| | ᠦᠨᠳᠦᠰᠦᠳᠡᠨ ᠤ ᠰᠢᠯᠢᠳᠡᠭ ᠰᠤᠶᠤᠯ ᠢ ᠤᠯᠠᠮᠵᠢᠯᠠᠬᠤ ᠰᠢᠰᠲ᠋ᠧᠮ ᠢ ᠪᠠᠶᠢᠭᠤᠯᠵᠤ ᠡᠬᠡ ᠤᠯᠤᠰ ᠤᠨ ᠤᠮᠠᠷᠠᠳᠤ ᠶᠢᠨ | ᠰᠤᠶᠤᠯ ᠤᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠰᠤᠭᠠᠢ — 2015 ᠤᠨ ᠤ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠬᠠᠭᠤᠴᠢ | ᠰᠤᠳᠤᠯᠤᠯ ᠤᠨ ᠴᠢᠬᠤᠯᠠ ᠢᠯᠡᠷᠡᠭᠦᠯᠦᠯᠳᠡ ᠶᠢ ᠲᠡᠮᠳᠡᠭᠯᠡᠪᠡ | ᠵᠢᠨᠢᠩ ᠵᠠᠮ ᠤᠨ ᠬᠠᠭᠤᠴᠢᠨ ᠬᠤᠳᠠ ᠶᠢᠨ ᠤᠩᠭᠤᠨ ᠤ ᠪᠠᠭᠤᠷᠢ ᠨᠢ ᠤᠯᠠᠭᠠᠨᠴᠠᠪ ᠬᠤᠳᠠ ᠶᠢᠨ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠲᠦ᠋ ᠴᠧᠩ ᠽᠢ ᠲᠤᠰᠬᠤᠨ ᠳᠤ ᠪᠠᠶᠢᠷᠢᠯᠠᠵᠦ ᠪᠤᠢ᠃ 2015 ᠤᠨ ᠤ 5 | ᠰᠠᠷ᠎ᠡ ᠠᠴᠠ 11 ᠰᠠᠷ᠎ᠡ ᠳᠤ᠂ ᠦᠪᠦᠷ ᠮᠤᠩᠭᠤᠯ ᠤᠨ ᠲᠡᠤᠬᠡ ᠶᠢᠨ ᠲᠤᠷᠠᠰᠬᠠᠯᠲᠦ ᠵᠦᠢᠯᠡᠰ ᠬᠠᠭᠤᠴᠢ | ᠰᠤᠳᠤᠯᠤᠯ ᠤᠨ ᠭᠠᠵᠠᠷ᠂ ᠤᠯᠠᠭᠠᠨᠴᠠᠪ ᠬᠤᠲᠠ ᠶᠢᠨ ᠮᠦᠽᠸᠢ ᠪᠠ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠲᠡᠤᠬᠡ ᠶᠢᠨ ᠲᠤᠷᠠᠰᠬᠠᠯᠲᠦ ᠵᠦᠢᠯᠡᠰ ᠤᠨ ᠬᠠᠮᠢᠶᠠᠷᠤᠯᠲᠠ ᠶᠢᠨ ᠭᠠᠵᠠᠷ ᠬᠠᠮᠲᠤᠷᠠᠵᠦ᠂ ᠲᠤᠰ | ᠪᠠᠭᠤᠷᠢ ᠳᠤ ᠬᠠᠭᠤᠴᠢ ᠰᠤᠳᠤᠯᠤᠯ ᠬᠢᠵᠤ᠂ ᠵᠡᠭᠦᠨ ᠬᠠᠨ ᠤᠯᠤᠰ ᠤᠨ ᠦᠶ᠎ᠡ ᠶᠢᠨ᠂ ᠯᠢᠶᠤᠤ ᠤᠯᠤᠰ ᠤᠨ | ᠦᠶ᠎ᠡ ᠶᠢᠨ ᠪᠠ ᠠᠯᠳᠡᠨ ᠤᠯᠤᠰ ᠶᠤᠸᠠᠨ ᠤᠯᠤᠰ ᠤᠨ ᠦᠶ᠎ᠡ ᠶᠢᠨ ᠤᠡᠭᠭᠤᠨ ᠢ ᠤᠯᠠᠨ ᠰᠠᠭᠤᠷᠢ ᠢᠯᠡᠷᠡᠭᠦᠯᠵᠡᠢ᠃ | ᠡᠭᠦᠨ ᠳᠤ ᠵᠡᠭᠦᠨ ᠬᠠᠨ ᠤᠯᠤᠰ ᠤᠨ ᠤᠡᠭᠭᠤᠨ 3 ᠰᠠᠭᠤᠷᠢ ᠪᠠᠶᠢᠵᠦ᠂ ᠪᠠᠷᠠᠭᠤᠨ ᠬᠤᠶᠢᠲᠦ ᠠᠴᠠ ᠵᠡᠭᠦᠨ ᠡᠮᠦᠨ᠎ᠡ | ᠴᠢᠭᠯᠡᠯ ᠲᠡᠰᠢ ᠪᠠᠨ ᠵᠢᠭᠲᠡ ᠪᠠᠶᠢᠷᠢᠰᠢᠵᠦ᠂ ᠴᠦᠮ ᠪᠤᠰᠤᠭ᠎ᠠ ᠰᠢᠷᠤᠢ ᠶᠢᠨ ᠤᠡᠭᠭᠤᠨ᠂ ᠭᠠᠳᠠᠨ᠎ᠡ ᠲᠠᠯ᠎ᠡ ᠨᠢ | ᠱᠠᠳᠤᠯᠵᠢᠨ ᠬᠡᠯᠪᠡᠷᠢ ᠲᠠᠢ᠂ ᠡᠭᠴᠡ ᠬᠡᠷᠡᠮ ᠲᠠᠢ ᠤᠶᠢᠢᠷᠠᠳᠤᠵᠦ᠂ ᠢᠷᠤᠭᠠᠷ ᠨᠢ ᠲᠡᠭᠰᠢ᠃ ᠭᠠᠭᠴᠠ ᠬᠦᠮᠦᠨ ᠪᠠ | ᠤᠯᠠᠨ ᠬᠦᠮᠦᠨ ᠤ ᠤᠡᠭᠭᠤᠨ᠂ ᠮᠤᠳᠤᠨ ᠠᠪᠰᠡᠨ ᠤᠡᠭᠭᠤᠨ ᠵᠡᠷᠭᠡ ᠪᠤᠢ᠃ ᠤᠩᠭᠤᠨ ᠤ ᠬᠤᠶᠢᠯᠭ᠎ᠠ ᠶᠢᠨ | ᠵᠦᠢᠯᠡᠰ ᠲᠤ ᠸᠠᠭᠠᠷ ᠰᠠᠪᠠ᠂ ᠬᠦᠷᠡᠯ ᠵᠠᠰᠠᠯ ᠴᠢᠮᠡᠭᠯᠡᠯ᠂ ᠲᠡᠮᠦᠷ ᠡᠳ᠋ᠯᠡᠯ᠂ ᠶᠠᠰᠤᠨ ᠬᠡᠷᠡᠭᠰᠡᠯ᠂ ᠬᠤᠨᠢ ᠢᠮᠠᠭᠠᠨ ᠶᠠᠰᠤ | ᠵᠡᠷᠭᠡ ᠪᠤᠢ᠃ ᠯᠢᠶᠤᠤ ᠤᠯᠤᠰ ᠤᠨ ᠤᠡᠭᠭᠤᠨ ᠠᠴᠠ ᠵᠦᠪᠬᠡᠨ ᠨᠢᠭᠡ ᠰᠠᠭᠤᠷᠢ ᠸᠠᠭᠠᠷ ᠠᠪᠰᠠ ᠶᠢᠨ ᠤᠡᠭᠭᠤᠨ᠂ | ᠪᠤᠰᠤᠭ᠎ᠠ ᠲᠦᠷᠪᠡᠯᠵᠢᠨ ᠰᠢᠷᠤᠢ ᠶᠢᠨ ᠤᠡᠭᠭᠤᠨ ᠢ ᠢᠯᠡᠷᠡᠭᠦᠯᠵᠡᠢ᠃ ᠶᠤᠸᠠᠨ ᠤᠯᠤᠰ ᠤᠨ ᠤᠡᠭᠭᠤᠨ ᠢ ᠨᠡᠶᠢᠲᠡ 46 | ᠰᠠᠭᠤᠷᠢ ᠴᠡᠪᠡᠷᠯᠡᠵᠦ᠂ ᠤᠯᠠᠩᠬᠢ ᠨᠢ ᠡᠮᠦᠨ᠎ᠡ ᠤᠮᠠᠷ᠎ᠠ ᠴᠢᠭᠯᠡᠯ ᠲᠠᠢ᠃ ᠭᠠᠭᠴᠠ ᠬᠦᠮᠦᠨ ᠤ ᠤᠷᠤᠰᠢᠭᠤᠯᠭ᠎ᠠ᠂ | ᠬᠤᠶᠠᠷ ᠬᠦᠮᠦᠨ ᠤ ᠬᠠᠮᠲᠦ ᠶᠢᠨ ᠤᠷᠤᠰᠢᠭᠤᠯᠭ᠎ᠠ᠂ ᠬᠡᠭᠦᠷ ᠶᠠᠰᠤ ᠶᠢᠨ ᠤᠷᠤᠰᠢᠭᠤᠯᠭ᠎ᠠ᠂ ᠬᠡᠬᠦᠷ ᠶᠠᠰᠤ ᠪᠤᠯᠤᠨ | ᠶᠠᠰᠤᠨ ᠤ ᠦᠨᠡᠰᠦ ᠶᠢᠨ ᠬᠠᠮᠳᠤ ᠶᠢᠨ ᠤᠷᠤᠰᠢᠭᠤᠯᠭ᠎ᠠ ᠵᠡᠷᠭᠡ ᠪᠤᠢ᠃ ᠤᠩᠭᠤᠨ ᠤ ᠬᠤᠶᠢᠯᠭ᠎ᠠ ᠶᠢᠨ ᠵᠦᠢᠯᠡᠰ ᠲᠤ | ᠸᠠᠭᠠᠷ ᠱᠠᠭᠠᠵᠠᠩ ᠠᠶᠠᠭ᠎ᠠ ᠰᠠᠪᠠ᠂ ᠬᠦᠷᠡᠯ ᠪᠠᠭᠤᠤ᠂ ᠬᠦᠷᠡᠯ ᠲᠤᠯᠢ᠂ ᠲᠠᠮᠠᠭ᠎ᠠ᠂ ᠵᠠᠰᠠᠯ ᠴᠢᠮᠡᠭᠯᠡᠯ ᠵᠡᠷᠭᠡ ᠪᠤᠢ᠃ | ᠲᠤᠰ ᠤᠳᠠᠭᠠᠨ ᠤ ᠠᠭᠤᠳᠠᠯᠤᠨ ᠮᠠᠯᠲᠠᠯᠲᠠ ᠠᠴᠠ ᠢᠯᠡᠷᠡᠭᠦᠯᠦᠭᠰᠡᠨ ᠵᠦᠢᠯᠡᠰ ᠨᠢ ᠵᠢᠨᠢᠩ ᠵᠠᠮ ᠤᠨ ᠬᠠᠭᠤᠴᠢᠨ | ᠬᠤᠳᠠ ᠶᠢᠨ ᠤᠩᠭᠤᠨ ᠤ ᠪᠠᠭᠤᠷᠢ ᠶᠢᠨ ᠳᠠᠷᠠᠭ᠎ᠠ ᠠᠯᠬᠤᠮ ᠤᠨ ᠬᠠᠭᠤᠴᠢ ᠰᠤᠳᠤᠯᠤᠯᠲᠠ ᠳᠤ ᠮᠠᠰᠢ ᠤᠯᠠᠨ ᠦᠨ᠎ᠡ | ᠦᠷᠳᠡᠭ ᠲᠠᠢ ᠪᠤᠳᠠᠳᠤ ᠮᠠᠲ᠋ᠧᠷᠢᠶᠠᠯ ᠢ ᠬᠠᠨᠭ᠍ᠭᠠᠬᠰᠡᠨ ᠪᠠᠶᠢᠨ᠎ᠡ᠃ | | ᠨᠠᠶᠢᠷᠠᠭᠤᠯᠤᠭᠴᠢ᠄ ᠡᠷᠳᠡᠨᠢᠴᠤᠭᠲᠦ | |