1 — 10 ᠰᠠᠷ᠎ᠠ ᠳᠤ ᠮᠠᠨ ᠤ ᠬᠤᠲᠠ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 473 ᠳ᠋ᠦᠩᠰᠢᠭᠤᠷ ᠺᠢᠯᠣᠸᠠᠲ ᠴᠠᠭ ᠲᠤ ᠬᠦᠷᠴᠡᠶ
ᠨᠡᠶᠢᠲᠡᠯᠡᠭᠰᠡᠨ ᠴᠠᠭ᠄
2020/11/23
    ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠭᠤ ᠲᠤᠰᠬᠠᠯ ᠢ ᠦᠨᠳᠦᠰᠦᠯᠡᠪᠡᠯ᠂ 1 — 10 ᠰᠠᠷ᠎ᠠ ᠪᠣᠯᠲᠠᠯ᠎ᠠ ᠪᠥᠬᠦ ᠬᠤᠲᠠ ᠶᠢᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 473 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ᠃ 10 ᠰᠠᠷ᠎ᠠ ᠳᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 52 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠮᠠᠨ ᠤ ᠬᠤᠲᠠ ᠶᠢᠨ ᠨᠢᠭᠡ ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠠᠩᠬ᠎ᠠ ᠤᠳᠠᠭ᠎ᠠ 50 ᠳ᠋ᠦᠩᠰᠢᠭᠤᠷ ᠺᠢᠯᠣᠸᠠᠲ ᠴᠠᠭ ᠢ ᠳᠠᠪᠠᠭᠰᠠᠨ ᠪᠠᠶᠢᠨ᠎ᠠ᠃ ᠴᠠᠬᠢᠯᠭᠠᠨ ᠬᠡᠷᠡᠭᠯᠡᠭᠰᠡᠨ ᠬᠡᠮᠵᠢᠶᠡᠨ ᠤ ᠲᠦᠷᠭᠡᠨ ᠨᠡᠮᠡᠭᠳᠡᠯ ᠨᠢ ᠪᠦᠬᠦ ᠬᠤᠲᠠ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠲᠤᠯᠭᠠᠭᠤᠷᠢᠯᠠᠭᠰᠠᠨ ᠪᠠᠶᠢᠨ᠎ᠠ᠃ 1-10 ᠰᠠᠷ᠎ᠠ ᠳᠤ ᠪᠦᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 465 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ︔ 10 ᠰᠠᠷ᠎ᠠ ᠳᠤ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 51.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ 1.2 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠵᠦ᠂ 10 ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 0.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.9% ᠪᠠᠷ ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ 445 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6 % ᠪᠠᠷ ᠨᠡᠮᠡᠭᠳᠡᠵᠦ᠂ 10 ᠰᠠᠷ᠎ᠠ ᠳᠤ ᠴᠠᠬᠢᠯᠭᠠᠨ ᠬᠡᠷᠡᠭᠯᠡᠭᠰᠡᠨ ᠬᠡᠮᠵᠢᠶ᠎ᠡ 49.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ︔ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠤᠷᠪᠠᠳᠤᠭᠠᠷ ᠠᠵᠤ ᠦᠢᠯᠡᠰ 5 ᠰᠠᠷ᠎ᠠ ᠠᠴᠠ ᠡᠬᠢᠯᠡᠨ ᠠᠭᠠᠵᠢᠮ ᠢᠶᠠᠷ ᠰᠠᠶᠢᠵᠢᠷᠠᠵᠤ᠂ 1-10 ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 19 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ 10 ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ 1-10 ᠰᠠᠷ᠎ᠠ ᠪᠣᠯᠲᠠᠯ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 8.3 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ 10 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠬᠡᠮᠵᠢᠶ᠎ᠡ 0.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ᠃ 1-10 ᠰᠠᠷ᠎ᠠ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 6.3 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ︔ 1-10 ᠰᠠᠷ᠎ᠠ ᠳᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃             ᠣᠷᠴᠢᠭᠤᠯᠤᠭᠴᠢ᠄ ᠭᠤᠸ᠎ᠠ             ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2