ᠤᠯᠠᠭᠠᠨᠴᠠᠪ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ᠲᠠᠪᠤᠳᠤᠭᠠᠷ ᠲᠣᠭᠠᠲᠤ︶
ᠨᠡᠶᠢᠲᠡᠯᠡᠭᠰᠡᠨ ᠴᠠᠭ᠄
2020/12/17
                — — ᠭᠤᠷᠪᠠᠳᠤᠭᠠᠷ ᠠᠵᠤ ᠦᠶᠯᠡᠰ ᠤᠨ ᠦᠨᠳᠦᠰᠦᠨ ᠪᠠᠶᠢᠳᠠᠯ ᠤᠨ ᠬᠤᠶᠠᠷ          ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠤᠳᠤ ᠮᠠᠨ ᠤ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠭᠤᠤᠯ ᠲᠤᠭ᠎ᠠ ᠪᠠᠷᠢᠮᠲᠠ ᠶᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠦᠶᠯᠡᠰ      ︵ᠨᠢᠭᠡ︶ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠭ᠎ᠠ ᠪᠣᠯᠤᠨ‌ᠠᠵᠢᠯ ᠡᠷᠬᠢᠯᠡᠭᠰᠡᠳ      2018 ᠣᠨ ᠤ ᠡᠴᠦᠰ᠂ ᠪᠥᠬᠦ ᠬᠤᠲᠠ ᠳᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠨᠡᠶᠢᠲᠡ 705 ᠪᠠᠶᠢᠵᠤ᠂ 4967 ᠠᠵᠢᠯᠲᠠᠨ ᠪᠣᠶ᠃ ᠡᠭᠦᠨ ᠳᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ 471᠂ ᠠᠵᠢᠯ ᠡᠷᠬᠢᠯᠡᠭᠰᠡᠳ 2681 ᠪᠠᠶᠢᠨ᠎ᠠ᠃       ᠬᠦᠰᠦᠨᠦᠭᠲᠦ 5 - 1       ᠠᠵᠢᠯ ᠲᠥᠷᠥᠯ ᠤᠨ ᠶᠡᠭᠡ ᠲᠥᠷᠥᠯ ᠢᠶᠠᠷ ᠳᠤᠭᠤᠶᠢᠯᠠᠩ ᠬᠤᠪᠢᠶᠠᠭᠰᠠᠨ ᠰᠢᠨᠵᠢᠯᠡᠬᠦ  ᠤᠬᠠᠭᠠᠨ ᠤ ᠰᠤᠳᠤᠯᠤᠯ ᠪᠠ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠪᠠ ᠠᠵᠢᠯ ᠡᠷᠬᠢᠯᠡᠭᠰᠡᠳ
      ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠳᠤ᠂ ᠳᠣᠲᠣᠭᠠᠳᠤ ᠪᠡᠯᠡ ᠶᠢᠨ ᠠᠵᠤ ᠠᠬᠤᠶᠢᠯᠠᠯ 99.79% ᠶᠢ ᠡᠵᠡᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ‌ᠠᠵᠤ ᠠᠬᠤᠶᠢᠯᠠᠯ 0.21% ᠶᠢ ᠡᠵᠡᠯᠡᠪᠡ᠃       ᠬᠦᠰᠦᠨᠦᠭᠲᠦ 5 - 2       ᠳᠠᠩᠰᠠᠯᠠᠨ ᠲᠡᠮᠳᠡᠭᠯᠡᠬᠦ ᠲᠥᠷᠥᠯ ᠵᠦᠶᠯ ᠢᠶᠠᠷ ᠳᠤᠭᠤᠶᠢᠯᠠᠩ ᠬᠤᠪᠢᠶᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠪᠠ ᠠᠵᠢᠯ ᠡᠷᠬᠢᠯᠡᠭᠰᠡᠳ
      ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ       2018 ᠣᠨ ᠤ ᠡᠴᠦᠰ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠨᠢᠭᠡᠴᠢ ᠶᠢᠨ ᠡᠳ᠋ ᠬᠥᠷᠥᠩᠭᠡ ᠨᠡᠶᠢᠲᠡ 923811.15 ᠲᠦᠮᠡᠨ ᠲᠥᠭᠦᠷᠢᠭ ᠪᠣᠯᠪᠠ᠃ ᠨᠡᠶᠢᠲᠡ 390256.11 ᠲᠦᠮᠡᠨ ᠲᠥᠭᠦᠷᠢᠭ ᠤᠨ ᠥᠷᠢ ᠲᠠᠢ᠃ ᠪᠥᠬᠦ ᠵᠢᠯ ᠳᠤ 61615.66 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ ︵ ᠬᠦᠰᠦᠨᠦᠭᠲᠦ 5-3 ᠶᠢ ᠨᠠᠷᠢᠪᠴᠢᠯᠠᠨ ᠦᠵᠡ︶᠃
      
      ᠬᠤᠶᠠᠷ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠶᠯᠡᠰ       ︵ᠨᠢᠭᠡ︶ ᠬᠠᠤᠯᠢ ᠶᠢᠨ ᠡᠷᠬᠡᠲᠡᠨ ᠤ  ᠨᠢᠭᠡᠴᠢ ᠶᠢᠨ ᠲᠤᠭ᠎ᠠ ᠪᠣᠯᠤᠨ ᠠᠵᠢᠯᠯᠠᠭᠰᠠᠳ       2018 ᠣᠨ ᠤ ᠡᠴᠦᠰ᠂ ᠪᠥᠬᠦ ᠬᠤᠲᠠ ᠳᠤ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠵᠢᠨ‌ᠬᠠᠮᠢᠶᠠᠷᠤᠯᠲᠠ ᠶᠢᠨ ᠦᠶᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠨᠡᠶᠢᠲᠡ 195 ᠪᠠᠶᠢᠵᠤ᠂ 2246 ᠠᠵᠢᠯᠲᠠᠨ ᠪᠠᠶᠢᠨ᠎ᠠ᠃ ᠡᠭᠦᠨ ᠳᠤ᠂ ᠵᠠᠰᠠᠭ ᠵᠠᠬᠢᠷᠭ᠎ᠠ ᠠᠵᠢᠯ ᠦᠶᠯᠡᠰ ᠵᠢᠴᠢ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠢ 65 ᠪᠠᠶᠢᠵᠤ᠂ 1145 ᠠᠵᠢᠯ ᠡᠷᠬᠢᠯᠡᠭᠰᠡᠳ ᠪᠠᠶᠢᠨ᠎ᠠ᠃      ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ᠃       2018 ᠣᠨ ᠤ ᠡᠴᠦᠰ ᠲᠤ᠂ ᠤᠰᠤᠨ ᠠᠰᠢᠭᠯᠠᠯᠲᠠ᠂ ᠣᠷᠴᠢᠨ ᠠᠬᠤᠶ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠡᠳ᠋ ᠬᠥᠷᠥᠩᠭᠡ ᠨᠡᠶᠢᠲᠡ 843698.87 ᠲᠦᠮᠡᠨ ᠲᠥᠭᠦᠷᠢᠭ ᠲᠤ ᠬᠦᠷᠴᠡᠶ᠃ ᠨᠡᠶᠢᠲᠡ 357420.02 ᠲᠦᠮᠡᠨ ᠲᠥᠭᠦᠷᠢᠭ ᠤᠨ ᠥᠷᠢ ᠲᠠᠢ᠃ ᠪᠥᠬᠦ ᠵᠢᠯ ᠳᠤ 39466.83 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠠᠵᠢᠯ ᠦᠶᠯᠡᠰ ᠵᠢᠴᠢ ᠠᠵᠤ ᠠᠬᠤᠶᠢᠯᠠᠯ ᠤᠨ ᠬᠠᠤᠯᠢ ᠡᠷᠬᠡᠲᠡᠨ ᠪᠤᠰᠤ ᠨᠢᠭᠡᠴᠢ ᠶᠢᠨ ᠵᠢᠯ ᠤᠨ ᠡᠴᠦᠰ ᠤᠨ ᠡᠳ᠋ ᠬᠥᠷᠥᠩᠭᠡ 26299.39 ᠲᠦᠮᠡᠨ ᠲᠥᠭᠦᠷᠢᠭ᠃ ᠲᠣᠰ ᠵᠢᠯ ᠤᠨ ᠵᠠᠷᠤᠯᠭ᠎ᠠ ︵ᠵᠠᠷᠤᠳᠠᠯ︶ ᠨᠡᠶᠢᠲᠡ 18462.13 ᠲᠦᠮᠡᠨ ᠲᠥᠭᠦᠷᠢᠭ᠃       ᠭᠤᠷᠪᠠ᠂ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠶᠯᠡᠴᠢᠯᠡᠭᠡᠨ ᠤ ᠦᠶᠯᠡᠰ      ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠭ᠎ᠠ ᠪᠣᠯᠤᠨ ᠠᠵᠢᠯᠯᠠᠭᠰᠠᠳ      2018 ᠣᠨ ᠤ ᠡᠴᠦᠰ᠂ ᠪᠦᠬᠦ ᠬᠤᠲᠠ ᠳᠤ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠶᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠠᠤᠯᠢ ᠵᠢᠨ‌ᠡᠷᠬᠡᠲᠡᠨ ᠤ  ᠨᠢᠭᠡᠴᠢ ᠨᠡᠶᠢᠲᠡ 412 ᠪᠠᠶᠢᠵᠤ᠂ ᠠᠵᠢᠯ ᠡᠷᠬᠢᠯᠡᠭᠰᠡᠳ 2562 ᠬᠥᠮᠦᠨ ᠪᠠᠶᠢᠨ᠎ᠠ᠃ ︵ᠬᠦᠰᠦᠨᠦᠭᠲᠦ 5-4 ᠶᠢ ᠨᠠᠷᠢᠪᠴᠢᠯᠠᠨ ᠦᠵᠡ︶᠃       ᠬᠦᠰᠦᠨᠦᠭᠲᠦ 5-4      ᠠᠵᠢᠯ ᠲᠥᠷᠥᠯ ᠤᠨ ᠲᠣᠮᠣ ᠲᠥᠷᠥᠯ ᠢᠶᠠᠷ ᠳᠤᠭᠤᠶᠢᠯᠠᠩ ᠬᠤᠪᠢᠶᠠᠭᠰᠠᠨ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠪᠠ ᠠᠵᠢᠯ ᠡᠷᠬᠢᠯᠡᠭᠰᠡᠳ
     ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠣᠯᠤᠨ ᠪᠤᠰᠤᠳ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠠᠤᠯᠢ ᠡᠷᠬᠡᠲᠡᠨ ᠤ ᠨᠢᠭᠡᠴᠢ ᠶᠢᠨ ᠠᠵᠢᠯ ᠡᠷᠬᠢᠯᠡᠭᠰᠡᠳ ᠤᠨ ᠳᠤᠮᠳᠠ᠂ ᠳᠣᠲᠣᠭᠠᠳᠤ ᠪᠡᠯᠡ ᠶᠢᠨ ᠠᠵᠤ ᠠᠬᠤᠶᠢᠯᠠᠯ 100% ᠶᠢ ᠡᠵᠡᠯᠡᠨ᠎ᠡ᠃ ︵ᠬᠦᠰᠦᠨᠦᠭᠲᠦ 5-5 ᠶᠢ ᠨᠠᠷᠢᠪᠴᠢᠯᠠᠨ ᠦᠵᠡ︶᠃      ᠬᠦᠰᠦᠨᠦᠭᠲᠦ 5 - 5      ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠪᠠᠷ ᠳᠤᠭᠤᠶᠢᠯᠠᠩ ᠬᠤᠪᠢᠶᠠᠭᠰᠠᠨ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠶᠯᠡᠴᠢᠯᠡᠭᠡᠨ ᠤ ᠦᠶᠯᠡᠰ
   
     ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ      2018 ᠣᠨ ᠤ ᠡᠴᠦᠰ ᠲᠤ᠂ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠡᠳ᠋ ᠬᠥᠷᠥᠩᠭᠡ ᠨᠡᠶᠢᠲᠡ 41562.94 ᠲᠦᠮᠡᠨ ᠲᠥᠭᠦᠷᠢᠭ ᠪᠣᠯᠪᠠ᠃ ᠨᠡᠶᠢᠲᠡ 18716.39 ᠲᠦᠮᠡᠨ ᠲᠥᠭᠦᠷᠢᠭ ᠤᠨ ᠥᠷᠢ ᠲᠠᠢ᠃ ᠪᠥᠬᠦ ᠵᠢᠯ ᠳᠤ 25021.79 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ ︵ ᠬᠦᠰᠦᠨᠦᠭᠲᠦ 5-6 ᠶᠢ ᠨᠠᠷᠢᠪᠴᠢᠯᠠᠨ ᠦᠵᠡ︶᠃      ᠬᠦᠰᠦᠨᠦᠭᠲᠦ 5 - 6       ᠠᠵᠢᠯ ᠲᠥᠷᠥᠯ ᠤᠨ ᠶᠡᠭᠡ ᠲᠥᠷᠥᠯ ᠢᠶᠠᠷ ᠳᠤᠭᠤᠶᠢᠯᠠᠩ ᠬᠤᠪᠢᠶᠠᠭᠰᠠᠨ ᠰᠠᠭᠤᠭᠠᠯᠢ ᠠᠷᠠᠳ ᠤᠨ ᠦᠶᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠶᠯᠡᠴᠢᠯᠡᠭᠡᠨ ᠤ ᠦᠶᠯᠡᠰ
      ᠳᠦᠷᠪᠡ᠂ ᠰᠤᠷᠭᠠᠨ ᠬᠥᠮᠦᠵᠢᠯ      ︵ᠨᠢᠭᠡ︶ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠭ᠎ᠠ ᠪᠣᠯᠤᠨ ᠠᠵᠢᠯᠯᠠᠭᠰᠠᠳ      2018 ᠣᠨ ᠤ ᠡᠴᠦᠰ᠂ ᠪᠥᠬᠦ ᠬᠤᠲᠠ ᠳᠤ ᠨᠡᠶᠢᠲᠡ 713 ᠰᠤᠷᠭᠠᠨ ᠬᠥᠮᠦᠵᠢᠯ ᠤᠨ ᠬᠠᠤᠯᠢ ᠶᠢᠨ ᠡᠷᠬᠡᠲᠡᠨ᠂ 29221 ᠠᠵᠢᠯᠲᠠᠨ ᠪᠠᠶᠢᠨ᠎ᠠ᠃ ᠡᠭᠦᠨ ᠳᠤ ᠵᠠᠰᠠᠭ ᠵᠠᠬᠢᠷᠭ᠎ᠠ ᠠᠵᠢᠯ ᠦᠶᠯᠡᠰ ᠵᠢᠴᠢ ᠠᠵᠤ ᠠᠬᠤᠶᠢᠯᠠᠯ ᠤᠨ ᠪᠤᠰᠤ ᠬᠠᠤᠯᠢ ᠶᠢᠨ ᠬᠥᠮᠦᠨ ᠤ ᠨᠢᠭᠡᠴᠢ 423 ᠪᠠᠶᠢᠵᠤ᠂ ᠠᠵᠢᠯ ᠡᠷᠬᠢᠯᠡᠭᠰᠡᠳ 26777 ᠬᠥᠮᠦᠨ  ᠪᠠᠶᠢᠨ᠎ᠠ᠃       ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ       2018 ᠣᠨ ᠤ ᠡᠴᠦᠰ ᠲᠤ᠂ ᠰᠤᠷᠭᠠᠨ ᠬᠥᠮᠦᠵᠢᠯ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠡᠳ᠋ ᠬᠥᠷᠥᠩᠭᠡ ᠨᠡᠶᠢᠲᠡ 32921.65 ᠲᠦᠮᠡᠨ ᠲᠥᠭᠦᠷᠢᠭ ᠪᠣᠯᠪᠠ᠃ ᠥᠷᠢ ᠥᠭᠴᠡᠭᠡ ᠨᠡᠶᠢᠲᠡ 12791.63 ᠲᠦᠮᠡᠨ ᠲᠥᠭᠦᠷᠢᠭ ᠪᠣᠯᠤᠨ᠎ᠠ᠃ ᠪᠥᠬᠦ ᠵᠢᠯ ᠳᠤ 13141.79 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃       ᠵᠠᠰᠠᠭ ᠵᠠᠬᠢᠷᠭᠠᠨ ᠤ ᠠᠵᠢᠯ ᠦᠢᠯᠡᠰ ᠵᠢᠴᠢ ᠠᠵᠤ ᠠᠬᠤᠶᠢᠯᠠᠯ ᠤᠨ ᠬᠠᠤᠯᠢ ᠡᠷᠬᠡᠲᠡᠨ ᠪᠤᠰᠤ ᠨᠢᠭᠡᠴᠢ ᠶᠢᠨ ᠵᠢᠯ ᠤᠨ ᠡᠴᠦᠰ ᠤᠨ ᠡᠳ᠋ ᠬᠥᠷᠥᠩᠭᠡ 1096499.09 ᠲᠦᠮᠡᠨ ᠲᠥᠭᠦᠷᠢᠭ᠂ ᠲᠣᠰ ᠵᠢᠯ ᠤᠨ ᠵᠠᠷᠤᠯᠭ᠎ᠠ ︵ᠵᠠᠷᠤᠳᠠᠯ︶ ᠨᠡᠶᠢᠲᠡ 500458.49 ᠲᠦᠮᠡᠨ ᠲᠥᠭᠦᠷᠢᠭ᠃       ᠲᠠᠪᠤ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ       ︵ᠨᠢᠭᠡ︶ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠭ᠎ᠠ ᠪᠣᠯᠤᠨ‌ᠠᠵᠢᠯ ᠡᠷᠬᠢᠯᠡᠭᠰᠡᠳ      2018 ᠣᠨ ᠤ ᠡᠴᠦᠰ᠂ ᠪᠥᠬᠦ ᠬᠤᠲᠠ ᠳᠤ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠤᠨ ᠬᠠᠤᠯᠢ ᠶᠢᠨ ᠡᠷᠬᠡᠲᠡᠨ ᠤ ᠨᠢᠭᠡᠴᠢ ᠨᠡᠶᠢᠲᠡ 377 ᠪᠠᠶᠢᠵᠤ᠂ 12090 ᠠᠵᠢᠯᠲᠠᠨ ᠪᠠᠶᠢᠨ᠎ᠠ᠃ ᠡᠭᠦᠨ ᠳᠤ᠂ ᠵᠠᠰᠠᠭ ᠵᠠᠬᠢᠷᠭ᠎ᠠ ᠠᠵᠢᠯ ᠦᠶᠯᠡᠰ ᠵᠢᠴᠢ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠢ 277  ᠪᠠᠶᠢᠨ᠎ᠠ᠃        ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ᠃       2018 ᠣᠨ ᠤ ᠡᠴᠦᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠤᠨ ᠠᠵᠤ ᠠᠬᠤᠶᠢᠯᠠᠯ ᠤᠨ ᠬᠠᠤᠯᠢ ᠡᠷᠬᠡᠲᠡᠨ ᠤ ᠨᠢᠭᠡᠴᠢ ᠶᠢᠨ ᠡᠳ᠋ ᠬᠥᠷᠥᠩᠭᠡ ᠨᠡᠶᠢᠲᠡ 69078.85 ᠲᠦᠮᠡᠨ ᠲᠥᠭᠦᠷᠢᠭ᠂ ᠥᠷᠢ ᠥᠭᠴᠡᠭᠡ ᠨᠡᠶᠢᠲᠡ 31489.51 ᠲᠦᠮᠡᠨ ᠲᠥᠭᠦᠷᠢᠭ᠂ ᠪᠥᠬᠦ ᠵᠢᠯ ᠳᠤ 21446.69 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃       ᠵᠠᠰᠠᠭ ᠵᠠᠬᠢᠷᠭ᠎ᠠ ᠠᠵᠢᠯ ᠦᠢᠯᠡᠰ ᠵᠢᠴᠢ ᠠᠵᠤ ᠠᠬᠤᠶᠢᠯᠠᠯ ᠤᠨ ᠬᠠᠤᠯᠢ ᠡᠷᠬᠡᠲᠡᠨ ᠪᠤᠰᠤ ᠨᠢᠭᠡᠴᠢ ᠶᠢᠨ ᠵᠢᠯ ᠤᠨ ᠡᠴᠦᠰ ᠤᠨ ᠡᠳ᠋ ᠬᠥᠷᠥᠩᠭᠡ 656118.84 ᠲᠦᠮᠡᠨ ᠲᠥᠭᠦᠷᠢᠭ᠂ ᠲᠣᠰ ᠵᠢᠯ ᠤᠨ ᠵᠠᠷᠤᠯᠭ᠎ᠠ ︵ᠵᠠᠷᠤᠳᠠᠯ︶ ᠨᠡᠶᠢᠲᠡ 276863.48 ᠲᠦᠮᠡᠨ ᠲᠥᠭᠦᠷᠢᠭ ᠪᠣᠯᠤᠨ᠎ᠠ᠃       ᠵᠢᠷᠭᠤᠭ᠎ᠠ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠶᠯᠡᠰ       ︵ᠨᠢᠭᠡ︶ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠭ᠎ᠠ ᠪᠣᠯᠤᠨ‌ᠠᠵᠢᠯ ᠡᠷᠬᠢᠯᠡᠭᠰᠡᠳ       2018 ᠣᠨ ᠤ ᠡᠴᠦᠰ᠂ ᠪᠥᠬᠦ ᠬᠤᠲᠠ ᠳᠤ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠶᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠨᠡᠶᠢᠲᠡ 339᠂ ᠠᠵᠢᠯᠯᠠᠭᠰᠠᠳ 3085 ᠬᠥᠮᠦᠨ ᠪᠠᠶᠢᠨ᠎ᠠ᠃ ᠡᠭᠦᠨ ᠳᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ 243 ᠪᠠᠶᠢᠵᠤ᠂ ᠠᠵᠢᠯ ᠡᠷᠬᠢᠯᠡᠭᠰᠡᠳ 1620 ᠬᠥᠮᠦᠨ ᠪᠠᠶᠢᠨ᠎ᠠ᠃       ︵ᠬᠤᠶᠠᠷ︶ ᠠᠵᠤ ᠠᠬᠤᠶ ᠶᠢᠨ ᠭᠤᠤᠯ ᠭᠦᠶᠴᠡᠳᠬᠡᠬᠦ ᠲᠤᠭ᠎ᠠ       2018 ᠣᠨ ᠤ ᠡᠴᠦᠰ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠤᠯᠢ ᠡᠷᠬᠡᠲᠡᠨ ᠤ ᠨᠢᠭᠡᠴᠢ ᠶᠢᠨ ᠪᠡᠯᠡ ᠬᠥᠷᠥᠩᠭᠡ ᠨᠡᠶᠢᠲᠡ 109647.91 ᠲᠦᠮᠡᠨ ᠲᠥᠭᠦᠷᠢᠭ᠂ ᠨᠡᠶᠢᠲᠡ 22438.15 ᠲᠦᠮᠡᠨ ᠲᠥᠭᠦᠷᠢᠭ ᠤᠨ ᠥᠷᠢ ᠲᠠᠢ ᠪᠠᠶᠢᠨ᠎ᠠ᠃ ᠪᠥᠬᠦ ᠵᠢᠯ ᠳᠤ 6737.56 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃       ᠵᠠᠰᠠᠭ ᠵᠠᠬᠢᠷᠭ᠎ᠠ ᠠᠵᠢᠯ ᠦᠢᠯᠡᠰ ᠵᠢᠴᠢ ᠠᠵᠤ ᠠᠬᠤᠶᠢᠯᠠᠯ ᠤᠨ ᠬᠠᠤᠯᠢ ᠡᠷᠬᠡᠲᠡᠨ ᠪᠤᠰᠤ ᠨᠢᠭᠡᠴᠢ ᠶᠢᠨ ᠵᠢᠯ ᠤᠨ ᠡᠴᠦᠰ ᠤᠨ ᠡᠳ᠋ ᠬᠥᠷᠥᠩᠭᠡ 34318.59 ᠲᠦᠮᠡᠨ ᠲᠥᠭᠦᠷᠢᠭ᠂ ᠲᠣᠰ ᠵᠢᠯ ᠤᠨ ᠵᠠᠷᠤᠯᠭ᠎ᠠ ︵ᠵᠠᠷᠤᠳᠠᠯ︶ ᠨᠡᠶᠢᠲᠡ 31581.36 ᠲᠦᠮᠡᠨ ᠲᠥᠭᠦᠷᠢᠭ᠃       ᠳᠣᠯᠤᠭ᠎ᠠ᠂ ᠣᠯᠠᠨ ᠨᠡᠶᠢᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ       2018 ᠣᠨ ᠤ ᠡᠴᠦᠰ᠂ ᠪᠦᠬᠦ ᠬᠤᠲᠠ ᠳᠤ ᠣᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠬᠤ ᠬᠠᠤᠯᠢ ᠶᠢᠨ ᠬᠥᠮᠦᠨ ᠨᠢᠭᠡᠴᠢ 3702᠂ ᠠᠵᠢᠯᠯᠠᠵᠤ ᠪᠠᠶᠢᠭ᠎ᠠ ᠠᠵᠢᠯᠲᠠᠨ 68172 ᠪᠠᠶᠢᠨ᠎ᠠ᠃ ᠵᠠᠰᠠᠭ ᠵᠠᠬᠢᠷᠭᠠᠨ ᠤ ᠠᠵᠢᠯ ᠦᠶᠯᠡᠰ ᠵᠢᠴᠢ ᠠᠵᠤ ᠠᠬᠤᠶᠢᠯᠠᠯ ᠤᠨ ᠬᠠᠤᠯᠢ ᠡᠷᠬᠡᠲᠡᠨ ᠤ ᠪᠤᠰᠤ ᠨᠢᠭᠡᠴᠢ ᠶᠢᠨ ᠲᠣᠰ ᠵᠢᠯ ᠤᠨ ᠵᠠᠷᠤᠯᠭ᠎ᠠ ︵ᠵᠠᠷᠤᠳᠠᠯ︶ ᠨᠡᠶᠢᠲᠡ 2773390.16 ᠲᠦᠮᠡᠨ ᠲᠥᠭᠦᠷᠢᠭ᠃        ᠲᠠᠶᠢᠯᠪᠤᠷᠢ᠄        ﹇1﹈ ᠲᠤᠰ ᠠᠯᠪᠠᠨ ᠮᠡᠳᠡᠭᠡ ᠳᠠᠬᠢ ᠠᠵᠤ ᠠᠬᠤᠶᠢᠯᠠᠯ ᠬᠠᠤᠯᠢ ᠶᠢᠨ ᠬᠥᠮᠦᠨ ᠤ ᠨᠢᠭᠡᠴᠢ᠂ ᠪᠠᠶᠢᠭᠤᠯᠤᠮᠵᠢ ᠶᠢᠨ ᠲᠥᠷᠥᠯ ᠵᠦᠢᠯ ᠨᠢ ᠠᠵᠤ ᠠᠬᠤᠶᠢᠯᠠᠯ ᠪᠣᠯᠬᠤ ᠬᠠᠤᠯᠢ ᠡᠷᠬᠡᠲᠡᠨ ᠤ ᠨᠢᠭᠡᠴᠢ ᠪᠠᠭᠲᠠᠨ᠎ᠠ᠂ ᠵᠢᠴᠢ ᠠᠵᠤ ᠠᠬᠤᠶᠢᠯᠠᠯ ᠤᠨ ᠨᠢᠭᠲᠠᠯᠠᠨ ᠪᠣᠳᠣᠬᠤ ᠳᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠬᠠᠤᠯᠢ ᠡᠷᠬᠡᠲᠡᠨ ᠤ ᠨᠢᠭᠡᠴᠢ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠬᠠᠤᠯᠢ ᠡᠷᠬᠡᠲᠡᠨ ᠤ  ᠨᠢᠭᠡᠴᠢ ᠪᠠ ᠰᠠᠭᠤᠷᠢ ᠮᠥᠩᠭᠦᠨ ᠤ ᠨᠡᠶᠢᠭᠡᠮᠯᠢᠭ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠠᠴᠠ ᠪᠤᠰᠤᠳ ᠪᠠᠶᠢᠭᠤᠯᠤᠮᠵᠢ ᠶᠢᠨ ᠲᠦᠷᠦᠯ ᠬᠡᠯᠪᠡᠷᠢ ᠨᠢ ᠪᠤᠰᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠠᠤᠯᠢ ᠶᠢᠨ ᠬᠥᠮᠦᠨ ᠤ ᠨᠢᠭᠡᠴᠢ ᠪᠣᠯᠤᠨ᠎ᠠ᠃       ﹇2﹈ ᠲᠤᠰ ᠠᠯᠪᠠᠨ ᠮᠡᠳᠡᠭᠡ ᠳᠠᠬᠢ ᠵᠠᠰᠠᠭ ᠵᠠᠬᠢᠷᠭᠠᠨ ᠤ ᠠᠵᠢᠯ ᠦᠢᠯᠡᠰ ᠵᠢᠴᠢ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠢ᠂ ᠠᠵᠤ ᠠᠬᠤᠶᠢᠯᠠᠯ ᠤᠨ ᠨᠢᠭᠲᠠᠯᠠᠨ ᠪᠣᠳᠣᠬᠤ ᠳᠦᠷᠢᠮ ᠢ ᠬᠡᠷᠡᠭᠵᠢᠭᠦᠯᠬᠦ ᠠᠵᠢᠯ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠢ ᠪᠠ ᠰᠠᠭᠤᠷᠢ ᠮᠦᠩᠭᠦᠨ ᠤ ᠨᠡᠶᠢᠭᠡᠮᠯᠢᠭ ᠪᠠᠭᠲᠠᠬᠤ ᠦᠭᠡᠢ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠠᠴᠠ ᠭᠠᠳᠠᠨᠠᠬᠢ ᠪᠠᠶᠢᠭᠤᠯᠤᠮᠵᠢ ᠶᠢᠨ ᠲᠦᠷᠦᠯ ᠬᠡᠯᠪᠡᠷᠢ ᠨᠢ ᠪᠤᠰᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠠᠤᠯᠢ ᠶᠢᠨ ᠬᠥᠮᠦᠨ ᠤ ᠨᠢᠭᠡᠴᠢ  ᠪᠣᠯᠤᠨ᠎ᠠ᠃       ﹇3﹈ ᠬᠦᠰᠦᠨᠦᠭᠲᠦ ᠳᠠᠬᠢ ᠨᠡᠶᠢᠯᠡᠪᠦᠷᠢ ᠲᠤᠭ᠎ᠠ ᠪᠠ ᠬᠡᠰᠡᠭ ᠲᠤᠭ᠎ᠠ ᠪᠠᠷᠢᠮᠲᠠ ᠶᠢ ᠠᠷᠪᠠᠲᠤ ᠶᠢᠨ ᠪᠤᠲᠠᠷᠬᠠᠶ ᠶᠢ ᠠᠪᠤᠭᠰᠠᠨ ᠠᠴᠠ ᠪᠣᠯᠤᠭᠰᠠᠨ ᠠᠯᠳᠠᠰᠢ ᠪᠠᠶᠢᠵᠤ᠂ ᠪᠥᠬᠦᠨ ᠢ ᠮᠠᠰᠢᠨ‌‍ᠲ᠋ᠣᠬᠢᠷᠠᠭᠤᠯᠤᠯᠲᠠ ᠬᠢᠭᠰᠡᠨ ᠦᠭᠡᠢ᠃                                                ᠣᠷᠴᠢᠭᠤᠯᠤᠭᠴᠢ᠄ ᠯᠢᠩ  ᠯᠠᠨ                                                ᠬᠢᠨᠠᠭᠴᠢ᠄ ᠬᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2