ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2020/12/18
    ᠨᠢᠭᠡ᠂ ᠹᠸᠢ ᠳ᠋ᠦᠩ ᠪᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠳᠤᠭᠤᠰᠢᠯᠠᠭᠤᠯᠪᠠ         11 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠬᠤᠲᠠ ᠶᠢᠨ ᠨᠠᠮ ᠤᠨ ᠬᠤᠷᠢᠶᠡᠨ ᠤ ᠪᠠᠶᠢᠩᠭᠤ ᠶᠢᠨ ᠬᠤᠷᠢᠶ᠎ᠠ ᠶᠢ ᠡᠷᠬᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠰᠤᠷᠤᠯᠴᠠᠵᠤ ᠤᠬᠠᠭᠤᠯᠤᠨ ᠳᠤᠭᠤᠰᠢᠯᠠᠭᠤᠯᠬᠤ ᠰᠠᠨᠠᠯ ᠢ ᠰᠤᠳᠤᠯᠪᠡ᠃     ᠬᠤᠷᠠᠯ ᠳᠡᠭᠡᠷ᠎ᠡ ᠹᠸᠢ ᠳ᠋ᠦᠩ ᠪᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠶᠢ ᠳᠠᠭᠠᠭᠤᠯᠤᠨ ᠰᠤᠷᠤᠯᠴᠠᠪᠠ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠴᠡᠭ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠪᠠᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠨᠠᠮ ᠤᠨ ᠪᠦᠬᠦ ᠲᠠᠯ᠎ᠠ ᠪᠠᠷ ᠬᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠤᠷᠤᠯᠴᠠᠵᠤ᠂ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠯᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠭᠤᠯᠵᠤ᠂ ᠭᠦᠨᠵᠡᠭᠡᠶ ᠣᠶᠢᠯᠠᠭᠠᠭᠤᠯᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠤᠬᠠᠭᠤᠯᠭ᠎ᠠ ᠮᠡᠳᠡᠬᠡᠯᠡᠯ ᠢ ᠲᠥᠪᠯᠡᠷᠡᠭᠦᠯᠦᠨ ᠨᠡᠶᠢᠲᠡᠯᠡᠵᠦ᠂ ᠪᠦᠬᠦ ᠲᠠᠯ᠎ᠠ ᠶᠢᠨ᠂ ᠣᠯᠠᠨ ᠬᠠᠷᠠᠭᠠᠰᠤ ᠲᠠᠢ᠂ ᠥᠨᠳᠥᠷ ᠨᠢᠭᠲᠠᠴᠠ ᠲᠠᠢ᠂ ᠪᠣᠰᠤᠭ᠎ᠠ ᠴᠣᠭᠴᠠᠲᠤ ᠲᠠᠶᠢᠯᠪᠤᠷᠢᠯᠠᠯᠲᠠ ᠬᠢᠵᠦ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠪᠦᠬᠦ ᠬᠤᠲᠠ ᠳᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠳᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠮᠡᠳᠡᠵᠦ᠂ ᠣᠷᠣᠨ ᠪᠠᠶᠢᠷᠢ ᠶᠢ ᠣᠨᠣᠪᠴᠢᠲᠠᠶ ᠣᠯᠵᠤ᠂ ᠲᠥᠪ ᠬᠤᠷᠢᠶᠠᠨ ᠤ ᠵᠣᠷᠢᠭ ᠰᠠᠨᠠᠭ᠎ᠠ ᠳᠤ ᠨᠡᠶᠢᠴᠡᠭᠦᠯᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠵᠤ᠂ ᠠᠷᠠᠳ ᠲᠦᠮᠡᠨ ᠤ ᠦᠨᠡᠯᠡᠯᠲᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠠᠶᠢᠨ ᠲᠥᠯᠥᠪᠵᠢᠭᠦᠯᠭᠡ ᠪᠤᠯᠭᠠᠬᠤ ᠬᠡᠷᠡᠭᠳᠡᠢ ᠭᠡᠵᠤ ᠬᠤᠷᠠᠯ ᠠᠴᠠ ᠴᠢᠬᠤᠯᠠᠴᠢᠯᠠᠪᠠ᠃     ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠴᠢᠩᠭ᠎ᠠ ᠠᠳᠬᠤᠵᠤ᠂ ᠠᠯᠤᠰ ᠬᠡᠲᠦ ᠶᠢ ᠲᠥᠰᠦᠪᠯᠡᠬᠦ ᠪᠠ ᠣᠳᠣᠬᠢ ᠠᠵᠢᠯ ᠢᠶᠠᠨ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨ ᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢᠶᠠᠨ ᠪᠠᠳᠠᠷᠠᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠲᠠᠶᠢᠨ ᠢ ᠰᠠᠶᠢᠲᠤᠷ ᠬᠢᠬᠦ ᠪᠤᠳᠠᠳᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠳᠡᠢ᠃ ᠢᠷᠡᠬᠦ ᠵᠢᠯ ᠤᠨ ᠰᠡᠳᠬᠢᠴᠡ ᠬᠠᠷᠠᠯᠲᠠ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠣᠯᠤᠨ ᠪᠣᠳᠠᠲᠠᠶ ᠭᠠᠷᠳᠠᠴᠠ ᠶᠢ ᠰᠠᠶᠢᠲᠤᠷ ᠲᠥᠯᠥᠪᠵᠢᠭᠦᠯᠵᠦ᠂ ᠡᠯ᠎ᠡ ᠵᠦᠶᠯ ᠤᠨ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠢᠷᠡᠬᠦ ᠵᠢᠯ ᠤᠨ ᠠᠵᠢᠯ ᠢᠶᠠᠨ ᠰᠠᠶᠢᠳᠤᠷ ᠡᠬᠢᠯᠡᠭᠦᠯᠵᠦ᠂ ᠰᠠᠶᠢᠨ ᠠᠯᠬᠤᠮ ᠢ ᠠᠯᠬᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠬᠤᠷᠠᠯ ᠠᠴᠠ ᠱᠠᠭᠠᠷᠳᠠᠪᠠ᠃     ᠬᠤᠶᠠᠷ᠂ ᠹᠧᠶ ᠳ᠋ᠦᠩ ᠪᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ         11 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 2020 ᠤᠨ ᠤ 10 ᠰᠠᠷ᠎ᠠ ᠶᠢᠨ 22 ᠤᠨ ᠡᠳᠦᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠤᠨ ᠲᠥᠰᠦᠯ ᠢ ᠬᠢᠨᠠᠨ ᠵᠥᠪᠯᠡᠪᠡ᠃     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠪᠦᠬᠦ ᠬᠤᠲᠠ ᠳᠠᠶᠠᠭᠠᠷ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ᠂ ᠰᠤᠷᠤᠯᠴᠠᠨ ᠤᠬᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠳᠡᠢ᠃ ᠥᠷᠭᠡᠨ ᠳᠡᠯᠭᠡᠷ ᠰᠤᠷᠤᠯᠴᠠᠯᠭ᠎ᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ᠂ ᠭᠦᠨᠵᠡᠭᠡᠶ ᠰᠡᠳᠬᠢᠨ ᠰᠤᠷᠤᠯᠴᠠᠬᠤ ᠶᠢ ᠪᠠᠷᠢᠮᠲᠠᠯᠠᠬᠤ ᠬᠡᠷᠡᠭᠲᠡᠶ᠃ ᠰᠣᠨᠢᠨ ᠮᠡᠳᠡᠭᠡᠨ ᠤ ᠤᠬᠠᠭᠤᠯᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠣᠨᠣᠯ ᠤᠨ ᠰᠤᠳᠤᠯᠭᠠᠨ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠶᠢᠨ ᠲᠠᠪᠴᠠᠩ ᠢ ᠠᠰᠢᠭᠯᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ ᠲᠤ ᠣᠷᠣᠭᠤᠯᠬᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠬᠡᠵᠤ ᠵᠢᠭᠠᠵᠤ ᠭᠠᠷᠭᠠᠪᠠ᠃     ᠬᠤᠷᠠᠯ ᠠᠴᠠ᠂ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠴᠢᠨᠠᠷ ᠰᠠᠶᠢᠳᠠᠢ ᠬᠥᠭᠵᠢᠯᠲᠡ ᠶᠢᠨ ᠴᠢᠬᠤᠯᠠ ᠨᠤᠲᠠᠯᠠᠯᠲᠠ ᠶᠢ ᠭᠦᠨᠵᠡᠭᠡᠢ ᠲᠠᠨᠢᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠬᠡᠷ ᠲᠠᠪᠤᠨ ᠵᠢᠯ︾ ᠤᠨ ᠬᠥᠭᠵᠢᠯᠲᠡ ᠶᠢᠨ ᠭᠤᠣᠯᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠲᠥᠯᠥᠪᠵᠢᠭᠦᠯᠭᠡ ᠶᠢᠨ ᠰᠠᠨᠠᠭᠤᠯᠭ᠎ᠠ ᠪᠠ ᠲᠥᠯᠥᠪᠵᠢᠭᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠬᠤ ᠠᠵᠢᠯ ᠢ ᠨᠠᠷᠢᠨ ᠨᠢᠮᠪᠠᠶ ᠰᠠᠶᠢᠲᠤᠷ ᠠᠳᠬᠤᠵᠤ᠂ ︽ᠲᠠᠪᠤᠨ ᠠᠵᠤ ᠠᠬᠤᠢ︾ ᠶᠢᠨ ᠲᠣᠭᠤᠷᠢᠨ ᠳᠤ ᠠᠵᠤ ᠦᠢᠯᠡᠰ ᠢ ᠬᠥᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠴᠢᠬᠤᠯᠠ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠵᠤ᠂ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠬᠦ ᠬᠡᠷᠡᠭᠳᠡᠢ᠃ ᠬᠤᠲᠠ ᠪᠠᠯᠭᠠᠰᠤᠨ ᠤ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠦᠷᠭᠦᠯᠵᠢᠯᠡᠨ ᠨᠡᠮᠡᠭᠳᠡᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠭᠡᠳ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠦᠲᠦᠮᠵᠢᠲᠡᠶ ᠦᠷᠭᠦᠯᠵᠢᠯᠡᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠳᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨ ᠪᠣᠳᠠᠲᠠᠶ ᠵᠥᠷᠢᠶ᠎ᠡ   ᠶᠢ ᠣᠯᠵᠤ ᠬᠠᠷᠠᠨ᠂ ᠦᠵᠡᠯ ᠰᠠᠨᠠᠭ᠎ᠠ ᠪᠠᠨ ᠦᠨᠡᠨᠬᠦ ᠬᠤᠪᠢᠷᠠᠭᠤᠯᠵᠤ᠂ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠵᠥᠭᠡᠯᠡᠨ ᠪᠣᠳᠠᠲᠤ ᠬᠦᠴᠦᠨ︾ ᠢ ᠬᠦᠴᠦᠯᠡᠨ ᠪᠤᠢ ᠪᠤᠯᠭᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃     ᠬᠤᠷᠠᠯ ᠠᠴᠠ᠂ ᠤᠳᠤ ᠨᠢᠭᠡᠨᠲᠡ ᠵᠢᠯ ᠤᠨ ᠡᠴᠦᠰ ᠪᠣᠯᠬᠤ ᠣᠶᠢᠷᠠᠲᠤᠵᠤ᠂ ᠪᠦᠬᠦ ᠬᠤᠳᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠪᠣᠯᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠮᠠᠰᠢ ᠪᠡᠷᠬᠡ ᠬᠠᠲᠠᠭᠤᠵᠢᠯᠲᠠᠢ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠡᠮᠦᠷ ᠢ ᠠᠳᠬᠤᠪᠠᠯ ᠣᠷᠣᠮ ᠲᠠᠢ ᠪᠠᠶᠢᠬᠤ ᠡᠷᠴᠢ ᠵᠣᠷᠢᠭ ᠢᠶᠠᠷ ᠵᠢᠯ ᠤᠨ ᠡᠴᠦᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ᠂ ᠠᠶᠤᠯ ᠦᠭᠡᠶ ᠦᠶᠯᠡᠳᠪᠦᠷᠢᠯᠡᠯ ᠵᠡᠷᠭᠡ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠠᠶᠢᠲᠤᠷ ᠰᠡᠭᠦᠯ ᠢ ᠰᠠᠬᠢᠵᠤ᠂ ᠰᠠᠶᠢᠲᠤᠷ ᠡᠬᠢᠯᠡᠬᠦᠯᠵᠤ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠡᠯ᠎ᠡ ᠵᠦᠶᠯ ᠤᠨ ᠠᠵᠢᠯ ᠢ ᠦᠨᠡᠨ ᠬᠦ ᠨᠠᠷᠢᠯᠢᠭ ᠬᠢᠵᠦ᠂ ᠪᠣᠳᠠᠲᠠᠶ ᠬᠢᠵᠦ᠂ ᠰᠠᠶᠢᠲᠤᠷ ᠬᠢᠵᠦ᠂ ᠮᠠᠨ ᠤ ᠬᠤᠲᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠤ ᠱᠠᠭᠠᠷᠳᠠᠪᠠ᠃     ᠭᠤᠷᠪᠠ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 14 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ          ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠳᠤᠬᠢᠷᠠᠭᠤᠯᠤᠯᠳᠠ ᠶᠣᠰᠣᠭᠠᠷ᠂ 11 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 14 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠭᠡᠭᠰᠡᠨ︶ ᠶᠢᠨ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠱᠣ᠋ ᠯᠢᠨ ᠢ ᠤᠷᠢᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠮᠡᠳᠡᠭᠦᠯᠦᠯᠲᠡ ᠬᠢᠯᠭᠡᠪᠡ᠃     ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠬᠤᠷᠠᠯ ᠢ ᠡᠷᠭᠢᠯᠡᠪᠡ ᠃ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠳᠡᠭᠡᠷ᠎ᠡ᠂ ᠯᠢ ᠱᠤ᠋ ᠯᠢᠨ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠤᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠶ᠎ᠡ︾ ᠭᠡᠬᠦ ᠰᠡᠳᠦᠪ ᠢᠶᠠᠷ ᠲᠤᠰᠬᠠᠶ ᠮᠡᠳᠡᠭᠦᠯᠦᠯᠲᠡ ᠬᠢᠵᠡᠶ᠃ ᠮᠡᠳᠡᠬᠦᠯᠦᠯᠳᠡ ᠨᠢ ︽ᠰᠢᠨ᠎ᠡ︾ ︽ᠬᠥᠭᠵᠢᠯᠲᠡ︾ ᠪᠠ ︽ᠠᠮᠤᠷ ᠲᠦᠪᠰᠢᠨ︾ ᠭᠡᠬᠦ ᠭᠤᠷᠪᠠᠨ ᠬᠠᠷᠠᠭᠠᠰᠤ ᠠᠴᠠ ᠶᠠᠷᠢᠵᠤ᠂ ︽ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠥᠨᠳᠥᠷ ᠦᠷ᠎ᠡ ᠪᠦᠲᠦᠮᠵᠢᠲᠡᠶ ᠵᠠᠰᠠᠯᠲᠠ ︾ ᠪᠠ ︽ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ︾ ᠬᠤᠶᠠᠷ ᠭᠤᠤᠯ ᠰᠢᠵᠢᠮ ᠤᠨ ᠲᠣᠭᠤᠷᠢᠨ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠨᠣᠯ ᠤᠨ ᠲᠠᠶᠢᠯᠤᠮᠵᠢ ᠪᠠᠶᠢᠬᠤ ᠮᠥᠷᠲᠡᠭᠡᠨ ᠪᠠᠰᠠ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠥᠪᠡᠷᠮᠢᠴᠡ ᠦᠵᠡᠯᠲᠡ ᠲᠠᠢ ᠪᠠᠶᠢᠵᠤ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠬᠤ ᠳᠤ ᠴᠢᠭᠯᠡᠯ ᠢ ᠲᠣᠳᠣᠷᠬᠠᠶ ᠵᠢᠭᠠᠵᠤ᠂ ᠬᠠᠷᠠᠭ᠎ᠠ ᠶᠢ ᠥᠷᠭᠡᠳᠬᠡᠵᠦ᠂ ᠲᠠᠰ ᠳᠠᠪᠬᠤᠷᠭ᠎ᠠ ᠶᠢ ᠳᠡᠭᠡᠭᠰᠢᠯᠡᠭᠦᠯᠪᠡ᠃     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠳᠤ ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠤᠯᠤᠰ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠬᠠᠷᠠᠯᠲᠠ ᠡᠭᠦᠷᠭᠡ᠂ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠵᠢᠭᠠᠨ ᠭᠠᠷᠭᠠᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠬᠤᠳᠠ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠬᠦᠨ ᠺᠠᠳ᠋ᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠨ ᠵᠥᠪ ᠣᠨᠣᠪᠴᠢᠲᠠᠶ ᠡᠵᠡᠮᠰᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠰᠤᠷᠤᠯᠴᠠᠨ ᠳᠤᠭᠤᠰᠢᠯᠠᠭᠤᠯᠬᠤ ᠶᠡᠭᠡ ᠠᠭᠤᠷ ᠠᠮᠢᠰᠬᠤᠯ ᠢ ᠪᠤᠢ ᠪᠣᠯᠭᠠᠵᠤ᠂ ᠲᠥᠪ ᠬᠤᠷᠢᠶᠠᠨ ᠤ ᠭᠠᠷᠭᠠᠭᠰᠠᠨ ᠠᠯᠢ ᠣᠯᠠᠨ ᠰᠢᠨ᠎ᠡ ᠮᠠᠭᠠᠳᠯᠠᠯᠲᠠ᠂ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠲᠠᠢ ᠬᠠᠷᠢᠴᠠᠭᠤᠯᠤᠨ ᠪᠠᠷᠢᠮᠳᠠᠯᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠳᠡᠢ ᠬᠡᠵᠤ ᠬᠤᠷᠠᠯ ᠠᠴᠠ ᠵᠢᠭᠠᠵᠤ ᠭᠠᠷᠭᠠᠪᠠ᠃    ᠪᠦᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠣᠯ ᠣᠳᠣᠬᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠦᠭᠵᠢᠬᠦᠯᠬᠦ ᠣᠶᠢᠯᠠᠭᠠᠭᠳᠠᠬᠤᠨ ᠢᠶᠠᠷ ᠤᠳᠤᠷᠢᠳᠤᠮᠵᠢ ᠪᠣᠯᠭᠠᠵᠤ᠂ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠶᠢ ᠬᠠᠷᠠᠭᠠᠯᠠᠨ᠂ ᠬᠥᠭᠵᠢᠯᠲᠡ ᠶᠢᠨ ᠰᠡᠳᠬᠢᠴᠡ ᠪᠠᠨ ᠣᠨᠣᠪᠴᠢᠲᠠᠶ ᠡᠷᠢᠵᠦ᠂ ᠡᠯ᠎ᠡ ᠭᠠᠵᠠᠷ ᠤᠨ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠦᠶᠯᠡᠳᠦᠯ ᠢ ᠪᠠᠳᠠᠷᠠᠭᠤᠯᠵᠤ᠂ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠴᠢᠭᠯᠡᠯ ᠢ ᠰᠠᠶᠢᠲᠤᠷ ᠡᠵᠡᠮᠳᠡᠬᠦ ᠬᠡᠷᠡᠭᠲᠡᠶ︔ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶᠢᠯᠠᠵᠤ᠂ ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠦᠶᠯᠡᠴᠢᠯᠡᠭᠡᠨ ᠤ ᠤᠬᠠᠮᠰᠡᠷ ᠢᠶᠠᠨ ᠦᠨᠡᠨᠬᠦ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠳᠡ ᠳᠤ ᠬᠦᠴᠦᠨ ᠨᠡᠮᠡᠷᠢᠯᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠳᠤ ᠰᠠᠭᠤᠷᠢ ᠲᠠᠯᠪᠢᠬᠤ ᠬᠡᠷᠡᠭᠳᠡᠢ ᠬᠡᠵᠤ ᠬᠤᠷᠠᠯ ᠠᠴᠠ ᠴᠢᠬᠤᠯᠠᠴᠢᠯᠠᠪᠠ᠃     ᠳᠥᠷᠪᠡ᠂ ᠵᠢᠷᠤᠭᠲᠤ ᠮᠡᠳᠡᠭᠡ
    11 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤᠨ ᠤ ᠭᠤᠷᠪᠠᠳᠤᠭᠠᠷ ᠭᠠᠴᠠᠭ᠎ᠠ ᠮᠠᠯᠴᠢᠨ ᠲᠦᠮᠡᠨ ᠢ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃      ᠰᠤᠷᠤᠯᠴᠠᠬᠤ ᠶᠠᠪᠤᠴᠠ ᠳᠤᠮᠳᠠ᠂ ᠮᠠᠯᠴᠢᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠦᠢᠯᠡᠳᠪᠦᠷᠢᠯᠡᠯ ᠠᠮᠢᠳᠤᠷᠠᠯ ᠵᠡᠷᠭᠡ ᠲᠠᠯ᠎ᠠ ᠳᠤ  ᠭᠠᠷᠤᠭᠰᠠᠨ ᠬᠤᠪᠢᠷᠠᠯᠲᠠ ᠲᠠᠢ ᠤᠶᠠᠯᠳᠤᠭᠤᠯᠤᠨ᠂ ᠵᠢᠱᠢᠶ᠎ᠡ ᠲᠠᠲᠠᠬᠤ᠂ ᠪᠣᠳᠠᠲᠤ ᠬᠡᠷᠡᠭ ᠶᠠᠷᠢᠬᠤ ᠠᠷᠭ᠎ᠠ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ ᠥᠭᠪᠡ᠃  ᠵᠢᠷᠤᠭ \ ᠵᠢᠷᠤᠮᠲᠤ                                                           ᠨᠠᠶᠢᠷᠠᠭᠤᠯᠤᠭᠴᠢ᠄ ᠭᠤᠸ᠎ᠠ                                                           ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2