ᠮᠠᠨ ᠤ ᠬᠤᠲᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/12/18
    11 ᠰᠠᠷ᠎ᠠ ᠶᠢᠨ 25 ᠤ ᠡᠳᠦᠷ᠂ ᠮᠠᠨ ᠤ ᠬᠤᠲᠠ 36 ᠳ᠋ᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠶᠠᠪᠤᠭᠤᠯᠵᠤ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠥᠷᠨᠢᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠦᠬᠡᠴᠡ ᠴᠢᠳᠠᠪᠤᠷᠢᠲᠠᠨ ᠢ ᠰᠣᠩᠭᠤᠨ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠤᠬᠠᠮᠰᠠᠷ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠ ᠦᠶᠯᠡᠳᠦᠯᠭᠡ ᠶᠢᠨ ᠴᠢᠳᠠᠪᠤᠷᠢ ᠶᠢ ᠨᠢ ᠴᠢᠩᠭᠠᠷᠠᠭᠤᠯᠪᠠ᠃     ᠲᠣᠰ ᠤᠳᠠᠭᠠᠨ ᠤ ᠤᠷᠤᠯᠳᠤᠭᠠᠨ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠬᠠᠮᠲᠤ ᠪᠠᠷ ᠡᠷᠭᠢᠯᠡᠪᠡ᠃ ᠤᠷᠤᠯᠳᠤᠭᠠᠨ ᠤ ᠭᠤᠣᠯ ᠰᠡᠳᠦᠪ ᠨᠢ ︽ᠰᠢᠨ᠎ᠡ ᠶᠢ ᠡᠭᠦᠳᠬᠦ ᠪᠡᠶᠡᠴᠢᠯᠡᠨ ᠣᠶᠢᠯᠠᠭᠠᠬᠤ ᠦᠰᠦᠨ ᠪᠤᠶᠢᠵᠢᠬᠤ︾ ᠪᠣᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠤᠭᠤᠳᠤᠬᠴᠢ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠦᠯᠭᠡ ᠶᠢᠨ ᠠᠵᠢᠯᠯᠠᠭᠠᠨ ᠤ ᠤᠷᠤᠯᠳᠤᠭᠠᠨ ᠂ ᠵᠠᠯᠠᠭᠤᠴᠤᠳ ᠪᠠᠭᠠᠴᠤᠳ ᠤᠨ ᠪᠦᠲᠦᠭᠡᠯᠴᠢ ᠰᠡᠳᠬᠢᠮᠵᠢ ᠶᠢᠨ ᠫᠷᠤᠭ᠍ᠷᠠᠮ ᠨᠠᠶᠢᠷᠠᠭᠤᠯᠬᠤ ᠪᠠ ᠣᠶᠤᠨᠴᠢ ᠵᠢᠷᠤᠭ ᠲᠦᠯᠦᠪᠯᠡᠭᠡ ᠶᠢᠨ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠭᠡᠷᠡᠯ ᠵᠢᠷᠤᠭ ᠤᠨ ᠨᠠᠶᠢᠷ ᠤᠨ ᠳᠡᠯᠭᠡᠨ ᠦᠨᠡᠯᠡᠯᠲᠡ᠂ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠤ ᠬᠡᠢ ᠬᠦᠰᠡᠯ ᠤᠨ ᠤᠷᠠᠨ ᠵᠢᠷᠤᠭ ᠤᠨ ᠤᠷᠤᠯᠳᠤᠭᠠᠨ ᠵᠡᠷᠭᠡ 7 ᠲᠦᠷᠦᠯ ᠵᠦᠢᠯ ᠢ ᠲᠤᠬᠢᠷᠠᠭᠤᠯᠵᠤ᠂ ᠪᠦᠬᠦ ᠬᠤᠳᠠ ᠶᠢᠨ 11 ᠬᠤᠰᠢᠭᠤ ᠰᠢᠶᠠᠨ ᠬᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠤᠭᠤᠳᠤᠭᠴᠢ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠪᠦᠲᠦᠭᠡᠯ ᠢ ᠨᠡᠶᠢᠲᠡ 1500 ᠭᠠᠷᠤᠢ ᠬᠤᠪᠢ ᠣᠯᠵᠠᠢ᠃     ︽ᠣᠷᠴᠢᠨ ᠲᠣᠭᠤᠷᠢᠨ ᠢᠶᠠᠨ ᠬᠠᠶᠢᠷᠠᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠬᠡᠷᠡᠭᠲᠡᠶ᠃ ᠠᠮᠢᠳᠤᠷᠠᠯ ᠳᠤᠮᠳᠠ᠂ ᠵᠠᠷᠢᠮ ᠬᠥᠮᠦᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢᠶᠠᠷ ᠳᠤᠲᠠᠮᠠᠭ ᠪᠠᠶᠢᠵᠤ᠂ ᠬᠤᠶᠠᠳᠠᠬᠢ ᠤᠳᠠᠭ᠎ᠠ ᠪᠤᠬᠢᠷᠳᠠᠭᠤᠯᠵᠤ ᠪᠠᠶᠢᠨ᠎ᠠ᠃ ᠪᠢᠳᠡᠨ ᠤ ᠵᠢᠷᠤᠵᠤ ᠲᠥᠯᠥᠪᠯᠡᠭᠰᠡᠨ ᠣᠶᠤᠨᠴᠢ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠨᠢ ᠡᠨᠡ ᠲᠥᠷᠥᠯ ᠤᠨ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠤ ᠨᠠᠩ ᠳᠥᠭᠦᠮ ᠳᠥᠲᠡ ᠪᠤᠯᠭᠠᠵᠦ ᠴᠢᠳᠠᠨ᠎ᠠ ᠭᠡᠵᠦ ᠰᠢᠨ ᠲᠢ ᠵᠠᠮ ᠤᠨ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ ᠤᠷᠤᠯᠴᠠᠭᠴᠢ ᠵᠣᠣ ᠢ ᠬᠤᠸᠠᠨ ᠥᠪᠡᠷ ᠤᠨ ᠪᠦᠯᠬᠦᠮ ᠤᠨ ᠠᠪᠴᠢᠷᠠᠭᠰᠠᠨ ᠪᠦᠲᠦᠭᠡᠯ ᠢᠶᠠᠨ ᠨᠠᠷᠢᠨ ᠬᠢᠨᠠᠮᠠᠭᠠᠶ ᠲᠠᠨᠢᠯᠴᠠᠭᠤᠯᠵᠠᠶ᠃     ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ ᠭᠡᠪᠡᠯ᠂ ᠡᠨᠡ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠵᠠᠯᠠᠭᠤᠴᠤᠳ ᠪᠠᠭᠠᠴᠤᠳ ᠰᠢᠨᠵᠢᠯᠡᠬᠦ ᠤᠬᠠᠭᠠᠨ ᠤ ᠬᠡᠷᠡᠯ ᠵᠢᠷᠤᠭ ᠤᠨ ᠨᠠᠶᠢᠷ ᠢ ᠳᠡᠯᠭᠡᠨ ᠦᠨᠡᠯᠡᠬᠦ ᠠᠵᠢᠯᠯᠠᠭ᠎ᠠ ᠶᠢ ᠰᠢᠨ᠎ᠡ ᠪᠠᠷ ᠨᠡᠮᠡᠭᠳᠡᠭᠦᠯᠵᠦ᠂ ᠭᠤᠶᠤᠴᠢᠯᠠᠨ ᠮᠡᠳᠡᠭᠦᠯᠦᠭᠰᠡᠨ ᠪᠦᠲᠦᠭᠡᠯ ᠢ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠯᠲᠡ ᠶᠢᠨ ᠪᠠᠷᠢᠮᠲᠠᠲᠤ ᠺᠢᠨᠣ᠋᠂ ᠰᠢᠨᠵᠢᠯᠡᠬᠦ ᠤᠬᠠᠭᠠᠨ ᠤ ᠪᠢᠴᠢᠯ ᠺᠢᠨᠣ᠋ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠺᠠᠷᠲ᠋ᠣᠨ ᠵᠢᠷᠤᠭ ᠭᠡᠵᠦ ᠭᠤᠷᠪᠠᠨ ᠲᠥᠷᠥᠯ ᠳᠤ ᠬᠤᠪᠢᠶᠠᠪᠠ᠃ ᠵᠠᠯᠠᠭᠤᠴᠤᠳ ᠪᠠᠭᠠᠴᠤᠳ ᠤᠨ ᠲᠣᠣᠷ ᠰᠦᠯᠵᠢᠶ᠎ᠡ ᠪᠠ ᠣᠯᠠᠨ ᠵᠠᠭᠤᠴᠢᠳᠤ ᠮᠡᠷᠭᠡᠵᠢᠯ ᠢ ᠰᠤᠷᠤᠯᠴᠠᠨ ᠬᠡᠷᠡᠭᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ ᠬᠠᠶᠢᠨ ᠰᠢᠨᠵᠢᠯᠡᠯᠲᠡ ᠶᠢᠨ ᠠᠷᠭ᠎ᠠ ᠪᠣᠯᠤᠨ ᠶᠠᠪᠤᠴᠠ ᠶᠢ ᠣᠶᠢᠯᠭᠠᠨ ᠡᠵᠡᠮᠰᠢᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨᠴᠢ ᠰᠡᠳᠬᠢᠯᠭᠡ᠂ ᠣᠪᠣᠷ᠂ᠥᠷᠲᠡᠭ ᠤᠨ ᠦᠵᠡᠯᠲᠡ ᠶᠢ ᠬᠦᠮᠦᠵᠢᠭᠦᠯᠵᠦ᠂ ᠰᠢᠨᠵᠢᠯᠡᠬᠦ ᠤᠬᠠᠭᠠᠨ ᠤ ᠳᠦᠷᠰᠦ ᠰᠢᠩᠭᠡᠭᠡᠯᠲᠡ ᠶᠢᠨ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠬᠢ ᠪᠠᠶᠠᠯᠢᠭ ᠢ ᠵᠣᠬᠢᠶᠠᠨ ᠪᠦᠲᠦᠭᠡᠬᠦ ᠪᠠ ᠳᠡᠯᠭᠡᠷᠡᠭᠦᠯᠬᠦ ᠶᠢ ᠠᠬᠢᠭᠤᠯᠪᠠ᠃                                 ᠤᠷᠴᠢᠭᠤᠯᠤᠭᠴᠢ᠄ ᠡᠷᠳᠡᠨᠢᠴᠤᠭᠲᠦ                                 ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2