ᠬᠠᠮᠲᠤᠷᠠᠯᠴᠠᠭᠠᠨ ᠤ ᠲᠡᠰ ᠳᠠᠪᠬᠤᠷᠭ᠎ᠠ ᠶᠢ ᠭᠦᠨᠵᠡᠭᠡᠶᠢᠷᠡᠭᠦᠯᠵᠦ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠳᠤᠪᠡᠷ ᠵᠥᠪᠯᠡᠵᠦ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠡᠷ ᠵᠢᠷᠤᠭᠯᠠᠪᠠ
ᠨᠡᠶᠢᠲᠡᠯᠡᠭᠰᠡᠨ ᠴᠠᠭ᠄
2020/11/23
2020 ᠤᠨ ᠤ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠳᠣᠯᠣᠳᠤᠭᠠᠷ ᠬᠤᠭᠤᠴᠠᠭᠠᠨ ᠤ ᠬᠤᠯᠪᠤᠭᠠᠳᠤ ᠬᠤᠷᠠᠯ ᠮᠠᠨ ᠤ ᠬᠤᠲᠠ ᠳᠤ ᠶᠠᠪᠤᠭᠳᠠᠪᠠ     11 ᠰᠠᠷ᠎ᠠ ᠶᠢᠨ 4 ᠤ ᠡᠳᠦᠷ᠂ ︽ᠬᠠᠮᠵᠢᠯᠴᠠᠬᠤ · ᠬᠠᠮᠲᠤᠪᠡᠷ ᠡᠳ᠋ᠯᠡᠬᠦ · ᠬᠥᠭᠵᠢᠬᠦᠯᠬᠦ︾ ᠪᠠᠷ ᠭᠤᠤᠯ ᠰᠡᠳᠦᠪ ᠪᠤᠯᠭᠠᠭᠰᠠᠨ 2020 ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠳᠣᠯᠣᠳᠤᠭᠠᠷ ᠬᠤᠭᠤᠴᠠᠭᠠᠨ ᠤ ᠬᠤᠯᠪᠤᠭᠠᠳᠤ ᠬᠤᠷᠠᠯ ᠮᠠᠨ ᠤ ᠬᠤᠲᠠ ᠳᠤ ᠶᠠᠪᠤᠭᠳᠠᠪᠠ᠃ ᠪᠡᠭᠡᠵᠢᠩ ᠲᠢᠶᠠᠨᠵᠢᠨ ᠥᠪᠥᠷ ᠮᠣᠩᠭᠤᠯ ᠱᠠᠨ ᠰᠢ ᠾᠧᠪᠸᠢ ᠵᠡᠷᠭᠡ ᠮᠣᠵᠢ ︵ᠣᠷᠣᠨ︶ ᠬᠤᠲᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ᠂ ᠠᠵᠤ ᠠᠬᠤᠶᠢᠯᠠᠯ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠣᠷᠣᠨ ᠪᠦᠰᠡ ᠶᠢᠨ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠡᠷ ᠵᠥᠪᠯᠡᠵᠦ᠂ ᠬᠠᠮᠲᠤᠷᠠᠯᠴᠠᠭ᠎ᠠ ᠬᠢᠵᠦ ᠬᠠᠮᠳᠤᠪᠡᠷ ᠠᠰᠢᠭ ᠬᠦᠷᠳᠡᠬᠦ ᠠᠷᠭ᠎ᠠ ᠪᠤᠳᠤᠯᠭ᠎ᠠ ᠶᠢ ᠬᠠᠮᠲᠤᠪᠡᠷ ᠰᠦᠪᠡᠭᠴᠢᠯᠡᠵᠦ᠂ ᠢᠷᠡᠭᠡᠳᠦᠢ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠵᠢᠷᠤᠭᠯᠠᠪᠠ᠃     ᠱᠠᠨ ᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳ᠋ᠠᠲ᠋ᠦ᠋ᠩ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠵᠢᠶ ᠹᠦ᠋᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ᠂ ᠴᠢᠭᠤᠯᠤᠯᠲᠤ ᠬᠠᠭᠠᠯᠭ᠎ᠠ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠡᠾᠦ᠋ᠢ ᠵᠢᠶᠠᠨ᠂ ᠵᠢᠴᠢ ᠪᠡᠭᠡᠵᠢᠩ ᠬᠤᠲᠠ᠂ ᠲᠢᠶᠠᠨᠵᠢᠨ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨ ᠰᠢ ᠮᠤᠵᠢ᠂ ᠾᠧᠪᠸᠢ ᠮᠤᠵᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠤᠯᠠᠭᠠᠨᠴᠠᠪ ᠬᠤᠲᠠ᠂ ᠳ᠋ᠠᠲ᠋ᠦ᠋ᠩ ᠬᠤᠲᠠ᠂ ᠴᠢᠭᠤᠯᠤᠯᠲᠤ ᠬᠠᠭᠠᠯᠭ᠎ᠠ ᠬᠤᠲᠠ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠹᠸᠢ ᠳ᠋ᠦᠩ ᠪᠢᠨ ᠪᠠᠶᠠᠷ ᠤᠨ ᠦᠭᠡ ᠳᠡᠭᠡᠨ᠂ ᠥᠩᠭᠡᠷᠡᠭᠰᠡᠨ ᠢᠶᠠᠨ ᠡᠷᠭᠢᠴᠡᠭᠦᠯᠪᠡᠯ᠂ 2014 ᠣᠨ ᠳᠤ ᠬᠠᠮᠲᠤᠷᠠᠯᠴᠠᠭᠠᠨ ᠤ ᠣᠷᠣᠨ ᠢ ᠡᠬᠢᠯᠡᠭᠦᠯᠦᠭᠰᠡᠨ ᠠᠴᠠ ᠨᠠᠰᠢ᠂ ᠤᠯᠤᠰ ᠤᠨ ᠬᠥᠭᠵᠢᠭᠦᠯᠦᠯᠲᠡ ᠦᠬᠡᠷᠡᠴᠢᠯᠡᠯᠳᠡ ᠶᠢᠨ ᠵᠥᠪᠯᠡᠯ ᠤᠨ ᠪᠦᠬᠦ ᠰᠡᠳᠬᠢᠯ ᠤᠨ ᠵᠢᠯᠣᠭᠤᠳᠤᠯᠭ᠎ᠠ ᠳᠣᠣᠷ᠎ᠠ᠂ ᠭᠤᠷᠪᠠᠨ ᠮᠣᠵᠢ ︵ᠣᠷᠣᠨ︶ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠶ ᠠᠬᠢᠭᠤᠯᠤᠯ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠶ ᠳᠡᠮᠵᠢᠯᠭᠡ ᠪᠠ ᠢᠳᠡᠪᠬᠢᠲᠡᠢ ᠣᠷᠣᠯᠴᠠᠯᠭ᠎ᠠ ᠳᠣᠣᠷ᠎ᠠ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︾ ᠭᠤᠷᠪᠠᠨ ᠭᠠᠵᠠᠷ ᠤᠨ ᠬᠠᠮᠲᠤᠷᠠᠯᠴᠠᠭᠠᠨ ᠤ ᠲᠣᠭᠲᠠᠴᠠ ᠳᠠᠰᠤᠷᠠᠯᠳᠡ ᠥᠬᠡᠶ ᠲᠡᠭᠦᠯᠳᠡᠷᠵᠢᠵᠦ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠵᠤ ᠦᠶᠯᠡᠰ ᠤᠨ ᠬᠠᠮᠵᠢᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠠᠮᠢ ᠠᠬᠤᠶ ᠶᠢᠨ ᠬᠠᠯᠬᠠᠪᠴᠢ ᠦᠷᠭᠦᠯᠵᠢᠯᠡᠨ ᠪᠠᠬᠢᠵᠢᠵᠦ᠂ ᠶᠠᠪᠤᠯᠴᠠᠭ᠎ᠠ ᠠᠭᠤᠰᠤᠯᠴᠠᠯ ᠡᠳᠦᠷ ᠢᠷᠡᠬᠦᠶ᠎ᠡ ᠨᠢᠭᠲᠠᠷᠠᠵᠤ᠂ ᠣᠷᠣᠨ ᠪᠦᠰᠡ ᠶᠢᠨ ᠬᠠᠮᠵᠢᠯᠴᠠᠭᠰᠠᠨ ᠬᠥᠭᠵᠢᠯᠲᠡ ᠦᠨᠡᠨ ᠪᠣᠳᠠᠲᠠᠶ ᠠᠯᠬᠤᠮ ᠢ ᠠᠯᠬᠤᠪᠠ᠃ ᠥᠪᠥᠷ ᠮᠣᠩᠭᠤᠯ ᠱᠠᠨ ᠰᠢ ᠾᠧᠪᠧᠶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠨᠢ ᠨᠢᠭᠡᠨᠲᠡ ᠭᠤᠷᠪᠠᠨ ᠬᠤᠲᠠ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠰᠣᠯᠢᠯᠴᠠᠭ᠎ᠠ ᠪᠠᠨ ᠨᠡᠮᠡᠭᠳᠡᠭᠦᠯᠬᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠢᠷᠡᠭᠡᠳᠦᠶ ᠳᠤ ᠬᠠᠨᠳᠤᠨ᠂ ᠣᠷᠣᠨ ᠪᠦᠰᠡ ᠶᠢᠨ ᠬᠠᠮᠲᠤᠷᠠᠯᠴᠠᠭ᠎ᠠ ᠨᠢᠭᠡᠨᠲᠡ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠠᠶᠢᠯᠠᠰᠢ ᠦᠭᠡᠢ ᠰᠣᠩᠭᠤᠯᠲᠠ ᠪᠣᠯᠵᠤ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︾ ᠭᠤᠷᠪᠠᠨ ᠭᠠᠵᠠᠷ ᠲᠤᠰ ᠲᠤᠰ ᠤᠨ ᠡᠬᠢ ᠪᠠᠶᠠᠯᠢᠭ ᠤᠨ ᠡᠬᠢ ᠰᠤᠷᠪᠤᠯᠵᠢ᠂ ᠲᠥᠷᠥ ᠶᠢᠨ ᠪᠣᠳᠣᠯᠭ᠎ᠠ ᠶᠢᠨ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠴᠢᠨᠠᠭᠰᠢᠳᠡ ᠬᠠᠮᠵᠢᠯᠴᠠᠭᠠᠨ ᠤ ᠲᠣᠭᠤᠷᠢᠭ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠥᠪᠳᠡᠯᠴᠡᠬᠡᠷ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠦᠬᠦ ᠳᠠᠯ᠎ᠠ ᠪᠠᠷ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠤ ᠂ ᠪᠠᠶᠢᠯᠳᠤᠬᠤ ᠪᠣᠳᠣᠯᠭ᠎ᠠ ᠶᠢᠨ ᠨᠢᠭᠡᠳᠦᠯᠲᠡᠶ ᠲᠥᠯᠥᠪᠯᠡᠭᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠭ᠎ᠠ ᠡᠵᠡᠮᠳᠡᠯ᠂ ᠬᠥᠭᠵᠢᠯᠲᠡ ᠶᠢᠨ ᠪᠠᠲᠤᠯᠠᠭ᠎ᠠ᠂ ᠣᠯᠠᠨ ᠨᠡᠶᠢᠲᠡ ᠶᠢᠨ ᠦᠶᠯᠡᠴᠢᠯᠡᠭᠡᠨ ᠤ ᠲᠡᠩᠴᠡᠭᠦᠷᠢᠰᠢᠯ ᠵᠡᠷᠭᠡ ᠲᠠᠯ᠎ᠠ ᠠᠴᠠ ᠭᠠᠷᠳᠠᠵᠤ᠂ ᠣᠷᠣᠨ ᠪᠦᠰᠡ ᠶᠢᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠲᠣᠭᠲᠠᠴᠠ ᠪᠠ ᠠᠰᠢᠭ ᠲᠤᠰᠠ ᠶᠢ ᠨᠥᠬᠦᠪᠥᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠳᠡᠬᠦ ᠶᠢ ᠪᠡᠶᠡᠯᠡᠭᠦᠯᠬᠦ ᠳᠤ ᠰᠢᠨ᠎ᠡ ᠣᠷᠣᠨ ᠵᠠᠢ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠤ ᠪᠠᠶᠢᠨ᠎ᠠ ᠬᠡᠵᠤ ᠵᠢᠭᠠᠵᠤ ᠭᠠᠷᠭᠠᠪᠠ᠃     ᠵᠠᠩ ᠵᠢᠶ ᠹᠦ᠋ ᠶᠠᠷᠢᠶ᠎ᠠ ᠲᠠᠯᠪᠢᠬᠤ ᠳᠠᠭᠠᠨ᠂ ᠥᠩᠭᠡᠷᠡᠭᠰᠡᠨ ᠢᠶᠠᠨ ᠡᠷᠭᠢᠨ ᠬᠠᠷᠠᠵᠤ᠂ ᠭᠤᠷᠪᠠᠨ ᠬᠤᠲᠠ ᠭᠠᠷ ᠬᠤᠯᠪᠣᠨ ᠬᠦᠴᠦᠯᠡᠵᠦ᠂ ᠠᠵᠤ ᠠᠬᠤᠶ ᠠᠷᠠᠯᠵᠢᠶ᠎ᠠ᠂ ᠰᠣᠶᠣᠯ ᠵᠢᠭᠤᠯᠴᠢᠯᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠥᠷᠭᠡᠨ ᠳᠡᠯᠭᠡᠷ ᠰᠣᠯᠢᠯᠴᠠᠭ᠎ᠠ ᠬᠠᠮᠵᠢᠯᠴᠠᠭ᠎ᠠ ᠥᠷᠨᠢᠭᠦᠯᠵᠤ᠂ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ ᠶᠡᠭᠡ ᠶᠠᠪᠤᠳᠠᠯ ᠪᠣᠳᠠᠲᠤ ᠶᠠᠪᠤᠳᠠᠯ ᠢ ᠪᠦᠲᠦᠭᠡᠪᠡ᠃ ᠢᠷᠡᠭᠡᠳᠦᠢ ᠪᠠᠨ ᠪᠠᠷᠠᠯᠠᠬᠤᠶ᠎ᠠ᠂ ᠭᠤᠷᠪᠠᠨ ᠬᠤᠳᠠ ︽ᠲᠦᠷᠪᠡ ᠶᠢ ᠪᠤᠳᠤᠬᠤ︾ ᠶᠢ ᠴᠢᠨᠠᠭᠰᠢᠳᠠ ᠰᠠᠶᠢᠲᠤᠷ ᠬᠢᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠵᠠ ᠲᠣᠬᠢᠶᠠᠯ ᠢ ᠠᠮᠵᠢᠨ᠎ᠡ︔ ︽ᠳᠥᠷᠪᠡᠨ ᠶᠡᠭᠡ ᠥᠨᠳᠦᠷᠯᠢᠭ ᠭᠠᠵᠠᠷ︾ ᠢ ᠤᠯᠠᠮ ᠨᠢᠭᠡ ᠠᠯᠬᠤᠮ ᠴᠣᠭᠴᠠᠯᠠᠵᠤ᠂ ᠴᠢᠨᠠᠷ ᠰᠠᠶᠢᠲᠠᠶ ᠬᠥᠭᠵᠢᠯᠲᠡ ᠳᠤᠮᠳᠠ ᠰᠢᠨ᠎ᠡ ᠵᠠᠮ ᠨᠡᠭᠡᠭᠡᠨ᠎ᠡ︔ ︽ᠳᠥᠷᠪᠡᠨ ᠵᠦᠶᠯ ᠤᠨ ᠬᠠᠮᠲᠤᠷᠠᠯᠴᠠᠭ᠎ᠠ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠶᠢᠵᠢᠭᠤᠯᠬᠤ ᠳᠤᠮᠳᠠ ᠰᠢᠨ᠎ᠡ ᠬᠠᠭᠤᠳᠠᠰᠤ ᠶᠢ ᠪᠢᠴᠢᠭᠯᠡᠨ᠎ᠡ᠃ ᠭᠤᠷᠪᠠᠨ ᠬᠤᠲᠠ ᠬᠠᠮᠲᠤᠪᠡᠷ ᠨᠢᠭᠡ ᠬᠠᠭᠤᠳᠠᠰᠤ ᠵᠢᠷᠤᠭ ᠵᠢᠷᠤᠵᠤ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠶ ᠲᠥᠯᠥᠪᠯᠡᠵᠦ᠂ ᠭᠤᠷᠪᠠᠨ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠶ ᠵᠣᠯᠭᠠᠭᠤᠯᠵᠤ᠂ ᠣᠷᠭᠠᠨᠢᠭ ᠢᠶᠠᠷ ᠵᠣᠯᠭᠠᠭᠤᠯᠵᠤ᠂ ᠯᠠᠪᠳᠠᠭᠤᠨ ᠪᠠᠲᠤᠲᠠᠶ ᠪᠠᠷ ᠵᠠᠯᠭᠠᠯᠳᠤᠭᠤᠯᠵᠤ᠂ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠡ︔ ᠨᠢᠭᠡ ᠵᠦᠴᠦᠭᠡ ᠶᠢ ᠬᠠᠮᠲᠤᠪᠠᠷ ᠳᠠᠭᠤᠯᠠᠨ ᠳᠤᠭᠯᠠᠵᠤ᠂ ᠭᠤᠷᠪᠠᠨ ᠬᠤᠲᠠ ᠭᠠᠷ ᠬᠤᠯᠪᠣᠨ ᠬᠠᠮᠲᠤᠪᠠᠷ ᠴᠢᠷᠮᠠᠶᠢᠵᠤ᠂ ᠮᠤᠵᠢ ᠶᠢᠨ ᠱᠠᠲᠤ᠂ ᠲᠥᠪ ᠬᠤᠷᠢᠶ᠎ᠠ ᠠᠴᠠ ᠨᠠᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠪᠠᠶᠢᠯᠳᠤᠬᠤ ᠪᠣᠳᠣᠯᠭ᠎ᠠ ᠶᠢᠨ ᠰᠢᠨ᠎ᠡ ᠲᠠᠰ ᠳᠠᠪᠬᠤᠷᠭ᠎ᠠ ᠶᠢ ᠳᠠᠬᠢᠨ ᠳᠡᠭᠡᠭᠰᠢᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ︔ ᠬᠠᠮᠲᠤ ᠪᠠᠷ ᠨᠢᠭᠡ ᠬᠤᠪᠢ ᠳᠠᠩᠰᠠ ᠶᠢ ᠰᠠᠶᠢᠲᠤᠷ ᠲᠤᠰᠢᠶᠠᠵᠤ᠂ ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠵᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠷᠦᠩᠬᠡᠢ ᠳᠠᠩᠰᠠ ᠶᠢ ᠰᠠᠶᠢᠲᠤᠷ ᠲᠤᠰᠢᠶᠠᠵᠤ᠂ ᠬᠦᠴᠦ ᠪᠠᠨ ᠬᠠᠮᠲᠤᠳᠬᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠠᠬᠢᠭᠤᠯᠬᠤ ᠬᠡᠷᠡᠭᠴᠡᠭᠡ ᠳᠠᠬᠢᠨᠲᠠ ᠰᠢᠨ᠎ᠡ ᠬᠦᠷᠲᠡᠯᠳᠡ ᠤᠯᠬᠤ ᠶᠢ ᠬᠦᠰᠡᠵᠤ ᠪᠠᠶᠢᠨ᠎ᠠ ᠭᠡᠵᠤ ᠵᠢᠭᠠᠵᠤ ᠭᠠᠷᠭᠠᠪᠠ᠃      ᠡᠾᠦ᠋ᠢ ᠵᠢᠶᠠᠨ ᠶᠠᠷᠢᠶ᠎ᠠ ᠲᠠᠯᠪᠢᠬᠤ ᠳᠠᠭᠠᠨ᠂ ᠥᠩᠭᠡᠷᠡᠭᠰᠡᠨ 6 ᠵᠢᠯ ᠤᠨ ᠲᠤᠷᠰᠢ᠂ ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ ᠶᠢᠨ ᠭᠤᠷᠪᠠᠨ ᠭᠠᠵᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠠᠭᠤᠷᠢ ᠪᠤᠯᠬᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠡᠨᠡᠬᠦ ᠵᠠᠩᠭᠢᠯᠠᠭ᠎ᠠ ᠶᠢ ᠢᠮᠠᠭᠲᠠ ᠲᠣᠪᠤᠶᠢᠯᠭᠠᠵᠤ᠂ ᠠᠵᠤ ᠦᠶᠯᠡᠰ ᠤᠨ ᠬᠠᠷᠢᠯᠴᠠᠨ ᠨᠥᠬᠦᠪᠥᠷᠢᠯᠡᠵᠦ ᠬᠠᠷᠢᠯᠴᠠᠨ ᠬᠥᠳᠡᠯᠦᠯᠴᠡᠬᠦ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠡᠨᠡ ᠬᠦ ᠭᠤᠣᠯᠳᠠᠯᠭ᠎ᠠ ᠶᠢ ᠪᠠᠲᠤ ᠡᠵᠡᠮᠳᠡᠵᠦ᠂ ᠬᠠᠮᠵᠢᠯᠴᠠᠨ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠠᠮ ᠢᠶᠠᠷ ᠵᠠᠮᠨᠠᠪᠠ᠃ ᠣᠳᠣᠬᠠᠨ ᠳᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠬᠤᠤᠰ ᠣᠷᠴᠢᠯ ᠤᠨ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠬᠦᠯᠵᠤ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︾ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠨᠢ ᠶᠠᠭ ᠪᠥᠬᠦ ᠡᠯᠧᠮᠧᠨ᠋ᠲ ᠤᠨ ᠳᠡᠭᠡᠳᠦ ᠬᠡᠮᠵᠢᠶ᠎ᠡ ᠪᠠᠷ ᠠᠭᠤᠰᠤᠯᠴᠠᠭᠰᠠᠨ ᠰᠢᠨ᠎ᠡ ᠱᠠᠲᠤ ᠦᠶ᠎ᠡ᠂ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠰᠢᠨ᠎ᠡ ᠱᠠᠲᠤ ᠦᠶ᠎ᠡ᠂ ᠣᠯᠠᠨ ᠬᠡᠮᠵᠢᠯᠳᠦ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠰᠢᠨ᠎ᠡ ᠱᠠᠲᠤ ᠦᠶ᠎ᠡ ᠶᠢ ᠨᠡᠭᠡᠭᠡᠵᠦ ᠪᠠᠶᠢᠨ᠎ᠠ᠃ ︽ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾ ᠭᠤᠷᠪᠠᠨ ᠭᠠᠵᠠᠷ ᠤᠨ ᠬᠢᠨ ᠳᠡᠭᠡᠳᠦ ᠳᠡᠰ ᠳᠠᠪᠬᠤᠷᠭ᠎ᠠ᠂ ᠥᠨᠳᠥᠷ ᠳᠠᠪᠲᠠᠮᠵᠢ ᠶᠢᠨ  ᠬᠠᠷᠢᠯᠴᠠᠭ᠎ᠠ ᠵᠣᠯᠭᠠᠯᠴᠠᠭ᠎ᠠ ᠶᠢ ᠦᠷᠭᠦᠯᠵᠢᠯᠡᠨ ᠪᠠᠲᠤᠯᠠᠵᠤ᠂ ᠪᠦᠬᠦ ᠲᠠᠯ᠎ᠠ ᠶᠢᠨ᠂ ᠪᠦᠬᠦ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠨᠢᠭᠡ ᠴᠤᠬᠴᠠᠵᠢᠯᠳᠠ᠂ ᠬᠠᠮᠲᠤ ᠣᠷᠣᠰᠢᠬᠤ ᠶᠢᠨ ᠬᠦᠴᠦ ᠪᠠᠨ ᠲᠥᠪᠯᠡᠷᠡᠭᠦᠯᠦᠨ ᠬᠥᠭᠵᠢᠬᠦ ᠶᠢ ᠠᠬᠢᠭᠤᠯᠵᠤ᠂ ᠬᠠᠮᠲᠤ ᠪᠠᠷ ᠤᠷᠤᠭᠰᠢᠯᠠᠵᠤ ᠬᠠᠮᠲᠤᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠬᠦᠳᠦᠨ᠎ᠡ ᠭᠡᠵᠤ ᠢᠯᠡᠷᠬᠡᠶᠢᠯᠡᠪᠡ᠃     ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨ ᠰᠢ ᠮᠤᠵᠢ ᠶᠢᠨ ᠬᠥᠭᠵᠢᠭᠦᠯᠦᠯᠲᠡ ᠦᠬᠡᠷᠡᠴᠢᠯᠡᠯᠳᠡ ᠶᠢᠨ ᠵᠥᠪᠯᠡᠯ᠂ ᠪᠡᠭᠡᠵᠢᠩ ᠬᠤᠲᠠ ᠶᠢᠨ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠬᠦ ᠠᠯᠪᠠᠨ ᠬᠡᠷ ᠤᠨ ᠬᠠᠮᠢᠶ᠎ᠠ ᠪᠥᠬᠦᠶ ᠤᠳᠤᠷᠢᠳᠤᠯᠭ᠎ᠠ ᠴᠤ ᠲᠣᠰ ᠲᠣᠰ ᠪᠠᠶᠠᠷ ᠤᠨ ᠦᠭᠡ ᠬᠡᠯᠡᠵᠡᠶ᠃ ᠭᠤᠷᠪᠠᠨ ᠲᠤᠰᠬᠠᠶ ᠣᠷᠣᠨ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠳᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠰᠣᠳᠣᠨ ᠵᠢᠭᠤᠯᠴᠢᠯᠠᠯ ᠤᠨ ᠵᠠᠮ ᠱᠤᠭᠤᠮ ᠤᠨ ᠬᠠᠮᠲᠤᠷᠠᠯᠴᠠᠭᠠᠨ ᠤ ᠵᠥᠪᠯᠡᠯᠴᠡᠭᠡᠷ︾᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾᠂ ︽︿ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠳᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ ﹀ ᠶᠢ ᠨᠠᠶᠢᠷᠠᠭᠤᠯᠤᠨ ᠵᠣᠬᠢᠶᠠᠬᠤ ᠵᠦᠪᠯᠡᠯᠴᠡᠬᠡᠷ︾ ᠲᠤ ᠭᠠᠷ ᠤᠨ ᠥᠰᠥᠭ ᠵᠢᠷᠤᠪᠠ᠃ ᠤᠯᠠᠭᠠᠨᠴᠠᠪ ᠬᠤᠲᠠ ᠨᠢ ᠴᠢᠭᠤᠯᠤᠯᠲᠤ ᠬᠠᠭᠠᠯᠭ᠎ᠠ ᠬᠤᠲᠠ ᠲᠠᠢ ︽ᠰᠢᠨ᠎ᠡ ᠡᠨᠧᠷᠭᠢ ᠶᠢᠨ ᠠᠵᠤ ᠦᠶᠯᠡᠰ ᠤᠨ ᠬᠠᠮᠳᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ︽ᠴᠠᠭᠠᠨ ᠨᠠᠭᠤᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠳᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠳ᠋ᠠᠲ᠋ᠦ᠋ᠩ ᠬᠤᠲᠠ ᠯᠤᠭ᠎ᠠ ︽ᠱᠠᠨ ᠰᠢ ᠥᠪᠥᠷ ᠮᠣᠩᠭᠤᠯ ᠤᠨ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠬᠠᠮᠲᠤᠷᠠᠯᠴᠠᠭᠠᠨ ᠤ ᠬᠦᠷᠢᠶᠡᠯᠡᠩ ᠢ ᠬᠠᠮᠲᠤᠪᠡᠷ ᠪᠥᠲᠥᠭᠡᠨ ᠪᠠᠶᠢᠭᠤᠯᠬᠤ ᠲᠤᠬᠠᠶ ᠬᠠᠮᠲᠤᠷᠠᠯᠴᠠᠭᠠᠨ ᠤ ᠵᠦᠪᠯᠡᠯᠴᠡᠬᠡᠷ ᠤᠨ ᠪᠢᠴᠢᠭ︾ ᠲᠤ ᠭᠠᠷ ᠤᠨ ᠥᠰᠥᠭ ᠵᠢᠷᠤᠪᠠ     ᠬᠤᠷᠠᠯ ᠤᠨ ᠬᠤᠭᠤᠴᠠᠭᠠᠨ ᠳᠤ᠂ ᠭᠤᠷᠪᠠᠨ ᠮᠤᠵᠢ ︵ᠣᠷᠣᠨ︶᠂ ᠭᠤᠷᠪᠠᠨ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠰᠠ ᠶᠠᠷᠢᠯᠴᠠᠵᠤ ᠰᠠᠨᠠᠯ ᠢᠶᠠᠨ ᠰᠣᠯᠢᠯᠴᠠᠪᠠ᠃                             ᠵᠤᠬᠢᠶᠠᠭᠴᠢ᠄ ᠳ᠋ᠧᠩ ᠰᠢᠤ ᠰᠢᠤ                             ᠤᠷᠴᠢᠭᠤᠯᠤᠭᠴᠢ᠄ ᠬᠦᠰᠡᠯ                             ᠬᠢᠨᠠᠭᠴᠢ᠄ ᠭᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2