ᠮᠠᠨ ᠤ ᠬᠤᠲᠠ ᠲᠠᠪᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠣᠨᠴᠠᠭᠠᠶ ᠬᠦᠴᠢᠷᠳᠡᠯᠲᠡᠶ ᠣᠯᠠᠨ ᠲᠦᠮᠡᠨ ᠤ ᠬᠦᠴᠢᠷᠳᠡᠯ ᠢ ᠰᠢᠶᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2020/12/18
     ᠨᠢᠭᠡ ᠳᠤ ᠵᠡᠮᠳᠡᠭᠴᠦᠳ ᠤᠨ ᠬᠤᠶᠠᠷ ᠵᠦᠶᠯ ᠤᠨ ᠨᠥᠬᠦᠪᠥᠷᠢ ᠶᠢ ᠪᠦᠬᠦ ᠲᠠᠯ᠎ᠠ ᠪᠠᠷ ᠬᠡᠷᠡᠭᠵᠢᠭᠦᠯᠪᠡ᠃2016 ᠣᠨ ᠠᠴᠠ ᠡᠬᠢᠯᠡᠨ᠂ ᠮᠠᠨ ᠤ ᠬᠤᠲᠠ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠪᠠᠲᠤᠯᠠᠭ᠎ᠠ ᠶᠢᠨ ᠪᠠᠷᠢᠮᠵᠢᠶ᠎ᠠ ᠶᠢ 2016 ᠣᠨ ᠤ ᠬᠥᠮᠦᠨ ᠪᠦᠷᠢ ᠵᠢᠯ ᠳᠤ 960 ᠲᠥᠭᠦᠷᠢᠭ ᠪᠠᠶᠢᠭᠰᠠᠨ ᠠᠴᠠ ᠵᠢᠯ ᠪᠦᠷᠢ 1200 ᠲᠥᠭᠦᠷᠢᠭ ᠳᠤ ᠬᠦᠷᠭᠡᠵᠦ᠂ ᠣᠳᠣᠬᠠᠨ ᠪᠣᠯᠲᠠᠯ᠎ᠠ ︽ᠬᠤᠶᠠᠷ ᠵᠦᠶᠯ︾ ᠤᠨ ᠨᠥᠬᠦᠪᠥᠷᠢ ᠪᠡᠯᠡ ᠮᠥᠩᠭᠦ ᠶᠢ ᠨᠡᠶᠢᠲᠡ 2.5 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠬᠤᠲᠠ ᠶᠢᠨ 51490 ᠬᠦᠴᠢᠷᠳᠡᠯᠲᠡᠶ ᠵᠡᠮᠳᠡᠭᠴᠦᠳ ᠪᠠ 31581 ᠬᠦᠨᠳᠦ ᠵᠡᠮᠳᠡᠭᠴᠦᠳ ᠲᠤ ᠠᠰᠢᠭ ᠬᠦᠷᠲᠡᠭᠡᠪᠡ᠃     ᠬᠤᠶᠠᠷ ᠲᠤ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠪᠠ᠃ ᠡᠪᠡᠳᠴᠢᠨ ᠡᠮᠭᠡᠭ᠂ ᠰᠤᠷᠭᠠᠭᠤᠯᠢ ᠵᠡᠷᠭᠡ ᠣᠨᠴᠠᠭᠠᠢ ᠪᠠᠶᠢᠳᠠᠯ ᠠᠴᠠ ᠪᠣᠯᠵᠤ ᠳᠠᠬᠢᠨ ᠶᠠᠳᠠᠭᠤᠷᠠᠭᠰᠠᠨ ᠵᠠᠷᠤᠯᠭ᠎ᠠ ᠶᠢᠨ ᠬᠡᠯᠪᠡᠷᠢ ᠶᠢᠨ ᠶᠠᠳᠠᠭᠤ ᠬᠦᠴᠢᠷᠳᠡᠯᠲᠡᠶ ᠭᠡᠷ ᠪᠦᠯᠢ ᠵᠢᠴᠢ ᠲᠤᠬᠠᠶ ᠶᠢᠨ ᠵᠢᠯ ᠳᠤ ᠶᠠᠳᠠᠭᠤ ᠠᠴᠠ ᠠᠩᠭᠢᠵᠢᠷᠠᠭᠤᠯᠬᠤ ᠬᠡᠪᠴᠢᠶᠡᠨ ᠳᠤ ᠣᠷᠣᠭᠤᠯᠤᠭᠰᠠᠨ ᠪᠣᠯᠪᠠᠴᠤ ᠰᠠᠨᠠᠭᠠᠨ ᠳᠤ ᠦᠭᠡᠢ ᠰᠢᠷᠬᠠᠲᠤᠯ᠂ ᠭᠡᠨᠡᠳᠲᠡ ᠶᠢᠨ ᠬᠡᠷᠡᠭ ᠵᠡᠷᠭᠡ ᠣᠨᠴᠠᠭᠠᠢ ᠰᠢᠯᠲᠠᠭᠠᠨ ᠠᠴᠠ ᠪᠣᠯᠵᠤ ᠠᠮᠢᠳᠤᠷᠠᠯ ᠬᠦᠴᠢᠷᠲᠡᠶ ᠪᠣᠯᠣᠭᠰᠠᠳ᠂ ᠪᠤᠰᠤᠳ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠲᠦᠷᠢᠮ ᠳᠤ ᠬᠠᠮᠤᠷᠬᠤ ᠶᠢᠨ ᠠᠷᠭ᠎ᠠ ᠥᠬᠡᠶ ᠬᠡᠷ ᠪᠦᠯᠢ ᠳᠤ ᠲᠦᠷᠭᠡᠨ ᠴᠢᠨᠠᠷᠲᠠᠶ᠂ ᠰᠢᠯᠵᠢᠯᠲᠡ ᠶᠢᠨ ᠴᠢᠨᠠᠷᠲᠠᠶ ᠠᠪᠤᠷᠠᠨ ᠲᠤᠰᠠᠯᠠᠪᠠ︔ ᠭᠡᠷ ᠪᠦᠯᠢ ᠶᠢᠨ ᠴᠢᠬᠤᠯᠠ ᠶᠡᠭᠡ ᠬᠠᠲᠠᠭᠤ ᠵᠠᠷᠤᠯᠭ᠎ᠠ ᠶᠢ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠬᠠᠪᠰᠤᠷᠤᠨ ᠲᠡᠳᠬᠦᠬᠦ ᠵᠡᠷᠭᠡ ᠠᠷᠭ᠎ᠠ ᠪᠠᠷ ᠰᠢᠢᠳᠪᠦᠷᠢᠯᠡᠭᠰᠡᠨ ᠤ ᠳᠠᠷᠠᠭ᠎ᠠ᠂ ᠮᠥᠨ ᠬᠦ ᠦᠷᠭᠦᠯᠵᠢᠯᠡᠬᠦᠶ᠎ᠡ ᠪᠡᠷᠬᠡ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠲᠤ ᠣᠨᠴᠠᠭᠠᠢ ᠠᠪᠤᠷᠠᠨ ᠲᠤᠰᠠᠯᠠᠯᠲᠠ ᠥᠭᠴᠦ᠂ ᠭᠡᠨᠡᠳᠲᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ᠂ ᠲᠤᠯᠭᠠᠮ᠎ᠠ ᠴᠢᠨᠠᠷᠲᠠᠶ ᠬᠦᠴᠢᠷᠳᠡᠯᠲᠡᠶ ᠣᠯᠠᠨ ᠲᠦᠮᠡᠨ ᠤ ᠪᠠᠴᠢᠮ ᠪᠠᠶᠢᠳᠠᠯ ᠢ ᠠᠪᠤᠷᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ 2016 ᠣᠨ ᠠᠴᠠ ᠨᠠᠰᠢ᠂ ᠪᠥᠬᠦ ᠬᠤᠲᠠ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 2.1 ᠳ᠋ᠦᠩᠰᠢᠭᠤᠷ ᠲᠥᠭᠦᠷᠢᠭ ᠴᠤᠭᠯᠠᠭᠤᠯᠵᠤ᠂ ᠬᠤᠲᠠ ᠬᠥᠳᠡᠭᠡ ᠶᠢᠨ ᠬᠦᠴᠢᠷᠳᠡᠯᠲᠡᠶ ᠬᠡᠷ ᠪᠦᠯᠢ ᠶᠢ 29.5 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃     ᠭᠤᠷᠪᠠ ᠳᠤ ᠬᠦᠴᠢᠷᠳᠡᠯᠲᠡᠢ ᠬᠡᠤᠬᠡᠳ ᠢ ᠠᠪᠤᠷᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃  ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠬᠡᠦᠬᠡᠳ ᠤᠨ ᠠᠰᠠᠷᠠᠮᠵᠢ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠮᠠᠨ ᠤ ᠬᠤᠲᠠ ᠡᠩ ᠲᠡᠷᠢᠭᠦᠨ ᠳᠤ ᠪᠦᠬᠦ ᠣᠷᠣᠨ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠪᠦᠬᠦ ᠬᠤᠲᠠ ᠳᠤ ᠡᠯ᠎ᠡ ᠲᠥᠷᠥᠯ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠨᠡᠶᠢᠲᠡ 2565 ᠶᠢ ᠪᠠᠲᠤᠯᠠᠪᠠ᠂ ᠡᠭᠦᠨ ᠳᠤ᠄ ᠥᠨᠥᠴᠢᠨ ᠬᠡᠦᠬᠡᠳ 445 ᠪᠠᠶᠢᠵᠤ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠦᠨ ᠦᠭᠡᠢ 201 ᠬᠡᠦᠬᠡᠳ᠂ ᠡᠪᠡᠳᠴᠢᠨ᠂ ᠵᠡᠮᠳᠡᠭ ᠠᠴᠠ ᠪᠣᠯᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠬᠡᠦᠬᠡᠳ 1919 ᠬᠥᠮᠦᠨ᠂ ᠥᠨᠥᠴᠢᠨ ᠬᠡᠤᠬᠡᠳ ᠢ ᠲᠥᠪᠯᠡᠷᠡᠭᠦᠯᠬᠦ ᠪᠠ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠪᠠᠷᠢᠮᠵᠢᠶ᠎ᠠ ᠶᠢ 2016 ᠣᠨ ᠤ 1400 ᠲᠥᠭᠦᠷᠢᠭ \ ᠰᠠᠷ᠎ᠠ ᠪᠠ 1100 ᠲᠥᠭᠦᠷᠢᠭ \ ᠰᠠᠷ᠎ᠠ ᠪᠠᠶᠢᠭᠰᠠᠨ ᠠᠴᠠ ᠨᠢ 1500 ᠲᠥᠭᠦᠷᠢᠭ \ ᠰᠠᠷ᠎ᠠ ᠪᠠ 1200 ᠲᠥᠭᠦᠷᠢᠭ \ ᠰᠠᠷ᠎ᠠ ᠪᠣᠯᠭᠠᠨ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠰᠠᠷ᠎ᠠ ᠪᠦᠷᠢ 600 ᠲᠥᠭᠦᠷᠢᠭ ᠲᠤ ᠬᠦᠷᠭᠡᠪᠡ᠃ 2016 ᠣᠨ ᠠᠴᠠ ᠨᠠᠰᠢ᠂ ᠡᠯ᠎ᠡ ᠲᠥᠷᠥᠯ ᠤᠨ ᠬᠡᠤᠬᠡᠳ ᠢ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 6200 ᠲᠦᠮᠡᠨ ᠲᠥᠭᠦᠷᠢᠭ ᠵᠠᠷᠤᠴᠠᠭᠤᠯᠪᠠ᠃     ᠳᠥᠷᠪᠡ ᠳᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠠᠵᠢᠯ ᠲᠦᠷᠭᠡᠨ ᠬᠥᠭᠵᠢᠪᠡ᠃ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠨᠢ ᠤᠤᠯ ᠤᠨ ᠳᠠᠩ ᠭᠠᠭᠴᠠ ᠲᠥᠪᠯᠡᠷᠡᠩᠭᠦᠶ᠂ ᠲᠠᠷᠠᠬᠠᠶ ᠪᠠᠷ ᠠᠰᠠᠷᠠᠨ ᠲᠡᠵᠢᠭᠡᠬᠦ ᠨᠥᠬᠦᠪᠥᠷᠢ ᠥᠭᠴᠦ ᠪᠠᠶᠢᠭᠰᠠᠨ ᠢ ᠦᠨᠳᠦᠰᠦᠨ ᠠᠮᠢᠳᠤᠷᠠᠯ ᠤᠨ ᠨᠥᠬᠦᠪᠥᠷᠢ ᠪᠣᠯᠤᠨ ᠬᠠᠷᠠᠭᠠᠯᠵᠠᠨ ᠰᠤᠪᠢᠯᠠᠬᠤ ᠨᠥᠬᠦᠪᠥᠷᠢ ᠪᠣᠯᠭᠠᠨ ᠬᠤᠪᠢᠷᠠᠭᠤᠯᠵᠤ᠂ ︽ᠵᠣᠭᠤᠰ ᠲᠠᠷᠬᠠᠭᠠᠬᠤ + ᠦᠶᠯᠡᠴᠢᠯᠡᠭᠡ ᠣᠯᠭᠤᠬᠤ︾ ᠴᠣ ᠰᠢᠨ᠎ᠡ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠠᠭᠪᠤᠷ ᠢ ᠪᠠᠶᠢᠭᠤᠯᠪᠠ᠃ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ ᠪᠠᠷ ᠠᠰᠠᠷᠠᠨ ᠲᠡᠵᠢᠭᠡᠬᠦ ᠣᠨ ᠤ ᠪᠠᠷᠢᠮᠵᠢᠶ᠎ᠠ ᠶᠢ ᠲᠣᠰ ᠲᠣᠰ 2016 ᠣᠨ ᠳᠤ 8000 ᠲᠥᠭᠦᠷᠢᠭ ᠪᠠ 4000 ᠲᠥᠭᠦᠷᠢᠭ ᠪᠠᠶᠢᠭᠰᠠᠨ ᠠᠴᠠ ᠣᠲᠣ ᠶᠢᠨ 8000 ᠲᠥᠭᠦᠷᠢᠭ ᠪᠠ 6169 ᠲᠥᠭᠦᠷᠢᠭ ᠪᠣᠯᠭᠠᠨ ᠳᠡᠭᠡᠭᠰᠢᠯᠡᠭᠦᠯᠪᠡ︔ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ ᠪᠠᠷ ᠠᠰᠠᠷᠠᠨ ᠲᠡᠵᠢᠭᠡᠬᠦ ᠪᠠᠷᠢᠮᠵᠢᠶ᠎ᠠ ᠨᠢ ᠲᠣᠰ ᠲᠣᠰ ᠬᠥᠮᠦᠨ ᠪᠦᠷᠢ ᠰᠠᠷ᠎ᠠ ᠳᠤ 1200 ᠲᠥᠭᠦᠷᠢᠭ ᠪᠠ ᠬᠥᠮᠦᠨ ᠪᠦᠷᠢ ᠰᠠᠷ᠎ᠠ ᠳᠤ 827 ᠲᠥᠭᠦᠷᠢᠭ ᠪᠣᠯᠤᠨ᠎ᠠ︔ ᠬᠥᠳᠡᠯᠮᠦᠷᠢ ᠶᠢᠨ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠥᠳᠡᠯᠮᠦᠷᠢ ᠶᠢᠨ ᠴᠢᠳᠠᠪᠤᠷᠢ ᠪᠠᠨ ᠬᠡᠰᠡᠭ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠢ ᠬᠠᠷᠠᠭᠠᠯᠵᠠᠨ ᠰᠤᠪᠢᠯᠠᠬᠤ ᠨᠥᠬᠦᠪᠥᠷᠢ ᠶᠢ ᠪᠦᠬᠦ ᠲᠠᠯ᠎ᠠ ᠪᠠᠷ ᠪᠠᠶᠢᠭᠤᠯᠵᠤ᠂ ᠨᠥᠬᠦᠪᠥᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ 969 ᠲᠥᠭᠦᠷᠢᠭ ᠪᠠ ᠰᠠᠷ᠎ᠠ ᠪᠦᠷᠢ 373 ᠲᠥᠭᠦᠷᠢᠭ ᠪᠣᠯᠤᠨ᠎ᠠ᠃ ᠣᠲᠣ ᠪᠣᠯᠲᠠᠯ᠎ᠠ᠂ ᠪᠥᠬᠦ ᠬᠤᠲᠠ ᠳᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠶ 27447 ᠬᠥᠮᠦᠨ ᠪᠠᠶᠢᠵᠤ᠂ ᠴᠢᠳᠠᠪᠤᠷᠢ ᠪᠠᠨ ᠠᠯᠳᠠᠭᠰᠠᠨ ᠪᠠ ᠬᠠᠭᠠᠰ ᠠᠯᠳᠠᠭᠰᠠᠨ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ 32.1% ᠳᠤ ᠬᠦᠷᠴᠡᠶ᠃ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠪᠥᠬᠦ ᠬᠤᠲᠠ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠲᠤ ᠨᠡᠶᠢᠲᠡ 6 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠵᠠᠷᠤᠴᠠᠭᠤᠯᠪᠠ᠃                        ᠣᠷᠴᠢᠭᠤᠯᠤᠭᠴᠢ᠄ ᠭᠤᠸ᠎ᠠ                        ᠬᠢᠨᠠᠭᠴᠢ᠄ ᠭᠡᠷᠡᠯᠲᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2