ᠠᠮᠠᠪᠴᠢ ᠶᠢ ᠬᠡᠷᠬᠢᠨ ᠵᠤᠬᠢᠰᠳᠠᠢ ᠬᠡᠷᠡᠭᠯᠡᠬᠦ ᠪᠤᠢ︖ | ᠠᠰᠠᠭᠤᠯᠳᠠ᠄ ᠠᠮᠠᠪᠴᠢ ᠵᠡᠭᠦᠬᠦ ᠪᠤᠯ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠢ ᠬᠤᠷᠢᠠᠠᠯᠠᠬᠤ | ᠦᠨᠳᠦᠰᠦᠨ ᠠᠷᠭ᠎ᠠ ᠪᠤᠯᠤᠨ᠎ᠠ᠂ ᠲᠡᠭᠡᠪᠡᠯ ᠪᠢᠳᠡ ᠭᠠᠷ ᠲᠠᠭᠠᠨ ᠪᠠᠶᠢᠭ᠎ᠠ ᠲᠤᠭ᠎ᠠ ᠲᠠᠢ ᠬᠡᠳᠦᠨ ᠠᠮᠠᠪᠴᠢ ᠪᠠᠨ ᠬᠡᠷᠬᠢᠨ | ᠰᠠᠶᠢᠳᠤᠷ ᠬᠡᠷᠡᠭᠯᠡᠵᠦ᠂ ᠬᠡᠷᠡᠭᠯᠡᠬᠦ ᠴᠠᠭ ᠢ ᠨᠢ ᠤᠷᠳᠤᠳᠬᠠᠨ᠂ ᠲᠠᠷᠠᠴᠢᠯᠠᠨ ᠠᠮᠤᠷ ᠲᠦᠪᠰᠢᠨ ᠪᠦᠭᠡᠳ | ᠪᠦᠳᠦᠮᠵᠢᠳᠡᠢ ᠪᠠᠷ ᠦᠪᠡᠷ ᠤᠨᠡᠷᠡᠭᠦᠯ ᠮᠡᠨᠳᠦ ᠪᠠᠨ ᠬᠠᠮᠠᠭᠠᠯᠠᠬᠤ ᠪᠢᠯᠡ︖ | ᠬᠠᠷᠢᠭᠤᠯᠳᠠ᠄ ᠠᠮᠠᠪᠴᠢ ᠵᠡᠭᠦᠬᠦ ᠡᠰᠡᠬᠦ᠂ ᠶᠠᠮᠠᠷ ᠠᠮᠠᠪᠴᠢ ᠵᠡᠭᠦᠪᠡᠯ ᠵᠤᠬᠢᠬᠤ ᠲᠤᠬᠠᠢ ᠦᠪᠡᠷ ᠤᠨ ᠪᠠᠶᠢᠭ᠎ᠠ ᠤᠷᠴᠢᠨ | ᠲᠤᠭᠤᠷᠢᠨ ᠢᠶᠠᠨ ᠦᠨᠳᠦᠰᠦᠯᠡᠵᠦ ᠪᠠᠶᠢᠮᠠᠨᠵᠢᠨ ᠲᠤᠭᠳᠠᠭᠠᠨ᠎ᠠ᠃ 1. ᠬᠡᠷᠪᠡ ᠭᠠᠭᠴᠠᠭᠠᠷ ᠪᠠᠶᠢᠪᠠᠯ᠂ ᠭᠠᠳᠠᠨᠠᠬᠢ | ᠬᠦᠮᠦᠨ ᠲᠠᠢ ᠨᠢᠭᠳᠠ ᠬᠠᠷᠢᠯᠴᠠᠭᠰᠠᠨ ᠦᠭᠡᠢ ᠪᠤᠯ ᠠᠮᠠᠪᠴᠢ ᠵᠡᠭᠦᠬᠦᠦᠭᠡᠢ ᠳᠤ ᠪᠤᠯᠤᠨ᠎ᠠ︔ ᠨᠢᠭᠡ ᠭᠡᠷ ᠤᠨ ᠬᠦᠮᠦᠨ | ᠡᠷᠡᠭᠦᠯ ᠮᠡᠨᠳᠦ ᠭᠡᠷ ᠲᠡᠭᠡᠨ ᠪᠠᠶᠢᠬᠤ ᠪᠤᠶᠤ ᠬᠤᠪᠢ ᠶᠢᠨ ᠮᠠᠰᠢᠨ ᠲᠡᠷᠭᠡᠨ ᠳᠤ ᠰᠠᠭᠤᠳᠠᠭ ᠲᠤ ᠬᠦᠷᠪᠠᠯ ᠠᠮᠠᠪᠴᠢ | ᠵᠡᠭᠦᠬᠦ ᠦᠭᠡᠢ ᠳᠤ ᠪᠤᠯᠤᠨ᠎ᠠ᠃ 2. ᠬᠡᠷᠪᠡ ᠬᠦᠮᠦᠨ ᠤᠯᠠᠨ ᠲᠠᠢ ᠤᠯᠠᠨ ᠨᠡᠶᠢᠳᠡ ᠶᠢᠨ ᠲᠠᠯᠠᠪᠤᠷ ᠢᠶᠠᠷ ᠭᠠᠷᠴᠤ | ᠤᠷᠤᠬᠤ᠂ ᠵᠢᠱᠢᠶᠡᠯᠡᠪᠡᠯ ᠨᠡᠶᠢᠳᠡ ᠵᠢᠨᠵᠠᠮ ᠬᠠᠷᠢᠯᠴᠠᠭᠠᠨ ᠤ ᠮᠠᠰᠢᠨ ᠲᠡᠷᠭᠡᠨ ᠳᠤ ᠰᠠᠭᠤᠬᠤ᠂ ᠬᠡᠳᠦ ᠲᠡᠯᠭᠡᠭᠦᠷ ᠲᠤ | ᠬᠦᠷᠴᠤ ᠪᠠᠷᠠᠭ᠎ᠠ ᠬᠤᠳᠠᠯᠳᠤᠨ ᠠᠪᠬᠤ᠂ ᠴᠠᠬᠢᠯᠭᠠᠨ ᠱᠠᠳᠤᠨ ᠳᠤ ᠭᠠᠷᠬᠤ᠂ ᠪᠢᠳᠡᠭᠦᠮᠵᠢᠯᠡᠨ ᠠᠵᠢᠯᠯᠠᠬᠤ ᠵᠡᠷᠭᠡ | ᠪᠠᠶᠢᠳᠠᠯ ᠳᠤ ᠡᠩ ᠤᠨ ᠡᠮᠨᠡᠯᠭᠡ ᠶᠢᠨ ᠠᠮᠠᠪᠴᠢ ᠵᠡᠭᠦᠵᠦ ᠪᠤᠯᠤᠨ᠎ᠠ᠃ ᠭᠡᠷ ᠲᠡᠭᠡᠨ ᠬᠠᠷᠢᠭᠰᠠᠨ ᠤ ᠲᠠᠷᠠᠭ᠎ᠠ᠂ | ᠠᠮᠠᠪᠴᠢ ᠪᠠᠨ ᠴᠡᠪᠡᠷ᠂ ᠬᠠᠭᠤᠷᠠᠢ᠂ ᠰᠠᠯᠬᠢ ᠨᠡᠪᠳᠡᠷᠡᠬᠦ ᠤᠷᠴᠢᠨ ᠳᠤ ᠬᠠᠳᠠᠭᠠᠪᠠᠯ ᠲᠠᠬᠢᠨᠳᠠᠬᠡᠷᠡᠭᠯᠡᠵᠦ ᠪᠤᠯᠤᠨ᠎ᠠ᠃ | 3. ᠬᠦᠮᠦᠨ ᠤᠯᠠᠨ ᠴᠤᠭᠯᠠᠷᠠᠳᠠᠭ ᠭᠠᠵᠠᠷ ᠤᠨ ᠠᠵᠢᠯᠳᠠᠨ᠂ ᠬᠢᠵᠢᠭ ᠤᠨ ᠪᠠᠶᠢᠳᠠᠯ ᠲᠠᠢ ᠬᠤᠯᠪᠤᠭᠳᠠᠬᠤ ᠵᠠᠰᠠᠭ | ᠵᠠᠬᠢᠷᠭᠠᠨ ᠤ ᠬᠠᠮᠢᠶᠠᠷᠤᠭᠴᠢ᠂ ᠵᠢᠱᠢᠶᠡᠯᠡᠪᠡᠯ᠂ ᠴᠠᠭᠳᠠᠭ᠎ᠠ᠂ ᠠᠮᠤᠷ ᠢ ᠬᠠᠮᠠᠭᠠᠯᠠᠭᠴᠢ᠂ ᠲᠦᠷᠭᠡᠨ ᠬᠦᠷᠭᠡᠭᠴᠢ ᠵᠢᠴᠢ | ᠡᠩ ᠤᠨᠡᠭᠦᠳᠡᠨ ᠡᠮᠨᠡᠯᠭᠡ᠂ ᠡᠪᠡᠳᠴᠢᠳᠡᠨ ᠤ ᠦᠷᠦᠭᠡ ᠶᠢᠨ ᠡᠮᠴᠢ ᠰᠤᠪᠢᠯᠠᠭᠴᠢ᠂ ᠭᠡᠷ ᠲᠡᠭᠡᠨ ᠲᠤᠰᠠᠭᠠᠷᠯᠠᠭᠴᠢ | ᠵᠢᠴᠢ ᠲᠡᠭᠦᠨ ᠤ ᠭᠡᠷ ᠤᠨ ᠬᠦᠮᠦᠰ ᠡᠮᠨᠡᠯᠭᠡ ᠶᠢᠨ ᠭᠠᠳᠠᠷ ᠡᠮᠨᠡᠯᠭᠡ ᠶᠢᠨ ᠠᠮᠠᠪᠴᠢ ᠵᠡᠭᠦᠪᠡᠯ ᠵᠤᠬᠢᠨ᠎ᠠ᠃ ᠡᠨᠡ ᠦᠶᠡᠰ | ᠪᠤᠳᠠᠳᠠᠢ ᠪᠠᠶᠢᠳᠠᠯ ᠢᠶᠠᠨ ᠦᠨᠳᠦᠰᠦᠯᠡᠨ᠂ ᠠᠮᠠᠪᠴᠢ ᠶᠢᠨ ᠬᠡᠷᠡᠭᠯᠡᠬᠦ ᠴᠠᠭ ᠤᠨ ᠤᠷᠳᠤ ᠪᠤᠯᠤᠨ ᠰᠤᠯᠢᠬᠤ | ᠲᠠᠪᠳᠠᠮᠵᠢ ᠶᠢ ᠤᠷᠳᠤᠳᠬᠠᠵᠤ ᠪᠤᠯᠤᠨ᠎ᠠ᠂ ᠭᠡᠳᠡᠯ᠎ᠠ ᠠᠮᠠᠪᠴᠢ ᠡᠪᠳᠡᠷᠡᠬᠦ᠂ ᠪᠢᠳᠡᠭᠦᠮᠵᠢᠯᠡᠬᠦ ᠴᠢᠨᠠᠷ ᠨᠢ ᠠᠨᠠᠢ ᠪᠤᠯᠬᠤ | ᠪᠤᠶᠤ ᠠᠮᠢᠰᠬᠤᠯ ᠤᠨ ᠰᠠᠭᠠᠳᠠᠭᠤᠯᠬᠤ ᠬᠦᠴᠦ ᠶᠡᠭᠡᠳᠬᠦ ᠦᠶᠡᠰ ᠡᠷᠭᠡᠪᠰᠢ ᠰᠤᠯᠢᠬᠤ ᠬᠡᠷᠡᠭᠳᠡᠢ᠃ | | ᠨᠠᠶᠢᠷᠠᠭᠤᠯᠤᠭᠴᠢ᠄ ᠡᠷᠳᠡᠨᠢᠴᠤᠭᠲᠦ | |