᠷ ᠤᠰᠤ ᠶᠢ ᠳᠠᠬᠢᠨ | ᠠᠰᠢᠭᠯᠠᠬᠤ ᠶᠠᠪᠤᠳᠠᠯ ᠢ ᠨᠢᠭᠡᠳᠦᠯᠲᠡᠶ ᠲᠥᠯᠦᠪᠯᠡᠨ ᠲᠣᠬᠢᠷᠠᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠶᠢ ᠳᠠᠬᠢᠨ | ᠠᠰᠢᠭᠯᠠᠬᠤ ᠨᠣᠷᠮ᠎ᠠ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠳᠤ | ᠬᠦᠷᠦᠭᠦᠯᠬᠦ ᠬᠡᠷᠡᠭᠲᠡᠶ᠃ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠯ ᠢ ᠵᠣᠷᠢᠭᠵᠢᠭᠤᠯᠤᠨ ᠳᠠᠮᠵᠢᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ᠂ ᠤᠷᠠᠨ ᠲᠠᠷᠬ᠎ᠠ᠂ | ᠲᠥᠬᠦᠭᠡᠷᠦᠮᠵᠢ ᠪᠣᠯᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠪᠣᠬᠢᠷ ᠤᠰᠤ ᠶᠢ ᠳᠠᠬᠢᠨ ᠠᠰᠢᠭᠯᠠᠬᠤ ᠪᠠ ᠪᠤᠵᠠᠷ | ᠰᠢᠪᠠᠷ᠂ ᠪᠣᠷᠣᠭᠠᠨ ᠤ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ | ︵ᠬᠤᠶᠠᠷ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠪᠥᠬᠦ ᠬᠤᠲᠠ ᠶᠢᠨ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ | ᠠᠵᠢᠯᠯᠠᠭᠠᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ︶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠥᠬᠦ ᠬᠤᠲᠠ ᠶᠢᠨ ᠬᠤᠲᠠ | ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠭᠠᠷᠭᠠᠵᠤ ᠣᠷᠤᠭᠤᠯᠬᠤ ᠠᠮᠠᠰᠠᠷ ᠤᠨ ᠤᠰᠤᠨ ᠤ | ᠴᠢᠨᠠᠷ᠂ ᠤᠰᠤᠨ ᠤ ᠬᠡᠮᠵᠢᠶ᠎ᠡ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠭᠠᠷᠭᠠᠵᠤ | ᠣᠷᠤᠭᠤᠯᠬᠤ ᠠᠮᠠᠰᠠᠷ ᠤᠨ ᠤᠰᠤᠨ ᠤ ᠴᠢᠨᠠᠷ ᠪᠣᠯᠤᠨ ᠤᠰᠤᠨ ᠤ ᠬᠡᠮᠵᠢᠶ ᠡ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠳᠥᠷᠪᠡ︶ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠦᠬᠦ ᠬᠤᠲᠠ ᠶᠢᠨ ᠬᠤᠲᠠ | ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠳᠠᠬᠢᠯᠲᠠ ᠤᠰᠤ ᠶᠢ ᠠᠰᠢᠭᠯᠠᠬᠤ ᠳᠤ ᠬᠢᠨᠠᠯᠲᠠ | ᠬᠠᠮᠢᠶᠠᠷᠤᠯᠲᠠ ᠶᠢ ᠡᠭᠦᠷᠭᠡᠯᠡᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠤᠰᠤᠨ | ᠠᠰᠢᠭᠯᠠᠯᠲᠠ ᠶᠢᠨ ᠲᠣᠪᠴᠢᠶ᠎ᠠ ︵ᠤᠰᠤᠨ ᠤ ᠶᠠᠪᠤᠳᠠᠯ ᠤᠨ ᠲᠣᠪᠴᠢᠶ᠎ᠠ︶ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠳᠠᠬᠢᠯᠲᠠ | ᠤᠰᠤ ᠶᠢ ᠠᠰᠢᠭᠯᠠᠬᠤ ᠳᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠲᠠ ᠪᠠᠯᠭᠠᠰᠤ ᠶᠢᠨ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠵᠠᠷᠤᠳᠠᠯ ᠰᠠᠯᠭᠠᠨ ᠥᠭᠬᠦ ᠵᠢᠴᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠵᠡᠷᠭᠡ ᠬᠢᠨᠠᠯᠲᠠ ᠬᠠᠮᠢᠶᠠᠷᠤᠯᠲᠠ ᠶᠢᠨ | ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠡᠯ᠎ᠡ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠨᠢ ᠬᠤᠲᠠ | ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠰᠢᠭᠤᠳ ᠬᠡᠷᠡᠭᠵᠢᠭᠦᠯᠬᠦ ᠨᠢᠭᠡᠴᠢ ᠪᠣᠯᠤᠭᠰᠠᠨ ᠤ ᠬᠤᠪᠢ ᠳᠤ ᠡᠯ᠎ᠡ | ᠱᠠᠲᠤᠨ ᠤ ᠵᠠᠰᠠᠭ ᠤᠨ ᠣᠷᠳᠣᠨ ᠪᠠ ᠭᠤᠤᠯᠴᠢᠯᠠᠨᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠠᠶᠤᠯ ᠥᠬᠡᠶ | ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ | ᠪᠠᠲᠤᠯᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ ᠵᠢᠴᠢ ᠠᠷᠭ᠎ᠠ ᠬᠡᠮᠵᠢᠶ᠎ᠡ | ︵ᠨᠢᠭᠡ︶ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠦᠲᠦᠭᠡᠨ | ᠪᠠᠶᠢᠭᠤᠯᠤᠯᠲᠠ᠂ ᠡᠬᠢᠯᠡᠨ ᠬᠡᠷᠡᠭᠯᠡᠯᠲᠡ | 1.ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠦᠢᠯᠡᠳᠪᠦᠷᠢ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ᠂ ᠪᠠᠷᠢᠮᠵᠢᠶ᠎ᠠ ᠶᠢ | ᠳᠡᠭᠡᠭᠰᠢᠯᠡᠭᠦᠯᠬᠦ᠂ ᠮᠡᠷᠭᠡᠵᠢᠯ ᠤᠨ ᠳᠡᠰ ᠳᠡᠪᠰᠢᠬᠦ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠᠶᠢᠭᠠᠳ | ᠲᠥᠷᠥᠯ ᠵᠦᠶᠯ ᠢ ᠶᠠᠪᠤᠭᠳᠠᠭᠤᠯᠬᠤ ᠠᠴᠠ ᠨᠢ ᠡᠮᠦᠨ᠎ᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠣᠷᠣᠨ | ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠶ᠃ | 2.ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠳᠠᠭᠤᠰᠤᠭᠰᠠᠨ ᠤ ᠳᠠᠷᠠᠭ᠎ᠠ᠂ ᠪᠥᠲᠥᠭᠡᠨ ᠪᠠᠶᠢᠭᠤᠯᠬᠤ ᠨᠢᠭᠡᠴᠢ ᠨᠢ ᠲᠤᠬᠠᠶ ᠶᠢᠨ ᠭᠠᠵᠠᠷ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠲᠤ ᠲᠤᠷᠰᠢᠨ ᠠᠵᠢᠯᠯᠠᠭᠤᠯᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠲᠤᠷᠰᠢᠨ | ᠠᠵᠢᠯᠯᠠᠭᠤᠯᠤᠭᠰᠠᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ᠂ ᠪᠥᠲᠥᠭᠡᠨ ᠪᠠᠶᠢᠭᠤᠯᠬᠤ ᠨᠢᠭᠡᠴᠢ ᠨᠢ | ᠲᠤᠬᠠᠶ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠳᠠᠭᠤᠰᠤᠭᠰᠠᠨ ᠢᠶᠠᠨ ᠰᠢᠯᠭᠠᠨ ᠠᠪᠤᠭᠤᠯᠬᠤ ᠪᠠᠷ ᠭᠤᠶᠤᠴᠢᠯᠠᠬᠤ ᠬᠡᠷᠡᠭᠲᠡᠶ᠃ ᠬᠤᠲᠠ | ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢᠭᠡᠨᠲᠡ ᠠᠵᠢᠯᠯᠠᠭᠠᠨ ᠤ ᠨᠥᠬᠦᠴᠡᠯ ᠢ | ᠪᠥᠷᠢᠯᠳᠦᠭᠦᠯᠦᠭᠰᠡᠨ ᠪᠠᠶᠢᠪᠠᠯ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠠᠵᠢᠯᠯᠠᠭᠤᠯᠬᠤ ᠬᠡᠷᠡᠭᠲᠡᠶ᠃ ᠪᠠᠷᠢᠯᠭ᠎ᠠ | ᠳᠠᠭᠤᠰᠤᠭᠰᠠᠨ ᠪᠠ ᠲᠤᠷᠰᠢᠨ ᠠᠵᠢᠯᠯᠠᠭᠤᠯᠤᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠣᠷᠤᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠷᠢᠯᠭ᠎ᠠ ᠳᠠᠭᠤᠰᠤᠭᠰᠠᠨ | ᠵᠢᠴᠢ ᠲᠤᠷᠰᠢᠨ ᠠᠵᠢᠯᠯᠠᠭᠤᠯᠤᠭᠰᠠᠨ ᠴᠠᠭ ᠢᠶᠠᠨ ᠮᠡᠳᠡᠭᠦᠯᠬᠦ ᠬᠡᠷᠡᠭᠲᠡᠶ᠃ | 3.ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠵᠢᠩᠬᠢᠨᠢ ᠪᠠᠷ ᠠᠵᠢᠯᠯᠠᠭᠠᠨ ᠳᠤ | ᠣᠷᠤᠭᠤᠯᠤᠭᠰᠠᠨ ᠤ ᠳᠠᠷᠠᠭᠠᠬᠢ ᠪᠣᠳᠠᠲᠠᠶ ᠰᠢᠶᠳᠪᠦᠷᠢᠯᠡᠬᠦ ᠳᠠᠭᠠᠭᠠᠴᠠ ᠨᠢ ᠭᠤᠷᠪᠠᠨ ᠵᠢᠯ ᠤᠨ ᠳᠣᠲᠣᠷ᠎ᠠ ᠵᠢᠷᠤᠭᠯᠠᠨ | ᠲᠥᠯᠥᠪᠯᠡᠬᠦ ᠴᠢᠳᠠᠪᠤᠷᠢ ᠶᠢᠨ 60% ᠠᠴᠠ ᠳᠣᠤᠷ᠎ᠠ ᠪᠠᠶᠢᠵᠤ ᠪᠣᠯᠬᠤ ᠦᠭᠡᠶ᠃ ᠲᠡᠷᠡᠴᠢᠯᠡᠨ ᠨᠢᠭᠡ ᠠᠴᠠ ᠭᠤᠷᠪᠠᠨ | ᠵᠢᠯ ᠤᠨ ᠳᠣᠲᠣᠷ᠎ᠠ ᠠᠵᠢᠯᠯᠠᠬᠤ ᠳᠠᠭᠠᠭᠠᠴᠠ ᠶᠢᠨ ᠨᠤᠷᠮ᠎ᠠ ᠶᠢ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠶ᠃ ᠭᠤᠷᠪᠠᠨ | ᠵᠢᠯ ᠠᠴᠠ ᠳᠡᠭᠡᠭᠰᠢ ᠠᠵᠢᠯᠯᠠᠭᠠᠨ ᠤ ᠳᠠᠭᠠᠭᠠᠴᠠ ᠶᠢᠨ ᠨᠣᠷᠮ᠎ᠠ ᠶᠢ ᠵᠢᠷᠤᠭᠯᠠᠨ ᠲᠥᠯᠥᠪᠯᠡᠬᠦ ᠴᠢᠳᠠᠪᠤᠷᠢ ᠶᠢ | 75% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | 4.ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠨᠢ ᠤᠰᠤ ᠣᠷᠣᠭᠤᠯᠬᠤ ᠠᠮᠠᠰᠠᠷ᠂ | ᠤᠰᠤ ᠭᠠᠷᠭᠠᠬᠤ ᠠᠮᠠᠰᠠᠷ ᠪᠠ ᠤᠰᠤ ᠰᠢᠶᠳᠪᠦᠷᠢᠯᠡᠬᠦ ᠪᠠᠷᠢᠯᠭ᠎ᠠ ᠶᠢᠨ ᠵᠦᠶᠯ ᠵᠡᠷᠭᠡ ᠵᠠᠩᠭᠢᠯᠠᠭ᠎ᠠ ᠶᠢᠨ ᠪᠠᠶᠢᠷᠢᠨ ᠳᠤ | ᠪᠣᠬᠢᠷᠳᠤᠯ ᠪᠣᠳᠠᠰ ︵COD᠂ ᠰᠢᠪᠲᠦᠷᠲᠦ ᠠᠽᠣᠲ᠂ ᠶᠡᠷᠦᠩᠬᠡᠶ ᠹᠣᠰᠹᠣᠷ᠂ ᠶᠡᠷᠦᠩᠬᠡᠶ ᠠᠽᠣᠲ︶ ᠤᠨ | ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠣᠨᠣᠭᠯᠠᠯ ᠵᠢᠴᠢ ᠤᠷᠤᠰᠬᠠᠯ ᠤᠨ ᠬᠡᠮᠵᠢᠶ᠎ᠡ ᠶᠢ ᠬᠡᠮᠵᠢᠬᠦ ᠲᠣᠨᠣᠭᠯᠠᠯ | ᠤᠭᠰᠠᠷᠠᠬᠤ ᠬᠡᠷᠡᠭᠲᠡᠶ᠃ ᠡᠭᠦᠨ ᠤ ᠬᠠᠮᠲᠤ ᠬᠤᠲᠠ ᠰᠢᠶᠠᠨ ᠬᠤᠶᠠᠷ ᠱᠠᠲᠤᠨ ᠤ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠬᠢᠨᠠᠨ ᠡᠵᠡᠮᠳᠡᠬᠦ ᠳᠥᠬᠦᠭᠡᠷᠦᠮᠵᠢ ᠲᠠᠢ ᠰᠦᠯᠵᠢᠶ᠎ᠡ ᠬᠤᠯᠪᠣᠬᠤ ᠬᠡᠷᠡᠭᠲᠡᠶ᠃ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠠᠯᠠᠭ᠎ᠠ ᠮᠥᠴᠢᠷ ᠯᠦᠭᠡ ᠲᠣᠤᠷ ᠬᠤᠯᠪᠣᠭᠰᠠᠨ ᠠᠦ᠋ᠲ᠋ᠣ᠋ ᠬᠢᠨᠠᠨ ᠬᠡᠮᠵᠢᠭᠰᠡᠨ ᠲᠤᠭ᠎ᠠ ᠪᠠᠷᠢᠮᠲᠠ ᠪᠣᠯ | ᠳᠠᠷᠤᠶ ᠬᠦᠴᠦᠨ ᠲᠠᠢ ᠲᠤᠭ᠎ᠠ ᠪᠠᠷᠢᠮᠲᠠ ᠪᠣᠯᠤᠨ᠎ᠠ᠃ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠶᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ | ᠪᠣᠬᠢᠷᠲᠤᠯ ᠤᠨ ᠡᠬᠢ ᠰᠤᠷᠪᠤᠯᠵᠢ ᠶᠢ ᠦᠪᠡᠰᠦᠪᠡᠨ ᠬᠢᠨᠠᠨ ᠬᠡᠮᠵᠢᠬᠦ ᠤᠷᠠᠨ ᠳᠠᠷᠬ᠎ᠠ ᠶᠢᠨ ᠬᠠᠷᠢᠴᠠᠭᠤᠯᠤᠯ ᠬᠢᠵᠦ᠂ | ᠶᠡᠷᠦ ᠪᠤᠰᠤ ᠶᠢᠨ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ | ᠪᠦᠷᠢᠨ ᠪᠦᠲᠦᠨ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤᠨ ᠤ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠠᠵᠢᠯᠯᠠᠬᠤ ᠳᠦᠷᠢᠮ ᠶᠣᠰᠣᠭᠠᠷ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠣᠨᠣᠭᠯᠠᠯ | ᠵᠢᠴᠢ ᠳᠠᠭᠠᠯᠲᠠ ᠲᠥᠬᠦᠭᠡᠷᠦᠮᠵᠢ ᠶᠢ ᠬᠡᠷᠡᠭᠯᠡᠵᠦ᠂ ᠬᠠᠮᠠᠭᠠᠯᠠᠬᠤ ᠠᠴᠠ ᠪᠢᠰᠢ᠂ ᠳᠤᠷ᠎ᠠ ᠪᠠᠷ ᠢᠶᠠᠨ ᠨᠤᠷᠠᠭᠠᠵᠤ᠂ ᠰᠤᠯᠠ | ᠲᠠᠯᠪᠢᠵᠤ᠂ ᠬᠤᠪᠢᠷᠠᠭᠤᠯᠬᠤ ᠪᠤᠶᠤ ᠡᠪᠳᠡᠵᠦ ᠪᠣᠯᠬᠤ ᠦᠭᠡᠢ᠃ | 5. ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠤᠰᠤ ᠭᠠᠷᠭᠠᠬᠤ ᠠᠮᠠᠰᠠᠷ ᠤᠨ ᠵᠢᠷᠤᠭ ᠲᠥᠯᠥᠪᠯᠡᠭᠡ᠂ | ᠪᠦᠳᠦᠭᠡᠨ ᠪᠠᠶᠢᠭᠤᠯᠤᠯᠲᠠ ᠨᠢ ᠠᠮᠢ ᠠᠬᠤᠶ ᠣᠷᠴᠢᠨ ᠲᠣᠭᠤᠷᠢᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠤᠲᠠ ᠪᠠᠯᠭᠠᠰᠤ ᠶᠢᠨ ᠵᠢᠷᠤᠭᠯᠠᠨ ᠲᠥᠯᠥᠪᠯᠡᠬᠦ | ᠴᠢᠳᠠᠪᠤᠷᠢ ᠨᠢ ᠡᠳᠦᠷ ᠪᠦᠷᠢ 2 ᠲᠦᠮᠡᠨ ᠲᠣᠨ ᠠᠴᠠ ᠶᠡᠭᠡ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ | ᠤᠯᠤᠰ ᠤᠨ ᠱᠠᠭᠠᠷᠳᠠᠯᠭ᠎ᠠ ᠳᠤ ᠨᠡᠶᠢᠴᠡᠬᠦ ᠳᠤᠮᠳᠠ ᠡᠵᠡᠮᠳᠡᠬᠦ ᠰᠢᠰᠲ᠋ᠧᠮ ᠢ ᠤᠭᠰᠠᠷᠠᠬᠤ ᠶᠢᠨ ᠬᠠᠮᠲᠤ ᠬᠡᠪ ᠤᠨ | ᠶᠣᠰᠣᠭᠠᠷ ᠠᠵᠢᠯᠯᠠᠭᠤᠯᠬᠤ ᠬᠡᠷᠡᠭᠲᠡᠶ᠃ | ︵ᠬᠤᠶᠠᠷ︶ ᠣᠷᠣᠭᠤᠯᠵᠤ ᠭᠠᠷᠭᠠᠬᠤ ᠤᠰᠤᠨ ᠤ ᠴᠢᠨᠠᠷ ᠵᠢᠴᠢ ᠰᠢᠯᠭᠠᠨ ᠪᠠᠶᠢᠴᠠᠭᠠᠯᠲᠠ | 6.ᠠᠵᠤ ᠦᠶᠯᠡᠳᠪᠦᠷᠢ ᠶᠢᠨ ᠠᠵᠤ ᠠᠬᠤᠶᠢᠯᠠᠯ ᠵᠡᠷᠭᠡ ᠪᠣᠬᠢᠷᠲᠤᠯ ᠭᠠᠳᠠᠭᠰᠢᠯᠠᠭᠤᠯᠤᠭᠰᠠᠳ ᠬᠤᠲᠠ | ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠶᠳᠪᠦᠷᠢᠯᠡᠬᠦ ᠲᠥᠬᠦᠭᠡᠷᠦᠮᠵᠢ ᠳᠤ ᠪᠣᠬᠢᠷ ᠤᠰᠤ | ᠭᠠᠳᠠᠭᠰᠢᠯᠠᠭᠤᠯᠤᠭᠰᠠᠨ ᠪᠣᠯ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠳᠣᠲᠣᠭᠠᠳᠤ ᠳᠤ ᠪᠠᠨ ᠤᠷᠢᠳᠠᠪᠠᠷ | ᠰᠢᠶᠳᠪᠦᠷᠢᠯᠡᠵᠦ᠂ ᠤᠯᠤᠰ ᠤᠨ ᠬᠤᠯᠪᠤᠭᠳᠠᠯ ᠪᠦᠬᠦᠢ ᠲᠣᠭᠲᠠᠭᠠᠯ ᠪᠠ ᠣᠷᠴᠢᠨ ᠲᠣᠭᠤᠷᠢᠨ ᠤ ᠨᠥᠯᠥᠭᠡᠯᠡᠯ ᠢ | ᠦᠨᠡᠯᠡᠵᠦ ᠴᠣᠬᠤᠯᠠᠪᠤᠷᠢᠯᠠᠬᠤ ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ᠂ ᠲᠤᠬᠠᠶ ᠶᠢᠨ ᠭᠠᠵᠠᠷ ᠤᠨ ᠣᠷᠣᠨ | ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠤᠶᠤ ᠤᠰᠤ ᠲᠠᠲᠠᠷᠠᠭᠤᠯᠬᠤ | ᠬᠠᠮᠢᠶᠠᠷᠤᠯᠲᠠ ᠶᠢᠨ ᠭᠠᠵᠠᠷ ᠲᠤ ᠬᠦᠷᠴᠦ ︽ᠬᠤᠲᠠ ᠪᠠᠯᠭᠠᠰᠤᠨ ᠤ ᠪᠣᠬᠢᠷ ᠤᠰᠤ ᠭᠠᠳᠠᠭᠰᠢᠯᠠᠭᠤᠯᠬᠤ | ᠬᠤᠭᠤᠯᠠᠶ ᠶᠢᠨ ᠲᠣᠤᠷ ᠲᠤ ᠣᠷᠣᠭᠤᠯᠬᠤ ᠵᠥᠪᠰᠢᠶᠡᠷᠡᠯ ᠤᠨ ᠦᠨᠡᠮᠯᠡᠯ︾ ᠢ ᠭᠦᠶᠴᠡᠳᠬᠡᠭᠰᠡᠨ ᠤ ᠳᠠᠷᠠᠭ᠎ᠠ ᠬᠤᠲᠠ | ᠪᠠᠯᠭᠠᠰᠤ ᠶᠢᠨ ᠪᠣᠬᠢᠷ ᠤᠰᠤᠨ ᠤ ᠬᠤᠭᠤᠯᠠᠶ ᠶᠢᠨ ᠲᠣᠤᠷ ᠵᠢᠴᠢ ᠰᠢᠶᠳᠪᠦᠷᠢᠯᠡᠬᠦ ᠰᠢᠰᠲ᠋ᠧᠮ ᠳᠤ ᠣᠷᠣᠭᠤᠯᠵᠤ | ᠪᠣᠯᠤᠨ᠎ᠠ᠃ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠣᠬᠢᠷ ᠤᠰᠤᠨ ᠤ ᠴᠢᠨᠠᠷ ᠤᠨ | ᠥᠳᠬᠡᠴᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ | ᠴᠣᠬᠤᠯᠪᠤᠷᠢᠯᠠᠬᠤ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ᠃ | 7. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠤᠰᠤ ᠭᠠᠷᠭᠠᠬᠤ ᠤᠰᠤᠨ ᠤ | ᠴᠢᠨᠠᠷ ᠨᠢ ᠤᠯᠤᠰ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠪᠣᠯᠤᠨ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠨ ᠴᠣᠬᠤᠯᠪᠣᠷᠢᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠤᠲᠠ ᠪᠠᠯᠭᠠᠰᠤᠨ ᠤ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠤᠰᠤ ᠭᠠᠷᠭᠠᠬᠤ ᠤᠰᠤᠨ ᠤ ᠴᠢᠨᠠᠷ ᠨᠢ ᠤᠯᠤᠰ ᠤᠨ ᠪᠤᠶᠤ ᠣᠷᠣᠨ | ᠨᠤᠲᠤᠭ ᠤᠨ ᠲᠣᠭᠲᠠᠭᠠᠭᠰᠠᠨ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠦᠭᠡᠢ | ᠪᠠᠶᠢᠪᠠᠯ᠂ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠬᠢᠬᠦ ᠬᠡᠷᠡᠭᠲᠡᠶ᠃ ᠬᠤᠲᠠ ᠶᠢᠨ ᠤᠰᠤ ᠣᠷᠣᠭᠤᠯᠬᠤ | BOD ᠶᠢᠨ ᠥᠳᠬᠡᠴᠡ ᠨᠢ 100mg/L ᠠᠴᠠ ᠳᠣᠤᠷ᠎ᠠ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢ ᠪᠠᠶᠢᠭᠤᠯᠵᠤ᠂ ᠦᠶᠯᠡᠴᠢᠯᠡᠭᠡᠨ ᠤ ᠭᠠᠵᠠᠷ ᠣᠷᠣᠨ ᠤ ᠲᠣᠭᠤᠷᠢᠨ ᠳᠤ ︽ᠨᠢᠭᠡ ᠦᠶᠯᠡᠳᠪᠦᠷᠢ ᠳᠤ | ᠨᠢᠭᠡ ᠪᠣᠳᠣᠯᠭ᠎ᠠ︾ ᠶᠢᠨ ᠰᠢᠰᠲ᠋ᠧᠮᠵᠢᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ | 8.ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠤᠰᠤ ᠣᠷᠣᠭᠤᠯᠬᠤ ᠤᠰᠤᠨ ᠤ | ᠴᠢᠨᠠᠷ ᠨᠢ ᠵᠢᠷᠤᠭ ᠲᠥᠯᠥᠪᠯᠡᠭᠡ ᠶᠢᠨ ᠪᠠᠷᠢᠮᠵᠢᠶ᠎ᠠ ᠠᠴᠠ ᠬᠡᠲᠦᠷᠡᠭᠰᠡᠨ ᠦᠶ᠎ᠡ ᠳᠤ᠂ ᠬᠤᠲᠠ ᠪᠠᠯᠭᠠᠰᠤᠨ ᠤ ᠪᠣᠬᠢᠷ | ᠤᠰᠤ ᠰᠢᠶᠳᠪᠦᠷᠢᠯᠡᠬᠦ ᠦᠢᠯᠡᠳᠪᠦᠷᠢ ᠭᠡᠷᠡᠴᠢ ᠳᠤᠷᠠᠳᠬᠤ ᠬᠠᠷᠢᠭᠤᠴᠠᠯᠭ᠎ᠠ ᠪᠠ ᠪᠠᠴᠢᠮ ᠪᠠᠶᠢᠳᠠᠯ ᠢ ᠠᠷᠭᠠᠴᠠᠨ | ᠰᠢᠶᠳᠪᠦᠷᠢᠯᠡᠬᠦ ᠡᠭᠦᠷᠭᠡ ᠲᠠᠢ᠂ ᠲᠡᠷᠡᠴᠢᠯᠡᠨ ᠲᠤᠬᠠᠶ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠬᠢᠭᠡᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ | ᠲᠡᠷᠡ ᠳᠠᠷᠤᠶ ᠳᠤᠨᠢ ᠰᠢᠶᠳᠪᠦᠷᠢᠯᠡᠬᠦ ᠬᠡᠷᠡᠭᠲᠡᠶ᠃ | 9.ᠬᠠᠲᠤᠨ ᠭᠤᠤᠯ ᠤᠨ ᠰᠠᠪᠠ ᠭᠠᠵᠠᠷ᠂ ᠬᠠᠷ᠎ᠠ ᠭᠤᠤᠯ ᠤᠨ ᠰᠠᠪᠠ ᠭᠠᠵᠠᠷ᠂ ᠳᠠᠭ᠎ᠠ ᠶᠢᠨ ᠨᠠᠭᠤᠷ ᠤᠨ | ᠰᠠᠪᠠ ᠭᠠᠵᠠᠷ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤᠨ ᠭᠠᠵᠠᠷ ᠣᠷᠣᠨ ᠤ ᠬᠤᠲᠠ ᠪᠠᠯᠭᠠᠰᠤ ᠶᠢᠨ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ ᠶᠢᠨ ᠤᠰᠤ ᠭᠠᠷᠭᠠᠬᠤ ᠤᠰᠤᠨ ᠤ ᠴᠢᠨᠠᠷ ᠢ ᠨᠢᠭᠡᠳᠦᠭᠡᠷ ᠳᠡᠰ ᠤᠨ A | ᠭᠠᠳᠠᠭᠰᠢᠯᠠᠭᠤᠯᠬᠤ ᠪᠠᠷᠢᠮᠵᠢᠶ ᠠ ᠳᠤ ᠲᠣᠭᠲᠠᠭᠤᠨ ᠢᠶᠠᠷ ᠬᠦᠷᠦᠭᠦᠯᠦᠨ᠎ᠡ᠃ | 10. ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠳᠤ | ᠪᠠᠶᠢᠴᠠᠭᠠᠨ ᠰᠢᠯᠭᠠᠬᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠪᠠ ᠵᠢᠯᠣᠭᠤᠳᠣᠯᠭ᠎ᠠ ᠪᠠᠶᠢᠬᠤ ᠬᠡᠷᠡᠭᠲᠡᠢ᠂ ︽ᠬᠤᠲᠠ | ᠪᠠᠯᠭᠠᠰᠤ ᠶᠢᠨ ᠤᠰᠤ ᠬᠠᠩᠭᠠᠬᠤ ᠪᠠ ᠪᠣᠬᠢᠷ ᠤᠰᠤ ᠰᠢᠶᠳᠪᠦᠷᠢᠯᠡᠬᠦ ᠬᠢᠮᠢ ᠶᠢᠨ ᠵᠠᠳᠠᠯᠤᠯᠲᠠ ᠬᠢᠬᠦ ᠲᠠᠰᠤᠭ ᠤᠨ | ᠮᠡᠷᠭᠡᠵᠢᠯ ᠤᠨ ᠵᠢᠷᠤᠮᠵᠢᠯ︾ ︵CJJ/T182-2014︶ ᠤᠨ ᠱᠠᠭᠠᠷᠳᠠᠯᠭ᠎ᠠ ᠶᠣᠰᠣᠭᠠᠷ ᠬᠢᠮᠢ ᠶᠢᠨ ᠵᠠᠳᠠᠯᠤᠯᠲᠠ | ᠬᠢᠬᠦ ᠲᠠᠰᠤᠭ ᠳᠣᠭᠢᠷᠠᠭᠤᠯᠬᠤ ᠬᠡᠷᠡᠭᠲᠡᠶ᠃ ᠬᠢᠮᠢ ᠶᠢᠨ ᠪᠣᠳᠠᠰ᠂ ᠠᠶᠤᠯᠲᠠᠶ ᠬᠢᠮᠢ ᠶᠢᠨ ᠪᠣᠳᠠᠰ ᠤᠨ ᠬᠥᠮᠥᠷᠭᠡ ᠶᠢ | ᠴᠥᠮ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠵᠤ᠂ ᠲᠦᠷᠢᠮ ᠲᠣᠭᠲᠠᠭᠠᠯ ᠨᠢ ᠪᠦᠷᠢᠨ ᠭᠦᠶᠴᠡᠳ ᠪᠥᠭᠡᠳ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ ᠪᠠᠶᠢᠴᠠᠭᠠᠨ ᠰᠢᠯᠭᠠᠬᠤ ᠪᠦᠬᠦ ᠶᠠᠪᠤᠴᠠ ᠳᠤ ᠶᠠᠰᠤ ᠴᠢᠨᠠᠷ ᠢ | ᠡᠵᠡᠮᠳᠡᠬᠦ ᠶᠢ ᠠᠷᠭᠠᠴᠠᠨ᠂ ᠦᠯᠢᠭᠡᠷ ᠠᠪᠬᠤ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠵᠤ᠂ | ᠦᠯᠢᠭᠡᠷ ᠡᠳ᠋ ᠢ ᠪᠣᠬᠢᠷᠳᠠᠭᠤᠯᠵᠤ ᠪᠣᠯᠬᠤ ᠦᠭᠡᠶ ᠪᠥᠭᠡᠳ ᠵᠡᠷᠭᠡᠴᠡᠭᠡ ᠶᠠᠩᠵᠤ ᠪᠤᠶᠤ ᠶᠠᠩᠵᠤ ᠦᠯᠡᠳᠡᠭᠡᠵᠦ᠂ᠶᠠᠰᠤ | ᠴᠢᠨᠠᠷ ᠢ ᠡᠵᠡᠮᠳᠡᠬᠦ ᠠᠷᠭ᠎ᠠ ᠬᠡᠮᠵᠢᠶ᠎ᠡ ᠳᠤ ᠬᠤᠭᠤᠰᠣᠨ ᠲᠤᠷᠰᠢᠯᠲᠠ᠂ ᠵᠡᠷᠭᠡᠴᠡᠭᠡ ᠶᠠᠩᠵᠤ ᠶᠢ ᠵᠠᠳᠠᠯᠬᠤ᠂ ᠪᠠᠷᠢᠮᠵᠢᠶ᠎ᠠ | ᠨᠡᠮᠡᠵᠦ ᠵᠠᠳᠠᠯᠬᠤ᠂ ᠬᠠᠷᠢᠴᠠᠭᠤᠯᠤᠨ ᠵᠠᠳᠠᠯᠬᠤ᠂ ᠪᠠᠷᠢᠮᠵᠢᠶᠠᠲᠤ ᠮᠤᠷᠤᠶ ᠱᠤᠭᠤᠮ ᠢ ᠬᠢᠨᠠᠨ ᠪᠠᠶᠢᠴᠠᠭᠠᠬᠤ᠂ ᠶᠠᠩᠵᠤ | ᠦᠯᠡᠳᠡᠭᠡᠵᠦ ᠳᠠᠬᠢᠨ ᠬᠡᠮᠵᠢᠬᠦ᠂ ᠪᠠᠯᠠᠶ ᠶᠠᠩᠵᠤ ᠶᠢ ᠵᠠᠳᠠᠯᠬᠤ᠂ ᠴᠢᠳᠠᠪᠤᠷᠢ ᠶᠢ ᠰᠢᠯᠭᠠᠨ ᠪᠠᠲᠤᠯᠠᠬᠤ ᠵᠡᠷᠭᠡ ᠪᠠᠭᠲᠠᠨ᠎ᠠ᠃ | ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠠᠭ ᠲᠤᠬᠠᠶ ᠳᠤᠨᠢ᠂ ᠣᠨᠣᠪᠴᠢᠲᠠᠶ᠂ ᠮᠡᠳᠡᠭᠡ ᠵᠠᠩᠭᠢ ᠨᠢ ᠪᠦᠷᠢᠨ | ᠪᠥᠲᠦᠨ ᠪᠠᠶᠢᠬᠤ ᠬᠡᠷᠡᠭᠲᠡᠶ ᠪᠥᠭᠡᠳ ᠬᠢᠨᠠᠨ ᠬᠠᠷᠭᠤᠭᠤᠯᠤᠭᠰᠠᠨ ᠤ ᠳᠠᠷᠠᠭ᠎ᠠ ᠪᠠᠶᠢᠴᠠᠭᠠᠨ ᠰᠢᠯᠭᠠᠭᠰᠠᠨ ᠮᠡᠳᠡᠭᠦᠯᠦᠯᠲᠡ | ᠬᠢᠵᠦ ᠥᠭᠬᠦ ᠬᠡᠷᠡᠭᠲᠡᠶ᠃ ᠬᠢᠮᠢ ᠶᠢᠨ ᠵᠠᠳᠠᠯᠤᠯᠲᠠ ᠬᠢᠬᠦ ᠲᠥᠷᠥᠯ ᠵᠦᠶᠯ ᠵᠢᠴᠢ ᠤᠳᠠᠭ᠎ᠠ ᠳᠠᠷᠠᠭᠠᠯᠠᠯ ᠨᠢ ︽ | ᠬᠤᠲᠠ ᠶᠢᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ᠂ ᠬᠠᠮᠠᠭᠠᠯᠠᠯᠲᠠ ᠵᠢᠴᠢ ᠠᠮᠤᠷ | ᠲᠦᠪᠰᠢᠨ ᠤ ᠮᠡᠷᠭᠡᠵᠢᠯ ᠤᠨ ᠳᠦᠷᠢᠮ︾ ︵CJ160 — 2011︶ ᠤᠨ ᠲᠣᠭᠲᠠᠭᠠᠯ ᠳᠤ ᠨᠡᠶᠢᠴᠡᠭᠰᠡᠨ ᠪᠠᠶᠢᠬᠤ | ᠬᠡᠷᠡᠭᠲᠡᠶ᠃ | ︵ᠭᠤᠷᠪᠠ︶ ᠬᠠᠶᠠᠭᠳᠠᠮᠠᠯ ᠤᠰᠤ᠂ ᠪᠤᠵᠠᠷ ᠰᠢᠪᠠᠷ᠂ ᠦᠮᠡᠬᠡᠶ ᠬᠡᠢ᠂ ᠱᠤᠤᠭᠢᠶᠠᠨ ᠢ ᠭᠠᠳᠠᠭᠰᠢᠯᠠᠭᠤᠯᠬᠤ | ᠵᠢᠴᠢ ᠰᠢᠶᠳᠪᠦᠷᠢᠯᠡᠬᠦ | 11. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠭᠤᠣᠯ ᠮᠥᠷᠡᠨ ᠨᠠᠭᠤᠷ | ᠴᠥᠭᠦᠷᠥᠮ ᠳᠤ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠭᠠᠷᠭᠠᠬᠤ ᠴᠢᠬᠤᠯᠠᠲᠠᠶ ᠪᠣᠯ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠤ ᠶᠠᠪᠤᠳᠠᠯ ᠤᠨ ᠲᠣᠪᠴᠢᠶ᠎ᠠ︶ ᠳᠤ | ᠪᠠᠶᠢᠭᠤᠯᠬᠤ ᠭᠤᠶᠤᠴᠢᠯᠠᠯ ᠳᠤᠷᠠᠳᠴᠤ᠂ ᠬᠢᠨᠠᠨ ᠪᠠᠶᠢᠴᠠᠭᠠᠵᠤ ᠵᠥᠪᠰᠢᠶᠡᠷᠡᠭᠰᠡᠨ ᠤ ᠳᠠᠷᠠᠭ᠎ᠠ ᠰᠠᠶ᠋ᠢ ᠪᠦᠲᠦᠭᠡᠨ | ᠪᠠᠶᠢᠭᠤᠯᠵᠤ ᠪᠣᠯᠤᠨ᠎ᠠ᠃ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠲᠤᠷᠰᠢᠨ ᠠᠵᠢᠯᠯᠠᠬᠤ | ᠪᠤᠶᠤ ᠠᠵᠢᠯᠯᠠᠭᠠᠨ ᠪᠠᠨ ᠵᠣᠭᠰᠣᠭᠠᠬᠤ ᠬᠤᠭᠤᠴᠠᠭᠠᠨ ᠳᠤ᠂ ᠬᠠᠶᠠᠭᠳᠠᠮᠠᠯ ᠤᠰᠤ ᠶᠢ ᠭᠤᠤᠯ ᠮᠥᠷᠡᠨ ᠨᠠᠭᠤᠷ | ᠴᠥᠭᠦᠷᠥᠮ ᠳᠤ ᠰᠢᠭᠤᠳ ᠣᠷᠣᠭᠤᠯᠬᠤ ᠴᠢᠬᠤᠯᠠᠲᠠᠶ ᠪᠣᠯ ᠲᠤᠬᠠᠶ ᠶᠢᠨ ᠭᠠᠵᠠᠷ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ | ᠵᠥᠪᠰᠢᠶᠡᠷᠡᠭᠰᠡᠨ ᠤ ᠳᠠᠷᠠᠭ᠎ᠠ ᠰᠠᠶ᠋ᠢ ᠬᠢᠵᠦ ᠪᠣᠯᠤᠨ᠎ᠠ᠃ | 12. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠤᠰᠤᠭᠠᠷ ᠠᠵᠢᠯᠯᠠᠭᠠᠨ ᠤ ᠳᠤᠮᠳᠠ ᠭᠠᠷᠤᠭᠰᠠᠨ ᠪᠤᠵᠠᠷ ᠰᠢᠪᠠᠷ ᠢ ᠬᠤᠤᠷ ᠦᠭᠡᠢ ᠪᠣᠯᠭᠠᠨ | ᠰᠢᠶᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠶ᠃ ᠪᠤᠵᠠᠷ ᠰᠢᠪᠡᠷ ᠨᠢ ᠠᠶᠤᠯᠲᠠᠶ ᠬᠠᠶᠠᠭᠳᠠᠮᠠᠯ | ᠪᠣᠳᠠᠰ ᠲᠤ ᠬᠠᠷᠢᠶᠠᠯᠠᠭᠳᠠᠪᠠᠯ᠂ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ | ᠠᠶᠤᠯ ᠦᠭᠡᠢ ᠪᠠᠷ ᠰᠢᠶᠳᠪᠦᠷᠢᠯᠡᠬᠦ ᠬᠡᠷᠡᠭᠲᠡᠶ᠂ ᠡᠭᠦᠨ ᠤ ᠬᠠᠮᠲᠤ ᠰᠢᠶᠳᠪᠦᠷᠢᠯᠡᠭᠰᠡᠨ ᠤ ᠳᠠᠷᠠᠭᠠᠬᠢ ᠪᠤᠵᠠᠷ ᠰᠢᠪᠠᠷ ᠤᠨ | ᠴᠢᠭᠯᠡᠯ᠂ ᠬᠡᠷᠡᠭᠴᠡᠭᠡ᠂ ᠬᠡᠷᠡᠭᠯᠡᠬᠦ ᠬᠡᠮᠵᠢᠶ᠎ᠡ ᠵᠡᠷᠭᠡ ᠶᠢ ᠮᠥᠷᠳᠡᠵᠦ᠂ ᠲᠡᠮᠳᠡᠭᠯᠡᠵᠦ ᠮᠡᠳᠡᠭᠦᠯᠦᠨ᠂ ᠬᠤᠶᠠᠳᠠᠬᠢ ᠤᠳᠠᠭ᠎ᠠ | ᠪᠣᠬᠢᠷᠲᠤᠭᠤᠯᠤᠯ ᠭᠠᠷᠭᠠᠵᠤ ᠪᠣᠯᠬᠤ ᠦᠭᠡᠢ᠃ ᠤᠰᠤ ᠦᠭᠡᠶᠢᠳᠡᠭᠦᠯᠦᠨ ᠰᠢᠶᠳᠪᠦᠷᠢᠯᠡᠭᠰᠡᠨ ᠦᠭᠡᠢ ᠪᠠᠷᠢᠮᠵᠢᠶ᠎ᠠ ᠳᠤ | ᠬᠦᠷᠦᠭᠰᠡᠨ ᠦᠭᠡᠢ ᠪᠤᠵᠠᠷ ᠰᠢᠪᠠᠷ ᠢ ᠬᠤᠭ ᠨᠣᠪᠰᠢ ᠪᠤᠯᠠᠬᠤ ᠲᠠᠯᠠᠪᠠᠢ ᠳᠤ ᠪᠤᠯᠠᠬᠤ ᠶᠢ ᠬᠢᠵᠠᠭᠠᠷᠯᠠᠬᠤ ᠬᠡᠷᠡᠭᠲᠡᠶ᠃ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠣᠬᠢᠷ ᠰᠢᠪᠠᠷ ᠢ ᠲᠦᠷ ᠬᠠᠳᠠᠭᠠᠯᠠᠬᠤ | ᠴᠥᠭᠦᠷᠥᠮ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠵᠦ ᠴᠣᠬᠤᠯᠠᠪᠤᠷᠢᠯᠠᠬᠤ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ | ᠨᠡᠶᠢᠴᠡᠭᠦᠯᠬᠦ ᠬᠡᠷᠡᠭᠲᠡᠶ᠃ | 13. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠲᠤᠬᠠᠶ ᠶᠢᠨ ᠲᠠᠯᠠᠪᠠᠶ ᠶᠢᠨ | ᠨᠥᠬᠦᠴᠡᠯ ᠨᠢ ᠦᠮᠡᠬᠡᠶ ᠬᠡᠢ ᠴᠤᠭᠯᠠᠭᠤᠯᠵᠤ ᠬᠦᠷᠭᠡᠬᠦ ᠰᠢᠰᠲ᠋ᠧᠮ ᠵᠢᠴᠢ ᠤᠷᠠᠨ ᠲᠠᠷᠬ᠎ᠠ ᠶᠢᠨ ᠠᠵᠢᠯᠯᠠᠭᠠᠨ ᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠦᠮᠡᠬᠡᠶ ᠦᠨᠦᠷ ᠠᠷᠢᠯᠭᠠᠬᠤ ᠲᠥᠬᠦᠭᠡᠷᠦᠮᠵᠢ ᠪᠠᠷ | ᠭᠠᠳᠠᠭᠰᠢᠯᠠᠭᠤᠯᠤᠭᠰᠠᠨ ᠬᠡᠢ ᠪᠡᠶᠡᠲᠦ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ ᠭᠠᠳᠠᠭᠰᠢᠯᠠᠭᠤᠯᠵᠤ᠂ ︽ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠣᠬᠢᠷ ᠪᠣᠳᠠᠰ ᠭᠠᠳᠠᠭᠰᠢᠯᠠᠭᠤᠯᠬᠤ | ᠪᠠᠷᠢᠮᠵᠢᠶ᠎ᠠ︾ ︵GB18918-2002︶ ᠶᠢᠨ ᠲᠣᠭᠲᠠᠭᠠᠯ ᠳᠤ ᠨᠡᠶᠢᠴᠡᠭᠰᠡᠨ ᠦᠶᠯᠡᠳᠪᠦᠷᠢ ᠶᠢᠨ ᠵᠠᠭᠠᠭ ︵ | ᠰᠡᠷᠭᠡᠶᠢᠯᠡᠨ ᠬᠠᠮᠠᠭᠠᠯᠠᠬᠤ ᠪᠦᠰᠡ ᠶᠢᠨ ᠬᠥᠪᠡᠭᠡ ᠵᠠᠬ᠎ᠠ︶ ᠤᠨ ᠬᠠᠶᠠᠭᠳᠠᠮᠠᠯ ᠬᠡᠢ ᠪᠣᠬᠢᠷ ᠪᠣᠳᠠᠰ ᠢ ᠬᠠᠮᠤᠭ ᠤᠨ | ᠥᠨᠳᠥᠷ ᠵᠥᠪᠰᠢᠶᠡᠷᠡᠬᠦ ᠥᠳᠬᠡᠴᠡ ᠳᠤ ᠬᠦᠷᠦᠭᠦᠯᠦᠨ᠎ᠡ᠃ | 14. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠠᠷᠭ᠎ᠠ ᠬᠡᠮᠵᠢᠶ᠎ᠡ ᠠᠪᠴᠤ ᠭᠤᠤᠯ | ᠲᠥᠬᠦᠭᠡᠷᠦᠮᠵᠢ ᠶᠢᠨ ᠱᠤᠤᠭᠢᠶᠠᠨ ᠬᠡᠯᠪᠡᠯᠵᠡᠯ ᠢ ᠬᠢᠵᠠᠭᠠᠷᠯᠠᠬᠤ ᠬᠡᠷᠡᠭᠲᠡᠶ᠃ ᠡᠭᠦᠨ ᠤ ᠬᠠᠮᠲᠤ ᠦᠶᠯᠡᠳᠪᠦᠷᠢ ᠶᠢᠨ | ᠵᠠᠭᠠᠭ ᠤᠨ ᠣᠷᠴᠢᠨ ᠲᠣᠭᠤᠷᠢᠨ ᠤ ᠱᠤᠤᠭᠢᠶᠠᠨ ᠨᠢ ᠪᠣᠬᠢᠷᠲᠤᠯ ᠪᠣᠯᠬᠤ ᠦᠭᠡᠢ ᠶᠢ ᠬᠢᠵᠠᠭᠠᠷᠯᠠᠵᠤ᠂ ᠪᠡᠯᠡᠳᠬᠡᠮᠵᠢ | ᠪᠣᠯᠤᠨ ᠲᠥᠬᠦᠭᠡᠷᠦᠮᠵᠢ ᠶᠢᠨ ᠳᠣᠷᠭᠢᠯᠲᠠ ᠱᠤᠤᠭᠢᠶᠠᠨ ᠢ ᠪᠠᠭᠠᠰᠬᠠᠬᠤ ᠦᠷ᠎ᠡ ᠪᠦᠲᠦᠮᠵᠢ᠂ ᠣᠷᠴᠢᠨ ᠲᠣᠭᠤᠷᠢᠨ ᠤ | ᠱᠤᠤᠭᠢᠶᠠᠨ ᠢ ᠬᠢᠵᠠᠭᠠᠷᠯᠠᠬᠤ ᠦᠷ᠎ᠡ ᠪᠦᠲᠦᠮᠵᠢ ᠨᠢ ︽ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠦᠶᠯᠡᠳᠪᠦᠷᠢ ᠶᠢᠨ ᠵᠠᠭᠠᠭ ᠤᠨ ᠱᠤᠤᠭᠢᠶᠠᠨ ᠤ ᠪᠠᠷᠢᠮᠵᠢᠶ᠎ᠠ︾ ︵GB12348-2008︶ ᠵᠢᠴᠢ ᠦᠶᠯᠡᠳᠪᠦᠷᠢ | ᠪᠠᠶᠢᠭᠤᠯᠬᠤ ᠣᠷᠴᠢᠨ ᠲᠣᠭᠤᠷᠢᠨ ᠤ ᠨᠥᠯᠥᠭᠡ ᠶᠢ ᠦᠨᠡᠯᠡᠵᠦ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠮᠢᠶ᠎ᠠ | ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠳᠥᠷᠪᠡ︶ ᠠᠶᠤᠯ ᠦᠭᠡᠢ ᠦᠶᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | 15. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠦᠷᠭᠦᠯᠵᠢᠯᠡᠨ ᠡᠷᠭᠢᠯᠳᠦᠭᠦᠯᠬᠦ | ᠬᠡᠷᠡᠭᠲᠡᠶ᠂ ᠳᠤᠷ᠎ᠠ ᠪᠠᠷ ᠢᠶᠠᠨ ᠡᠷᠭᠢᠯᠳᠦᠭᠦᠯᠬᠦ ᠶᠢ ᠵᠣᠭᠰᠣᠭᠠᠵᠤ ᠪᠣᠯᠬᠤ ᠦᠭᠡᠢ᠂ ᠵᠢᠯ ᠤᠨ ᠡᠷᠭᠢᠯᠲᠡ ᠶᠢᠨ ᠡᠳᠦᠷ ᠤᠨ | ᠲᠤᠭ᠎ᠠ ᠨᠢ 350 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠂ ᠬᠡᠷᠪᠡ ᠪᠤᠰᠤᠳ ᠭᠡᠨᠡᠳᠲᠡ ᠶᠢᠨ ᠬᠡᠷᠡᠭ | ᠭᠠᠷᠪᠠᠯ ᠦᠢᠯᠡᠳᠪᠦᠷᠢ ᠪᠠᠨ ᠵᠣᠭᠰᠤᠭᠠᠬᠤ ᠪᠠ ᠪᠠᠭᠠᠰᠬᠠᠪᠠᠯ᠂ ᠶᠠᠪᠤᠴᠠ ᠨᠢ ᠱᠠᠭᠠᠷᠳᠠᠯᠭ᠎ᠠ ᠳᠤ ᠨᠡᠶᠢᠴᠡᠨ᠎ᠡ᠃ | ᠲᠥᠬᠦᠭᠡᠷᠦᠮᠵᠢ ᠪᠠᠨ ᠶᠡᠭᠡ ᠪᠠᠷ ᠵᠠᠰᠠᠬᠤ᠂ ᠪᠠᠶᠢᠴᠠᠭᠠᠨ ᠵᠠᠰᠠᠬᠤ᠂ ᠬᠠᠮᠠᠭᠠᠯᠠᠬᠤ ᠵᠡᠷᠭᠡ ᠠᠴᠠ ᠪᠣᠯᠵᠤ | ᠦᠢᠯᠡᠳᠪᠦᠷᠢᠯᠡᠯ ᠢᠶᠠᠨ ᠪᠠᠭᠠᠰᠬᠠᠬᠤ᠂ ᠦᠢᠯᠡᠳᠪᠦᠷᠢᠯᠡᠯ ᠢᠶᠠᠨ ᠵᠣᠭᠰᠣᠭᠠᠬᠤ ᠴᠢᠬᠤᠯᠠᠲᠠᠶ ᠪᠣᠯᠪᠠᠯ᠂ 15 ᠠᠵᠢᠯᠯᠠᠬᠤ | ᠡᠳᠦᠷ ᠤᠨ ᠡᠮᠦᠨ᠎ᠡ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠪᠣᠯᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠭᠤᠶᠤᠴᠢᠯᠠᠯ ᠭᠠᠷᠭᠠᠬᠤ | ᠴᠢᠬᠤᠯᠠᠲᠠᠶ᠃ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠲᠣᠭᠲᠠᠭᠰᠠᠨ ᠴᠠᠭ ᠬᠤᠭᠤᠴᠠᠭ᠎ᠠ | ᠶᠣᠰᠣᠭᠠᠷ ᠬᠡᠪ ᠤᠨ ᠠᠵᠢᠯᠯᠠᠭᠠᠨ ᠪᠠᠨ ᠰᠡᠷᠭᠦᠭᠡᠬᠦ ᠬᠡᠷᠡᠭᠲᠡᠶ᠃ | 16. ᠭᠡᠨᠡᠳᠲᠡ ᠡᠭᠦᠰᠦᠭᠰᠡᠨ ᠬᠡᠷᠡᠭ ᠠᠴᠠ ᠪᠣᠯᠵᠤ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠦᠢᠯᠡᠳᠪᠦᠷᠢ ᠢ ᠪᠥᠬᠦᠨ ᠢ ᠪᠤᠶᠤ ᠬᠡᠰᠡᠭ ᠲᠥᠬᠦᠭᠡᠷᠦᠮᠵᠢ ᠶᠢ ᠠᠵᠢᠯᠯᠠᠭᠤᠯᠬᠤ ᠪᠠᠨ ᠵᠣᠭᠰᠣᠭᠠᠭᠰᠠᠨ ᠪᠣᠯ ᠬᠤᠲᠠ | ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠠᠶᠤᠯᠭᠦᠶ ᠠᠵᠢᠯᠯᠠᠭᠠᠨ ᠤ ᠪᠠᠴᠢᠮ ᠪᠠᠶᠢᠳᠠᠯ ᠢ ᠠᠷᠭᠠᠴᠠᠬᠤ | ᠲᠥᠰᠦᠯ ᠢᠶᠠᠨ ᠳᠠᠷᠦ᠋ᠢᠬᠠᠨ ᠡᠬᠢᠯᠡᠭᠦᠯᠵᠦ᠂ ᠪᠠᠶᠢᠴᠠᠭᠠᠨ ᠵᠠᠰᠠᠬᠤ ᠬᠡᠷᠡᠭᠲᠡᠶ᠃ 2 ᠴᠠᠭ ᠤᠨ ᠳᠣᠲᠣᠷ᠎ᠠ ᠲᠤᠬᠠᠶ ᠶᠢᠨ | ᠭᠠᠵᠠᠷ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠦᠨ᠎ᠡ᠃ ᠬᠡᠪ ᠤᠨ ᠶᠣᠰᠣᠭᠠᠷ ᠠᠵᠢᠯᠯᠠᠭᠰᠠᠨ ᠤ | ᠳᠠᠷᠠᠭ᠎ᠠ᠂ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ 10 ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ | ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ | 17. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠬᠢᠨᠠᠨ ᠰᠢᠯᠭᠠᠬᠤ ᠳᠤᠮᠳᠠ᠂ ᠬᠤᠲᠠ ᠪᠠᠯᠭᠠᠰᠤᠨ ᠤ | ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢ ᠬᠠᠮᠠᠭᠠᠯᠠᠨ ᠠᠵᠢᠯᠯᠠᠭᠤᠯᠬᠤ ᠨᠢᠭᠡᠴᠢ ᠳᠤ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠵᠢᠴᠢ ᠬᠠᠮᠠᠭᠠᠯᠠᠨ ᠠᠵᠢᠯᠯᠠᠭᠤᠯᠬᠤ ᠭᠡᠷ᠎ᠡ ᠶᠣᠰᠣᠭᠠᠷ | ᠬᠠᠮᠠᠭᠠᠯᠠᠨ ᠠᠵᠢᠯᠯᠠᠭᠤᠯᠤᠭᠰᠠᠨ ᠦᠭᠡᠢ᠂ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠳᠥᠬᠦᠭᠡᠷᠦᠮᠵᠢ ᠵᠢᠨᠠᠵᠢᠯᠯᠠᠬᠤ ᠶᠢ ᠳᠤᠷ᠎ᠠ ᠪᠠᠷ ᠢᠶᠠᠨ ᠵᠣᠭᠰᠣᠭᠠᠬᠤ ᠪᠤᠶᠤ ᠬᠡᠰᠡᠭ ᠲᠠᠯ᠎ᠠ ᠪᠠᠷ ᠵᠣᠭᠰᠣᠭᠠᠭᠰᠠᠨ᠂ | ᠡᠰᠡᠬᠦᠯ᠎ᠡ ᠠᠮᠤᠷ ᠲᠦᠪᠰᠢᠨ ᠢᠶᠠᠷ ᠠᠵᠢᠯᠯᠠᠬᠤ ᠶᠢᠨ ᠠᠷᠭ᠎ᠠ ᠦᠭᠡᠢ ᠪᠣᠯᠤᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ | ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠠᠵᠢᠯᠯᠠᠭᠤᠯᠬᠤ ᠨᠢᠭᠡᠴᠢ ᠶᠢ | ᠱᠠᠭᠠᠷᠳᠠᠵᠤ ᠪᠠᠶᠢᠭᠠᠳ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ | ᠱᠠᠭᠠᠷᠳᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠠᠮᠤᠷ ᠲᠦᠪᠰᠢᠨ ᠢᠶᠠᠷ ᠠᠵᠢᠯᠯᠠᠭᠤᠯᠬᠤ ᠶᠢᠨ ᠠᠷᠭ᠎ᠠ ᠦᠭᠡᠢ ᠪᠣᠯ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠨᠢ ᠬᠠᠮᠠᠭᠠᠯᠠᠵᠤ ᠠᠵᠢᠯᠯᠠᠭᠤᠯᠬᠤ ᠭᠡᠷ᠎ᠡ ᠪᠠᠨ ᠳᠠᠭᠤᠰᠬᠠᠵᠤ ᠪᠣᠯᠤᠨ᠎ᠠ᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢ ᠬᠠᠮᠠᠭᠠᠯᠠᠨ | ᠠᠵᠢᠯᠯᠠᠭᠤᠯᠬᠤ ᠨᠢᠭᠡᠴᠢ ᠲᠠᠢ ᠲᠣᠭᠲᠠᠭᠰᠠᠨ ᠬᠠᠮᠠᠭᠠᠯᠠᠨ ᠠᠵᠢᠯᠯᠠᠭᠤᠯᠬᠤ ᠭᠡᠷ᠎ᠡ ᠪᠠᠨ ᠵᠣᠭᠰᠣᠭᠠᠭᠰᠠᠨ ᠪᠠᠶᠢᠪᠠᠯ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ | ᠪᠡᠯᠡᠳᠬᠡᠮᠵᠢ ᠶᠢᠨ ᠠᠶᠤᠯ ᠦᠭᠡᠢ ᠠᠵᠢᠯᠯᠠᠭᠠᠨ ᠢ ᠪᠠᠲᠤᠯᠠᠬᠤ ᠬᠡᠷᠡᠭᠲᠡᠶ᠃ | 18. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ ᠠᠶᠤᠯ ᠦᠭᠡᠶ | ᠦᠶᠯᠡᠳᠪᠦᠷᠢᠯᠡᠯ ᠤᠨ ᠰᠣᠷᠢᠯᠲᠠ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠠᠵᠢᠯᠲᠠᠨ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠠᠶᠤᠯ ᠦᠭᠡᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠬᠢᠬᠦ ᠬᠡᠷᠡᠭᠲᠡᠶ᠃ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠪᠦᠷᠢᠨ ᠲᠡᠭᠦᠯᠳᠡᠷ ᠪᠡᠯᠡᠳᠬᠡᠯ ᠲᠥᠰᠦᠯ ᠢ ᠪᠠᠶᠢᠭᠤᠯᠤᠨ | ᠲᠡᠭᠦᠯᠳᠡᠷᠵᠢᠭᠦᠯᠵᠦ᠂ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠵᠠᠷᠴᠢᠮ᠂ ᠨᠠᠶᠢᠷᠠᠭᠤᠯᠤᠨ ᠵᠣᠬᠢᠶᠠᠬᠤ ᠦᠨᠳᠦᠰᠦ | ᠪᠠᠷᠢᠮᠲᠠ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠶ ᠲᠣᠳᠣᠷᠬᠠᠶᠢᠯᠠᠬᠤ ᠪᠠᠭᠲᠠᠭᠠᠨ᠎ᠠ᠃ ᠪᠠᠴᠢᠮ ᠪᠠᠶᠢᠳᠠᠯ ᠢ ᠠᠷᠭᠠᠴᠠᠬᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠬᠤ ᠪᠥᠭᠡᠳ ᠲᠡᠭᠦᠨ ᠤ ᠲᠤᠰᠢᠶᠠᠯ ᠬᠠᠷᠢᠭᠤᠴᠠᠯᠭ᠎ᠠ᠂ ᠡᠷᠬᠡ | ᠠᠰᠢᠭ ᠪᠠ ᠡᠭᠦᠷᠭᠡ ᠶᠢ ᠲᠣᠳᠣᠷᠬᠠᠶᠢᠯᠠᠨ᠎ᠠ᠃ ᠪᠣᠳᠠᠲᠠᠶ ᠣᠨᠴᠠᠯᠢᠭ ᠢ ᠦᠨᠳᠦᠰᠦᠯᠡᠨ ᠡᠯ᠎ᠡ ᠵᠦᠶᠯ ᠤᠨ ᠪᠠᠴᠢᠮ | ᠪᠠᠶᠢᠳᠠᠯ ᠢ ᠠᠷᠭᠠᠴᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠂ ᠡᠭᠦᠨ ᠳᠤ᠄ ᠴᠠᠬᠢᠯᠭᠠᠨ ᠳᠤ | ᠴᠣᠬᠢᠭᠳᠠᠬᠤ᠂ ᠬᠤᠤᠷᠳᠠᠭᠳᠠᠬᠤ᠂ ᠦᠶᠡᠷ ᠢ ᠰᠡᠷᠭᠡᠶᠢᠯᠡᠬᠦ᠂ ᠵᠠᠩᠭᠢᠯᠠᠭ᠎ᠠ ᠶᠢᠨ ᠴᠢᠨᠠᠷᠲᠠᠶ ᠦᠶᠯᠡᠳᠪᠦᠷᠢᠯᠡᠯ ᠤᠨ | ᠲᠥᠬᠦᠭᠡᠷᠦᠮᠵᠢ ᠶᠢ ᠪᠠᠴᠢᠮ ᠲᠦᠷᠭᠡᠨ ᠵᠠᠪᠳᠤᠨ ᠵᠠᠰᠠᠬᠤ᠂ ᠤᠰᠤᠨ ᠤ ᠴᠢᠨᠠᠷ ᠤᠨ ᠬᠦᠨᠳᠦ ᠶᠡᠭᠡ ᠪᠣᠬᠢᠷᠲᠤᠯ᠂ | ᠬᠦᠨᠳᠦ ᠨᠣᠴᠢᠲᠠᠶ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠬᠤ᠂ ᠳᠠᠷᠤᠯᠲᠠᠲᠤ ᠰᠠᠪᠠ ᠶᠢᠨ ᠭᠡᠨᠡᠳᠡᠯ᠂ ᠾᠯᠣᠷᠲᠤ ᠬᠡᠢ | ᠯᠡᠪᠡᠷᠡᠬᠦ᠂ ᠨᠠᠮᠤᠭ ᠤᠨ ᠬᠡᠢ ᠯᠡᠪᠡᠷᠡᠬᠦ᠂ ᠬᠦᠬᠦᠷᠲᠦ ᠤᠰᠤᠲᠥ᠋ᠷᠥᠭᠴᠢ ᠵᠡᠷᠭᠡ ᠬᠤᠤᠷᠲᠤ ᠬᠡᠢ ᠪᠡᠶᠡᠲᠦ ᠯᠡᠪᠡᠷᠡᠬᠦ᠂ | ᠭᠠᠯ ᠢ ᠰᠡᠷᠭᠡᠶᠢᠯᠡᠵᠦ ᠳᠡᠯᠪᠡᠷᠡᠬᠦ ᠶᠢ ᠰᠡᠷᠭᠡᠶᠢᠯᠡᠬᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ᠂ ᠤᠰᠤᠨ ᠳᠤ | ᠵᠢᠪᠪᠦᠬᠦ ᠠᠴᠠ ᠰᠡᠷᠭᠡᠶᠢᠯᠡᠬᠦ᠂ ᠥᠨᠳᠥᠷ ᠠᠭᠠᠷ ᠠᠴᠠ ᠤᠨᠠᠬᠤ ᠪᠠ ᠰᠢᠨᠵᠢᠯᠡᠨ ᠪᠠᠶᠢᠴᠠᠭᠠᠬᠤ ᠲᠠᠰᠤᠭ ᠤᠨ ᠠᠳᠡᠯ | ᠭᠠᠷᠬᠤ ᠶᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ | ᠲᠣᠨᠤᠭ ᠲᠥᠬᠦᠭᠡᠷᠦᠮᠵᠢ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ ᠶᠢᠨ | ᠪᠠᠲᠤᠯᠠᠭ᠎ᠠ᠂ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ ᠪᠠᠲᠤᠯᠠᠭ᠎ᠠ ᠵᠡᠷᠭᠡ ᠪᠠᠶᠢᠨ᠎ᠠ᠃ ᠵᠢᠯ ᠪᠦᠷᠢ ᠨᠠᠭᠠᠳᠤ | ᠵᠠᠬ᠎ᠠ ᠳᠠᠭᠠᠨ ᠨᠢᠭᠡ ᠤᠳᠠᠭ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠬᠢᠬᠦ ᠬᠡᠷᠡᠭᠲᠡᠶ᠃ | ᠪᠣᠯᠪᠠᠰᠤᠷᠠᠭᠤᠯᠬᠤ᠂ ᠰᠣᠷᠢᠯᠲᠠ ᠬᠢᠬᠦ ᠳᠤ ᠪᠦᠷᠢᠨ ᠪᠦᠲᠦᠨ ᠮᠡᠳᠡᠭᠡ ᠵᠠᠩᠭᠢ ᠶᠢᠨ ᠲᠡᠮᠳᠡᠭᠯᠡᠯ ᠤᠨ ᠡᠬᠡ ᠳᠠᠩᠰᠠ ᠲᠠᠢ | ᠪᠠᠶᠢᠬᠤ ᠬᠡᠷᠡᠭᠲᠡᠶ᠃ | ︵ᠲᠠᠪᠤ︶ ᠮᠡᠳᠡᠭᠡ ᠵᠠᠩᠭᠢ ᠶᠢᠨ ᠲᠡᠮᠳᠡᠭᠯᠡᠯ ᠬᠢᠭᠡᠳ ᠬᠠᠮᠢᠶᠠᠷᠤᠯᠲᠠ | 19. ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠪᠣᠬᠢᠷ ᠤᠰᠤ ᠰᠢᠢᠳᠪᠦᠷᠢᠯᠡᠬᠦ | ᠦᠶᠯᠡᠳᠪᠦᠷᠢ ᠶᠢᠨ ᠲᠥᠬᠦᠭᠡᠷᠦᠮᠵᠢ ᠶᠢᠨ ᠠᠵᠢᠯᠯᠠᠭᠠᠨ ᠤ ᠡᠬᠡ ᠳᠠᠩᠰᠠ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠬᠡ ᠳᠠᠩᠰᠠ᠂ ᠲᠥᠬᠦᠭᠡᠷᠦᠮᠵᠢ ᠶᠢ ᠥᠭᠡᠷᠡᠴᠢᠯᠡᠬᠦ ᠡᠬᠡ ᠳᠠᠩᠰᠠ ᠪᠠᠶᠢᠭᠤᠯᠬᠤ ᠵᠢᠴᠢ ᠬᠠᠮᠢᠶ᠎ᠠ ᠪᠦᠬᠦᠢ | ᠮᠡᠳᠡᠭᠡ ᠵᠠᠩᠭᠢ ᠶᠢᠨ ᠡᠬᠡ ᠳᠠᠩᠰᠠ ᠶᠢ ᠲᠡᠮᠳᠡᠭᠯᠡᠬᠦ ᠠᠵᠢᠯ ᠢ ᠬᠢᠨ᠎ᠡ ᠃ ᠪᠡᠯᠡᠳᠬᠡᠮᠵᠢ ᠶᠢᠨ ᠠᠵᠢᠯᠯᠠᠭᠠᠨ ᠤ ᠡᠬᠡ | ᠲᠠᠩᠰᠠ ᠳᠤ ᠡᠳᠦᠷ ᠤᠨ ᠠᠬᠢᠴᠠ᠂ ᠤᠰᠤ ᠭᠠᠷᠭᠠᠬᠤ ᠤᠰᠤᠨ ᠤ ᠬᠡᠮᠵᠢᠶ᠎ᠡ᠂ ᠤᠰᠤᠨ ᠤ ᠴᠢᠨᠠᠷ ᠪᠠ ᠪᠤᠵᠠᠷ | ᠰᠢᠪᠠᠷ ᠤᠨ ᠡᠭᠦᠰᠬᠦ ᠬᠡᠮᠵᠢᠶ᠎ᠡ᠂ ᠰᠢᠯᠵᠢᠭᠦᠯᠬᠦ ᠬᠡᠮᠵᠢᠶ᠎ᠡ ᠵᠢᠴᠢ ᠴᠢᠭᠯᠡᠯ ᠤᠨ ᠪᠠᠶᠢᠳᠠᠯ︔ ᠬᠡᠢ ᠲᠡᠰᠦᠷᠡᠭᠦᠯᠬᠦ ᠮᠠᠰᠢᠨ | ᠵᠡᠷᠭᠡ ᠭᠤᠣᠯ ᠪᠣᠯᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠪᠠ ᠠᠷᠠᠴᠢᠯᠠᠨ ᠬᠠᠮᠠᠭᠠᠯᠠᠯᠲᠠ ᠪᠠ ᠰᠡᠯᠪᠢᠨ | ᠵᠠᠰᠠᠯᠲᠠ ᠶᠢᠨ ᠪᠠᠶᠢᠳᠠᠯ ᠵᠡᠷᠭᠡ︔ ᠰᠠᠷ᠎ᠠ ᠪᠠᠷ ᠲᠡᠮᠳᠡᠭᠯᠡᠭᠰᠡᠨ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ᠂ | ᠡᠮ ᠬᠡᠷᠡᠭᠯᠡᠬᠦ ᠬᠡᠮᠵᠢᠶ᠎ᠡ᠂ ᠬᠠᠭᠤᠷᠠᠶ ᠪᠤᠵᠠᠷ ᠰᠢᠪᠠᠷ ᠢ ᠰᠢᠶᠳᠪᠦᠷᠢᠯᠡᠬᠦ ᠬᠡᠮᠵᠢᠶ᠎ᠡ ᠵᠡᠷᠭᠡ ᠶᠢ ᠲᠡᠮᠳᠡᠭᠯᠡᠬᠦ ᠬᠡᠷᠡᠭᠲᠡᠢ᠃ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠬᠡ ᠲᠠᠩᠰᠠ ᠳᠤ ᠪᠣᠬᠢᠷ ᠤᠰᠤ ᠰᠢᠶᠳᠪᠦᠷᠢᠯᠡᠬᠦ | ᠳᠥᠬᠦᠭᠡᠷᠦᠮᠵᠢ ᠶᠢᠨ ᠦᠨᠳᠦᠰᠦᠨ ᠪᠠᠶᠢᠳᠠᠯ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠡᠷᠭᠡ | ᠪᠠᠶᠢᠳᠠᠯ︔ ᠲᠥᠬᠦᠭᠡᠷᠦᠮᠵᠢ ᠶᠢᠨ ᠠᠵᠢᠯᠯᠠᠭᠠᠨ ᠠᠴᠠ ᠡᠭᠦᠰᠦᠭᠰᠡᠨ ᠴᠠᠬᠢᠯᠭᠠᠨ ᠬᠤᠷᠣᠭᠳᠠᠯ᠂ ᠡᠮ ᠤᠨ ᠬᠤᠷᠣᠭᠳᠠᠯ᠂ | ᠪᠤᠵᠠᠷ ᠰᠢᠪᠠᠷ ᠢ ᠪᠠᠭᠠᠰᠬᠠᠨ ᠰᠢᠶᠳᠪᠦᠷᠢᠯᠡᠭᠰᠡᠨ ᠪᠠ ᠬᠤᠤᠷ ᠦᠭᠡᠶᠢᠵᠢᠭᠦᠯᠦᠨ ᠰᠢᠶᠳᠪᠦᠷᠢᠯᠡᠭᠰᠡᠨ ᠵᠡᠷᠭᠡ ᠪᠠᠶᠢᠳᠠᠯ︔ | ᠰᠢᠨ᠎ᠡ ᠪᠠᠷ ᠨᠡᠮᠡᠭᠳᠡᠭᠰᠡᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠵᠢᠴᠢ ᠠᠵᠢᠯᠠᠯᠭᠠᠨᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠶᠢᠨ ᠬᠥᠳᠡᠯᠦᠩᠭᠦᠶ ᠬᠤᠪᠢᠷᠠᠯᠲᠠ ᠶᠢᠨ | ᠪᠠᠶᠢᠳᠠᠯ ᠵᠡᠷᠭᠡ ᠶᠢ ᠲᠡᠮᠳᠡᠭᠯᠡᠬᠦ ᠬᠡᠷᠡᠭᠲᠡᠢ᠃ ᠲᠥᠬᠦᠭᠡᠷᠦᠮᠵᠢ ᠶᠢ ᠥᠭᠡᠷᠡᠴᠢᠯᠡᠬᠦ ᠡᠬᠡ ᠲᠠᠩᠰᠠ ᠳᠤ ᠬᠤᠭᠤᠯᠠᠶ ᠶᠢᠨ | ᠲᠣᠤᠷ ᠢ ᠲᠡᠭᠦᠯᠳᠡᠷᠵᠢᠭᠦᠯᠦᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠨᠡᠮᠡᠭᠳᠡᠭᠦᠯᠬᠦ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ︔ ᠪᠣᠬᠢᠷ ᠤᠰᠤ ᠰᠢᠶᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠪᠠ ᠵᠠᠰᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ᠂ ᠪᠣᠬᠢᠷ ᠤᠰᠤ ᠶᠢ ᠡᠭᠡᠭᠦᠯᠦᠨ ᠬᠡᠷᠡᠭᠯᠡᠵᠦ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠡᠮᠵᠢᠶ᠎ᠡ ᠶᠢ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ᠂ ᠬᠠᠮᠢᠶ᠎ᠠ ᠪᠥᠬᠦᠶ ᠮᠡᠳᠡᠭᠡ | ᠵᠠᠩᠭᠢ ᠶᠢᠨ ᠡᠬᠡ ᠲᠠᠩᠰᠠ ᠳᠤ ᠪᠦᠷᠢᠨ ᠪᠦᠲᠦᠨ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ᠂ ᠠᠵᠢᠯᠯᠠᠭᠠᠨ ᠤ | ᠭᠡᠷᠡᠴᠢ᠂ ᠠᠵᠢᠯᠯᠠᠭᠠᠨ ᠤ ᠮᠡᠳᠡᠭᠦᠯᠦᠯᠲᠡ ᠵᠡᠷᠭᠡ ᠶᠢ ᠲᠡᠮᠳᠡᠭᠯᠡᠬᠦ ᠬᠡᠷᠡᠭᠲᠡᠶ᠃ | ︵ᠵᠢᠷᠭᠤᠭ᠎ᠠ︶ ᠪᠣᠬᠢᠷ ᠤᠰᠤ ᠰᠢᠶᠳᠪᠦᠷᠢᠯᠡᠬᠦ ᠡᠯ᠎ᠡ ᠲᠥᠷᠥᠯ ᠤᠨ ᠵᠠᠷᠤᠳᠠᠯ ᠢ ᠰᠠᠯᠭᠠᠨ ᠥᠭᠬᠦ ᠪᠠ ᠬᠡᠷᠡᠭᠯᠡᠬᠦ | 20. ᠪᠣᠬᠢᠷ ᠤᠰᠤ ᠰᠢᠶᠳᠪᠦᠷᠢᠯᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠳᠤ ᠣᠷᠣᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠪᠣᠬᠢᠷ ᠰᠢᠪᠡᠷ ᠰᠢᠶᠳᠪᠦᠷᠢᠯᠡᠬᠦ ᠶᠠᠪᠤᠳᠠᠯ ᠳᠤ ᠲᠤᠰᠬᠠᠶ ᠵᠦᠶᠯ ᠢᠶᠠᠷ | ᠬᠡᠷᠡᠭᠯᠡᠬᠦ ᠠᠴᠠ ᠪᠢᠰᠢ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠪᠣᠬᠢᠷ ᠤᠰᠤ ᠰᠢᠶᠳᠪᠦᠷᠢᠯᠡᠬᠦ | ᠰᠦᠶᠳᠬᠡᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ | ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠥᠪᠡᠷ ᠤᠨ ᠥᠷᠲᠡᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ᠣᠨᠴᠠᠭᠠᠢ ᠰᠢᠯᠲᠠᠭᠠᠨ ᠠᠴᠠ ᠪᠣᠯᠵᠤ᠂ ᠬᠤᠷᠢᠶᠠᠭᠰᠠᠨ ᠪᠣᠬᠢᠷ ᠤᠰᠤ ᠰᠢᠶᠳᠪᠦᠷᠢᠯᠡᠬᠦ ᠰᠦᠶᠳᠬᠡᠯ ᠨᠢ ᠬᠤᠲᠠ | ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠥᠪᠡᠷ ᠤᠨ ᠥᠷᠲᠡᠭ ᠢ | ᠥᠭᠴᠦ ᠭᠦᠶᠴᠡᠬᠦ ᠦᠭᠡᠢ ᠪᠣᠯ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠨᠥᠬᠦᠪᠥᠷᠢ | ᠣᠯᠭᠤᠨ᠎ᠠ᠃ ᠪᠣᠬᠢᠷ ᠤᠰᠤ ᠰᠢᠶᠳᠪᠦᠷᠢᠯᠡᠬᠦ ᠰᠦᠶᠳᠬᠡᠯ ᠢ ᠬᠤᠷᠢᠶᠠᠭᠰᠠᠨ᠂ ᠬᠡᠷᠡᠭᠯᠡᠭᠰᠡᠨ ᠪᠠᠶᠢᠳᠠᠯ ᠢᠶᠠᠨ ᠨᠡᠶᠢᠭᠡᠮ ᠳᠤ | ᠢᠯᠡ ᠪᠣᠯᠭᠠᠬᠤ ᠬᠡᠷᠡᠭᠲᠡᠶ᠃ | 21.ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢ | ᠬᠠᠮᠠᠭᠠᠯᠠᠨ ᠠᠵᠢᠯᠯᠠᠭᠤᠯᠬᠤ ᠨᠢᠭᠡᠴᠢ ᠶᠢᠨ ᠬᠠᠮᠠᠭᠠᠯᠠᠨ ᠠᠵᠢᠯᠯᠠᠭᠤᠯᠬᠤ ᠭᠡᠷ᠎ᠡ ᠪᠠᠨ ᠭᠦᠶᠴᠡᠳᠬᠡᠭᠰᠡᠨ ᠪᠠᠶᠢᠳᠠᠯ ᠵᠢᠴᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠲᠠ ᠪᠠᠯᠭᠠᠰᠤᠨ ᠤ | ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ ᠶᠢᠨ ᠤᠰᠤ ᠭᠠᠷᠬᠤ ᠤᠰᠤᠨ ᠤ ᠴᠢᠨᠠᠷ ᠪᠣᠯᠤᠨ ᠤᠰᠤᠨ ᠤ ᠬᠡᠮᠵᠢᠶ᠎ᠡ ᠶᠢ | ᠬᠢᠨᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠤ ᠦᠶᠯᠡᠴᠢᠯᠡᠭᠡᠨ ᠤ ᠵᠠᠷᠤᠳᠠᠯ ᠢ ᠬᠢᠨᠠᠨ ᠲᠣᠭᠲᠠᠭᠠᠬᠤ ᠬᠡᠷᠡᠭᠲᠡᠶ᠃ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠪᠠᠯᠭᠠᠰᠤᠨ | ᠤ ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ ᠶᠢᠨ ᠡᠵᠡᠩᠨᠡᠯᠲᠡ ᠶᠢᠨ ᠦᠶᠯᠡᠴᠢᠯᠡᠭᠡᠨ ᠤ ᠰᠦᠶᠳᠬᠡᠯ ᠢ ᠴᠠᠭ | ᠲᠤᠬᠠᠶ ᠳᠤᠨᠢ᠂ ᠭᠦᠶᠴᠡᠳ ᠲᠤᠭ᠎ᠠ ᠪᠠᠷ ᠰᠠᠯᠭᠠᠨ ᠥᠭᠬᠦ ᠬᠡᠷᠡᠭᠲᠡᠶ᠃ | 22. ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠤᠨ ᠲᠣᠪᠴᠢᠶ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠤ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠱᠠᠩᠨᠠᠯ ᠤᠨ ᠪᠡᠯᠡ | ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠬᠤᠲᠠ ᠪᠠᠯᠭᠠᠰᠤᠨ ᠤ ᠪᠣᠬᠢᠷ ᠤᠰᠤ ᠶᠢ | ᠰᠢᠶᠳᠪᠦᠷᠢᠯᠡᠬᠦ ᠱᠠᠩᠨᠠᠯ ᠤᠨ ᠪᠡᠯᠡ ᠮᠥᠩᠭᠦ ᠶᠢ ᠰᠢᠯᠵᠢᠭᠦᠯᠦᠨ ᠥᠭᠴᠦ᠂ ᠣᠷᠣᠨ ᠨᠤᠲᠤᠭ ᠤᠨ ᠡᠳ᠋ ᠤᠨ ᠵᠠᠰᠠᠭ | ᠱᠠᠩᠨᠠᠯ ᠤᠨ ᠪᠡᠯᠡ ᠮᠥᠩᠭᠦ ᠶᠢ ᠳᠤᠮᠳᠠ ᠠᠴᠠ ᠨᠢ ᠦᠯᠡᠳᠡᠭᠡᠵᠦ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ | ᠦᠭᠡᠢ᠂ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠬᠠᠤᠯᠢ ᠠᠴᠠ ᠵᠥᠷᠢᠴᠡᠨ ᠱᠠᠩᠨᠠᠯ ᠤᠨ | ᠪᠡᠯᠡ ᠮᠥᠩᠭᠦ ᠶᠢ ᠮᠡᠬᠡᠯᠡᠨ ᠠᠪᠴᠤ ᠪᠣᠯᠬᠤ ᠦᠭᠡᠢ᠃ | 23. ᠡᠯ᠎ᠡ ᠬᠤᠰᠢᠭᠤ ᠰᠢᠶᠠᠨ ᠬᠤᠲᠠ ᠲᠣᠭᠤᠷᠢᠭ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠠᠵᠢᠯ ᠢ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠭᠤᠤᠯᠳᠠᠯᠭ᠎ᠠ ᠲᠠᠢ ᠠᠵᠢᠯ ᠪᠣᠯᠭᠠᠵᠤ᠂ | ᠬᠥᠭᠵᠢᠯᠲᠡ ᠶᠢᠨ ᠬᠠᠷᠠᠴᠠ ᠪᠠᠷ ᠤᠷᠢᠳᠴᠢᠯᠠᠨ ᠲᠥᠯᠥᠪᠵᠢᠭᠦᠯᠵᠦ ᠪᠠᠶᠢᠷᠢᠯᠠᠭᠤᠯᠬᠤ ᠠᠵᠢᠯ ᠢ ᠰᠠᠶᠢᠲᠤᠷ ᠬᠢᠵᠦ᠂ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠷᠥᠯ ᠵᠦᠢᠯ ᠤᠨ ᠲᠥᠯᠥᠪᠯᠡᠭᠡ ᠶᠢ ᠰᠠᠶᠢᠲᠤᠷ ᠲᠣᠭᠲᠠᠭᠠᠵᠤ᠂ | ᠳᠡᠭᠡᠳᠦ ᠱᠠᠲᠤᠨ ᠤ ᠪᠡᠯᠡ ᠮᠥᠩᠭᠦ ᠶᠢ ᠰᠠᠨᠠᠭᠠᠴᠢᠯᠠᠭ᠎ᠠ ᠠᠴᠠ ᠪᠠᠨ ᠢᠳᠡᠪᠬᠢᠲᠠᠢ ᠴᠢᠷᠮᠠᠶᠢᠨ ᠣᠯᠵᠤ᠂ ᠬᠤᠲᠠ | ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠰᠢᠨᠡᠳᠬᠡᠨ | ᠥᠭᠡᠷᠡᠴᠢᠯᠡᠯᠲᠡ᠂ ᠳᠡᠰ ᠳᠡᠪᠰᠢᠭᠦᠯᠬᠦ ᠵᠡᠷᠭᠡ ᠲᠥᠷᠥᠯ ᠵᠦᠶᠯ ᠢ ᠶᠠᠪᠤᠭᠳᠠᠭᠤᠯᠬᠤ ᠪᠡᠯᠡ ᠮᠥᠩᠭᠦ ᠶᠢ ᠪᠠᠲᠤᠯᠠᠬᠤ | ᠬᠡᠷᠡᠭᠲᠡᠶ᠃ | ︵ᠳᠣᠯᠤᠭ᠎ᠠ︶ ᠳᠠᠬᠢᠯᠲᠠ ᠤᠰᠤ ᠶᠢ ᠠᠰᠢᠭᠯᠠᠬᠤ | 24. ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ | ᠳᠠᠬᠢᠯᠲᠠ ᠤᠰᠤ ᠶᠢ ᠬᠤᠲᠠ ᠶᠢᠨ ᠶᠠᠪᠤᠳᠠᠯ ᠤᠨ ᠡᠯᠳᠡᠪ ᠬᠡᠷᠡᠭᠯᠡᠭᠡᠨ᠂ ᠠᠵᠤ ᠦᠶᠯᠡᠳᠪᠦᠷᠢ ᠶᠢᠨ ᠬᠡᠷᠡᠭᠯᠡᠬᠦ ᠤᠰᠤ | ᠪᠣᠯᠤᠨ ᠠᠮᠢ ᠠᠬᠤᠢ ᠶᠢᠨ ᠤᠰᠤ ᠨᠥᠬᠦᠪᠥᠷᠢᠯᠡᠬᠦ ᠵᠡᠷᠭᠡ ᠳᠤ ᠬᠡᠷᠡᠭᠯᠡᠬᠦ ᠶᠢ ᠳᠡᠯᠭᠡᠷᠡᠭᠦᠯᠦᠨ᠎ᠡ᠃ ᠠᠵᠤ | ᠦᠶᠯᠡᠳᠪᠦᠷᠢ ᠶᠢᠨ ᠦᠶᠯᠡᠳᠪᠦᠷᠢᠯᠡᠯ᠂ ᠬᠤᠲᠠ ᠶᠢᠨ ᠨᠣᠭᠤᠭᠠᠷᠠᠭᠤᠯᠤᠯᠲᠠ᠂ ᠵᠠᠮ ᠴᠡᠪᠡᠷᠯᠡᠬᠦ᠂ ᠲᠡᠷᠭᠡ ᠤᠨᠤᠭ᠎ᠠ | ᠤᠬᠢᠶᠠᠬᠤ᠂ ᠪᠠᠷᠢᠯᠭ᠎ᠠ ᠪᠠᠷᠢᠬᠤ ᠵᠢᠴᠢ ᠠᠮᠢ ᠠᠬᠤᠢ ᠶᠢᠨ ᠦᠵᠡᠮᠵᠢ ᠵᠡᠷᠭᠡ ᠳᠤ ᠳᠠᠬᠢᠯᠲᠠ ᠤᠰᠤ ᠶᠢ ᠤᠷᠢᠳᠠᠪᠠᠷ | ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠶ᠃ ᠬᠤᠲᠠ ᠰᠢᠶᠠᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ | ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠪᠠ ᠤᠰᠤᠨ ᠤ ᠣᠷᠴᠢᠨ ᠲᠣᠭᠤᠷᠢᠨ ᠤ ᠪᠠᠶᠢᠳᠠᠯ ᠢ | ᠦᠨᠳᠦᠰᠦᠯᠡᠨ᠂ ᠳᠠᠬᠢᠯᠲᠠ ᠤᠰᠤᠨ ᠠᠰᠢᠭᠯᠠᠯᠲᠠ ᠶᠢ ᠵᠦᠶ ᠵᠣᠬᠢᠰᠲᠠᠶ ᠲᠣᠭᠲᠠᠭᠠᠵᠤ᠂ ᠬᠡᠷᠡᠭᠯᠡᠬᠦ ᠬᠡᠪᠴᠢᠶ᠎ᠡ᠂ | ᠳᠠᠬᠢᠯᠲᠠ ᠤᠰᠤᠨ ᠤ ᠠᠰᠢᠭᠯᠠᠯᠲᠠ ᠶᠢ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠳᠠᠬᠢᠯᠲᠠ ᠤᠰᠤ ᠶᠢ ᠤᠰᠤᠨ ᠤ ᠡᠭᠢ ᠪᠠᠶᠠᠯᠢᠭ ᠲᠤ ᠣᠷᠤᠭᠤᠯᠵᠤ᠂ ᠡᠬᠢ ᠡᠭᠦᠰᠦᠯ ᠠᠴᠠ ᠨᠢ ᠨᠢᠭᠡᠳᠦᠯᠲᠡᠶ | ᠲᠣᠬᠢᠷᠠᠭᠤᠯᠵᠤ᠂ ᠬᠤᠲᠠ ᠰᠢᠶᠠᠨ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠤ | ᠶᠠᠪᠤᠳᠠᠯ ᠤᠨ ᠲᠣᠪᠴᠢᠶ᠎ᠠ︶ ᠨᠢ ᠬᠠᠤᠯᠢ ᠶᠣᠰᠣᠭᠠᠷ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ | ︵ᠨᠠᠢᠮᠠ︶ ᠦᠶᠯᠡᠳᠪᠦᠷᠢ ᠶᠢᠨ ᠳᠦᠷᠰᠦ ᠪᠠᠶᠢᠳᠠᠯ ᠵᠢᠴᠢ ᠨᠣᠭᠤᠭᠠᠷᠠᠭᠤᠯᠤᠯᠲᠠ | 25. ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ ᠪᠠᠷᠢᠯᠭ᠎ᠠ ᠶᠢᠨ ᠭᠠᠳᠠᠷ | ᠪᠠᠶᠢᠳᠠᠯ ᠤᠨ ᠴᠡᠪᠡᠷ ᠲᠡᠭᠰᠢ᠂ ᠢᠯᠡᠷᠬᠡᠶ ᠡᠪᠳᠡᠷᠡᠬᠦ ᠪᠠ ᠨᠡᠪᠴᠢᠬᠦ ᠦᠭᠡᠶ ᠪᠠᠶᠢᠬᠤ ᠶᠢ ᠪᠠᠲᠤᠯᠠᠬᠤ ᠬᠡᠷᠡᠭᠲᠡᠶ᠃ | ᠦᠶᠯᠡᠳᠪᠦᠷᠢ ᠶᠢᠨ ᠳᠣᠲᠣᠷᠠᠬᠢ ᠵᠠᠮ ᠢ ᠪᠦᠷᠢᠨ ᠪᠦᠲᠦᠨ ᠪᠠᠶᠢᠯᠭᠠᠵᠤ᠂ ᠰᠠᠭᠠᠳ ᠦᠭᠡᠢ ᠨᠡᠪᠲᠡᠷᠡᠭᠦᠯᠵᠦ᠂ ᠡᠪᠳᠡᠯᠡᠬᠦ | ᠦᠭᠡᠢ ᠪᠠᠶᠢᠯᠭᠠᠨ᠎ᠠ᠃ ᠡᠯ᠎ᠡ ᠲᠥᠷᠥᠯ ᠤᠨ ᠲᠥᠬᠦᠭᠡᠷᠦᠮᠵᠢ᠂ ᠢᠯᠡᠷᠬᠡᠶᠢᠯᠡᠯ ᠲᠡᠮᠳᠡᠭ ᠤᠨ ᠪᠠᠶᠢᠷᠢᠯᠠᠭᠤᠯᠤᠯᠲᠠ ᠨᠢ | ᠢᠯᠡᠷᠬᠡᠶ᠂ ᠦᠶᠯᠡᠳᠪᠦᠷᠢ ᠶᠢᠨ ᠳᠣᠲᠤᠷᠠᠬᠢ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠪᠦᠷᠢᠨ ᠪᠦᠲᠦᠨ ᠪᠠᠶᠢᠯᠭᠠᠨ᠎ᠠ᠃ | ᠠᠯᠪᠠᠨ ᠭᠡᠷ᠂ ᠵᠢᠵᠢᠭᠦᠷᠯᠡᠬᠦ ᠭᠡᠷ᠂ ᠠᠵᠢᠯᠯᠠᠬᠤ ᠭᠡᠷ᠂ ᠮᠠᠰᠢᠨ ᠤ ᠭᠡᠷ ᠳᠣᠲᠣᠷᠠᠬᠢ ᠡᠳ᠋ ᠪᠣᠳᠠᠰ ᠢ ᠲᠠᠷᠢ ᠲᠡᠭᠰᠢ | ᠲᠠᠯᠪᠢᠵᠤ᠂ ᠠᠷᠢᠭᠤᠨ ᠴᠡᠪᠡᠷ ᠲᠣᠬᠢᠯᠠᠭ ᠰᠠᠶᠢᠬᠠᠨ᠂ ᠲᠠᠮᠠᠬᠢᠨ ᠲᠣᠯᠣᠭᠠᠢ ᠶᠢᠨ ᠬᠤᠭ ᠦᠭᠡᠢ᠂ ᠭᠡᠷᠡᠯᠲᠦᠭᠦᠯᠭᠡ | ᠪᠦᠷᠢᠨ ᠭᠦᠢᠴᠡᠳ ᠬᠦᠴᠦᠨ ᠲᠠᠢ ᠪᠠᠶᠢᠯᠭᠠᠨ᠎ᠠ᠃ ᠡᠭᠦᠳᠡ᠂ ᠴᠣᠩᠬᠤ᠂ ᠰᠢᠯ ᠢ ᠭᠡᠭᠡᠨ ᠲᠤᠳᠤ ᠡᠪᠳᠡᠷᠬᠡᠶ ᠦᠭᠡᠢ᠂ | ᠬᠡᠷᠡᠮ ᠢ ᠴᠡᠪᠡᠷ ᠴᠡᠮᠴᠡᠭᠡᠷ ᠪᠠᠶᠢᠯᠭᠠᠨ᠎ᠠ᠃ ᠠᠯᠪᠠᠯᠠᠬᠤ ᠰᠢᠷᠡᠭᠡ ᠰᠠᠨᠳᠠᠯᠢ᠂ ᠠᠵᠢᠯᠯᠠᠬᠤ ᠪᠠᠭᠠᠵᠢ ᠬᠡᠷᠡᠭᠰᠡᠯ ᠢ ᠲᠠᠷᠢ | ᠲᠡᠭᠰᠢ ᠲᠠᠯᠪᠢᠵᠤ᠂ ᠰᠦᠷᠴᠢᠨ ᠤᠬᠢᠶᠠᠬᠤ ᠲᠠᠰᠤᠭ᠂ ᠠᠷᠢᠭᠤᠨ ᠴᠡᠪᠡᠷ ᠤᠨ ᠲᠠᠰᠤᠯᠭ᠎ᠠ ᠶᠢᠨ ᠪᠡᠯᠡᠳᠬᠡᠮᠵᠢ ᠶᠢ | ᠪᠦᠷᠢᠨ ᠭᠦᠶᠴᠡᠳ᠂ ᠡᠪᠳᠡᠷᠡᠬᠦ ᠦᠭᠡᠢ᠂ ᠣᠨᠴᠠᠭᠠᠢ ᠦᠨᠦᠷ ᠦᠭᠡᠢ ᠪᠠᠶᠢᠯᠭᠠᠨ᠎ᠠ᠃ ᠠᠵᠢᠯᠲᠠᠳ ᠢ ᠪᠣᠯᠪᠠᠰᠤᠨ | ᠶᠣᠰᠣᠷᠬᠠᠭ᠂ ᠬᠤᠪᠴᠠᠰᠤ ᠬᠤᠨᠠᠷ ᠨᠢ ᠲᠠᠷᠢ ᠲᠡᠭᠰᠢ᠂ ᠴᠡᠪᠡᠷ ᠴᠡᠮᠴᠡᠭᠡᠷ ᠪᠠᠶᠢᠯᠭᠠᠨ᠎ᠠ᠃ ᠪᠠᠷᠢᠯᠭ᠎ᠠ ᠶᠢᠨ ᠡᠳ᠋ ᠶᠢ | ᠨᠡᠪᠴᠢᠭᠦᠯᠵᠦ ᠭᠤᠭᠤᠵᠢᠭᠤᠯᠬᠤ ᠦᠭᠡᠢ᠂ ᠰᠢᠷ ᠢ ᠪᠥᠭᠡᠯᠢᠭ ᠵᠢᠪᠡᠷᠡᠭᠡᠵᠦ ᠢᠳᠡᠭᠳᠡᠭᠦᠯᠬᠦ ᠦᠭᠡᠢ ᠪᠠᠶᠢᠯᠭᠠᠨ᠎ᠠ᠃ | ᠬᠠᠰᠢᠯᠭ᠎ᠠ ᠶᠢᠨ ᠠᠮᠠᠰᠠᠷ᠂ ᠴᠥᠭᠦᠷᠥᠮ ᠤᠨ ᠬᠠᠨ᠎ᠠ ᠶᠢ ᠪᠦᠷᠢᠨ ᠪᠦᠲᠦᠨ᠂ ᠴᠥᠭᠦᠷᠦᠮ ᠤᠨ ᠨᠢᠭᠤᠷ ᠢ ᠴᠡᠪᠡᠷ | ᠠᠷᠢᠭᠤᠨ᠂ ᠨᠡᠭᠡᠯᠡᠬᠡᠶ ᠶᠢ ᠨᠡᠪᠴᠢᠭᠦᠯᠵᠦ ᠭᠤᠭᠤᠵᠢᠭᠤᠯᠬᠤ ᠥᠬᠡᠶ᠂ ᠠᠮᠤᠷ ᠲᠦᠪᠰᠢᠨ ᠪᠥᠭᠡᠳ ᠪᠦᠲᠦᠮᠵᠢᠲᠡᠶ | ᠪᠠᠶᠢᠯᠭᠠᠨ᠎ᠠ᠃ ᠦᠶᠯᠡᠳᠪᠦᠷᠢ ᠶᠢᠨ ᠲᠣᠭᠤᠷᠢᠭ ᠤᠨ ᠳᠣᠲᠣᠷᠠᠬᠢ ᠨᠣᠭᠤᠭᠠᠷᠠᠭᠤᠯᠵᠤ ᠪᠣᠯᠬᠤ ᠲᠠᠯᠠᠪᠠᠶ ᠶᠢ ᠴᠥᠮ | ᠨᠣᠭᠤᠭᠠᠷᠠᠭᠤᠯᠵᠤ᠂ ᠴᠡᠴᠡᠷᠯᠢᠭ ᠮᠠᠶ᠋ᠢᠭ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠲᠡᠰᠢ ᠭᠥᠭᠵᠢᠭᠦᠯᠦᠨ᠎ᠡ᠃ | ︵ᠶᠢᠰᠦ︶ ᠵᠠᠰᠠᠭ ᠤᠨ ᠣᠷᠳᠣᠨ ᠤ ᠪᠤᠰᠤ ᠡᠵᠡᠩᠨᠡᠯᠲᠡ ᠶᠢᠨ ᠬᠤᠲᠠ ᠪᠠᠯᠭᠠᠰᠤ ᠶᠢᠨ ᠪᠣᠬᠢᠷ ᠤᠰᠤ | ᠰᠢᠶᠳᠪᠦᠷᠢᠯᠡᠬᠦ ᠦᠢᠯᠡᠳᠪᠦᠷᠢ | 26. ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠲᠤ ᠨᠠᠶᠢᠳᠠᠵᠤ ᠠᠵᠢᠯᠯᠠᠭᠤᠯᠬᠤ ︵ᠵᠢᠴᠢ | PPP ᠢᠶᠠᠷ ᠬᠠᠮᠲᠤᠷᠠᠨ ᠠᠵᠢᠯᠯᠠᠭᠤᠯᠬᠤ᠂ ᠨᠠᠶᠢᠳᠠᠨ ᠬᠠᠮᠢᠶᠠᠷᠤᠭᠤᠯᠤᠨ ᠠᠵᠢᠯᠯᠠᠭᠤᠯᠬᠤ ᠵᠡᠷᠭᠡ︶ ᠦᠶᠡᠰ᠂ ᠬᠤᠲᠠ | ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠵᠥᠪᠰᠢᠶᠡᠷᠡᠨ ᠣᠷᠣᠭᠤᠯᠬᠤ ᠲᠣᠭᠲᠠᠴᠠ ᠪᠠᠨ ᠴᠢᠩᠳᠡᠯᠡᠵᠦ᠂ | ᠤᠰᠤ ᠭᠠᠷᠭᠠᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠪᠠ ᠳᠣᠤᠷ᠎ᠠ ᠥᠪᠡᠷ ᠤᠨ ᠥᠷᠲᠡᠭ ᠢᠶᠠᠷ | ᠠᠵᠢᠯᠯᠠᠭᠤᠯᠬᠤ ᠪᠠᠷ ᠵᠥᠪᠰᠢᠶᠡᠷᠡᠨ ᠣᠷᠣᠭᠤᠯᠬᠤ ᠨᠥᠬᠦᠴᠡᠯ ᠪᠠ ᠬᠢᠨᠠᠨ ᠬᠠᠮᠢᠶᠠᠷᠬᠤ ᠬᠢᠵᠠᠭᠠᠷᠯᠠᠯ ᠪᠣᠯᠭᠠᠬᠤ ᠬᠡᠷᠡᠭᠲᠡᠶ᠃ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠵᠠᠰᠠᠭ ᠤᠨ ᠣᠷᠳᠣᠨ ᠤ ᠪᠤᠰᠤ ᠰᠢᠭᠤᠳᠠᠵᠢᠯᠯᠠᠵᠤ ᠪᠠᠶᠢᠭ᠎ᠠ | ᠦᠢᠯᠡᠳᠪᠦᠷᠢ ᠳᠤ ᠴᠢᠭᠯᠡᠭᠦᠯᠦᠨ᠂ ᠠᠵᠢᠯᠯᠠᠭᠠᠨ ᠤ ᠶᠠᠪᠤᠴᠠ ᠳᠤ ᠦᠷᠭᠦᠯᠵᠢ ᠪᠠᠷᠢᠮᠵᠢᠶ᠎ᠠ ᠳᠤ ᠲᠣᠭᠲᠠᠭᠤᠨ ᠢᠶᠠᠷ | ᠬᠦᠷᠴᠦ ᠴᠢᠳᠠᠬᠤ ᠦᠭᠡᠢ᠂ ᠡᠨᠧᠷᠬᠢ ᠶᠢᠨ ᠬᠤᠷᠣᠭᠳᠠᠯ ᠶᠡᠬᠡᠲᠡᠶ᠂ ᠵᠢᠴᠢ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ | ᠠᠵᠢᠯ ᠤᠨ ᠲᠠᠯ᠎ᠠ ᠪᠠᠷ ᠬᠠᠮᠵᠢᠯᠴᠠᠬᠤ ᠦᠭᠡᠢ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠵᠠᠰᠠᠭ ᠤᠨ ᠣᠷᠳᠣᠨ ᠨᠢ ᠲᠡᠭᠦᠨ ᠤ ᠨᠠᠶᠢᠳᠠᠯᠭ᠎ᠠ᠂ ᠬᠤᠷᠰᠢᠯᠴᠠᠭ᠎ᠠ᠂ ᠨᠠᠶᠢᠳᠠᠨ ᠬᠠᠮᠢᠶᠠᠷᠤᠭᠤᠯᠬᠤ ᠬᠠᠷᠢᠴᠠᠭ᠎ᠠ ᠪᠠᠨ | ᠴᠠᠭ ᠲᠤᠬᠠᠶ ᠳᠤᠨᠢ ᠵᠣᠭᠰᠣᠭᠠᠬᠤ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠲᠣᠭᠲᠠᠴᠠ | ︵ᠨᠢᠭᠡ︶ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠶ᠃ ᠬᠤᠲᠠ ᠵᠢᠨᠱᠠᠲᠤ | ᠪᠠᠶᠢᠷᠢᠯᠠᠭᠤᠯᠬᠤ᠂ ᠬᠤᠰᠢᠭᠤ ᠰᠢᠶᠠᠨ ᠤ ᠱᠠᠲᠤ ᠬᠠᠷᠢᠭᠤᠴᠠᠬᠤ ᠱᠠᠭᠠᠷᠳᠠᠯᠭ᠎ᠠ ᠶᠣᠰᠤᠭᠠᠷ᠂ ᠰᠠᠨᠠᠯ ᠤᠨ | ᠨᠠᠶᠢᠳᠠᠪᠤᠷᠢᠵᠢᠭᠤᠯᠤᠨ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ᠃ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠱᠠᠯᠠᠪᠳᠠᠭᠤᠯᠤᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠠᠵᠢᠯᠯᠠᠭᠠᠨ ᠤ ᠠᠵᠢᠯ ᠢ ᠢᠳᠡᠪᠬᠢᠲᠡᠶ ᠳᠡᠮᠵᠢᠵᠦ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠦᠶᠯᠡᠳᠪᠦᠷᠢ ᠶᠢᠨ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠬᠠᠷᠠᠯᠲᠠ᠂ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠣᠯ ᠨᠢᠭᠡᠳᠦᠭᠡᠷ ᠬᠠᠷᠢᠭᠤᠴᠠᠭᠴᠢ ᠪᠣᠯᠬᠤᠷ | ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠬᠤᠲᠠ ᠪᠠᠯᠭᠠᠰᠤᠨ ᠤ ᠪᠣᠬᠢᠷ ᠤᠰᠤ ᠶᠢ | ᠰᠢᠢᠳᠪᠦᠷᠢᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠯᠠᠭᠠᠨᠴᠠᠪ ᠤᠨ ᠠᠮᠢ | ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠪᠠ ᠬᠤᠲᠠ ᠶᠢᠨ ᠶᠡᠷᠦᠩᠬᠡᠶᠢᠯᠡᠭᠰᠡᠨ ᠳᠦᠷᠢ ᠲᠥᠷᠬᠦ ᠶᠢ | ᠪᠦᠲᠦᠮᠵᠢᠲᠡᠢ ᠳᠡᠭᠡᠭᠰᠢᠯᠡᠭᠦᠯᠦᠨ᠎ᠡ᠃ | ︵ᠬᠤᠶᠠᠷ︶ ᠬᠠᠤᠯᠢ ᠶᠢ ᠡᠷᠡᠰ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠢᠶᠠᠨ ᠬᠤᠶᠠᠷ ᠱᠠᠲᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠪᠠᠯᠭᠠᠰᠤ ᠶᠢᠨ ᠤᠰᠤ | ᠵᠠᠯᠠᠬᠤ ᠪᠠ ᠪᠣᠬᠢᠷ ᠤᠰᠤ ᠶᠢ ᠰᠢᠶᠳᠪᠦᠷᠢᠯᠡᠬᠦ ᠳᠦᠷᠢᠮ︾ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭᠠᠨ ᠤ ᠲᠥᠯᠥᠪᠯᠡᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠤᠲᠠ | ᠪᠠᠯᠭᠠᠰᠤᠨ ᠤ ᠠᠰᠠᠭᠤᠳᠠᠯ ᠣᠷᠤᠰᠢᠵᠤ ᠪᠠᠶᠢᠭᠠᠳ ᠣᠯᠠᠨᠲᠠ ᠬᠤᠷᠢᠭᠯᠠᠭᠰᠠᠨ ᠴᠤ ᠦᠯᠦ ᠵᠣᠭᠰᠤᠬᠤ᠂ ᠣᠯᠠᠨᠲᠠ | ᠰᠤᠷᠭᠠᠪᠠᠰᠤ ᠥᠯᠦ ᠵᠠᠰᠠᠷᠠᠬᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠳᠤ ᠬᠠᠤᠯᠢ ᠲᠣᠭᠲᠠᠭᠠᠯ ᠶᠣᠰᠣᠭᠠᠷ | ᠬᠢᠨᠠᠯᠲᠠ ᠬᠠᠮᠢᠶᠠᠷᠤᠯᠲᠠ ᠬᠢᠬᠦ ᠪᠠ ᠰᠢᠶᠳᠬᠡᠯ ᠥᠭᠬᠦ ᠬᠡᠷᠡᠭᠲᠡᠶ᠃ ᠡᠭᠦᠨ ᠠᠴᠠ ᠭᠠᠳᠠᠨ᠎ᠠ᠂ ᠬᠤᠲᠠ ᠪᠠᠯᠭᠠᠰᠤᠨ ᠤ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ | ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠱᠠᠩᠨᠠᠯ ᠤᠨ ᠪᠡᠯᠡ ᠮᠥᠩᠭᠦ ᠵᠡᠷᠭᠡ ᠡᠯ᠎ᠡ | ᠲᠥᠷᠥᠯ ᠤᠨ ᠵᠠᠷᠤᠳᠠᠯ ᠢ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠡᠮᠵᠢᠶ᠎ᠡ ᠳᠤ ᠮᠡᠳᠡᠭᠦᠯᠦᠨ | ᠬᠤᠯᠪᠣᠭᠳᠠᠭᠤᠯᠵᠤ᠂ ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠦᠨ᠎ᠡ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠬᠤᠲᠠ | ᠰᠢᠶᠠᠨ ᠬᠤᠶᠠᠷ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ ᠬᠢᠨᠠᠨ ᠬᠠᠮᠢᠶᠠᠷᠬᠤ ᠶᠠᠪᠤᠴᠠ ᠳᠤ ᠬᠤᠲᠠ ᠪᠠᠯᠭᠠᠰᠤᠨ ᠤ ᠪᠣᠬᠢᠷ ᠤᠰᠤ | ᠰᠢᠶᠳᠪᠦᠷᠢᠯᠡᠬᠦ ᠦᠢᠯᠡᠳᠪᠦᠷᠢ ᠳᠤ ᠪᠤᠰᠤᠳ ᠠᠰᠠᠭᠤᠳᠠᠯ ︵ᠲᠤᠰ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ | ᠪᠤᠰᠤ ᠠᠰᠠᠭᠤᠳᠠᠯ︶ ᠢ ᠣᠯᠵᠤ ᠮᠡᠳᠡᠪᠡᠯ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ ᠬᠢᠨᠠᠨ ᠬᠠᠮᠢᠶᠠᠷᠤᠭᠤᠯᠬᠤ ᠵᠢᠴᠢ ᠰᠢᠶᠳᠬᠡᠨ ᠲᠣᠷᠭᠠᠬᠤ | ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠪᠠᠷ ᠵᠠᠰᠠᠵᠤ᠂ ᠪᠦᠬᠦ | ᠬᠤᠲᠠ ᠶᠢᠨ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠲᠣᠭᠲᠠᠭᠤᠨ ᠠᠵᠢᠯᠯᠠᠭᠠᠨ ᠢ | ᠪᠠᠲᠤᠯᠠᠵᠤ᠂ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠬᠤᠲᠠ ᠪᠠᠯᠭᠠᠰᠤᠨ ᠤ ᠪᠣᠬᠢᠷ ᠤᠰᠤ | ᠰᠢᠶᠳᠪᠦᠷᠢᠯᠡᠬᠦ ᠠᠵᠢᠯ ᠳᠤ ᠮᠡᠳᠡᠭᠡ ᠵᠠᠩᠭᠢ ᠨᠡᠪᠲᠡᠷᠡᠯᠴᠡᠬᠦ᠂ ᠬᠠᠮᠲᠤᠪᠠᠷ ᠡᠳ᠋ᠯᠡᠬᠦ ᠂ ᠰᠠᠯᠠᠭ᠎ᠠ ᠮᠥᠴᠢᠷ ᠤᠨ ᠬᠢᠨ | ᠬᠠᠮᠤᠭ ᠲᠡᠷᠢᠭᠦᠨ ᠳᠤ ᠠᠰᠠᠭᠤᠳᠠᠯ ᠢ ᠣᠯᠵᠤ ᠮᠡᠳᠡᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ | ︵ᠳᠥᠷᠪᠡ︶ ᠰᠢᠯᠭᠠᠨ ᠬᠢᠨᠠᠵᠤ ᠰᠢᠯᠭᠠᠨ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠳᠤ | ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ ᠡᠭᠦᠨ ᠤ ᠬᠠᠮᠲᠤ ᠠᠰᠠᠭᠤᠳᠠᠯ ᠪᠠ | ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠬᠤ ᠬᠡᠷᠡᠭᠲᠡᠶ᠃ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠯ | ᠪᠦᠷᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠢᠨᠠᠯᠲᠠ ᠲᠠᠯᠪᠢᠬᠤ ᠪᠠᠶᠢᠳᠠᠯ ᠪᠣᠯᠤᠨ ᠪᠣᠬᠢᠷ ᠤᠰᠤ | ᠰᠢᠢᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠪᠠᠶᠢᠳᠠᠯ ᠳᠤ 2 ᠤᠳᠠᠭ᠎ᠠ ᠠᠴᠠ ᠳᠡᠭᠡᠭᠰᠢ ᠬᠠᠮᠲᠤᠷᠠᠭᠰᠠᠨ | ᠲᠤᠰᠬᠠᠢ ᠲᠥᠷᠥᠯ ᠤᠨ ᠪᠠᠶᠢᠴᠠᠭᠠᠯᠲᠠ ᠬᠢᠵᠦ᠂ ᠲᠡᠷᠡᠴᠢᠯᠡᠨ ᠪᠠᠶᠢᠴᠠᠭᠠᠭᠰᠠᠨ ᠦᠷ᠎ᠡ ᠳ᠋ᠦᠩ ᠪᠠ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠤᠳᠤᠷᠢᠳᠬᠤ | ᠪᠠᠭ ᠤᠨ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ᠂ ᠬᠤᠲᠠ ᠪᠠᠯᠭᠠᠰᠤ ᠶᠢᠨ | ᠪᠣᠬᠢᠷ ᠤᠰᠤ ᠶᠢ ᠰᠢᠶᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠡᠶ ᠪᠠᠶᠢᠬᠤ ᠶᠢ ᠪᠠᠲᠤᠯᠠᠬᠤ | ᠬᠡᠷᠡᠭᠲᠡᠢ᠃ | ︵ᠲᠠᠪᠤ︶ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ | ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠨᠡᠷ᠎ᠡ ᠶᠢᠨ ᠲᠡᠳᠦᠢ ᠪᠠᠶᠢᠯᠭᠠᠵᠤ᠂ ᠠᠵᠢᠯ ᠨᠢ ᠬᠦᠴᠦᠨ ᠦᠭᠡᠶ ᠪᠠᠶᠢᠭᠠᠳ᠂ ᠬᠤᠲᠠ | ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠦᠷᠭᠦᠯᠵᠢᠯᠡᠨ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠴᠦ ᠳᠡᠶᠢᠯᠬᠦ ᠦᠭᠡᠢ ᠪᠣᠯᠭᠠᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠨᠢ ᠲᠦᠢᠯᠪᠦᠷᠢᠲᠠᠢ ᠪᠢᠰᠢ | ᠬᠤᠰᠢᠭᠤ ᠰᠢᠶᠠᠨ ᠬᠤᠲᠠ ᠲᠣᠭᠤᠷᠢᠭ ᠨᠢ ︽ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ | ᠰᠢᠶᠳᠪᠦᠷᠢᠯᠡᠬᠦ ᠳᠦᠷᠢᠮ︾ ︽ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠮᠢ ᠠᠬᠤᠶ ᠣᠷᠴᠢᠨ ᠲᠣᠭᠤᠷᠢᠨ᠂ ᠣᠷᠣᠨ | ᠰᠠᠭᠤᠴᠠ ᠪᠠ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠪᠣᠳᠠᠲᠠᠶ ᠬᠠᠷᠢᠭᠤᠴᠠᠭᠴᠢ ᠶᠢ ᠪᠣᠯᠵᠣᠨ ᠶᠠᠷᠢᠯᠴᠠᠵᠤ᠂ ᠬᠠᠷᠢᠭᠤᠴᠠᠯᠭ᠎ᠠ ᠨᠡᠬᠡᠮᠵᠢᠯᠡᠵᠦ᠂ ᠨᠡᠶᠢᠲᠡᠯᠡᠨ | ᠰᠢᠭᠦᠮᠵᠢᠯᠡᠨ᠎ᠡ᠃ ᠲᠡᠷᠡᠴᠢᠯᠡᠨ ᠬᠤᠭᠤᠴᠠᠭ᠎ᠠ ᠬᠢᠵᠠᠭᠠᠷᠯᠠᠨ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠤᠳᠠᠭᠠᠰᠢᠷᠠᠭᠤᠯᠤᠭᠠᠳ ᠵᠠᠯᠠᠷᠠᠭᠤᠯᠬᠤ ᠦᠭᠡᠶ ᠪᠠᠶᠢᠪᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠱᠠᠯᠠᠪᠳᠠᠨ ᠰᠢᠢᠳᠪᠦᠷᠢᠯᠡᠭᠦᠯᠦᠨ᠎ᠡ᠃ | | | ᠳᠠᠭᠠᠯᠳᠤᠭᠤᠯᠤᠯ | ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠠᠵᠢᠯ ᠤᠨ ᠪᠣᠯᠵᠣᠨ ᠶᠠᠷᠢᠯᠴᠠᠬᠤ ᠲᠣᠭᠲᠠᠴᠠ | ᠨᠢᠭᠡ᠂ ᠲᠦᠷᠪᠡᠨ ᠱᠠᠲᠤᠨ ᠤ ᠪᠣᠯᠵᠣᠨ ᠶᠠᠷᠢᠯᠴᠠᠬᠤ ᠲᠣᠭᠲᠠᠴᠠ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠨᠢ ᠵᠢᠷᠤᠮᠵᠢᠯ ᠦᠭᠡᠢ | ᠪᠥᠭᠡᠳ ᠪᠠᠷᠢᠮᠵᠢᠶ᠎ᠠ ᠠᠴᠠ 3 ᠡᠳᠦᠷ ᠬᠡᠲᠦᠷᠡᠭᠰᠡᠨ ᠪᠠᠶᠢᠪᠠᠯ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠥᠷᠪᠡᠨ ᠱᠠᠲᠤᠨ ᠤ ᠪᠣᠯᠵᠣᠨ ᠶᠠᠷᠢᠯᠴᠠᠬᠤ ᠲᠣᠭᠲᠠᠴᠠ ᠶᠢ ᠡᠬᠢᠯᠡᠭᠦᠯᠵᠦ᠂ | ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠶ | ᠣᠷᠴᠢᠨ ᠲᠣᠭᠤᠷᠢᠨ ᠤ ᠰᠠᠯᠠᠭ᠎ᠠ ᠮᠦᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠯᠠᠭᠠᠨ ᠤ | ᠨᠢᠭᠡᠴᠢ ᠲᠠᠢ ᠪᠣᠯᠵᠣᠨ ᠶᠠᠷᠢᠯᠴᠠᠨ᠎ᠠ ᠃ | ᠬᠤᠶᠠᠷ᠂ ᠭᠤᠷᠪᠠᠨ ᠱᠠᠲᠤᠨ ᠤ ᠪᠣᠯᠵᠣᠨ ᠶᠠᠷᠢᠯᠴᠠᠬᠤ ᠲᠣᠭᠲᠠᠴᠠ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠨᠢ ᠵᠢᠷᠤᠮᠵᠢᠯ ᠦᠭᠡᠢ | ᠪᠥᠭᠡᠳ ᠪᠠᠷᠢᠮᠵᠢᠶ᠎ᠠ ᠠᠴᠠ 7 ᠡᠳᠦᠷ ᠬᠡᠲᠦᠷᠡᠭᠰᠡᠨ ᠪᠠᠶᠢᠪᠠᠯ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ | ᠬᠤᠪᠢᠳᠠᠨ ᠬᠠᠮᠢᠶᠠᠷᠬᠤ ᠤᠳᠤᠷᠢᠳᠤᠯᠭ᠎ᠠ ᠭᠤᠷᠪᠠᠨ ᠱᠠᠲᠤᠨ ᠤ ᠪᠣᠯᠵᠣᠨ ᠶᠡᠷᠢᠯᠴᠠᠬᠤ ᠲᠣᠭᠲᠠᠴᠠ ᠶᠢ ᠡᠬᠢᠯᠡᠭᠦᠯᠵᠦ᠂ | ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ | ᠠᠵᠢᠯᠯᠠᠭᠠᠨ ᠤ ᠨᠢᠭᠡᠴᠢ ᠲᠠᠢ ᠪᠣᠯᠵᠣᠨ ᠶᠠᠷᠢᠯᠴᠠᠨ᠎ᠠ᠃ | ᠭᠤᠷᠪᠠ᠂ ᠬᠤᠶᠠᠷ ᠱᠠᠲᠤᠨ ᠤ ᠪᠣᠯᠵᠣᠨ ᠶᠠᠷᠢᠯᠴᠠᠬᠤ ᠲᠣᠭᠲᠠᠴᠠ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠨᠢ ᠵᠢᠷᠤᠮᠵᠢᠯ ᠦᠭᠡᠢ | ᠪᠥᠭᠡᠳ ᠪᠠᠷᠢᠮᠵᠢᠶ᠎ᠠ ᠠᠴᠠ ᠨᠡᠶᠢᠲᠡ 10 ᠡᠳᠦᠷ ᠬᠡᠲᠦᠷᠡᠭᠰᠡᠨ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠤ | ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠣᠷᠣᠨ ᠰᠠᠭᠤᠴᠠ ᠪᠣᠯᠤᠨ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠤᠶᠠᠷ ᠱᠠᠲᠤᠨ ᠤ ᠪᠣᠯᠵᠣᠨ ᠶᠠᠷᠢᠯᠴᠠᠬᠤ ᠲᠣᠭᠲᠠᠴᠠ ᠶᠢ ᠡᠬᠢᠯᠡᠭᠦᠯᠵᠦ᠂ | ᠬᠤᠰᠢᠭᠤ ᠰᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤ ᠰᠢᠶᠠᠨ ᠤ ᠣᠷᠣᠨ ᠰᠠᠭᠤᠴᠠ ᠪᠠ | ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠵᠢᠴᠢ ᠠᠵᠢᠯᠯᠠᠭᠠᠨ ᠤ ᠨᠢᠭᠡᠴᠢ ᠲᠠᠢ ᠪᠣᠯᠵᠣᠨ ᠶᠠᠷᠢᠯᠴᠠᠨ᠎ᠠ᠃ | ᠳᠦᠷᠪᠡ᠂ ᠨᠢᠭᠡ ᠱᠠᠲᠤᠨ ᠤ ᠪᠣᠯᠵᠣᠨ ᠶᠠᠷᠢᠯᠴᠠᠬᠤ ᠲᠣᠭᠲᠠᠴᠠ | ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠨᠢ ᠵᠢᠷᠤᠮᠵᠢᠯ ᠦᠭᠡᠢ | ᠪᠥᠭᠡᠳ ᠪᠠᠷᠢᠮᠵᠢᠶ᠎ᠠ ᠠᠴᠠ ᠨᠡᠶᠢᠲᠡ 15 ᠡᠳᠦᠷ ᠬᠡᠲᠦᠷᠡᠭᠰᠡᠨ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠪᠣᠯᠵᠣᠨ | ᠶᠠᠷᠢᠯᠴᠠᠬᠤ ᠲᠣᠭᠲᠠᠴᠠ ᠶᠢ ᠡᠬᠢᠯᠡᠭᠦᠯᠵᠦ᠂ ᠬᠤᠰᠢᠭᠤ ᠰᠢᠶᠠᠨ ᠤ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ | ᠪᠦᠬᠦᠢ ᠤᠳᠤᠷᠢᠳᠤᠯᠭ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ᠂ ᠠᠮᠢ ᠠᠬᠤᠶ | ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠠᠵᠢᠯᠯᠠᠭᠠᠨ ᠤ ᠨᠢᠭᠡᠴᠢ ᠲᠠᠢ | ᠪᠣᠯᠵᠣᠨ ᠶᠠᠷᠢᠯᠴᠠᠨ᠎ᠠ᠃ | | | | |