| ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ᠮᠡᠳᠡᠭᠦᠯᠦᠯᠲᠡ | ᠡᠴᠠᠦᠵᠡᠪᠡᠯ᠂ ᠥᠩᠭᠡᠷᠡᠭᠰᠡᠨ 20 ᠵᠢᠯ ᠤᠨ ᠪᠦᠬᠦ ᠪᠥᠮᠪᠥᠷᠴᠡᠭ ᠤᠨ ᠠᠷᠪᠠᠨ ᠶᠡᠭᠡ ᠦᠬᠦᠯ ᠤᠨ ᠰᠢᠯᠲᠠᠭᠠᠨ ᠤ | ᠳᠤᠮᠳᠠ᠂ ᠬᠠᠯᠳᠠᠪᠤᠷᠢᠲᠤ ᠪᠤᠰᠤ ᠡᠪᠡᠳᠴᠢᠨ 7 ᠶᠢ ᠡᠵᠡᠯᠡᠵᠦ᠂ ᠵᠢᠷᠦᠬᠡᠨ ᠡᠪᠡᠳᠴᠢᠨ ᠮᠥᠨ ᠯᠡ ︽ᠲᠡᠷᠢᠭᠦᠨ | ᠶᠠᠷᠭᠠᠴᠢᠨ︾ ᠤ ᠪᠠᠶᠢᠷᠢ ᠳᠤ ᠪᠠᠶᠢᠷᠢᠯᠠᠨ᠂ ᠰᠢᠬᠢᠷ ᠰᠢᠵᠢᠩ ᠡᠪᠡᠳᠴᠢᠨ ᠪᠠ ᠮᠡᠨᠡᠭ ᠡᠪᠡᠳᠴᠢᠨ ᠡᠮᠦᠨ᠎ᠡ ᠠᠷᠪᠠ ᠳᠤ | ᠣᠷᠣᠪᠠ᠃ | ︽2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠦᠨᠡᠯᠡᠯᠲᠡ︾ ᠭᠡᠬᠦ ᠡᠨᠡ ᠬᠦ | ᠮᠡᠳᠡᠭᠦᠯᠦᠯᠲᠡ ᠨᠢ 2000 ᠣᠨ ᠠᠴᠠ 2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠤᠭ᠎ᠠ | ᠪᠠᠷᠢᠮᠲᠠ ᠶᠢ ᠬᠠᠮᠤᠷᠴᠠᠶ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ | ᠣᠳᠣᠬᠠᠨ ᠳᠤ ᠪᠥᠬᠦ ᠳᠡᠯᠡᠬᠡᠶ ᠵᠢᠨᠠᠷᠪᠠᠨ ᠶᠡᠭᠡ ᠦᠬᠦᠯ ᠤᠨ ᠰᠢᠯᠲᠠᠭᠠᠨ ᠤ ᠳᠣᠲᠣᠷ᠎ᠠ 7 ᠶᠢ ᠡᠵᠡᠯᠡᠵᠦ ᠪᠠᠶᠢᠨ᠎ᠠ᠂ | ᠡᠭᠦᠨ ᠠᠴᠠ ᠡᠮᠦᠨ᠎ᠡ ᠵᠥᠪᠬᠡᠨ 4 ᠶᠢ ᠡᠵᠡᠯᠡᠵᠦ ᠪᠠᠶᠢᠵᠠᠢ᠃ ᠡᠭᠦᠨ ᠳᠤ᠂ ᠵᠢᠷᠦᠬᠡᠨ ᠡᠪᠡᠳᠴᠢᠨ ᠨᠢ ᠥᠩᠭᠡᠷᠡᠭᠰᠡᠨ | 20 ᠵᠢᠯ ᠳᠤ ᠶᠡᠷᠦ ᠨᠢ ︽ᠲᠡᠷᠢᠭᠦᠨ ᠶᠠᠷᠭᠠᠴᠢᠨ︾ ᠪᠣᠯᠣᠭᠰᠠᠭᠠᠷ ᠢᠷᠡᠵᠦ᠂ ᠣᠳᠣᠬᠠᠨ ᠳᠤ ᠵᠢᠷᠦᠬᠡᠨ | ᠡᠪᠡᠳᠴᠢᠨ ᠢᠶᠠᠷ ᠥᠭᠦᠭᠰᠡᠨ ᠬᠥᠮᠦᠨ ᠤ ᠲᠤᠭ᠎ᠠ ᠨᠢ ᠪᠦᠬᠦ ᠥᠭᠦᠭᠰᠡᠨᠬᠥ᠋ᠮᠦᠨ ᠤ ᠲᠣᠭᠠᠨ ᠤ 16% ᠶᠢ ᠡᠵᠡᠯᠡᠵᠦ | ᠪᠠᠶᠢᠨ᠎ᠠ᠃ 2000 ᠣᠨ ᠠᠴᠠ ᠨᠠᠰᠢ᠂ ᠵᠢᠷᠦᠬᠡᠨ ᠡᠪᠡᠳᠴᠢᠨ ᠢᠶᠠᠷ ᠦᠬᠦᠭᠰᠡᠨᠬᠥ᠋ᠮᠦᠨ ᠤ ᠲᠤᠭ᠎ᠠ 200 ᠭᠠᠷᠤᠶ | ᠲᠦᠮᠡ ᠨᠡᠮᠡᠭᠳᠡᠨ᠂ ᠡᠭᠦᠨ ᠤ ᠳᠣᠲᠣᠷᠠᠬᠢ ᠬᠠᠭᠠᠰ ᠠᠴᠠ ᠳᠡᠭᠡᠭᠰᠢ ᠨᠢ ᠳᠡᠯᠡᠬᠡᠶ ᠶᠢᠨ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ᠶᠢᠨ ᠪᠠᠷᠠᠭᠤᠨ ᠨᠣᠮᠣᠬᠠᠨ ᠳᠠᠯᠠᠶ ᠶᠢᠨ ᠣᠷᠣᠨ ᠳᠤ ᠡᠭᠦᠰᠴᠦ᠂ ᠧᠦ᠋ᠷᠣᠫᠠ | ᠲᠢᠪ ᠤᠨᠣᠷᠣᠨ ᠪᠦᠰᠡ ᠶᠢᠨ ᠵᠢᠷᠦᠬᠡᠨ ᠡᠪᠡᠳᠴᠢᠨ ᠡᠭᠦᠰᠬᠦ ᠨᠣᠷᠮ᠎ᠠ ᠨᠢ ᠬᠠᠷᠢᠴᠠᠩᠭᠤᠶ ᠪᠠᠷ ᠳᠣᠷᠣᠭᠰᠢᠯᠠᠵᠠᠶ᠃ | ᠠᠷᠽᠾᠠᠶᠢᠮᠤᠷ ᠡᠪᠡᠳᠴᠢᠨ ᠪᠣᠯᠤᠨ ᠪᠤᠰᠤᠳ ᠬᠡᠯᠪᠡᠷᠢ ᠶᠢᠨ ᠮᠡᠨᠡᠭ ᠡᠪᠡᠳᠴᠢᠨ ᠪᠦᠬᠦ ᠪᠥᠮᠪᠥᠷᠴᠡᠭ ᠤᠨ | ᠠᠷᠪᠠᠨ ᠶᠡᠭᠡᠦᠬᠦᠯ ᠤᠨ ᠰᠢᠯᠲᠠᠭᠠᠨ ᠤ ᠡᠩᠨᠡᠭᠡᠨ ᠳᠤ ᠣᠷᠣᠵᠤ᠂ 2019 ᠣᠨ ᠳᠤ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨᠪᠠᠶᠢᠭᠤᠯᠤᠯᠲᠠ ᠶᠢᠨ ᠠᠮᠧᠷᠢᠺᠠ ᠲᠢᠪ ᠤᠨ ᠣᠷᠣᠨ ᠪᠦᠰᠡ ᠪᠠ ᠧᠦ᠋ᠷᠣᠫᠠ ᠲᠢᠪ ᠤᠨ | ᠣᠷᠣᠨ ᠪᠦᠰᠡ ᠳᠤ ᠴᠥᠮᠭᠤᠷᠪᠠᠳᠤᠭᠠᠷ ᠲᠤ ᠵᠢᠭᠰᠠᠭᠠᠭᠳᠠᠪᠠ᠃ ᠪᠦᠬᠦ ᠳᠡᠯᠡᠬᠡᠶ ᠶᠢᠨ ᠬᠡᠪᠴᠢᠶᠡᠨ ᠳᠤ᠂ ᠡᠨᠡ | ᠲᠥᠷᠥᠯ ᠤᠨ ᠡᠪᠡᠳᠴᠢᠨ ᠢᠶᠠᠷ ᠥᠭᠦᠭᠰᠡᠨᠬᠥ᠋ᠮᠦᠰ ᠤᠨ ᠳᠣᠲᠣᠷ᠎ᠠ ᠡᠮᠡᠭᠲᠡᠶᠢᠴᠦᠳ 65% ᠶᠢ ᠡᠵᠡᠯᠡᠨ᠎ᠡ᠃ | 2000 ᠣᠨ ᠠᠴᠠ 2019 ᠣᠨ ᠪᠣᠯᠲᠠᠯ᠎ᠠ᠂ ᠪᠦᠬᠦ ᠪᠥᠮᠪᠥᠷᠴᠡᠭ ᠤᠨ ᠰᠢᠬᠢᠷ ᠰᠢᠵᠢᠩ ᠡᠪᠡᠳᠴᠢᠨ ᠠᠴᠠ | ᠪᠣᠯᠵᠤ ᠦᠬᠦᠭᠰᠡᠨ ᠬᠦᠮᠦᠨ ᠤ ᠲᠤᠭ᠎ᠠ 70% ᠪᠠᠷ ᠨᠡᠮᠡᠭᠳᠡᠵᠦ᠂ ᠡᠭᠦᠨ ᠤ ᠳᠣᠲᠣᠷ᠎ᠠ ᠰᠢᠬᠢᠷ ᠰᠢᠵᠢᠩ | ᠡᠪᠡᠳᠴᠢᠨ ᠢᠶᠠᠷ ᠦᠬᠦᠭᠰᠡᠨᠡᠷᠡᠭᠲᠡᠶ ᠬᠥᠮᠦᠨ ᠤ ᠲᠤᠭ᠎ᠠ 80% ᠪᠠᠷ ᠨᠡᠮᠡᠭᠳᠡᠪᠡ᠃ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠵᠢᠨᠵᠡᠭᠦᠨ ᠭᠠᠵᠠᠷ ᠤᠨ ᠳᠤᠮᠳᠠᠳᠤ ᠲᠠᠩᠭᠢᠰ ᠤᠨ ᠣᠷᠣᠨ ᠤ ᠰᠢᠬᠢᠷ | ᠰᠢᠵᠢᠩ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ ᠨᠢᠭᠡ ᠲᠠᠬᠢᠨ ᠠᠴᠠ ᠳᠡᠭᠡᠭᠰᠢ ᠨᠡᠮᠡᠭᠳᠡᠵᠦ᠂ ᠳᠡᠯᠡᠬᠡᠢ ᠶᠢᠨ | ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠤᠢ ᠪᠦᠬᠦᠢ ᠣᠷᠣᠨᠪᠦ᠋ᠰᠡ ᠶᠢᠨ ᠳᠣᠲᠣᠷ᠎ᠠ ᠨᠡᠮᠡᠭᠳᠡᠯ ᠨᠢ | ᠬᠠᠮᠤᠭ ᠤᠨ ᠶᠡᠭᠡ ᠭᠠᠵᠠᠷ ᠣᠷᠣᠨ ᠪᠣᠯᠣᠨ᠎ᠠ᠃ | ᠮᠡᠳᠡᠭᠦᠯᠦᠯᠲᠡ ᠳᠤ ᠪᠠᠰᠠ ᠣᠯᠵᠤ ᠮᠡᠳᠡᠭᠰᠡᠨ ᠨᠢ᠂ ᠥᠩᠭᠡᠷᠡᠭᠰᠡᠨ 20 ᠵᠢᠯ ᠳᠤ ᠬᠥᠮᠦᠨ ᠲᠥᠷᠥᠯᠬᠢᠲᠡᠨ ᠤ | ᠨᠠᠰᠤᠨᠬᠤᠲᠤᠭ ᠤᠷᠲᠤ ᠪᠣᠯᠵᠠᠢ᠃ 2019 ᠣᠨ ᠤ ᠬᠥᠮᠦᠨ ᠲᠥᠷᠥᠯᠬᠢᠲᠡᠨ ᠤ ᠵᠢᠱᠢᠭᠰᠡᠨ ᠨᠠᠰᠤᠨ ᠬᠤᠲᠤᠭ | 2000 ᠣᠨ ᠤ ᠬᠢ ᠲᠠᠢ ᠬᠠᠷᠢᠴᠠᠭᠤᠯᠪᠠᠯ 6 ᠨᠠᠰᠤ ᠭᠠᠷᠤᠢ ᠤᠷᠲᠤᠳᠴᠤ᠂ ᠪᠦᠬᠦ ᠪᠥᠮᠪᠥᠷᠴᠡᠭ ᠤᠨ ᠳᠤᠮᠳᠠᠴᠢ | ᠨᠠᠰᠤᠨ ᠬᠤᠲᠤᠭ 2000 ᠣᠨ ᠳᠤ 67 ᠨᠠᠰᠤ ᠪᠠᠶᠢᠭᠰᠠᠨ ᠠᠴᠠ 2019 ᠣᠨ ᠪᠣᠯᠬᠤ ᠳᠤ 73 ᠨᠠᠰᠤᠨ ᠠᠴᠠ | ᠳᠡᠭᠡᠭᠰᠢ ᠪᠤᠯᠵᠤ ᠳᠡᠭᠡᠭᠰᠢᠯᠡᠵᠡᠢ᠃ | ᠡᠭᠦᠨ ᠠᠴᠠ ᠭᠠᠳᠠᠨ᠎ᠠ᠂ ᠵᠡᠮᠳᠡᠭᠴᠦᠳ ᠤᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠨ᠎ᠠ᠃ 2000 ᠣᠨ ᠤ ᠬᠢ ᠲᠠᠢ | ᠬᠠᠷᠢᠴᠠᠭᠤᠯᠪᠠᠯ᠂ 2019 ᠣᠨ ᠳᠤ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ᠂ ᠰᠠ ᠡᠪᠡᠳᠴᠢᠨ᠂ | ᠠᠭᠤᠰᠬᠢᠨᠥᠮᠡᠨ ᠪᠠ ᠤᠵᠢᠭ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠵᠡᠷᠭᠡ ᠠᠴᠠ ᠪᠣᠯᠵᠣ | ᠡᠷᠡᠭᠦᠯ ᠴᠢᠭᠢᠷᠠᠭ ᠠᠮᠢ ᠠᠮᠢᠳᠤᠷᠠᠯ ᠢᠶᠠᠨ ᠠᠯᠳᠠᠭᠰᠠᠨ ᠬᠥᠮᠦᠨ ᠤ ᠲᠤᠭ᠎ᠠ 1 ᠳ᠋ᠦᠩᠰᠢᠭᠤᠷ ᠰᠢᠬᠠᠮ ᠪᠣᠯᠵᠠᠢ᠃ | ᠮᠡᠳᠡᠭᠦᠯᠦᠯᠲᠡ ᠳᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ | ᠰᠢᠵᠢᠩ ᠡᠪᠡᠳᠴᠢᠨ ᠪᠠ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ | ᠵᠠᠰᠠᠬᠤ ᠶᠢ ᠡᠷᠬᠡᠪᠰᠢ ᠪᠥᠬᠦ ᠳᠡᠯᠡᠬᠡᠶ ᠶᠢᠨ ᠬᠡᠪᠴᠢᠶᠡᠨ ᠳᠤ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ | ᠭᠠᠷᠭᠠᠪᠠ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ | ᠲᠠᠨᠳᠧᠰᠠᠢ ᠬᠡᠯᠡᠭᠰᠡᠨ ᠨᠢ᠂ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠣᠨᠣᠰᠢᠯᠠᠬᠤ ᠪᠠ ᠡᠮᠨᠡᠨ ᠵᠠᠰᠠᠬᠤ ᠶᠢ ᠦᠳᠲᠡᠷ ᠲᠦᠷᠭᠡᠨᠴᠢᠩᠭᠠᠳᠬᠠᠬᠤ ᠴᠢᠬᠤᠯᠠᠲᠠᠶ᠂ ᠠᠩᠬ᠎ᠠ ᠵᠡᠷᠭᠡ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠡᠷᠬᠡ ᠲᠡᠭᠰᠢ ᠪᠠᠷ ᠶᠡᠭᠡ ᠪᠠᠷ | ᠰᠠᠶᠢᠵᠢᠷᠠᠭᠤᠯᠬᠤ ᠬᠡᠷᠡᠭᠲᠡᠶ︾ ᠭᠡᠯᠡ᠃ ᠲᠡᠷᠡ᠄ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠢ ᠡᠰᠡᠷᠭᠦᠴᠡᠬᠦ ᠠᠴᠠ | ᠪᠥᠬᠦ ᠳᠡᠯᠡᠬᠡᠶ ᠶᠢᠨ ᠶᠡᠭᠡ ᠲᠠᠬᠤᠯ ᠡᠪᠡᠳᠴᠢᠨ ᠢ ᠬᠠᠮᠢᠶᠠᠷᠬᠤ ᠬᠦᠷᠲᠡᠯ᠎ᠡ᠂ ᠬᠦᠴᠦᠨ ᠲᠤᠷᠪᠢᠯᠢᠭ ᠠᠩᠬᠠᠨ ᠤ | ᠱᠠᠲᠤᠨ ᠤ ᠡᠷᠡᠭᠦᠯ ᠬᠠᠮᠠᠭᠠᠯᠠᠯ ᠡᠷᠡᠭᠦᠯᠵᠢᠯ ᠨᠢ ᠠᠯᠢᠪᠠ ᠪᠦᠬᠦᠨ ᠤ ᠰᠠᠭᠤᠷᠢ ᠪᠣᠯᠬᠤ ᠨᠢ ᠢᠯᠡᠷᠬᠡᠶ︾ ᠭᠡᠵᠡᠢ᠃ | | ᠨᠠᠶᠢᠷᠠᠭᠤᠯᠤᠭᠴᠢ᠄ ᠡᠷᠳᠡᠨᠢᠴᠤᠭᠲᠦ | |