— ᠪᠦᠬᠦ ᠬᠤᠲᠠ ᠶᠢᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠤᠷᠤᠭᠰᠢᠲᠠᠢ ᠪᠡᠶᠡᠯᠡᠭᠳᠡᠪᠡ | | | ︽ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2017﹈ | 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠪᠡ᠃ ︽ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠳᠥᠷᠪᠡᠳᠦᠭᠡᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠪᠣᠯ 2018 ᠣᠨ ᠤ 12 | ᠰᠠᠷ᠎ᠠ ᠶᠢᠨ 31 ᠤ ᠡᠳᠦᠷ ᠪᠣᠯᠤᠨ᠎ᠠ᠂ ᠨᠡᠶᠢᠳᠡᠮ ᠪᠠᠶᠢᠴᠠᠭᠠᠯᠲᠠ ᠶᠢᠨ ᠴᠠᠭ ᠬᠤᠭᠤᠴᠠᠭᠠᠨ ᠤ ᠮᠠᠲ᠋ᠧᠷᠢᠶᠠᠯ ᠨᠢ | 2018 ᠣᠨ ᠪᠣᠯᠤᠨ᠎ᠠ᠃ ᠨᠡᠶᠢᠳᠡᠮ ᠪᠠᠶᠢᠴᠠᠭᠠᠭᠳᠠᠬᠤ ᠡᠲᠡᠭᠡᠳ ᠪᠣᠯ ᠮᠠᠨ ᠤ ᠬᠤᠲᠠ ᠶᠢᠨ ᠬᠢᠯᠢ ᠳᠣᠲᠣᠷᠠᠬᠢ | ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠪᠦᠬᠦ ᠬᠠᠤᠯᠢ ᠶᠢᠨ | ᠡᠷᠬᠡᠲᠡᠨ ᠤ ᠨᠢᠭᠡᠴᠢ᠂ ᠠᠵᠤ ᠦᠢᠯᠡᠰ ᠤᠨ ᠠᠵᠢᠯᠯᠠᠭᠠᠨ ᠤ ᠨᠢᠭᠡᠴᠢ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ | ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ | ᠪᠠᠶᠢᠭᠤᠯᠤᠮᠵᠢ ᠶᠢᠨ ᠬᠠᠮᠲᠤ ᠶᠢᠨ ᠴᠢᠷᠮᠠᠶᠢᠯᠭ᠎ᠠ ᠪᠠᠷ ᠨᠡᠶᠢᠳᠡᠮ ᠪᠠᠶᠢᠴᠠᠭᠠᠯᠲᠠ ᠶᠢᠨ ᠥᠷᠭᠡᠨ ᠣᠯᠠᠨ ᠠᠵᠢᠯᠲᠠᠨ ᠤ | ᠬᠤᠶᠠᠷ ᠵᠢᠯ ᠤᠨ ᠲᠤᠷᠰᠢᠬᠢ ᠬᠠᠲᠠᠭᠤᠵᠢᠯᠲᠠᠶ ᠴᠢᠷᠮᠠᠶᠢᠯᠭ᠎ᠠ ᠵᠢᠴᠢ ᠪᠦᠬᠦ ᠬᠤᠲᠠ ᠶᠢᠨ ᠬᠡᠪᠴᠢᠶᠡᠨ ᠳᠠᠬᠢ ᠨᠡᠶᠢᠳᠡᠮ | ᠪᠠᠶᠢᠴᠠᠭᠠᠭᠳᠠᠭᠰᠠᠳ ᠤᠨ ᠢᠳᠡᠪᠬᠢᠲᠡᠶ ᠣᠷᠣᠯᠴᠠᠯᠭ᠎ᠠ ᠪᠠᠷ ᠳᠠᠮᠵᠢᠨ᠂ ᠪᠦᠬᠦ ᠬᠤᠲᠠ ᠶᠢᠨ ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠨᠢ ᠨᠢᠭᠡᠴᠢ ᠢᠯᠭᠠᠷᠠᠭᠤᠯᠤᠨ ᠪᠠᠶᠢᠴᠠᠭᠠᠬᠤ᠂ | ᠲᠤᠬᠠᠶ ᠶᠢᠨ ᠲᠠᠯᠠᠪᠠᠶ ᠳᠤ ᠳᠠᠩᠰᠠᠯᠠᠬᠤ᠂ ᠬᠡᠷᠡᠭ ᠤᠨ ᠳᠠᠷᠠᠭ᠎ᠠ ᠶᠠᠰᠤ ᠴᠢᠨᠠᠷ ᠢ ᠰᠤᠭᠤᠴᠢᠨ ᠪᠠᠶᠢᠴᠠᠭᠠᠬᠤ᠂ | ᠬᠤᠷᠢᠶᠠᠩᠭᠤᠶᠢᠯᠠᠵᠤ ᠦᠨᠡᠯᠡᠨ ᠵᠢᠱᠢᠬᠦ ᠵᠡᠷᠭᠡ ᠡᠯ᠎ᠡ ᠵᠦᠶᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠶ᠃ | ᠴᠢᠬᠤᠯᠠ ᠶᠡᠭᠡ ᠦᠷ᠎ᠡ ᠪᠦᠲᠦᠭᠡᠯ ᠪᠠ ᠢᠯᠡᠳᠲᠡ ᠦᠷ᠎ᠡ ᠪᠦᠲᠦᠮᠵᠢ ᠤᠯᠪᠠ᠃ | | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠦᠴᠦᠲᠡᠶ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠᠷ ᠯᠠᠪᠯᠠᠯᠲᠠ ᠪᠣᠯᠭᠠᠵᠤ᠂ 2018 ᠣᠨ ᠤ 8 ᠰᠠᠷ᠎ᠠ ᠶᠢᠨ 6 ᠤ ᠡᠳᠦᠷ᠂ ᠪᠦᠬᠦ ᠬᠤᠲᠠ ᠳᠤ | ᠹᠧᠶ ᠳ᠋ᠦᠩ ᠪᠢᠨ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶ ᠠᠵᠢᠯ ᠤᠨ ᠠᠯᠪᠠᠨ ᠭᠡᠷ ᠢ | ᠪᠠᠶᠢᠭᠤᠯᠵᠤ᠂ ᠵᠣᠬᠢᠴᠠᠭᠤᠯᠬᠤ ᠠᠯᠪᠠᠨ ᠭᠡᠷ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠲᠣᠬᠢᠷᠠᠭᠤᠯᠵᠠᠶ | ᠃ ᠬᠤᠲᠠ ᠶᠢᠨ ᠰᠢᠭᠤᠳ ᠬᠠᠷᠢᠶ᠎ᠠ 29 ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠵᠡᠶ᠃ ︽ᠪᠦᠬᠦ ᠤᠯᠤᠰ | ᠨᠢᠭᠡᠳᠦᠯᠲᠡᠶ ᠤᠳᠤᠷᠢᠳᠤᠭᠰᠠᠨ᠂ ᠰᠠᠯᠠᠭ᠎ᠠ ᠮᠥᠴᠢᠷ ᠠᠵᠢᠯ ᠬᠤᠪᠢᠶᠠᠨ ᠬᠠᠮᠵᠢᠯᠴᠠᠭᠰᠠᠨ᠂ ᠣᠷᠣᠨ ᠨᠤᠲᠤᠭ | ᠱᠠᠲᠤ ᠬᠤᠪᠢᠶᠠᠨ ᠬᠠᠷᠢᠭᠤᠴᠠᠭᠰᠠᠨ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠭᠰᠠᠨ︾ ᠵᠣᠬᠢᠶᠠᠨ ᠪᠠᠶᠢᠭᠤᠯᠤᠨ | ᠬᠡᠷᠡᠭᠵᠢᠭᠦᠯᠬᠦ ᠵᠠᠷᠴᠢᠮ ᠶᠣᠰᠣᠭᠠᠷ᠂ ᠪᠦᠬᠦ ᠬᠤᠲᠠ ᠶᠢᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠣᠯᠤᠨ ᠬᠤᠰᠢᠭᠤ ᠰᠢᠶᠠᠨ ᠬᠤᠲᠠ ᠲᠣᠭᠤᠷᠢᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠡᠶᠢᠳᠡᠮ ᠪᠠᠶᠢᠴᠠᠭᠠᠯᠲᠠ ᠶᠢ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠭᠤᠤᠯ ᠤᠳᠤᠷᠢᠳᠤᠯᠭ᠎ᠠ | ᠪᠡᠶ᠎ᠡ ᠪᠠᠷ ᠢᠶᠠᠨ ᠮᠠᠩᠯᠠᠶᠢᠯᠠᠵᠤ᠂ ᠬᠡᠪ ᠪᠠᠷᠢᠮᠵᠢᠶ᠎ᠠ ᠨᠢ ᠥᠨᠳᠥᠷ᠂ ᠣᠷᠣᠯᠴᠠᠭᠰᠠᠨ ᠬᠡᠪᠴᠢᠶ᠎ᠡ ᠨᠢ ᠥᠷᠭᠡᠨ᠂ ᠴᠥᠮ | ᠤᠳᠠᠭ᠎ᠠ ᠪᠦᠷᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠤᠭ ᠶᠡᠭᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ | ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠲᠠᠨ ᠢ ᠪᠠᠶᠢᠷᠢᠰᠢᠭᠤᠯᠵᠤ᠂ ᠠᠷᠭ᠎ᠠ ᠬᠡᠮᠵᠢᠶ᠎ᠡ ᠶᠢ | ᠪᠠᠶᠢᠷᠢᠰᠢᠭᠤᠯᠵᠤ᠂ ᠵᠠᠷᠤᠳᠠᠯ ᠢ ᠪᠠᠶᠢᠷᠢᠰᠢᠭᠤᠯᠪᠠ᠃ ᠨᠡᠶᠢᠳᠡᠮ ᠪᠠᠶᠢᠴᠠᠭᠠᠯᠲᠠ ᠶᠢᠨ ᠠᠵᠢᠯ ᠳᠤ ᠣᠷᠣᠯᠴᠠᠭᠰᠠᠨ | ᠬᠠᠮᠢᠶ᠎ᠠ ᠪᠦᠬᠦᠢ ᠰᠠᠯᠠᠭ᠎ᠠ ᠮᠥᠴᠢᠷ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠲᠤᠰᠢᠶᠠᠯ ᠢᠶᠠᠨ ᠭᠦᠶᠴᠡᠳᠬᠡᠵᠦ᠂ ᠲᠤᠰ | ᠲᠤᠰ ᠤᠨ ᠡᠭᠦᠷᠭᠡ ᠴᠢᠳᠠᠪᠤᠷᠢ ᠪᠠᠨ ᠭᠦᠶᠴᠡᠳ ᠪᠠᠳᠠᠷᠠᠭᠤᠯᠵᠤ᠂ ᠣᠯᠠᠨ ᠲᠠᠯ᠎ᠠ ᠶᠢᠨ ᠪᠠᠲᠤᠯᠠᠭ᠎ᠠ ᠬᠠᠩᠭᠠᠵᠤ᠂ | ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠪᠠ᠃ | | ᠬᠤᠶᠠᠷ᠂ ᠡᠳ᠋ ᠬᠥᠷᠥᠩᠭᠡ ᠶᠢ ᠪᠥᠬᠦ ᠲᠠᠯ᠎ᠠ ᠪᠠᠷ ᠣᠶᠢᠯᠠᠭᠠᠪᠠ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭᠠᠬᠢ ᠨᠢᠭᠡ | ᠤᠳᠠᠭᠠᠨ ᠤ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠃ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤᠮᠳᠠ | ᠤᠯᠤᠰ ᠠᠷᠠᠳ ᠤᠨ ᠠᠵᠤ ᠠᠬᠤᠢ ᠳᠤ ᠬᠢᠭᠰᠡᠨ ᠨᠢᠭᠡ ᠤᠳᠠᠭ᠎ᠠ ᠶᠢᠨ ︽ᠪᠦᠬᠦ ᠲᠠᠯ᠎ᠠ ᠶᠢᠨ ᠣᠶᠢᠯᠠᠭᠠᠯᠲᠠ︾ ᠮᠥᠨ᠃ | 2019 ᠣᠨ ᠤ 1 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦ ᠬᠤᠲᠠ ᠶᠢᠨ | ᠦᠨᠳᠦᠰᠦᠨ ᠱᠠᠲᠤᠨ ᠤ ᠨᠡᠶᠢᠳᠡᠮ ᠪᠠᠶᠢᠴᠠᠭᠠᠯᠲᠠ ᠶᠢᠨ2780 ᠨᠡᠷᠡᠰ ᠵᠢᠯᠣᠭᠤᠳᠤᠭᠴᠢ᠂ ᠨᠡᠶᠢᠳᠡᠮ ᠪᠠᠶᠢᠴᠠᠭᠠᠭᠴᠢ | ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠬᠤᠲᠠ ᠶᠢᠨ ᠳᠣᠲᠣᠷᠠᠬᠢ ᠬᠤᠶᠠᠳᠤᠭᠠᠷ ᠠᠵᠤ | ᠦᠶᠯᠡᠰ ᠪᠠ ᠭᠤᠷᠪᠠᠳᠤᠭᠠᠷ ᠠᠵᠤ ᠦᠶᠯᠡᠰ ᠢ ᠡᠷᠬᠢᠯᠡᠵᠦ ᠪᠠᠶᠢᠭ᠎ᠠ ᠪᠦᠬᠦ ᠬᠠᠤᠯᠢ ᠡᠷᠬᠡᠲᠡᠨ ᠤ ᠨᠢᠭᠡᠴᠢ᠂ ᠠᠵᠤ | ᠦᠢᠯᠡᠰ ᠤᠨ ᠠᠵᠢᠯᠯᠠᠭᠠᠨ ᠤ ᠨᠢᠭᠡᠴᠢ ᠪᠠ ᠤᠯᠤᠰ ᠠᠴᠠ ᠰᠣᠩᠭᠤᠨ ᠠᠪᠤᠭᠰᠠᠨ ᠬᠤᠪᠢ ᠶᠢᠨ ᠡᠵᠡᠩᠨᠡᠯᠲᠡ ᠶᠢᠨ | ᠡᠷᠦᠬᠡ ᠳᠤ ᠲᠤᠭ᠎ᠠ ᠪᠠᠷᠢᠮᠲᠠ ᠴᠤᠭᠯᠠᠭᠤᠯᠬᠤ ᠶᠢ ᠡᠷᠦᠬᠡ ᠳᠠᠷᠠᠭᠠᠯᠠᠨ ᠪᠡᠶᠡᠯᠡᠭᠦᠯᠪᠡ᠃ ᠡᠨᠡ ᠤᠳᠠᠭᠠᠨ ᠤ ᠨᠡᠶᠢᠳᠡᠮ | ᠪᠠᠶᠢᠴᠠᠭᠠᠯᠲᠠ ᠪᠠᠷ ᠳᠠᠮᠵᠢᠨ᠂ ᠪᠦᠬᠦ ᠬᠤᠲᠠ ᠶᠢᠨ ᠬᠤᠶᠠᠳᠤᠭᠠᠷ ᠠᠵᠤ ᠦᠶᠯᠡᠰ ᠪᠣᠯᠤᠨ ᠭᠤᠷᠪᠠᠳᠤᠭᠠᠷ ᠠᠵᠤ | ᠦᠶᠯᠡᠰ ᠤᠨ ᠬᠥᠭᠵᠢᠯᠲᠡ ᠶᠢᠨ ᠬᠡᠪᠴᠢᠶ ᠡ ᠪᠠᠶᠢᠷᠢᠰᠢᠭᠤᠯᠤᠯ ᠪᠣᠯᠤᠨ ᠦᠷ᠎ᠡ ᠠᠰᠢᠭ ᠢ ᠣᠶᠢᠯᠠᠭᠠᠨ ᠮᠡᠳᠡᠵᠦ᠂ ᠪᠦᠬᠦ | ᠬᠤᠲᠠ ᠶᠢᠨ ᠠᠵᠤ ᠦᠶᠯᠡᠰ ᠤᠨ ᠵᠣᠬᠢᠶᠠᠨ ᠪᠠᠶᠢᠭᠤᠯᠤᠯᠲᠠ᠂ ᠠᠵᠤ ᠦᠶᠯᠡᠰ ᠤᠨ ᠪᠦᠲᠦᠴᠡ᠂ ᠠᠵᠤ ᠦᠶᠯᠡᠰ ᠤᠨ | ᠮᠡᠷᠭᠡᠵᠢᠯ᠂ ᠠᠵᠤ ᠦᠶᠯᠡᠰ ᠤᠨ ᠬᠡᠯᠪᠡᠷᠢ ᠪᠠᠶᠢᠳᠠᠯ ᠤᠨ ᠣᠳᠣᠬᠢ ᠪᠠᠶᠢᠳᠠᠯ ᠵᠢᠴᠢ ᠡᠯ᠎ᠡ ᠦᠶᠯᠡᠳᠪᠦᠷᠢᠯᠡᠯ ᠤᠨ | ᠡᠯᠧᠮᠧᠨ᠋ᠲ ᠤᠨ ᠪᠦᠲᠦᠴᠡ ᠶᠢ ᠣᠶᠢᠯᠠᠭᠠᠵᠠᠶ᠃ ᠪᠠᠰᠠ ᠪᠦᠬᠦ ᠬᠠᠤᠯᠢ ᠶᠢᠨ ᠡᠷᠬᠡᠲᠡᠨ ᠤ ᠨᠢᠭᠡᠴᠢ ᠶᠢᠨ ᠬᠥᠷᠥᠩᠭᠡ | ᠥᠷᠢ ᠰᠢᠷᠢ ᠶᠢᠨ ᠪᠠᠶᠢᠳᠠᠯ ᠪᠣᠯᠤᠨ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠢ | ᠡᠵᠡᠮᠰᠢᠵᠡᠶ᠃ ᠡᠯ᠎ᠡ ᠲᠥᠷᠥᠯ ᠤᠨ ᠨᠢᠭᠡᠴᠢ ᠶᠢᠨ ᠦᠨᠳᠦᠰᠦᠨ ᠪᠠᠶᠢᠳᠠᠯ ᠪᠠ ᠭᠤᠣᠯ ᠦᠢᠯᠡᠳᠬᠦᠨ ᠤ ᠭᠠᠷᠤᠯᠲᠠ᠂ | ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠂ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠤᠨ ᠪᠤᠵᠠᠭᠠᠶᠢᠷᠠᠭᠤᠯᠬᠤ᠂ | ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠡᠷᠭᠡ ᠲᠠᠯ᠎ᠠ ᠶᠢᠨ ᠰᠢᠨ᠎ᠡ ᠠᠬᠢᠴᠠ ᠶᠢ | ᠪᠦᠬᠦ ᠲᠠᠯ᠎ᠠ ᠪᠠᠷ ᠣᠨᠣᠪᠴᠢᠲᠠᠢ ᠲᠤᠰᠬᠠᠪᠠ᠃ | | ᠭᠤᠷᠪᠠ᠂ ᠰᠢᠨᠵᠢᠯᠡᠬᠦ ᠤᠬᠠᠭᠠᠨᠴᠢ ᠠᠷᠭ᠎ᠠ ᠶᠢ ᠬᠡᠷᠡᠭᠯᠡᠪᠡ | ︽ᠶᠠᠰᠤ ᠴᠢᠨᠠᠷ ᠢ ᠦᠨᠡᠨᠬᠦ ᠪᠠᠲᠤᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠭᠤᠣᠯᠳᠠᠯᠭ᠎ᠠ ᠶᠢ | ᠳᠣᠪᠣᠶᠢᠯᠭᠠᠬᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ︾ ᠵᠠᠷᠴᠢᠮ | ᠶᠣᠰᠣᠭᠠᠷ᠂ ᠪᠦᠬᠦ ᠬᠤᠲᠠ ᠶᠢᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠲᠤᠰᠬᠠᠶ ᠠᠵᠢᠯ ᠤᠨ ᠵᠣᠬᠢᠴᠠᠭᠤᠯᠬᠤ ᠠᠯᠪᠠᠨ ᠭᠡᠷ ︵ᠳᠣᠷᠣᠭᠰᠢ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠭᠡᠵᠦ ᠲᠣᠪᠴᠢᠯᠠᠨ᠎ᠠ︶ ᠤᠳᠠᠭ᠎ᠠ ᠪᠦᠷᠢ ᠶᠢᠨ ᠨᠡᠶᠢᠳᠡᠮ ᠪᠠᠶᠢᠴᠠᠭᠠᠯᠲᠠ ᠶᠢᠨ | ᠲᠤᠷᠰᠢᠯᠭ᠎ᠠ ᠪᠠᠷ ᠲᠣᠯᠢ ᠪᠣᠯᠭᠠᠪᠠ᠃ ︽ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠢ ᠦᠨᠳᠦᠰᠦᠯᠡᠵᠦ᠂ | ᠲᠤᠰ ᠭᠠᠵᠠᠷ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠪᠯᠡᠷᠡᠭᠦᠯᠦᠨ ᠪᠣᠯᠪᠠᠰᠤᠷᠠᠭᠤᠯᠬᠤ | ᠂ ᠪᠦᠯᠦᠭ ᠬᠤᠪᠢᠶᠠᠨ ᠡᠭᠡᠯᠵᠢᠯᠡᠨ ᠪᠣᠯᠪᠠᠰᠤᠷᠠᠭᠤᠯᠬᠤ᠂ ᠲᠤᠷᠰᠢᠯᠲᠠ ᠬᠢᠬᠦ᠂ ᠲᠤᠬᠠᠶ ᠶᠢᠨ ᠭᠠᠵᠠᠷ ᠲᠤᠨᠢ | ᠵᠢᠯᠣᠭᠤᠳᠬᠤ ᠵᠡᠷᠭᠡ ᠡᠯ᠎ᠡ ᠵᠦᠶᠯ ᠤᠨ ᠠᠷᠭ᠎ᠠ ᠪᠠᠷᠢᠯ ᠢ ᠬᠡᠷᠡᠭᠯᠡᠨ᠂ ᠵᠢᠨᠢᠩ ᠲᠣᠭᠤᠷᠢᠭ᠂ ᠱᠠᠩᠳᠤ ᠰᠢᠶᠠᠨ ᠪᠣᠯᠤᠨ | ᠰᠢᠩ ᠾᠧ ᠰᠢᠶᠠᠨ ᠳᠤ ᠭᠤᠷᠪᠠ ᠤᠳᠠᠭ᠎ᠠ ᠶᠡᠭᠡ ᠬᠡᠪᠴᠢᠶᠡᠨ ᠤ ᠲᠤᠷᠰᠢᠯᠲᠠ ᠶᠢᠨ ᠪᠣᠯᠪᠠᠰᠤᠷᠠᠭᠤᠯᠤᠯ ᠵᠣᠬᠢᠶᠠᠨ | ᠪᠠᠶᠢᠭᠤᠯᠵᠤ᠂ ᠢᠵᠢ ᠪᠦᠷᠢᠳᠦᠭᠰᠡᠨ ᠳᠦᠷᠢᠮ ᠲᠣᠭᠲᠠᠭᠠᠯ ᠲᠣᠭᠲᠠᠭᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ | ᠵᠢᠷᠤᠮᠵᠢᠭᠤᠯᠪᠠ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠳᠦᠷᠢᠮ ᠤᠨ | ᠴᠢᠨᠠᠷᠲᠠᠶ ᠪᠠᠲᠤᠯᠠᠭ᠎ᠠ ᠬᠠᠩᠭᠠᠵᠤ᠂ ᠨᠡᠶᠢᠳᠡᠮ ᠪᠠᠶᠢᠴᠠᠭᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯ ᠤᠨ | ᠴᠢᠨᠠᠷ ᠢ ᠬᠦᠴᠦᠯᠡᠨ ᠳᠡᠭᠡᠭᠰᠢᠯᠡᠭᠦᠯᠪᠡ᠃ ᠠᠷᠭ᠎ᠠ ᠶᠢ ᠬᠡᠷᠡᠭᠯᠡᠬᠦ ᠲᠠᠯ᠎ᠠ ᠪᠠᠷ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ︽ ᠥᠨᠴᠥᠭ ᠪᠤᠯᠣᠩ ᠦᠯᠡᠳᠡᠭᠡᠬᠦ ᠦᠭᠡᠢ︾ | ᠢᠯᠭᠠᠷᠠᠭᠤᠯᠤᠨ ᠪᠠᠶᠢᠴᠠᠭᠠᠬᠤ ᠠᠷᠭ᠎ᠠ ᠶᠢ ᠠᠪᠴᠤ᠂ ᠬᠠᠷᠢᠶ᠎ᠠ ᠣᠷᠣᠨ ᠤ ᠳᠣᠲᠣᠷᠠᠬᠢ ᠪᠦᠬᠦ ᠬᠠᠤᠯᠢ ᠶᠢᠨ | ᠡᠷᠬᠡᠲᠡᠨ ᠤ ᠨᠢᠭᠡᠴᠢ᠂ ᠠᠵᠤ ᠦᠶᠯᠡᠰ ᠤᠨ ᠠᠵᠢᠯᠯᠠᠭ᠎ᠠ ᠶᠢᠨ ᠨᠢᠭᠡᠴᠢ ᠪᠣᠯᠤᠨ ᠬᠤᠶᠠᠳᠤᠭᠠᠷ ᠠᠵᠤ ᠦᠶᠯᠡᠰ ᠪᠣᠯᠤᠨ | ᠭᠤᠷᠪᠠᠳᠤᠭᠠᠷ ᠠᠵᠤ ᠦᠶᠯᠡᠰ ᠢ ᠡᠷᠬᠢᠯᠡᠵᠦ ᠪᠠᠶᠢᠭ᠎ᠠ ᠬᠤᠪᠢ ᠶᠢᠨ ᠡᠵᠡᠩᠨᠡᠯᠲᠡ ᠶᠢᠨ ᠡᠷᠦᠬᠡ ᠳᠤ ᠪᠦᠬᠦ ᠲᠠᠯ᠎ᠠ ᠪᠠᠷ | ᠢᠯᠭᠠᠷᠠᠭᠤᠯᠤᠨ ᠪᠠᠶᠢᠴᠠᠭᠠᠯᠲᠠ ᠬᠢᠪᠡ᠃ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠭᠰᠠᠨ ᠤ ᠳᠠᠷᠠᠭ᠎ᠠ᠂ | ᠬᠤᠶᠠᠳᠤᠭᠠᠷ ᠠᠵᠤ ᠦᠶᠯᠡᠰ ᠪᠣᠯᠤᠨ ᠭᠤᠷᠪᠠᠳᠤᠭᠠᠷ ᠠᠵᠤ ᠦᠶᠯᠡᠰ ᠢ ᠡᠷᠬᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ | ᠨᠢᠭᠡᠴᠢ᠂ ᠠᠵᠤ ᠦᠶᠯᠡᠰ ᠤᠨ ᠠᠵᠢᠯᠯᠠᠭ᠎ᠠ ᠶᠢᠨ ᠨᠢᠭᠡᠴᠢ ᠶᠢᠨ ᠭᠤᠤᠯ ᠡᠵᠡᠩᠨᠡᠯᠲᠡ ᠶᠢᠨ ᠠᠵᠢᠯᠯᠠᠭ᠎ᠠ ᠶᠢᠨ ᠪᠠᠶᠢᠭ᠎ᠠ | ᠭᠠᠵᠠᠷ ᠲᠤᠨᠢ ᠪᠦᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠬᠢᠵᠦ᠂ ᠪᠠᠷᠢᠯᠭ᠎ᠠ ᠶᠢᠨ ᠦᠶᠯᠡᠰ ᠤᠨ | ᠬᠠᠤᠯᠢ ᠶᠢᠨ ᠡᠷᠬᠡᠲᠡᠨ ᠤ ᠨᠢᠭᠡᠴᠢ ᠶᠢᠨ ᠳᠠᠩᠰᠠᠯᠠᠭᠤᠯᠤᠭᠰᠠᠨ ᠭᠠᠵᠠᠷ ᠲᠤᠨᠢ ᠪᠦᠬᠦ ᠲᠠᠯ᠎ᠠ ᠪᠠᠷ ᠨᠡᠶᠢᠳᠡᠮ | ᠪᠠᠶᠢᠴᠠᠭᠠᠯᠲᠠ ᠶᠢᠨ ᠪᠦᠷᠢᠳᠬᠡᠯ ᠬᠢᠪᠡ᠃ ᠲᠤᠭ᠎ᠠ ᠬᠡᠮᠵᠢᠶ᠎ᠡ ᠪᠠᠷ ᠣᠯᠠᠨ ᠬᠤᠪᠢ ᠶᠢᠨ ᠡᠵᠡᠩᠨᠡᠯᠲᠡ ᠶᠢᠨ ᠡᠷᠦᠬᠡ ᠳᠤ | ᠦᠯᠢᠭᠡᠷ ᠠᠪᠴᠤ ᠪᠠᠶᠢᠴᠠᠭᠠᠬᠤ ᠠᠷᠭ᠎ᠠ ᠪᠠᠷ ᠭᠤᠤᠯ ᠪᠣᠯᠬᠤ ᠡᠵᠡᠩᠨᠡᠯᠲᠡ ᠶᠢᠨ ᠠᠵᠢᠯᠯᠠᠭ᠎ᠠ ᠶᠢᠨ ᠪᠠᠶᠢᠭ᠎ᠠ | ᠭᠠᠵᠠᠷ ᠲᠤᠨᠢ ᠦᠯᠢᠭᠡᠷ ᠳᠡᠪᠲᠡᠷ ᠳᠠᠩᠰᠠᠯᠠᠭᠤᠯᠪᠠ᠃ ᠨᠡᠶᠢᠳᠡᠮ ᠪᠠᠶᠢᠴᠠᠭᠠᠯᠲᠠ ᠶᠢᠨ ᠭᠤᠤᠯ ᠠᠭᠤᠯᠭ᠎ᠠ ᠳᠤ | ᠨᠢᠭᠡᠴᠢ ᠶᠢᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠡᠳ᠋ ᠤᠨ | ᠶᠠᠪᠤᠳᠠᠯ ᠤᠨ ᠪᠠᠶᠢᠳᠠᠯ᠂ ᠡᠨᠧᠷᠭᠢ ᠶᠢᠨ ᠦᠶᠯᠡᠳᠪᠦᠷᠢᠯᠡᠯ ᠬᠢᠭᠡᠳ ᠬᠡᠷᠡᠭᠯᠡᠭᠡᠨ ᠤ ᠪᠠᠶᠢᠳᠠᠯ᠂ ᠦᠶᠯᠡᠳᠪᠦᠷᠢᠯᠡᠬᠦ | ᠴᠢᠳᠠᠪᠤᠷᠢ᠂ ᠦᠶᠯᠡᠳᠪᠦᠷᠢᠯᠡᠯ ᠡᠵᠡᠩᠨᠡᠯᠲᠡ ᠪᠣᠯᠤᠨ ᠦᠢᠯᠡᠴᠢᠯᠡᠭᠡᠨ ᠤ ᠠᠵᠢᠯᠯᠠᠭ᠎ᠠ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠪᠠᠭᠲᠠᠨ᠎ᠠ᠃ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠪᠠ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠪᠠᠶᠢᠳᠠᠯ ᠵᠡᠷᠭᠡ ᠪᠠᠷ ᠨᠢ ᠠᠳᠠᠯᠢ ᠪᠤᠰᠤ ᠨᠡᠶᠢᠳᠡᠮ ᠪᠠᠶᠢᠴᠠᠭᠠᠯᠲᠠ ᠶᠢᠨ | ᠡᠲᠡᠭᠡᠳ ᠢ ᠦᠨᠳᠦᠰᠦᠯᠡᠨ᠂ ᠨᠢᠭᠡᠴᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡ ᠢᠵᠢ ᠬᠦᠰᠦᠨᠦᠭᠲᠦ᠂ ᠨᠢᠭᠡ ᠢᠵᠢ | ᠪᠤᠰᠤ ᠬᠦᠰᠦᠨᠦᠭᠲᠦ ᠨᠢᠭᠡᠴᠢ ᠶᠢᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ᠂ ᠬᠤᠪᠢ ᠶᠢᠨ ᠡᠵᠡᠩᠨᠡᠯᠲᠡ ᠶᠢᠨ | ᠡᠷᠦᠬᠡ ᠶᠢᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠪᠠ ᠰᠠᠯᠠᠭ᠎ᠠ ᠮᠥᠴᠢᠷ ᠤᠨ ᠨᠡᠶᠢᠳᠡᠮ ᠪᠠᠶᠢᠴᠠᠭᠠᠯᠲᠠ ᠶᠢᠨ | ᠬᠦᠰᠦᠨᠦᠭᠲᠦ ᠶᠢ ᠲᠣᠰ ᠲᠣᠰ ᠲᠠᠭᠯᠠᠨ ᠮᠡᠳᠡᠭᠦᠯᠪᠡ᠃ | | ᠳᠥᠷᠪᠡ᠂ ᠨᠡᠶᠢᠳᠡᠮ ᠪᠠᠶᠢᠴᠠᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ | ᠪᠠᠶᠢᠴᠠᠭᠠᠭᠳᠠᠬᠤ ᠡᠲᠡᠭᠡᠳ ᠤᠨ ᠳᠠᠷᠤᠭᠠᠰᠤ ᠶᠢ ᠬᠥᠩᠭᠡᠷᠡᠭᠦᠯᠵᠦ᠂ ᠴᠠᠯᠢᠩ ᠤᠨ ᠦᠷ᠎ᠡ ᠠᠰᠢᠭ ᠢ ᠨᠢ | ᠳᠡᠭᠡᠭᠰᠢᠯᠡᠭᠦᠯᠬᠦ ᠶᠢᠨ ᠲᠥᠯᠥᠭᠡ᠂ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠳᠤ ︽ᠲᠠᠪᠤᠨ ᠦᠨᠡᠮᠯᠡᠯ ᠢ ᠨᠢᠭᠡ | ᠪᠣᠯᠭᠠᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠳᠡᠪᠬᠢᠲᠡᠶ ᠬᠡᠷᠡᠭᠯᠡᠵᠦ᠂ ᠰᠠᠯᠠᠭ᠎ᠠ ᠮᠥᠴᠢᠷ ᠤᠨ | ᠣᠷᠣᠯᠴᠠᠬᠤ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠪᠡ᠃ ᠢᠯᠭᠠᠷᠠᠭᠤᠯᠤᠨ ᠪᠠᠶᠢᠴᠠᠭᠠᠬᠤ ᠪᠠ ᠨᠡᠶᠢᠳᠡᠮ ᠪᠠᠶᠢᠴᠠᠭᠠᠬᠤ | ᠱᠠᠲᠤᠨ ᠳᠤ᠂ ᠳᠡᠭᠡᠳᠦ ᠱᠠᠲᠤᠨ ᠤ ᠬᠠᠷᠢᠭᠤ ᠲᠤᠰᠬᠠᠯ ᠪᠣᠯᠤᠨ ᠲᠤᠰ ᠱᠠᠲᠤᠨ ᠤ ᠣᠯᠤᠭᠰᠠᠨ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠲᠡᠮᠳᠡᠭᠯᠡᠯ ᠪᠣᠯᠤᠨ ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠢᠳᠡᠪᠬᠢᠲᠡᠶ ᠪᠠᠷ ᠠᠰᠢᠭᠯᠠᠵᠤ᠂ | 19 ᠰᠠᠯᠠᠭ᠎ᠠ ᠮᠥᠴᠢᠷ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠵᠤ | ᠡᠮᠬᠢᠳᠬᠡᠵᠡᠶ᠃ ᠬᠠᠷᠢᠴᠠᠭᠤᠯᠬᠤ᠂ ᠨᠡᠶᠢᠯᠡᠭᠦᠯᠬᠦ ᠪᠠᠷ ᠳᠠᠮᠵᠢᠭᠤᠯᠤᠨ ᠡᠬᠡ ᠳᠡᠪᠲᠡᠷ ᠤᠨ ᠮᠡᠳᠡᠭᠡ ᠵᠠᠩᠭᠢ ᠶᠢ 40396 | ᠵᠤᠷᠪᠤᠰ ᠪᠣᠯᠭᠠᠪᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠮᠡᠳᠡᠭᠡ ᠵᠠᠩᠭᠢᠵᠢᠯᠲᠠ ᠶᠢᠨ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠨᠢᠭᠡᠴᠢ ᠶᠢᠨ | ᠬᠡᠪᠴᠢᠶ᠎ᠡ ᠶᠢ ᠥᠷᠭᠡᠳᠬᠡᠵᠦ᠂ ᠭᠠᠷ ᠦᠵᠦᠭᠦᠷ ︵PAD︶ ᠢ ᠪᠥᠬᠦ ᠲᠠᠯ᠎ᠠ ᠪᠠᠷ ᠬᠡᠷᠡᠭᠯᠡᠨ ᠲᠤᠭ᠎ᠠ ᠪᠠᠷᠢᠮᠲᠠ | ᠴᠤᠭᠯᠠᠭᠤᠯᠵᠤ᠂ ᠠᠵᠢᠯ ᠲᠥᠷᠥᠯ ᠤᠨ ᠺᠣᠳ᠋ ᠤᠨ ᠠᠦ᠋ᠲ᠋ᠣ᠋ ᠢᠯᠭᠠᠨ ᠲᠠᠨᠢᠬᠤ ᠺᠣᠳ᠋ ᠣᠯᠭᠤᠬᠤ ᠮᠡᠷᠭᠡᠵᠢᠯ ᠢ | ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠭᠠᠷᠭᠠᠬᠤ ᠪᠦᠬᠦ ᠶᠠᠪᠤᠴᠠ | ᠡᠯᠧᠺᠲᠷᠣᠨᠵᠢᠭᠤᠯᠬᠤ᠂ ᠰᠦᠯᠵᠢᠶᠡᠵᠢᠭᠦᠯᠬᠦ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠶᠳᠪᠦᠷᠢᠯᠡᠬᠦ ᠦᠷ᠎ᠡ | ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ | | ᠲᠠᠪᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠪᠠ | ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠥᠷᠭᠡᠨ ᠣᠯᠠᠨ ᠨᠡᠶᠢᠳᠡᠮ | ᠪᠠᠶᠢᠴᠠᠭᠠᠬᠤ ᠠᠵᠢᠯᠲᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠪᠣᠯᠤᠨ ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠢ ᠴᠢᠩᠭ᠎ᠠ | ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠨᠡᠶᠢᠳᠡᠮ ᠪᠠᠶᠢᠴᠠᠭᠠᠯᠲᠠ ᠬᠢᠬᠦ᠂ ᠪᠡᠶ᠎ᠡ ᠪᠠᠨ ᠳᠠᠭᠠᠭᠠᠵᠤ ᠮᠡᠳᠡᠭᠦᠯᠬᠦ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠠᠲ᠋ᠧᠷᠢᠶᠠᠯ ᠢ ᠬᠠᠤᠯᠢ | ᠶᠣᠰᠣᠭᠠᠷ ᠬᠠᠮᠠᠭᠠᠯᠠᠪᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ | ᠤᠬᠤᠴᠢᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | ᠨᠡᠶᠢᠳᠡᠮ ᠪᠠᠶᠢᠴᠠᠭᠠᠯᠲᠠ ᠶᠢᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠵᠠᠯᠬᠠᠭᠠᠬᠤ ᠪᠠᠷ ᠨᠡᠶᠢᠳᠡᠮ ᠢ ᠴᠡᠭᠡᠷᠯᠡᠭᠦᠯᠬᠦ ᠦᠷ᠎ᠡ ᠪᠦᠲᠦᠮᠵᠢ ᠣᠯᠵᠠᠶ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠬᠤᠳᠠᠯ ᠬᠠᠭᠤᠷᠮᠠᠭ ᠢᠶᠠᠷ ᠵᠣᠬᠢᠶᠠᠭᠰᠠᠨ ᠬᠠᠷᠢᠭᠤᠴᠠᠯᠭ᠎ᠠ | ᠨᠡᠬᠡᠮᠵᠢᠯᠡᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠡᠯ᠎ᠡ ᠱᠠᠲᠤᠨ ᠤ ᠠᠵᠤ ᠠᠬᠤᠶ ᠪᠠ ᠨᠡᠶᠢᠭᠡᠮ ᠤᠨ | ᠪᠠᠲᠤᠯᠠᠭ᠎ᠠ ᠶᠢᠨ ᠠᠯᠪᠠᠨ ᠭᠡᠷ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠪᠠᠨ ᠰᠠᠨᠠᠭᠠᠴᠢᠯᠠᠭ᠎ᠠ ᠠᠴᠠ ᠪᠠᠨ | ᠢᠯᠡ ᠪᠣᠯᠭᠠᠵᠤ᠂ ᠢᠯᠡᠴᠢᠯᠡᠨ ᠮᠡᠳᠡᠭᠦᠯᠬᠦ ᠤᠲᠠᠰᠤ ᠪᠠᠨ ᠨᠡᠶᠢᠲᠡᠯᠡᠪᠡ᠃ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ | ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | | ᠵᠢᠷᠭᠤᠭ᠎ᠠ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠪᠠ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠪᠦᠬᠦ | ᠶᠠᠪᠤᠴᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠶᠢ ᠬᠡᠷᠡᠭᠵᠢᠭᠦᠯᠪᠡ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠡᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠡᠭᠡᠭᠰᠢ ᠮᠡᠳᠡᠭᠦᠯᠬᠦ᠂ ᠡᠷᠦᠬᠡ ᠳᠤ ᠣᠷᠣᠬᠤ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠠᠭ ᠲᠤᠬᠠᠢ ᠳᠤᠨᠢ | ᠬᠢᠨᠠᠨ ᠡᠵᠡᠮᠳᠡᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢ ᠥᠪᠡᠰᠦᠪᠡᠨ ᠪᠠᠶᠢᠴᠠᠭᠠᠬᠤ ᠪᠠ ᠰᠤᠭᠤᠴᠢᠨ | ᠪᠠᠶᠢᠴᠠᠭᠠᠬᠤ ᠶᠢ ᠦᠷᠨᠢᠭᠦᠯᠪᠡ᠃ ᠬᠠᠮᠲᠤᠷᠠᠨ ᠬᠥᠳᠡᠯᠦᠯᠴᠡᠵᠦ ᠬᠢᠨᠠᠨ ᠬᠠᠷᠭᠤᠭᠤᠯᠬᠤ ᠶᠢ ᠪᠠᠷᠢᠮᠲᠠᠯᠠᠵᠤ᠂ ᠠᠯᠳᠠᠭ᠎ᠠ | ᠪᠤᠷᠤᠭᠤ ᠶᠢ ᠴᠠᠭ ᠲᠤᠬᠠᠶ ᠳᠤᠨᠢ ᠠᠷᠢᠯᠭᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ | ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠪᠠ᠃ ᠡᠯ᠎ᠡ ᠭᠠᠵᠠᠷ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠦᠷ᠎ᠡ ᠪᠦᠲᠦᠮᠵᠢ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠢᠯᠭᠠᠨ | ᠪᠠᠶᠢᠴᠠᠭᠠᠬᠤ ᠶᠢᠨ ᠲᠤᠰᠠᠳᠠ᠂ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠡᠤᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ | ᠶᠠᠪᠤᠳᠠᠯ ᠤᠨ ᠳᠤᠮᠳᠠᠬᠢ ᠪᠠ ᠶᠠᠪᠤᠳᠠᠯ ᠤᠨ ᠳᠠᠷᠠᠭᠠᠬᠢ ᠶᠠᠰᠤ ᠴᠢᠨᠠᠷ ᠤᠨ ᠰᠤᠭᠤᠴᠢᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ ᠢᠯᠭᠠᠷᠠᠭᠤᠯᠤᠨ ᠪᠠᠶᠢᠴᠠᠭᠠᠬᠤ ᠱᠠᠲᠤᠨ ᠳᠤ ᠠᠵᠢᠯ ᠬᠡᠷᠡᠭ ᠤᠨ ᠳᠤᠮᠳᠠᠬᠢ ᠶᠠᠰᠤ | ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ 11 ᠬᠤᠰᠢᠭᠤ ᠰᠢᠶᠠᠨ ᠬᠤᠲᠠ ᠲᠣᠭᠤᠷᠢᠭ ᠠᠴᠠ 33 | ᠨᠡᠶᠢᠳᠡᠮ ᠪᠠᠶᠢᠴᠠᠭᠠᠯᠲᠠ ᠶᠢᠨ ᠲᠣᠭᠤᠷᠢᠭ ᠢ ᠰᠤᠭᠤᠴᠢᠨ ᠠᠪᠴᠤ᠂ ᠬᠤᠰᠢᠭᠤ ᠰᠢᠶᠠᠨ ᠬᠤᠲᠠ ᠲᠣᠭᠤᠷᠢᠭ ᠪᠦᠷᠢ 3 | ᠨᠡᠶᠢᠳᠡᠮ ᠪᠠᠶᠢᠴᠠᠭᠠᠯᠲᠠ ᠶᠢᠨ ᠲᠣᠭᠤᠷᠢᠭ ᠢ ᠰᠣᠩᠭᠤᠨ ᠠᠪᠴᠤ᠂ 677 ᠬᠠᠤᠯᠢ ᠶᠢᠨ ᠡᠷᠬᠡᠲᠡᠨ ᠤ ᠨᠢᠭᠡᠴᠢ᠂ ᠠᠵᠤ | ᠦᠢᠯᠡᠰ ᠤᠨ ᠠᠵᠢᠯᠯᠠᠭᠠᠨ ᠤ ᠨᠢᠭᠡᠴᠢ ᠶᠢ ᠰᠣᠩᠭᠤᠨ ᠠᠪᠴᠤ᠂ ᠬᠤᠪᠢ ᠶᠢᠨ ᠡᠵᠡᠩᠨᠡᠯᠲᠡ ᠶᠢᠨ ᠡᠷᠦᠬᠡ 327 | ᠪᠠᠶᠢᠵᠤ᠂ ᠬᠠᠤᠯᠢ ᠶᠢᠨ ᠡᠷᠬᠡᠲᠡᠨ ᠤ ᠨᠢᠭᠡᠴᠢ ᠪᠣᠯᠤᠨ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠶᠢᠨ | ᠣᠷᠬᠢᠭᠳᠠᠭᠰᠠᠨ ᠨᠣᠷᠮ᠎ᠠ ᠪᠤᠶᠤ ᠬᠤᠳᠠᠯ ᠢᠶᠠᠷ ᠮᠡᠳᠡᠭᠦᠯᠦᠭᠰᠡᠨ ᠨᠤᠷᠮ᠎ᠠ ᠨᠢ ᠴᠥᠮ ︽ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠤᠨ ᠲᠣᠭᠲᠠᠭᠠᠯ ᠤᠨ | ᠱᠠᠭᠠᠷᠳᠠᠯᠭ᠎ᠠ ᠳᠤ ᠨᠡᠶᠢᠴᠡᠵᠦ ᠪᠠᠶᠢᠬᠤ ᠶᠢ ᠰᠤᠭᠤᠯᠤᠨ ᠪᠠᠶᠢᠴᠠᠭᠠᠯᠲᠠ ᠪᠠᠷ ᠢᠯᠡᠷᠬᠡᠶᠢᠯᠡᠪᠡ᠃ ᠨᠡᠶᠢᠳᠡᠮ | ᠪᠠᠶᠢᠴᠠᠭᠠᠯᠲᠠ ᠶᠢᠨ ᠱᠠᠲᠤᠨ ᠳᠤ ᠶᠠᠪᠤᠳᠠᠯ ᠤᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ | ᠥᠷᠨᠢᠭᠦᠯᠵᠦ᠂ ᠰᠤᠭᠤᠴᠢᠨ ᠪᠠᠶᠢᠴᠠᠭᠠᠬᠤ ᠳᠤ ᠬᠤᠰᠢᠭᠤ ᠰᠢᠶᠠᠨ ᠬᠤᠲᠠ ᠲᠣᠭᠤᠷᠢᠭ ᠤᠨ ᠪᠦᠬᠦ ᠲᠠᠯ᠎ᠠ ᠪᠠᠷ | ᠥᠪᠡᠷ ᠢᠶᠠᠨ ᠪᠠᠶᠢᠴᠠᠭᠠᠬᠤ ᠪᠠᠷ ᠭᠤᠤᠯ ᠪᠣᠯᠭᠠᠵᠤ᠂ ᠬᠤᠲᠠ ᠶᠢᠨ ᠠᠵᠤ ᠠᠬᠤᠶ ᠶᠢᠨ ᠨᠡᠶᠢᠳᠡᠮ ᠪᠠᠶᠢᠭᠤᠯᠤᠯᠲᠠ ᠶᠢᠨ | ᠠᠯᠪᠠᠨ ᠭᠡᠷ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠᠷ ᠬᠠᠪᠰᠤᠷᠤᠮᠵᠢ ᠪᠣᠯᠭᠠᠵᠤ᠂ ᠰᠣᠩᠭᠤᠨ ᠪᠠᠶᠢᠴᠠᠭᠠᠬᠤ | ᠠᠷᠭ᠎ᠠ ᠮᠠᠶ᠋ᠢᠭ ᠲᠤ ︽ᠳᠠᠬᠢᠨ ᠪᠠᠶᠢᠴᠠᠭᠠᠬᠤ ᠬᠡᠯᠪᠡᠷᠢ︾ ᠶᠢ ᠠᠪᠴᠤ᠂ ᠥᠩᠭᠡᠷᠡᠭᠰᠡᠨ ᠤ ᠨᠡᠶᠢᠳᠡᠮ | ᠪᠠᠶᠢᠴᠠᠭᠠᠯᠲᠠ ᠶᠢᠨ ᠳᠡᠩᠰᠡᠯᠡᠯᠲᠡ ᠶᠢᠨ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠬᠤ ︽ᠬᠠᠷᠢᠭᠤ ᠰᠤᠷᠪᠤᠯᠵᠢᠯᠠᠬᠤ | ᠬᠡᠯᠪᠡᠷᠢ︾ ᠪᠣᠯᠭᠠᠵᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠨᠢ ᠨᠠᠩ ᠪᠣᠰᠤᠳᠴᠢ᠂ ᠵᠥᠪ ᠣᠨᠣᠪᠴᠢᠲᠠᠶ | ᠪᠣᠯᠪᠠ᠃ ᠵᠦᠸᠧᠽᠢ ᠰᠢᠶᠠᠨ ᠤᠯᠠᠭᠠᠨᠴᠠᠪ ᠬᠤᠲᠠ ᠶᠢ ᠲᠥᠯᠥᠭᠡᠯᠡᠨ ᠤᠯᠤᠰ ᠤᠨ ᠶᠠᠪᠤᠳᠠᠯ ᠤᠨ ᠳᠠᠷᠠᠭᠠᠬᠢ ᠶᠠᠰᠤ | ᠴᠢᠨᠠᠷ ᠤᠨ ᠰᠤᠭᠤᠴᠢᠨ ᠪᠠᠶᠢᠴᠠᠭᠠᠯᠲᠠ ᠶᠢ ᠬᠦᠯᠢᠶᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ | ᠴᠢᠨᠠᠷ ᠨᠢ ᠡᠵᠡᠮᠰᠢᠯ ᠤᠨ ᠪᠠᠷᠢᠮᠵᠢᠶ᠎ᠠ ᠳᠤ ᠨᠡᠶᠢᠴᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠶᠴᠡᠳ | ᠬᠡᠷᠡᠭᠯᠡᠵᠡᠶ᠃ ᠨᠡᠶᠢᠳᠡᠮ ᠪᠠᠶᠢᠴᠠᠭᠠᠯᠲᠠ ᠶᠢᠨ ᠪᠦᠬᠦ ᠶᠠᠪᠤᠴᠠ ᠶᠢ ᠢᠯᠡ ᠲᠣᠳᠣ ᠪᠠᠶᠢᠯᠭᠠᠵᠤ᠂ ᠪᠦᠬᠦ ᠬᠤᠲᠠ ᠶᠢᠨ | ᠬᠤᠶᠠᠳᠤᠭᠠᠷ ᠠᠵᠤ ᠦᠶᠯᠡᠰ ᠪᠣᠯᠤᠨ ᠭᠤᠷᠪᠠᠳᠤᠭᠠᠷ ᠠᠵᠤ ᠦᠶᠯᠡᠰ ᠤᠨ ᠡᠳ᠋ ᠬᠥᠷᠥᠩᠭᠡ ᠶᠢ ᠪᠦᠬᠦ ᠲᠠᠯ᠎ᠠ ᠪᠠᠷ | ᠣᠶᠢᠯᠠᠭᠠᠵᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠡᠨ ᠪᠣᠳᠠᠲᠠᠶ | ᠲᠤᠰᠬᠠᠵᠤ᠂ ᠵᠢᠱᠢᠭᠰᠡᠨ ᠬᠠᠷᠠᠯᠲᠠ ᠳᠠᠭᠠᠨ ᠬᠦᠷᠴᠡᠶ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠳᠤ | ᠢᠯᠡᠷᠡᠭᠦᠯᠦᠭᠰᠡᠨ ᠢᠶᠠᠷ᠂ 2018 ᠤᠨ ᠡᠴᠦᠰ᠂ ᠪᠦᠬᠦ ᠬᠤᠲᠠ ᠳᠤ ᠬᠤᠶᠠᠳᠤᠭᠠᠷ ᠠᠵᠤ ᠦᠶᠯᠡᠰ ᠪᠣᠯᠤᠨ | ᠭᠤᠷᠪᠠᠳᠤᠭᠠᠷ ᠠᠵᠤ ᠦᠶᠯᠡᠰ ᠤᠨ ᠠᠵᠢᠯᠯᠠᠭ᠎ᠠ ᠶᠢ ᠡᠷᠬᠢᠯᠡᠵᠦ ᠪᠠᠶᠢᠭ᠎ᠠ ᠬᠠᠤᠯᠢ ᠶᠢᠨ ᠡᠷᠬᠡᠲᠡᠨ ᠤ ᠨᠢᠭᠡᠴᠢ 19009 | ᠪᠠᠶᠢᠵᠤ᠂ 2013 ᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠲᠠᠢ ᠬᠠᠷᠢᠴᠠᠭᠤᠯᠪᠠᠯ᠂ 124.24% ᠪᠠᠷ ᠨᠡᠮᠡᠭᠳᠡᠪᠡ︔ ᠠᠵᠤ ᠦᠢᠯᠡᠰ ᠤᠨ ᠠᠵᠢᠯᠯᠠᠭᠠᠨ ᠤ | ᠨᠢᠭᠡᠴᠢ 22058 ᠪᠠᠶᠢᠵᠤ᠂ 2013 ᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ 111.10% ᠪᠠᠷ ᠨᠡᠮᠡᠭᠳᠡᠪᠡ︔ ᠠᠵᠢᠯᠯᠠᠵᠤ ᠪᠠᠶᠢᠭ᠎ᠠ | ᠬᠥᠮᠦᠰ ᠤᠨ ᠲᠤᠭ᠎ᠠ 26.87 ᠲᠦᠮᠡ ᠳᠤ ᠬᠦᠷᠴᠡᠶ︔ ᠬᠤᠪᠢ ᠶᠢᠨ ᠡᠵᠡᠩᠨᠡᠯᠲᠡ ᠶᠢᠨ ᠡᠷᠦᠬᠡ 86838 ᠪᠠᠶᠢᠨ᠎ᠠ | ᠃ | | | ᠣᠷᠴᠢᠭᠤᠯᠤᠭᠴᠢ᠄ ᠭᠤᠸ᠎ᠠ | ᠬᠢᠨᠠᠭᠴᠢ᠄ ᠭᠡᠷᠡᠯᠲᠦ |