ᠶᠦᠨ ᠳ᠋ᠠ ᠬᠤᠪᠢ ᠣᠷᠣᠭᠤᠯᠤᠭᠰᠠᠨ ᠤᠮᠠᠷᠠᠲᠤ ᠣᠷᠣᠨ ᠤ ᠶᠡᠷᠦᠩᠬᠡᠶ ᠬᠡᠯᠲᠡᠰ ︵ᠤᠯᠠᠭᠠᠨᠴᠠᠪ︶ ᠤᠨ ᠤᠶᠤᠨᠲᠤ ᠠᠵᠤ ᠦᠶᠯᠡᠰ ᠤᠨ ᠰᠠᠭᠤᠷᠢᠨ ᠭᠠᠵᠠᠷ ᠤᠨ ᠲᠥᠷᠥᠯ ᠵᠦᠶᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2020/11/23
    11 ᠰᠠᠷ᠎ᠠ ᠶᠢᠨ 12 ᠤᠨ ᠡᠳᠦᠷ᠂ ᠶᠦᠨ ᠳ᠋ᠠ ᠬᠤᠪᠢ ᠣᠷᠣᠭᠤᠯᠤᠭᠰᠠᠨ ᠤᠮᠠᠷᠠᠲᠤ ᠤᠷᠤᠨ ᠤ ᠶᠡᠷᠦᠩᠬᠡᠶ ᠬᠡᠯᠲᠡᠰ ︵ᠤᠯᠠᠭᠠᠨᠴᠠᠪ︶ ᠤᠨ ᠤᠶᠤᠨᠲᠤ ᠠᠵᠤ ᠦᠶᠯᠡᠰ ᠤᠨ ᠰᠠᠭᠤᠷᠢᠨ ᠭᠠᠵᠠᠷ ᠤᠨ ᠲᠥᠷᠥᠯ ᠵᠦᠶᠯ ᠢ ᠭᠤᠷᠪᠠᠨ ᠬᠠᠪᠴᠢᠯ ᠤᠨ ᠣᠲᠣ ᠦᠶ᠎ᠡ ᠶᠢᠨ ᠡᠨᠧᠷᠭᠢ ᠶᠢᠨ ᠠᠵᠤ ᠦᠶᠯᠡᠰ ᠤᠨ ᠬᠦᠷᠢᠶᠡᠯᠡᠩ ᠳᠤ ᠵᠢᠩᠬᠢᠨᠢ ᠪᠠᠷ ᠠᠵᠢᠯ ᠡᠬᠢᠯᠡᠭᠦᠯᠪᠡ᠃ ᠡᠨᠡ ᠪᠣᠯ ᠤᠯᠠᠭᠠᠨᠴᠠᠪ ᠤᠨ ᠴᠠᠬᠢᠯᠭᠠᠨ ᠰᠤᠷᠪᠤᠯᠵᠢ ᠲᠤᠤᠷ ᠳᠠᠭᠠᠭᠠᠴᠠ ᠡᠨᠧᠷᠬᠢ ᠨᠦᠬᠡᠴᠡ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠤᠨ ᠳᠠᠷᠠᠭ᠎ᠠ ᠮᠠᠨ ᠤ ᠬᠤᠲᠠ ᠶᠢᠨ ᠪᠠᠰᠠ ᠨᠢᠭᠡᠨ ᠴᠢᠬᠤᠯᠠ ᠶᠡᠭᠡ ᠰᠢᠨ᠎ᠡ ᠡᠨᠧᠷᠭᠢ ᠶᠢᠨ ᠠᠵᠤ ᠦᠶᠯᠡᠰ ᠤᠨ ᠲᠦᠷᠦᠯ ᠵᠦᠶᠯ ᠪᠣᠯᠤᠨ᠎ᠠ᠃     ᠪᠥᠬᠦ ᠤᠯᠤᠰ ᠤᠨ ᠰᠠᠯᠬᠢᠨ ᠬᠦᠴᠦᠨ ᠤ ᠮᠠᠰᠢᠨ ᠤ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠸᠠᠩ ᠵᠢᠶᠠᠨ ᠫᠢᠩ᠂ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠤᠸᠠᠨ ᠶᠢᠩ ᠫᠢᠩ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠲᠥᠷᠥᠯ ᠵᠦᠶᠯ ᠤᠨ ᠠᠵᠢᠯ ᠡᠬᠢᠯᠡᠭᠰᠡᠨ ᠢ ᠵᠠᠷᠯᠠᠪᠠ᠃ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠥᠭᠡᠳ ᠶᠦᠨ ᠳ᠋ᠡ ᠬᠤᠪᠢ ᠣᠷᠣᠭᠤᠯᠤᠯᠳᠡ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠧᠨ ᠢᠦᠢ᠂ ᠳᠡᠳ᠋ ᠬᠤᠳᠠ ᠶᠢᠨ ᠳᠠᠷᠤᠭ᠎ᠠ ᠶᠦᠨ ᠫᠧᠩ ᠭᠠᠩ ᠲᠤᠰ ᠲᠤᠰ ᠪᠠᠶᠠᠷ ᠤᠨ ᠦᠭᠡ ᠬᠡᠯᠡᠪᠡ᠃ ᠮᠠᠨ ᠤ ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃     ᠶᠠᠩ ᠵᠧᠨ ᠢᠦᠶ ᠪᠠᠶᠠᠷ ᠤᠨ ᠦᠭᠡ ᠳᠡᠭᠡᠨ᠂ ᠶᠦᠨ ᠳ᠋ᠠ ᠬᠤᠪᠢ ᠤᠷᠤᠭᠤᠯᠤᠭᠰᠠᠨ ᠤᠮᠠᠷᠠᠲᠤ ᠣᠷᠣᠨ ᠤ ᠶᠡᠷᠦᠩᠬᠡᠶ ᠬᠡᠯᠲᠡᠰ ︵ᠤᠯᠠᠭᠠᠨᠴᠠᠪ︶ ᠤᠨ ᠤᠶᠤᠨᠲᠤ ᠠᠵᠤ ᠦᠢᠯᠡᠰ ᠤᠨ ᠰᠠᠭᠤᠷᠢᠨ ᠭᠠᠵᠠᠷ ᠪᠣᠯ ᠶᠦᠨ ᠳ᠋ᠠ ᠬᠤᠪᠢ ᠣᠷᠣᠭᠤᠯᠤᠯᠲᠠ ᠶᠢᠨ ᠥᠪᠤᠷ ᠮᠣᠩᠭᠤᠯ ᠣᠷᠣᠨ ᠳᠤ ᠪᠠᠶᠢᠭ᠎ᠠ ᠪᠡᠯᠭᠡ ᠲᠡᠮᠳᠡᠭ ᠤᠨ ᠬᠡᠯᠪᠡᠷᠢ ᠶᠢᠨ ᠲᠥᠷᠥᠯ ᠵᠦᠶᠯ ᠪᠣᠯᠬᠤ ᠪᠥᠭᠡᠳ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠡᠨᠡ ᠵᠢᠯ ᠤᠨ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ ᠶᠦᠨ ᠳ᠋ᠠ ᠬᠤᠪᠢ ᠣᠷᠣᠭᠤᠯᠤᠯᠳᠠ᠂ ᠮᠠᠰᠢᠨ ᠴᠠᠬᠢᠯᠭᠠᠨ ᠤ ᠪᠦᠯᠦᠭᠯᠡᠯ ᠤᠨ ᠵᠠᠯᠭᠠᠮᠵᠢ ᠬᠥᠭᠵᠢᠯᠲᠡ ᠳᠤ ᠠᠯᠤᠰ ᠬᠡᠲᠦ ᠶᠢᠨ ᠨᠥᠯᠥᠬᠡ ᠦᠵᠡᠭᠦᠯᠬᠦ ᠪᠣᠯᠤᠨ᠎ᠠ᠃ ᠶᠦᠨ ᠳ᠋ᠠ ᠬᠤᠪᠢ ᠣᠷᠣᠭᠤᠯᠤᠭᠰᠠᠨ ᠺᠤᠮᠫᠠᠨᠢ ᠡᠯ᠎ᠡ ᠵᠦᠢᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠷᠣᠨ ᠪᠦᠰᠡ ᠶᠢᠨ ᠠᠵᠤ ᠦᠶᠯᠡᠰ ᠤᠨ ᠳᠠᠪᠠᠭᠤᠯᠢᠭ ᠲᠤ ᠲᠦᠰᠢᠭᠯᠡᠨ᠂ ᠤᠯᠠᠭᠠᠨᠴᠠᠪ ᠢᠶᠠᠷ ᠲᠥᠪ ᠪᠣᠯᠭᠠᠭᠰᠠᠨ᠂ ᠥᠪᠥᠷ ᠮᠣᠩᠭᠤᠯ ᠴᠢᠨᠠᠭᠰᠢᠯᠠᠪᠠᠯ ᠪᠦᠬᠦ ᠪᠥᠮᠪᠥᠷᠴᠡᠭ ᠢ ᠬᠠᠮᠤᠷᠤᠭᠰᠠᠨ ᠰᠠᠯᠬᠢᠨ ᠬᠦᠴᠦᠨ ᠤ ᠴᠠᠬᠢᠯᠭᠠᠨ ᠤ ᠵᠠᠬ᠎ᠠ ᠳᠡᠯᠭᠡᠭᠦᠷ ᠢ ᠢᠳᠡᠪᠬᠢᠲᠡᠶ ᠨᠡᠭᠡᠭᠡᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠨᠦᠬᠡᠴᠡ ᠬᠦᠴᠦᠨ ᠢ ᠴᠢᠩᠭᠠᠷᠠᠭᠤᠯᠵᠤ᠂ ᠪᠠᠰᠠ ᠤᠯᠠᠭᠠᠨᠴᠠᠪ ᠤᠨ ᠲᠤᠬᠠᠶ ᠶᠢᠨ ᠭᠠᠵᠠᠷ ᠲᠤ ᠰᠠᠯᠬᠢᠨ ᠬᠦᠴᠦᠨ ᠤ ᠴᠠᠬᠢᠯᠭᠠᠨ ᠤ ᠪᠠᠷᠢᠯᠭ᠎ᠠ ᠶᠢᠨ ᠬᠠᠮᠢᠶ᠎ᠠ ᠪᠦᠬᠦᠢ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠵᠦ᠂ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ᠣᠯᠳᠠᠬᠤᠶ᠎ᠠ ᠪᠡᠷᠬᠡ ᠲᠡᠦᠬᠡ ᠶᠢᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠢᠨ᠎ᠡ ᠶᠢ ᠡᠭᠦᠳᠦᠨ ᠬᠦᠭᠵᠢᠬᠦᠯᠵᠤ᠂ ᠬᠠᠮᠲᠤᠪᠠᠷ ᠡᠳ᠋ᠯᠡᠨ ᠬᠦᠭᠵᠢᠬᠦᠯᠵᠤ ᠂ ᠬᠠᠮᠲᠤᠪᠠᠷ ᠤᠯᠠᠭᠠᠨᠴᠠᠪ ᠤᠨ ᠠᠵᠤ ᠦᠢᠯᠡᠰ ᠤᠨ ᠰᠠᠭᠤᠷᠢᠨ ᠭᠠᠵᠠᠷ ᠢ ᠥᠪᠥᠷ ᠮᠣᠩᠭᠤᠯ ᠤᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠬᠡᠪ ᠳᠠᠭᠤᠷᠢᠶᠠᠯ ᠪᠣᠯᠭᠠᠨ ᠴᠣᠭᠴᠠᠯᠠᠨ᠎ᠠ ᠬᠡᠵᠡᠢ᠃     ᠶᠦᠨ ᠫᠧᠩ ᠭᠠᠩ ᠪᠠᠶᠠᠷ ᠤᠨ ᠦᠭᠡ ᠬᠡᠯᠡᠬᠦ ᠳᠡᠭᠡᠨ᠂ ᠤᠶᠢᠷ᠎ᠡ ᠶᠢᠨ ᠵᠢᠯ ᠤᠨ ᠲᠤᠷᠰᠢ᠂ ᠤᠯᠠᠭᠠᠨᠴᠠᠪ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠵᠤ᠂ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠦᠬᠦ ᠬᠤᠲᠠ ᠶᠢᠨ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠬᠡᠬᠦ ᠬᠦᠴᠦᠨ ᠬᠤᠷᠠᠮᠳᠤᠭᠤᠯᠵᠠᠢ᠃ ᠶᠦᠨ ᠳ᠋ᠠ ᠬᠤᠪᠢ ᠤᠷᠤᠭᠤᠯᠤᠭᠰᠠᠨ ᠤᠮᠠᠷᠠᠲᠤ ᠣᠷᠣᠨ ᠤ ᠶᠡᠷᠦᠩᠬᠡᠶ ᠬᠡᠯᠳᠡᠰ ︵ᠤᠯᠠᠭᠠᠨᠴᠠᠪ︶ ᠤᠨ ᠤᠶᠤᠨᠲᠤ ᠠᠵᠤ ᠦᠶᠯᠡᠰ ᠤᠨ ᠰᠠᠭᠤᠷᠢᠨ ᠭᠠᠵᠠᠷ ᠤᠨ ᠲᠥᠷᠥᠯ ᠵᠦᠶᠯ ᠪᠣᠯ ᠤᠯᠠᠭᠠᠨᠴᠠᠪ ᠤᠨ ︽ᠡᠨᠧᠷᠭᠢ + ᠠᠵᠤ ᠦᠶᠯᠡᠰ︾ ᠤᠨ ᠬᠥᠭᠵᠢᠯᠳᠡ ᠶᠢᠨ ᠵᠠᠭᠪᠤᠷ ᠳᠣᠤᠷ᠎ᠠ᠂ ᠣᠷᠣᠭᠤᠯᠵᠤ ᠠᠪᠴᠢᠷᠠᠭᠰᠠᠨ ᠣᠳᠣ ᠦᠶ᠎ᠡ ᠶᠢᠨ ᠡᠨᠧᠷᠭᠢ ᠶᠢᠨ ᠲᠣᠨᠣᠭᠯᠠᠯ ᠦᠢᠯᠡᠳᠬᠦ ᠴᠢᠬᠤᠯᠠ ᠲᠥᠷᠥᠯ ᠵᠦᠢᠯ ᠮᠦᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠢ ᠮᠠᠨ ᠤ ᠬᠤᠲᠠ ᠶᠢᠨ ᠡᠨᠧᠷᠭᠢ ᠶᠢᠨ ᠠᠵᠤ ᠦᠢᠯᠡᠰ ᠤᠨ ᠬᠡᠪᠴᠢᠶᠡᠵᠢᠯ᠂ ᠰᠠᠭᠤᠷᠢᠴᠢᠯᠠᠯᠳᠠ᠂ ᠣᠳᠣᠬᠢᠴᠢᠯᠠᠯᠲᠠ ᠶᠢᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠥᠭᠡᠳ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠬᠦ ᠨᠢ ᠯᠠᠪᠲᠠᠢ ᠶᠤᠮ᠃ ᠴᠠᠬᠠᠷ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠬᠠᠮᠤᠭ ᠤᠨ ᠳᠥᠭᠦᠮ ᠦᠶᠯᠡᠴᠢᠯᠡᠭᠡ ᠬᠠᠩᠭᠠᠵᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠳᠡᠢ᠃ ᠡᠭᠦᠨ ᠤ ᠬᠠᠮᠲᠤ᠂ ᠶᠦᠨ ᠳ᠋ᠠ ᠬᠤᠪᠢ ᠣᠷᠣᠭᠤᠯᠤᠯᠲᠠ ᠬᠦᠴᠦᠨ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶ᠎ᠠ᠂ ᠦᠨᠳᠦᠷ ᠴᠢᠨᠠᠷ ᠦᠷ᠎ᠡ ᠪᠦᠲᠦᠮᠵᠢ ᠲᠠᠢ ᠪᠠᠷ ᠲᠥᠷᠥᠯ ᠵᠦᠶᠯ ᠤᠨ ᠪᠦᠲᠦᠭᠡᠨ ᠪᠠᠶᠢᠭᠤᠯᠤᠯᠳᠠ ᠶᠢ ᠪᠡᠶᠡᠯᠡᠭᠦᠯᠵᠦ᠂ ᠣᠯᠠᠨ ᠲᠠᠯ᠎ᠠ ᠶᠢᠨ ᠬᠢᠨ ᠳᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠂ ᠡᠶ᠎ᠡ ᠵᠣᠬᠢᠴᠠᠯ ᠲᠠᠢ ᠬᠠᠮᠲᠤᠪᠠᠷ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢ ᠦᠨᠡᠨᠬᠦ ᠪᠡᠶᠡᠯᠡᠭᠦᠯᠬᠦ ᠶᠢ ᠬᠦᠰᠡᠵᠤ ᠪᠠᠶᠢᠨ᠎ᠠ ᠭᠡᠪᠡ᠃     ᠣᠶᠢᠯᠠᠭᠠᠭᠰᠠᠨ ᠢᠶᠠᠷ᠂ ᠶᠦᠨ ᠳ᠋ᠠ ᠬᠤᠪᠢ ᠣᠷᠣᠭᠤᠯᠤᠭᠰᠠᠨ ᠤᠮᠠᠷᠠᠲᠤ ᠶᠢᠨ ᠶᠡᠷᠦᠩᠬᠡᠶ ᠬᠡᠯᠲᠡᠰ ︵ᠤᠯᠠᠭᠠᠨᠴᠠᠪ︶ ᠤᠨ ᠤᠶᠤᠨᠲᠤ ᠠᠵᠤ ᠦᠶᠯᠡᠰ ᠤᠨ ᠰᠠᠭᠤᠷᠢᠨ ᠪᠣᠯ ᠰᠤᠳᠤᠯᠤᠨ ᠨᠡᠭᠡᠭᠡᠬᠦ᠂ ᠦᠶᠯᠡᠳᠪᠦᠷᠢᠯᠡᠬᠦ᠂  ᠪᠤᠷᠤᠯᠠᠭᠤᠯᠬᠤ᠂ ᠲᠡᠭᠡᠭᠡᠪᠦᠷᠢᠯᠡᠨ ᠬᠠᠮᠠᠭᠠᠯᠠᠬᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠰᠠᠭᠤᠷᠢᠨ ᠭᠠᠵᠠᠷ ᠪᠣᠯᠤᠨ᠎ᠠ᠃ ᠲᠣᠰ ᠲᠥᠷᠥᠯ ᠵᠦᠶᠯ ᠤᠨ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠶ ᠨᠢ 103 ᠮᠥ᠂ ᠶᠡᠷᠦᠩᠬᠡᠢ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠪᠠᠶᠢᠵᠤ᠂ ᠭᠤᠤᠯᠳᠠᠭᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠰᠤᠳᠤᠯᠤᠨ ᠨᠡᠭᠡᠭᠡᠬᠦ ᠪᠠ ᠦᠶᠯᠡᠳᠪᠦᠷᠢᠯᠡᠨ᠎ᠡ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠦᠶᠯᠡᠳᠪᠦᠷᠢᠯᠡᠬᠦ ᠴᠢᠳᠠᠪᠤᠷᠢ 300 ᠲᠦᠮᠡᠨ ᠺᠢᠯᠣᠸᠠᠲ ᠲᠤ ᠬᠦᠷᠴᠦ᠂ ᠦᠶᠯᠡᠳᠬᠦᠨ ᠤ ᠥᠷᠲᠡᠭ ᠨᠢ 80 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢ ᠣᠷᠣᠭᠤᠯᠤᠯᠲᠠ ᠪᠠᠷ ᠬᠠᠮᠤᠭ ᠤᠨ ᠶᠡᠭᠡ ᠠᠵᠤ ᠦᠶᠯᠡᠰ ᠤᠨ ᠰᠠᠭᠤᠷᠢᠨ ᠭᠠᠵᠠᠷ ᠪᠠ ᠤᠮᠠᠷᠠᠲᠤ ᠶᠢᠨ ᠶᠡᠷᠦᠩᠬᠡᠶ ᠬᠡᠯᠲᠡᠰ ᠤᠨ ᠤᠶᠤᠨᠲᠤ ᠠᠵᠤ ᠦᠢᠯᠡᠰ ᠤᠨ ᠰᠠᠭᠤᠷᠢᠨ ᠭᠠᠵᠠᠷ ᠪᠣᠯᠬᠤ ᠪᠣᠯᠤᠨ᠎ᠠ᠃     ᠪᠠᠷᠢᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠬᠠᠮᠲᠤᠪᠠᠷ ᠲᠦᠷᠦᠯ ᠵᠦᠢᠯ ᠳᠤ ᠰᠠᠭᠤᠷᠢ ᠲᠠᠯᠪᠢᠵᠠᠢ᠃                          ᠵᠤᠬᠢᠶᠠᠭᠴᠢ᠄ ᠳ᠋ᠠᠢ ᠰᠢᠤᠸᠠᠢ                          ᠤᠷᠴᠢᠭᠤᠯᠤᠭᠴᠢ᠄ ᠬᠦᠰᠡᠯ                          ᠬᠢᠨᠠᠭᠴᠢ᠄ ᠭᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2