1 — 9 ᠳ᠋ᠤᠭᠡᠷ ᠰᠠᠷ᠎ᠠ ᠪᠤᠯᠲᠠᠯᠠᠬᠢ ᠪᠦᠬᠦ ᠬᠤᠲᠠ ᠶᠢᠨ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2020/11/23
    1 — 9 ᠳ᠋ᠤᠭᠡᠷ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.3 % ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠷ ᠠᠶᠢᠮᠠᠭ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ ᠭᠤᠤᠯᠯᠠᠬᠤ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠴᠠᠬᠢᠯᠭᠠᠨ ᠬᠦᠴᠦ᠂ ᠲᠡᠮᠦᠷᠯᠢᠭ᠂ ᠬᠢᠮᠢ ᠶᠢᠨ ᠠᠵᠤ ᠦᠶᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠨᠢ ᠡᠳ᠋ᠰᠢᠭᠦᠯᠬᠦ ᠲᠠᠪᠤᠨ ᠶᠡᠭᠡ ᠭᠤᠤᠯᠯᠠᠬᠤ ᠠᠵᠤ ᠦᠢᠯᠡᠰ ᠤᠨ ᠦᠶᠯᠡᠳᠬᠦᠨ ᠤ ᠥᠷᠲᠡᠭ ᠤᠨ ︽ᠬᠤᠶᠠᠷ ᠨᠢ ᠨᠡᠮᠡᠭᠳᠡᠵᠦ ᠭᠤᠷᠪᠠ ᠨᠢ ᠪᠠᠭᠤᠷᠠᠪᠠ︾᠂ ᠡᠭᠦᠨ ᠳᠤ᠄ ᠴᠠᠬᠢᠯᠭᠠᠨ ᠬᠦᠴᠦᠨ ᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ︔ ᠬᠢᠮᠢ ᠶᠢᠨ ᠠᠵᠤ ᠦᠶᠯᠡᠳᠪᠦᠷᠢ ᠶᠢᠨ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 8% ᠪᠠᠷ ᠪᠠᠭᠤᠷᠠᠪᠠ︔ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ︔ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠦᠶᠯᠡᠰ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ᠃ ᠦᠢᠯᠡᠳᠬᠦᠨ ᠤ ᠭᠠᠷᠤᠯᠲᠠ ᠠᠴᠠ ᠦᠵᠡᠪᠡᠯ᠄ ᠮᠠᠨ ᠤ ᠬᠤᠲᠠ ᠶᠢᠨ ᠭᠤᠣᠯᠳᠠᠯᠭ᠎ᠠ ᠲᠠᠢ ᠬᠢᠨᠠᠨ ᠬᠡᠮᠵᠢᠭᠰᠡᠨ ᠵᠢᠷᠭᠤᠭᠠᠨ ᠵᠦᠢᠯ ᠤᠨ ᠭᠤᠣᠯ ᠪᠣᠯᠬᠤ ᠠᠵᠤ ᠦᠶᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ︽ᠲᠠᠪᠤ ᠨᠢ ᠨᠡᠮᠡᠭᠳᠡᠵᠦ ᠨᠢᠭᠡ ᠨᠢ ᠪᠠᠭᠤᠷᠠᠪᠠ︾᠂ ᠲᠣᠰ ᠲᠣᠰ᠄ ᠲᠡᠮᠦᠷ ᠤᠨ ᠬᠠᠶᠢᠯᠤᠰᠢ ᠶᠢᠨ ᠭᠠᠷᠤᠯᠲᠠ 544.6 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17.6% ᠪᠠᠷ ᠨᠡᠮᠡᠭᠳᠡᠪᠡ︔ ᠪᠠᠷᠢᠯᠭ᠎ᠠ ᠳᠤ ᠬᠡᠷᠡᠭᠯᠡᠬᠦ ᠬᠠᠪᠲᠠᠰᠤ 42.1 ᠲᠦᠮᠡᠨ ᠲᠡᠭᠰᠢ ᠳᠥᠷᠪᠡᠯᠵᠢᠨ ᠮᠧᠳ᠋ᠷ ᠬᠦᠷᠴᠦ᠂ ᠠᠳᠠᠯᠢ ᠬᠤᠭᠤᠴᠠᠭᠠᠨ ᠤ ᠬᠢ ᠠᠴᠠ 38.5% ᠪᠠᠷ ᠨᠡᠮᠡᠭᠳᠡᠪᠡ︔ ᠱᠦᠶᠨᠢ ᠶᠢᠨ ᠪᠤᠯᠭᠤᠭᠰᠠᠨ ᠮᠠᠲ᠋ᠧᠷᠢᠶᠠᠯ 329 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ︔ ᠱᠦᠶᠨᠢ 260.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ︔ ᠴᠠᠬᠢᠯᠠᠭᠤᠷ ᠴᠢᠯᠠᠭᠤ 218.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 18.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠪᠠᠭᠤᠷᠠᠪᠠ᠃                                                ᠤᠷᠴᠢᠭᠤᠯᠤᠭᠴᠢ᠄ ᠡᠷᠳᠡᠨᠢᠴᠤᠭᠲᠦ                                                ᠬᠢᠨᠠᠭᠴᠢ᠄ ᠭᠡᠷᠡᠯᠳᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2