︽ᠤᠯᠠᠭᠠᠨᠴᠠᠪ ᠬᠤᠲᠠ ᠶᠢᠨ 2020 ᠣᠨ ᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/2
                        ᠤᠯᠠᠭᠠᠨᠴᠠᠪ ᠵᠠᠰᠠᠭ ᠠᠯᠪᠠᠨ ᠥᠰᠥᠭ ︹ 2020 ︺ 50 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ ᠳᠤ᠄      ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠤᠯᠠᠭᠠᠨᠴᠠᠪ ᠬᠤᠲᠠ ᠶᠢᠨ 2020 ᠣᠨ ᠤ ᠲᠠᠷᠢᠶᠠᠯᠠᠬᠤ ᠮᠠᠯᠵᠢᠬᠤ  ᠣᠷᠣᠨ ᠤ ᠠᠮᠢᠳᠤᠷᠠᠯ ᠤᠨ ᠬᠤᠭ ᠨᠣᠪᠰᠢ  ᠶᠢᠨ ᠵᠠᠰᠠᠯᠲᠠ ᠶᠢᠨ ᠬᠡᠷᠡᠭᠵᠢᠭᠦᠯᠬᠦ ᠲᠥᠰᠦᠯ︾  ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠳᠣᠭᠤᠰᠢᠯᠠᠭᠤᠯᠤᠨ ᠬᠡᠷᠡᠭᠵᠢᠭᠦᠯᠲᠦᠭᠡᠶ᠃                                                                                              2020 ᠣᠨ ᠤ 9 ᠰᠠᠷ᠎ᠠ ᠶᠢᠨ 3 ᠤ ᠡᠳᠦᠷ ᠤᠯᠠᠭᠠᠨᠴᠠᠪ ᠬᠤᠲᠠ ᠶᠢᠨ 2020 ᠣᠨ ᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠡᠷᠡᠭᠵᠢᠭᠦᠯᠬᠦ ᠲᠥᠰᠦᠯ       ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠠᠷᠠᠯᠲᠠ ᠶᠢᠨ ᠡᠭᠦᠷᠭᠡ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃       ᠨᠢᠭᠡ᠂ ᠬᠠᠷᠠᠯᠲᠠ ᠶᠢᠨ ᠡᠭᠦᠷᠭᠡ       ᠪᠥᠬᠦ ᠬᠤᠲᠠ ᠶᠢᠨ 1318 ᠵᠠᠰᠠᠭ ᠵᠠᠬᠢᠷᠭᠠᠨ ᠤ ᠲᠣᠰᠬᠤᠨ ᠢ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠭᠠᠵᠠᠷ ᠣᠷᠣᠨ᠂ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ᠂ ᠬᠤᠶᠠᠳᠤᠭᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ᠂ ᠴᠡᠪᠡᠷ ᠲᠡᠭᠰᠢ ᠭᠠᠵᠠᠷ ᠣᠷᠣᠨ ᠭᠡᠵᠦ ᠳᠥᠷᠪᠡᠨ ᠭᠠᠵᠠᠷ ᠣᠷᠣᠨ ᠪᠣᠯᠭᠠᠨ ᠬᠤᠪᠢᠶᠠᠷᠢᠯᠠᠪᠠ᠃ ᠡᠯ᠎ᠡ ᠬᠤᠪᠢᠶᠠᠷᠢ ᠲᠣᠭᠤᠷᠢᠭ ᠤᠨ ᠵᠠᠰᠠᠬᠤ ᠬᠠᠷᠠᠯᠲᠠ ᠪᠣᠯ᠄ ︵1︶ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠭᠠᠵᠠᠷ ᠣᠷᠣᠨ ᠪᠠ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮᠵᠢ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ︵2︶ ᠬᠤᠶᠠᠳᠤᠭᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ᠂ ᠬᠤᠰᠢᠭᠤ ᠰᠢᠶᠠᠨ ᠨᠢᠭᠡᠪᠦᠷᠢ ᠬᠥᠮᠦᠨ ᠠᠮᠠ ᠨᠡᠯᠢᠶᠡᠳ ᠣᠯᠠᠨ᠂ ᠠᠶᠢᠯ ᠲᠣᠰᠬᠤᠨ ᠲᠥᠪᠯᠡᠷᠡᠭᠰᠡᠨ᠂ ᠵᠠᠮ ᠬᠠᠷᠢᠯᠴᠠᠭ᠎ᠠ ᠳᠥᠭᠦᠮ ᠨᠢᠭᠡ ᠰᠢᠶᠠᠩ ᠪᠠᠯᠭᠠᠰᠤ ᠶᠢ ᠰᠣᠩᠭᠤᠵᠤ ᠬᠤᠶᠠᠳᠤᠭᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ ᠪᠣᠯᠭᠠᠵᠤ᠂ ᠬᠢᠯᠪᠡᠭᠡᠨ ᠠᠭᠤᠷᠰᠢᠨ ᠬᠥᠳᠡᠷᠵᠢᠭᠰᠡᠨ ᠠᠮᠢᠳᠤᠷᠠᠯ ᠤᠨ ᠬᠤᠭ ᠨᠣᠪᠰᠢ ᠰᠢᠶᠳᠪᠦᠷᠢᠯᠡᠬᠦ ᠥᠷᠲᠡᠭᠡ ᠪᠠᠶᠢᠭᠤᠯᠬᠤ ᠪᠠᠷ ᠳᠠᠮᠵᠢᠭᠤᠯᠤᠨ᠂ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ 90% ᠶᠢᠨ ᠠᠶᠢᠯ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ ᠵᠠᠰᠠᠨ᠎ᠠ︔ ︵3︶ ᠴᠡᠪᠡᠷ ᠲᠡᠭᠰᠢ ᠭᠠᠵᠠᠷ ᠣᠷᠣᠨ ᠳᠤ ᠴᠡᠪᠡᠷᠯᠡᠬᠦ᠂ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠳᠥᠬᠦᠭᠡᠷᠦᠮᠵᠢ ᠶᠢ ᠲᠣᠬᠢᠷᠠᠭᠤᠯᠬᠤ ᠪᠠᠷ ᠳᠠᠮᠵᠢᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠪᠡᠷ ᠲᠡᠭᠰᠢ ᠪᠠᠶᠢᠯᠭᠠᠬᠤ ᠦᠨᠳᠦᠰᠦᠨ ᠱᠠᠭᠠᠷᠳᠠᠯᠭ᠎ᠠ ᠶᠢ ᠪᠡᠶᠡᠯᠡᠭᠦᠯᠦᠨ᠎ᠡ᠃       ᠬᠤᠶᠠᠷ᠂ ᠣᠷᠣᠨ ᠬᠤᠪᠢᠶᠠᠨ ᠵᠠᠰᠠᠬᠤ       ︵ᠨᠢᠭᠡ︶ ᠵᠠᠰᠠᠬᠤ ᠣᠷᠣᠨ ᠪᠦᠰᠡ ᠶᠢ ᠵᠦᠶ ᠵᠣᠬᠢᠰᠲᠠᠶ ᠬᠤᠪᠢᠶᠠᠷᠢᠯᠠᠨ᠎ᠠ       1. ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠭᠠᠵᠠᠷ ᠣᠷᠣᠨ᠃ ᠵᠢᠨᠢᠩ ᠲᠣᠭᠤᠷᠢᠭ ᠤᠨ ᠪᠠᠶ ᠬᠠᠢ ᠽᠢ ᠪᠠᠯᠭᠠᠰᠤ᠂ ᠮᠠ ᠯᠢᠶᠠᠨ ᠴᠢᠦᠶ ᠰᠢᠶᠠᠩ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤ᠂ ᠮᠧᠶ ᠬᠦᠶ ᠶᠢᠩ ᠪᠠᠯᠭᠠᠰᠤ᠂ ᠪᠠᠶᠠᠨ ᠪᠠᠯᠭᠠᠰᠤ᠂ ᠬᠢᠬᠢᠷᠢ ᠶᠢᠨ ᠨᠠᠭᠤᠷ ᠪᠠᠯᠭᠠᠰᠤ᠂ ᠤᠯᠠᠭ᠎ᠠ ᠰᠢᠶᠠᠩ᠂ ᠲᠤᠭ ᠤᠨ ᠠᠭᠤᠯᠠ ᠪᠠᠯᠭᠠᠰᠤ᠂ ᠹᠧᠩᠵᠧᠨ ᠤ ᠵᠢᠤᠢ ᠪᠦᠦ ᠵᠤᠸᠠᠩ ᠪᠠᠯᠭᠠᠰᠤ ᠵᠢᠴᠢ ᠪᠤᠰᠤᠳ 8 ᠬᠤᠰᠢᠭᠤ ᠰᠢᠶᠠᠨ ᠤ ᠴᠧᠩ ᠭᠤᠸᠠᠨ ᠪᠠᠯᠭᠠᠰᠤ ᠶᠢ ᠬᠤᠲᠠ ᠬᠦᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠭᠠᠵᠠᠷ ᠣᠷᠣᠨ ᠪᠣᠯᠭᠠᠨ ᠬᠤᠪᠢᠶᠠᠵᠤ᠂17 ᠰᠢᠶᠠᠩ ᠪᠠᠯᠭᠠᠰᠤ᠂ 249 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃       2.ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ᠃ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤ᠂ ᠲᠢᠶᠠᠨ ᠴᠧᠩ ᠰᠢᠶᠠᠩ᠂ ᠬᠤᠩ ᠮᠤᠤ ᠪᠠᠯᠭᠠᠰᠤ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ᠂ ᠮᠠᠶᠢᠬᠠᠨᠲᠦ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ ᠵᠡᠷᠭᠡ 6 ᠰᠢᠶᠠᠩ ᠪᠠᠯᠭᠠᠰᠤ ᠶᠢ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ ᠪᠣᠯᠭᠠᠨ ᠬᠤᠪᠢᠶᠠᠵᠤ᠂ 93 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃       3.ᠬᠤᠶᠠᠳᠤᠭᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠯᠲᠠ ᠶᠢᠨ ᠭᠠᠵᠠᠷ ᠣᠷᠣᠨ᠃ ᠹᠧᠩᠵᠧᠨ ᠬᠤᠲᠠ ᠶᠢᠨ ᠯᠦᠩ ᠱᠧᠩ ᠵᠤᠸᠠᠩ ᠪᠠᠯᠭᠠᠰᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠰᠬᠢ ᠪᠠᠯᠭᠠᠰᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠠᠢ ᠪᠠᠯᠭᠠᠰᠤ᠂ ᠳᠥᠷᠪᠡᠳ ᠬᠤᠰᠢᠭᠤᠨ ᠤ ᠵᠢᠶ ᠱᠧᠩ ᠲᠠᠢ ᠪᠠᠯᠭᠠᠰᠤ᠂ ᠵᠦᠸᠧᠽᠢ ᠰᠢᠶᠠᠨ ᠤ ᠪᠠᠶᠠᠨᠰᠢᠯᠢ ᠪᠠᠯᠭᠠᠰᠤ᠂ ᠯᠢᠶᠠᠩᠴᠧᠩ ᠰᠢᠶᠠᠨ ᠤ ᠮᠠᠩᠬᠠᠨ ᠪᠠᠯᠭᠠᠰᠤ᠂ ᠰᠢᠩ ᠾᠧ ᠰᠢᠶᠠᠨ ᠤ ᠰᠠᠶᠢᠨ ᠤᠰᠤ ᠪᠠᠯᠭᠠᠰᠤ᠂ ᠱᠠᠩᠳᠤ ᠰᠢᠶᠠᠨ ᠤ ᠰᠢᠶᠣᠤ ᠬᠠᠢ ᠽᠢ ᠪᠠᠯᠭᠠᠰᠤ᠂ ᠬᠤᠸᠠᠳᠧ ᠰᠢᠶᠠᠨ ᠤ ᠪᠠᠶᠠᠨᠲᠠᠯ᠎ᠠ ᠰᠢᠶᠠᠩ ᠵᠡᠷᠭᠡ 9 ᠰᠢᠶᠠᠩ ᠪᠠᠯᠭᠠᠰᠤ ᠶᠢ ᠲᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ ᠪᠣᠯᠭᠠᠨ ᠬᠤᠪᠢᠶᠠᠵᠤ᠂145 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃       4. ᠴᠡᠪᠡᠷ ᠲᠡᠭᠰᠢ ᠭᠠᠵᠠᠷ ᠣᠷᠣᠨ᠃ ᠪᠤᠰᠤᠳ 62 ᠰᠢᠶᠠᠩ ᠪᠠᠯᠭᠠᠰᠤ ᠶᠢ ᠣᠷᠣᠰᠢᠨ ᠰᠠᠭᠤᠬᠤ ᠣᠷᠴᠢᠨ ᠲᠣᠭᠤᠷᠢᠨ ᠴᠡᠪᠡᠷ ᠲᠡᠭᠰᠢ ᠭᠠᠵᠠᠷ ᠣᠷᠣᠨ ᠪᠣᠯᠭᠠᠨ ᠬᠤᠪᠢᠶᠠᠵᠤ᠂ 831 ᠵᠠᠰᠠᠭ ᠵᠠᠬᠢᠷᠭᠠᠨ ᠤ ᠲᠣᠰᠬᠤᠨ ᠳᠤ  ᠬᠤᠯᠪᠤᠭᠳᠠᠨ᠎ᠠ᠃ ᠣᠷᠣᠨ ᠬᠤᠪᠢᠶᠠᠨ ᠲᠥᠷᠥᠯ ᠬᠤᠪᠢᠶᠠᠨ ᠵᠠᠰᠠᠬᠤ ᠶᠢᠨ ᠬᠠᠮᠲᠤ ᠳᠣᠤᠷᠠᠬᠢ ᠮᠡᠲᠦ ᠣᠷᠣᠨ ᠪᠦᠰᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠄  ᠬᠢᠬᠢᠷᠢ ᠶᠢᠨ ᠨᠠᠭᠤᠷ ᠤᠨ ᠡᠷᠬᠢᠨ ᠲᠣᠭᠤᠷᠢᠨ ᠪᠠ ᠶᠢᠨ ᠮᠠ ᠭᠤᠤᠯ᠂ ᠬᠠᠷ᠎ᠠ ᠭᠤᠤᠯ ᠤᠨ ᠬᠤᠶᠠᠷ ᠬᠠᠵᠠᠭᠤ ᠶᠢᠨ ᠠᠶᠢᠯ ᠲᠣᠰᠬᠤᠨ ᠵᠡᠷᠭᠡ ᠣᠷᠴᠢᠨ ᠲᠣᠭᠤᠷᠢᠨ ᠳᠤ ᠰᠡᠷᠭᠡᠭ ᠭᠠᠵᠠᠷ ᠣᠷᠣᠨ︔ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ︔ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠠᠯᠭᠠᠰᠤ᠂ ᠣᠨᠴᠠᠯᠢᠭᠲᠤ ᠵᠢᠵᠢᠭ ᠪᠠᠯᠭᠠᠰᠤ᠂ ᠤᠯᠠᠮᠵᠢᠯᠠᠯᠲᠤ ᠲᠣᠰᠬᠤᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠲᠣᠰᠬᠤᠨ ᠵᠡᠷᠭᠡ ᠪᠠᠯᠭᠠᠰᠤ᠂ ᠲᠣᠰᠬᠤᠨ︔ ᠬᠦᠢᠲᠡᠨ ᠰᠢᠯᠢ᠂ ᠭᠡᠭᠡᠨ ᠲᠠᠯ᠎ᠠ᠂ ᠰᠤᠮᠤᠨ ᠠᠭᠤᠯᠠ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ  ᠲᠠᠷᠢᠶᠠᠯᠠᠬᠤ ᠮᠠᠯᠵᠢᠬᠤ ᠣᠷᠣᠨ ᠤ ᠪᠠᠷᠠᠭ᠎ᠠ ᠭᠦᠶᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠪᠣᠯᠤᠨ᠎ᠠ᠃       ︵ᠬᠤᠶᠠᠷ︶ ᠳᠥᠬᠦᠭᠡᠷᠦᠮᠵᠢ ᠶᠢᠨ ᠠᠵᠢᠯᠲᠠᠨ ᠲᠣᠬᠢᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠨ᠎ᠠ       1.ᠬᠢᠯᠪᠡᠭᠡᠨ ᠠᠭᠤᠷᠰᠢᠨ ᠬᠥᠳᠡᠷᠵᠢᠬᠦ ᠶᠢ ᠰᠢᠢᠳᠪᠦᠷᠢᠯᠡᠬᠦ ᠥᠷᠲᠡᠭᠡ᠃ ᠨᠢᠭᠡ ᠳᠤ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ ᠪᠣᠯᠭᠠᠨ᠎ᠠ᠃ ︽ᠲᠣᠰᠬᠤᠨ ᠬᠤᠷᠢᠶᠠᠨ ᠴᠤᠭᠯᠠᠭᠤᠯᠬᠤ᠂ ᠰᠢᠶᠠᠩ ᠳᠠᠮᠵᠢᠭᠤᠯᠤᠨ ᠲᠡᠭᠡᠭᠡᠪᠦᠷᠢᠯᠡᠬᠦ᠂ ᠬᠡᠰᠡᠭ ᠲᠣᠭᠤᠷᠢᠭ ᠢᠶᠠᠷ ᠰᠢᠶᠳᠪᠦᠷᠢᠯᠡᠬᠦ︾ ᠵᠠᠭᠪᠤᠷ ᠶᠣᠰᠣᠭᠠᠷ᠂ ᠯᠢᠶᠠᠩᠴᠧᠩ ᠰᠢᠶᠠᠨ ᠤ ᠮᠢᠶᠣᠣ ᠪᠦᠸᠧ ᠲᠤᠰᠬᠤᠨ᠂ ᠵᠢᠦ ᠵᠢᠤᠢ ᠨᠢᠤ ᠭᠸᠦ᠂ ᠯᠢᠦ ᠵᠢᠶᠠ ᠶᠣᠣ᠂ ᠨᠠᠨ ᠹᠠᠩ᠂ ᠲᠢᠶᠠᠨ ᠴᠧᠩ ᠲᠤᠰᠬᠤᠨ᠂ ᠴᠠᠭᠠᠨ ᠠᠶᠢᠯ ᠵᠡᠷᠭᠡ 6 ᠲᠣᠰᠬᠤᠨ ᠳᠤ ᠬᠢᠯᠪᠡᠭᠡᠨ  ᠠᠭᠤᠷᠰᠢᠨ ᠬᠥᠳᠡᠷᠵᠢᠬᠦ ᠶᠢ ᠰᠢᠶᠳᠪᠦᠷᠢᠯᠡᠬᠦ ᠥᠷᠲᠡᠭᠡ ᠪᠠᠶᠢᠭᠤᠯᠤᠨ᠎ᠠ᠃ ᠬᠤᠶᠠᠷ ᠳᠤ ᠬᠤᠶᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠯᠲᠠ ᠶᠢᠨ ᠭᠠᠵᠠᠷ ᠣᠷᠣᠨ᠃ ︽ᠡᠷᠦᠬᠡ ᠬᠤᠷᠢᠶᠠᠨ ᠴᠤᠭᠯᠠᠭᠤᠯᠬᠤ᠂ ᠲᠣᠰᠬᠤᠨ ᠳᠠᠮᠵᠢᠭᠤᠯᠤᠨ ᠲᠡᠭᠡᠭᠡᠪᠦᠷᠢᠯᠡᠬᠦ᠂ ᠰᠢᠶᠠᠩ ᠪᠠᠯᠭᠠᠰᠤ ᠰᠢᠢᠳᠪᠦᠷᠢᠯᠡᠬᠦ︾ ᠵᠠᠭᠪᠤᠷ ᠤᠨ ᠶᠣᠰᠣᠭᠠᠷ᠂ ᠰᠢᠶᠠᠩ ᠪᠠᠯᠭᠠᠰᠤ ᠨᠢᠭᠡᠪᠦᠷᠢ ᠳᠤ ᠬᠢᠯᠪᠡᠭᠡᠨ ᠠᠭᠤᠷᠰᠢᠨ ᠬᠥᠳᠡᠷᠵᠢᠬᠦ ᠥᠷᠲᠡᠭᠡ ᠶᠢ 1 ᠪᠠᠶᠢᠭᠤᠯᠤᠨ᠎ᠠ᠃ ᠭᠤᠷᠪᠠ ᠳᠤ ᠪᠤᠰᠤᠳ ᠵᠠᠰᠠᠬᠤ ᠭᠠᠵᠠᠷ ᠣᠷᠣᠨ᠃ ᠬᠥᠮᠦᠨ ᠠᠮᠠ ᠨᠡᠯᠢᠶᠡᠳ ᠲᠥᠪᠯᠡᠷᠡᠭᠰᠡᠨ ᠭᠠᠵᠠᠷ ᠣᠷᠣᠨ ᠳᠤ ︽ᠡᠷᠦᠬᠡ ᠬᠤᠷᠢᠶᠠᠨ ᠴᠤᠭᠯᠠᠭᠤᠯᠬᠤ᠂ ᠲᠣᠰᠬᠤᠨ ᠳᠠᠮᠵᠢᠭᠤᠯᠤᠨ ᠲᠡᠭᠡᠭᠡᠪᠦᠷᠢᠯᠡᠬᠦ᠂ ᠰᠢᠶᠠᠩ ᠪᠠᠯᠭᠠᠰᠤ ︵ᠣᠷᠣᠨ ᠪᠦᠰᠡ︶  ᠰᠢᠶᠳᠪᠦᠷᠢᠯᠡᠬᠦ︾ ᠵᠠᠰᠠᠯᠲᠠ ᠶᠢᠨ ᠵᠠᠭᠪᠤᠷ ᠶᠣᠰᠣᠭᠠᠷ᠂ ᠪᠤᠶᠢᠳᠠ ᠪᠥᠭᠯᠡᠭᠦᠦ ᠬᠥᠮᠦᠨ ᠠᠮᠠ ᠲᠠᠷᠠᠬᠠᠶ ᠪᠤᠲᠠᠷᠬᠠᠶ ᠭᠠᠵᠠᠷ ᠣᠷᠣᠨ ᠳᠤ ︽ᠡᠷᠦᠬᠡ ᠴᠤᠭᠯᠠᠭᠤᠯᠬᠤ᠂ ᠲᠣᠰᠬᠤᠨ ᠬᠤᠷᠢᠶᠠᠬᠤ᠂ ᠲᠣᠰᠬᠤᠨ ᠰᠢᠢᠳᠪᠦᠷᠢᠯᠡᠬᠦ︾ ᠵᠠᠰᠠᠬᠤ ᠵᠠᠭᠪᠤᠷ ᠶᠣᠰᠣᠭᠠᠷ᠂ ᠬᠤᠭ ᠨᠣᠪᠰᠢ ᠰᠢᠶᠳᠪᠦᠷᠢᠯᠡᠬᠦ ᠳᠥᠬᠦᠭᠡᠷᠦᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ ᠪᠦᠲᠦᠭᠡᠨ ᠪᠠᠶᠢᠭᠤᠯᠤᠨ᠎ᠠ᠃       2.ᠬᠤᠭ ᠨᠣᠪᠰᠢ ᠵᠥᠭᠡᠭᠡᠪᠦᠷᠢᠯᠡᠬᠦ ᠲᠥᠬᠦᠭᠡᠷᠦᠮᠵᠢ᠃ ᠰᠢᠶᠠᠩ ᠪᠠᠯᠭᠠᠰᠤᠨ ᠤ ᠣᠳᠣ ᠪᠠᠶᠢᠭ᠎ᠠ ᠬᠤᠭ ᠨᠣᠪᠰᠢ ᠲᠡᠭᠡᠭᠡᠪᠦᠷᠢᠯᠡᠬᠦ ᠮᠠᠰᠢᠨ ᠲᠡᠷᠭᠡ ᠲᠠᠢ ᠤᠶᠠᠯᠳᠤᠭᠤᠯᠤᠨ᠂ ᠰᠢᠶᠠᠩ ᠪᠠᠯᠭᠠᠰᠤ ᠨᠢᠭᠡᠪᠦᠷᠢ ᠳᠤ 2 ᠴᠢᠷᠭᠡᠤᠯ ᠲᠡᠷᠭᠡ ᠲᠣᠬᠢᠷᠠᠭᠤᠯᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠵᠠᠰᠠᠬᠤ ᠭᠠᠵᠠᠷ ᠣᠷᠣᠨ᠂ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ ᠵᠢᠴᠢ ᠬᠤᠶᠠᠳᠤᠭᠠᠷ ᠲᠥᠷᠥᠯ ᠤᠨ ᠲᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ ᠤ ᠰᠢᠶᠠᠩ ᠪᠠᠯᠭᠠᠰᠤ ᠨᠢᠭᠡᠪᠦᠷᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠬᠤ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠳᠠᠲᠠᠵᠤ ᠮᠠᠶ᠋ᠢᠭ ᠤᠨ ᠲᠡᠭᠡᠭᠡᠪᠦᠷᠢᠯᠡᠬᠦ ᠲᠡᠷᠭᠡ ᠪᠠ ᠠᠪᠴᠢᠮᠠᠯ ᠬᠡᠯᠪᠡᠷᠢ ᠶᠢᠨ ᠬᠤᠭ ᠨᠣᠪᠰᠢ ᠶᠢ ᠲᠡᠭᠡᠭᠡᠪᠦᠷᠢᠯᠡᠬᠦ ᠲᠡᠷᠭᠡ ᠶᠢ ᠨᠡᠮᠡᠵᠦ ᠲᠣᠬᠢᠷᠠᠭᠤᠯᠬᠤ ᠵᠠᠷᠴᠢᠮ ᠢᠶᠠᠷ ᠲᠡᠭᠡᠭᠡᠪᠦᠷᠢᠯᠡᠬᠦ ᠲᠥᠬᠦᠭᠡᠷᠦᠮᠵᠢ ᠶᠢ ᠪᠦᠷᠢᠨ ᠲᠣᠬᠢᠷᠠᠭᠤᠯᠤᠨ᠎ᠠ᠃       3. ᠴᠠᠬᠢᠯᠭᠠᠨ ᠬᠥᠳᠡᠯᠭᠡᠭᠦᠷᠲᠦ ᠬᠤᠷᠢᠶᠠᠨ ᠴᠤᠭᠯᠠᠭᠤᠯᠬᠤ ᠲᠡᠷᠭᠡ᠃ 30 ᠡᠷᠦᠬᠡ ᠠᠴᠠ 150 ᠡᠷᠦᠬᠡ  ᠲᠠᠢ ᠠᠶᠢᠯ ᠲᠣᠰᠬᠤᠨ ᠠᠶᠢᠯ ᠲᠣᠰᠬᠤᠨ ᠪᠦᠷᠢ ᠳᠤ ᠴᠠᠬᠢᠯᠭᠠᠨ ᠬᠥᠳᠡᠯᠭᠡᠭᠦᠷᠲᠦ ᠬᠤᠷᠢᠶᠠᠨ ᠴᠤᠭᠯᠠᠭᠤᠯᠬᠤ ᠲᠡᠷᠭᠡ 1 ᠶᠢ ᠲᠣᠬᠢᠷᠠᠭᠤᠯᠵᠤ᠂ 150 ᠡᠷᠦᠬᠡ ᠠᠴᠠ ᠳᠡᠭᠡᠭᠰᠢᠬᠢ ᠠᠶᠢᠯ ᠲᠣᠰᠬᠤᠨ ᠳᠤ ᠴᠠᠬᠢᠯᠭᠠᠨ ᠬᠥᠳᠡᠯᠭᠡᠭᠦᠷᠲᠦ  ᠬᠤᠷᠢᠶᠠᠨ ᠴᠤᠭᠯᠠᠭᠤᠯᠬᠤ ᠲᠡᠷᠭᠡ 2  ᠲᠣᠬᠢᠷᠠᠭᠤᠯᠤᠨ᠎ᠠ᠃       4. ᠬᠤᠭ ᠨᠣᠪᠰᠢ ᠬᠤᠷᠢᠶᠠᠨ ᠴᠤᠭᠯᠠᠭᠤᠯᠬᠤ ᠰᠠᠭᠤᠯᠠᠭ᠎ᠠ᠃ ᠨᠢᠭᠡ ᠳᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠭᠠᠵᠠᠷ ᠣᠷᠣᠨ᠂ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠭᠤᠤᠯᠳᠠᠯᠭ᠎ᠠ ᠲᠠᠢ ᠵᠠᠰᠠᠬᠤ ᠭᠠᠵᠠᠷ ᠣᠷᠣᠨ ᠪᠣᠯᠤᠨ ᠬᠤᠶᠠᠳᠤᠭᠠᠷ ᠲᠥᠷᠥᠯ ‍ᠤᠨ‌‍ᠲ᠋ᠤᠷᠰᠢᠯᠲᠠ ᠶᠢᠨ ᠴᠢᠭ᠋ ᠤᠨ ᠵᠠᠰᠠᠬᠤ ᠭᠠᠵᠠᠷ ᠣᠷᠣᠨ᠂ ᠡᠷᠦᠬᠡ ᠪᠦᠷᠢ ᠳᠤ ᠨᠢᠭᠡ 30L ᠬᠤᠭ ᠨᠣᠪᠰᠢ ᠴᠤᠭᠯᠠᠭᠤᠯᠬᠤ ᠰᠠᠭᠤᠯᠠᠭ᠎ᠠ ᠲᠣᠬᠢᠷᠠᠭᠤᠯᠤᠨ᠎ᠠ︔ ᠬᠤᠶᠠᠷ ᠲᠤ ᠴᠡᠪᠡᠷ ᠲᠡᠭᠰᠢ ᠭᠠᠵᠠᠷ ᠣᠷᠣᠨ ᠳᠤ᠂ 3 ᠡᠷᠦᠬᠡ ᠪᠦᠷᠢ ᠳᠤ ᠨᠢᠭᠡ 60L ᠬᠤᠭ ᠨᠣᠪᠰᠢ ᠴᠤᠭᠯᠠᠭᠤᠯᠬᠤ ᠰᠠᠭᠤᠯᠠᠭ᠎ᠠ ᠲᠣᠬᠢᠷᠠᠭᠤᠯᠤᠨ᠎ᠠ᠃       5.ᠬᠤᠭ ᠨᠣᠪᠰᠢ ᠬᠤᠷᠢᠶᠠᠨ ᠴᠤᠭᠯᠠᠭᠤᠯᠬᠤ ᠬᠠᠶᠢᠷᠴᠠᠭ᠃ ᠣᠳᠣ ᠪᠠᠶᠢᠭ᠎ᠠ ᠬᠤᠭ ᠨᠣᠪᠰᠢ ᠬᠤᠷᠢᠶᠠᠨ ᠴᠤᠭᠯᠠᠭᠤᠯᠬᠤ ᠴᠥᠭᠦᠷᠥᠮ ᠪᠠ ᠬᠤᠷᠢᠶᠠᠨ ᠴᠤᠭᠯᠠᠭᠤᠯᠬᠤ ᠬᠠᠶᠢᠷᠴᠠᠭ ᠢ ᠨᠢᠭᠡᠳᠦᠯᠲᠡᠶ ᠲᠥᠯᠥᠪᠯᠡᠨ ᠪᠣᠳᠤᠯᠬᠢᠯᠠᠭᠰᠠᠨ ᠰᠠᠭᠤᠷᠢᠨ ᠳᠡᠭᠡᠷ᠎ᠡ᠂ 50 ᠡᠷᠦᠬᠡ ᠪᠦᠷᠢ ᠳᠤ ᠨᠢᠭᠡ 3 ᠪᠣᠰᠤᠭ᠎ᠠ ᠳᠥᠷᠪᠡᠯᠵᠢᠨ ᠮᠧᠲᠷ ᠬᠤᠭ ᠨᠣᠪᠰᠢ  ᠬᠤᠷᠢᠶᠠᠨ ᠴᠤᠭᠯᠠᠭᠤᠯᠬᠤ ᠬᠠᠶᠢᠷᠴᠠᠭ ᠲᠣᠬᠢᠷᠠᠭᠤᠯᠤᠨ᠎ᠠ᠃       6.ᠵᠠᠮ ᠴᠡᠪᠡᠷᠯᠡᠵᠦ ᠱᠦᠭᠦᠷᠳᠡᠬᠦ ᠮᠠᠰᠢᠨ᠃ ᠰᠢᠶᠠᠨ ᠤ ᠬᠤᠳᠠ ᠠᠴᠠ 8 ᠺᠢᠯᠤᠮᠧᠲᠷ ᠤᠨ ᠳᠣᠲᠣᠷᠠᠬᠢ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠲᠣᠰᠬᠤᠨ ᠤ ᠵᠠᠮ ᠰᠢᠶᠠᠨ ᠤ ᠬᠤᠳᠠ ᠶᠢᠨ ᠵᠠᠮ ᠢ ᠴᠡᠪᠡᠷᠯᠡᠨ ᠱᠦᠭᠦᠷᠳᠡᠬᠦ ᠮᠠᠰᠢᠨ ᠢᠶᠠᠷ ᠴᠡᠪᠡᠷᠯᠡᠨ ᠱᠦᠭᠦᠷᠳᠡᠨ᠎ᠡ︔ 5 ᠺᠢᠯᠣᠮᠧᠲᠷ ᠵᠠᠶᠢᠲᠠᠶ ᠵᠠᠰᠠᠭ ᠵᠠᠬᠢᠷᠭᠠᠨ ᠤ ᠲᠣᠰᠬᠤᠨ ᠳᠤ ᠵᠠᠮ ᠱᠦᠭᠦᠷᠳᠡᠬᠦ ᠮᠠᠰᠢᠨ ᠬᠡᠷᠡᠭᠯᠡᠨ᠎ᠡ︔ ᠵᠠᠬ᠎ᠠ ᠬᠢᠵᠠᠭᠠᠷ ᠪᠠ ᠪᠤᠶᠢᠳᠠ ᠪᠥᠭᠯᠡᠭᠦᠤ ᠭᠠᠵᠠᠷ ᠣᠷᠣᠨ ᠳᠤ ᠮᠠᠰᠢᠨ ᠢᠶᠠᠷ ᠴᠡᠪᠡᠷᠯᠡᠨ ᠱᠦᠭᠦᠷᠳᠡᠬᠦ ᠪᠠ ᠴᠡᠪᠡᠷᠯᠡᠭᠴᠢ ᠪᠠᠷ ᠴᠡᠪᠡᠷᠯᠡᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠣᠰᠬᠤᠨ ᠤ ᠳᠣᠲᠣᠷᠠᠬᠢ ᠵᠠᠮ ᠢ ᠴᠡᠪᠡᠷ ᠲᠡᠭᠰᠢ ᠪᠣᠯᠭᠠᠨ᠎ᠠ᠃       7. ᠴᠡᠪᠡᠷᠯᠡᠭᠴᠢ᠃ 50 ᠡᠷᠦᠬᠡ ᠠᠴᠠ ᠳᠣᠷᠣᠭᠰᠢᠬᠢ ᠠᠶᠢᠯ ᠲᠣᠰᠬᠤᠨ ᠳᠤ 1 ᠨᠡᠷᠡᠰ ᠴᠡᠪᠡᠷᠯᠡᠭᠴᠢ ᠲᠣᠬᠢᠷᠠᠭᠤᠯᠵᠤ᠂ 50 ᠡᠷᠦᠬᠡ ᠠᠴᠠ ᠳᠡᠭᠡᠭᠰᠢᠬᠢ ᠠᠶᠢᠯ ᠲᠣᠰᠬᠤᠨ ᠳᠤ 300 ᠬᠥᠮᠦᠨ ᠪᠦᠷᠢ ᠳᠤ 1 ᠨᠡᠷᠡᠰ ᠴᠡᠪᠡᠷᠯᠡᠭᠴᠢ  ᠲᠣᠬᠢᠷᠠᠭᠤᠯᠤᠨ᠎ᠠ᠃       ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ︽ᠰᠢᠶᠠᠨ ᠰᠢᠶᠠᠩ ᠲᠣᠰᠬᠤᠨ ᠡᠷᠦᠬᠡ︾ ᠳᠥᠷᠪᠡᠨ ᠱᠠᠲᠤᠨ ᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠤᠰᠢᠭᠤ ᠰᠢᠶᠠᠨ ᠬᠤᠲᠠ ᠲᠣᠭᠤᠷᠢᠭ ᠨᠢ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠭ ᠨᠣᠪᠰᠢ ᠶᠢ ᠵᠠᠰᠠᠬᠤ ᠠᠵᠢᠯ ᠢ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠶᠠᠪᠤᠭᠳᠠᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠵᠢᠴᠢ ᠬᠤᠭ ᠨᠣᠪᠰᠢ ᠶᠢ ᠵᠠᠰᠠᠬᠤ ᠵᠠᠭᠪᠤᠷ ᠢ ᠵᠦᠶ ᠵᠣᠬᠢᠰᠲᠠᠶ ᠰᠣᠩᠭᠤᠬᠤ ᠶᠢ ᠬᠠᠷᠢᠭᠤᠴᠠᠵᠤ᠂ ᠬᠤᠭ ᠨᠣᠪᠰᠢ ᠶᠢ ᠵᠠᠰᠠᠬᠤ ᠳᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ ᠪᠦᠲᠦᠭᠡᠨ ᠪᠠᠶᠢᠭᠤᠯᠤᠨ᠎ᠠ᠃ ᠰᠢᠶᠠᠩ ᠪᠠᠯᠭᠠᠰᠤ ᠨᠢ ᠴᠡᠪᠡᠷᠯᠡᠭᠴᠢ᠂ ᠵᠥᠭᠡᠭᠡᠪᠦᠷᠢᠯᠡᠭᠴᠢ᠂ ᠵᠡᠭᠡᠯᠢ ᠭᠤᠳᠤᠮᠵᠢ ᠶᠢᠨ ᠬᠠᠮᠢᠶᠠᠷᠤᠭᠴᠢ᠂ ᠬᠤᠭ ᠨᠣᠪᠰᠢ ᠰᠢᠶᠳᠪᠦᠷᠢᠯᠡᠬᠦ ᠥᠷᠲᠡᠭᠡᠨ ᠤ ᠬᠠᠮᠢᠶᠠᠷᠤᠭᠴᠢ ᠪᠠᠷ ᠪᠦᠷᠢᠯᠳᠦᠭᠰᠡᠨ ᠬᠠᠮᠢᠶᠠᠷᠤᠨ ᠬᠠᠮᠠᠭᠠᠯᠠᠬᠤ ᠠᠩᠭᠢ ᠶᠢ ᠪᠠᠶᠢᠭᠤᠯᠵᠤ᠂ ᠣᠯᠠᠨ ᠨᠡᠶᠢᠲᠡ ᠶᠢᠨ ᠣᠷᠣᠨ ᠲᠣᠭᠤᠷᠢᠭ ᠤᠨ ᠡᠷᠡᠭᠦᠯ ᠬᠠᠮᠠᠭᠠᠯᠠᠯ᠂  ᠳᠥᠬᠦᠭᠡᠷᠦᠮᠵᠢ ᠵᠢᠴᠢ ᠬᠤᠭ ᠨᠣᠪᠰᠢ ᠰᠢᠶᠳᠪᠦᠷᠢᠯᠡᠬᠦ ᠥᠷᠲᠡᠭᠡ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠬᠡᠷᠡᠭᠲᠡᠶ᠃ ᠭᠠᠴᠠᠭᠠᠨ ᠤ ᠬᠤᠶᠠᠷ ᠵᠥᠪᠯᠡᠯ ᠨᠢ ᠭᠠᠴᠠᠭᠠᠨ ᠤ ᠳᠦᠷᠢᠮ ᠠᠷᠠᠳ ᠤᠨ ᠭᠡᠷ᠎ᠡ ᠶᠢ ᠲᠣᠭᠲᠠᠭᠠᠬᠤ ᠪᠠ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠴᠢᠨ ᠡᠷᠦᠬᠡ ︽ᠡᠭᠦᠳᠡᠨ ᠡᠮᠦᠨᠡᠬᠢ ᠳᠥᠷᠪᠡᠨ ᠳᠠᠭᠠᠭᠠᠴᠢᠯᠠᠯᠲᠠ︾ ᠶᠢ ᠰᠠᠶᠢᠲᠤᠷ ᠬᠢᠵᠦ᠂ ᠲᠣᠬᠠᠶᠢᠯᠠᠪᠠᠯ ᠡᠭᠦᠳᠡᠨ ᠡᠮᠦᠨᠡᠬᠢ ᠡᠷᠡᠭᠦᠯ ᠬᠠᠮᠠᠭᠠᠯᠠᠯ᠂ ᠨᠣᠭᠤᠭᠠᠷᠠᠭᠤᠯᠤᠯᠲᠠ᠂ ᠲᠥᠬᠦᠭᠡᠷᠦᠮᠵᠢ ᠶᠢᠨ  ᠬᠠᠮᠢᠶᠠᠷᠤᠯᠲᠠ ᠬᠠᠮᠠᠭᠠᠯᠠᠯᠲᠠ᠂ ᠡᠮᠬᠢ ᠳᠢᠭᠯᠢᠮ ᠤᠨ ᠬᠠᠮᠢᠶᠠᠷᠤᠯᠲᠠ ᠶᠢ ᠰᠠᠶᠢᠲᠤᠷ  ᠬᠢᠨ᠎ᠡ᠃       ︵ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠨᠢᠭᠡ ᠳᠤ ᠲᠥᠪ᠂ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠡᠳ᠋ ᠤᠨ ᠵᠠᠰᠠᠭ ᠠᠴᠠ ᠪᠠᠯᠠ ᠮᠥᠩᠭᠦ ᠵᠢᠨ‌‍ᠲ᠋ᠡᠮᠵᠢᠯᠭᠡ ᠦᠵᠡᠭᠦᠯᠬᠦ ᠶᠢ ᠢᠳᠡᠪᠬᠢᠲᠡᠶ ᠪᠠᠷ ᠭᠤᠶᠤᠴᠢᠯᠠᠨ᠎ᠠ᠃ 2020 ᠤᠨ ᠳᠤ ᠬᠤᠭ ᠨᠣᠪᠰᠢ ᠶᠢ ᠵᠠᠰᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠡᠯᠡ ᠮᠥᠩᠭᠦ ᠭᠤᠤᠯᠳᠠᠭᠤ ᠬᠤᠶᠠᠷ ᠬᠡᠰᠡᠭ ᠠᠴᠠ ᠢᠷᠡᠯᠲᠡ ᠲᠠᠢ᠃ ᠨᠢᠭᠡ ᠬᠡᠰᠡᠭ ᠨᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2020 ᠣᠨ ᠤ ᠲᠠᠷᠢᠶᠠᠯᠠᠬᠤ ᠮᠠᠯᠵᠢᠬᠤ ᠣᠷᠤᠨ ᠤ ᠠᠮᠢᠳᠤᠷᠠᠯ ᠤᠨ ᠬᠤᠭ ᠨᠣᠪᠰᠢ ᠰᠢᠶᠳᠪᠦᠷᠢᠯᠡᠬᠦ ᠨᠥᠬᠦᠪᠥᠷᠢ ᠪᠡᠯᠡ ᠮᠥᠩᠭᠦ ᠪᠣᠯᠬᠤ ᠪᠥᠭᠡᠳ ᠦᠯᠡᠳᠡᠭᠰᠡᠨ ᠬᠡᠰᠡᠭ ᠢ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2020 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠠᠴᠠ ᠭᠦᠶᠴᠡᠳ ᠨᠥᠬᠦᠪᠦᠷᠢᠯᠡᠨ᠎ᠡ᠃ ᠬᠤᠶᠠᠷ ᠲᠤ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ ᠤᠨ ᠪᠡᠯᠡ ᠮᠥᠩᠭᠦ ᠶᠢ ᠨᠡᠶᠢᠳᠬᠡᠵᠦ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠶᠳᠪᠦᠷᠢᠯᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠬᠤ ᠶᠢᠨ ᠬᠠᠮᠲᠤ ᠠᠵᠢᠯᠯᠠᠭᠠᠨ ᠤ ᠬᠠᠮᠢᠶᠠᠷᠤᠯᠲᠠ ᠶᠢᠨ ᠪᠡᠯᠡ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ  ᠪᠠᠲᠤᠯᠠᠨ᠎ᠠ᠃       ︵ᠭᠤᠷᠪᠠ︶ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠨ᠎ᠠ᠃ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠯᠭᠠᠨ ᠦᠨᠡᠯᠡᠬᠦ ᠨᠠᠷᠢᠨ ᠳᠦᠷᠢᠮ ᠪᠠ ᠰᠢᠯᠭᠠᠨ ᠬᠢᠨᠠᠬᠤ ᠭᠤᠤᠯᠳᠠᠯᠭ᠎ᠠ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠰᠢᠯᠵᠢᠭᠦᠯᠦᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠬᠠᠮᠢᠶᠠᠷᠤᠨ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ᠂ ᠲᠥᠬᠦᠭᠡᠷᠦᠮᠵᠢ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ᠂ ᠵᠠᠷᠤᠳᠠᠯ ᠤᠨ ᠪᠠᠲᠤᠯᠠᠭ᠎ᠠ ᠵᠢᠴᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠪᠡᠷ ᠴᠡᠮᠴᠡᠭᠡᠷ ᠪᠠᠶᠢᠬᠤ ᠬᠡᠮᠵᠢᠶ᠎ᠡ ᠵᠡᠷᠭᠡ ᠶᠢ ᠭᠤᠤᠯᠳᠠᠯᠭ᠎ᠠ ᠲᠠᠢ ᠰᠢᠯᠭᠠᠨ ᠬᠢᠨᠠᠬᠤ ᠬᠡᠷᠡᠭᠲᠡᠶ᠃ ᠡᠭᠦᠨ ᠤ ᠬᠠᠮᠲᠤ ᠴᠡᠭ ᠪᠠ ᠲᠠᠯ᠎ᠠ᠂ ᠲᠣᠭᠲᠠᠮᠠᠯ ᠬᠤᠭᠤᠴᠠᠭ᠎ᠠ ᠪᠠ ᠲᠣᠭᠲᠠᠮᠠᠯ ᠪᠤᠰᠤ ᠬᠤᠭᠤᠴᠠᠭ᠎ᠠ᠂ ᠡᠳᠦᠷ ᠳᠤᠲᠤᠮ ᠤᠨ ᠪᠠᠶᠢᠴᠠᠭᠠᠯᠲᠠ ᠪᠠ ᠲᠥᠪᠯᠡᠷᠡᠭᠦᠯᠦᠨ ᠰᠢᠯᠭᠠᠨ ᠦᠨᠡᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠢᠭᠡᠳᠦᠯᠲᠡᠶ ᠬᠢᠨᠠᠨ ᠰᠢᠯᠭᠠᠵᠤ᠂ ᠨᠢᠭᠡᠳᠦᠯᠲᠡᠶ ᠨᠠᠷ᠎ᠡ ᠵᠢᠭᠰᠠᠭᠠᠵᠤ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠨ᠎ᠠ᠃       ︵ᠳᠥᠷᠪᠡ︶ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠤᠢ  ᠪᠣᠯᠭᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠡᠶᠡᠯᠡᠭᠦᠯᠬᠦ ᠨᠢ ᠣᠯᠠᠨ ᠰᠠᠯᠠᠭ᠎ᠠ ᠮᠥᠴᠢᠷ ᠲᠤ ᠬᠤᠯᠪᠤᠭᠳᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠬᠠᠮᠲᠤᠷᠠᠨ ᠵᠠᠰᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠣᠷᠴᠢᠨ ᠨᠥᠬᠦᠴᠡᠯ ᠢ ᠪᠦᠲᠦᠮᠵᠢᠲᠡᠶ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠨ᠎ᠠ᠃                     ᠤᠯᠠᠭᠠᠠᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                               2020ᠣᠨ ᠤ 9 ᠰᠠᠷ᠎ᠠ ᠶᠢᠨ 3 ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2