ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ | ᠵᠢᠷᠭᠤᠳᠤᠭᠠᠷ ᠲᠣᠭᠠᠲᠤ︶ | — — ᠬᠡᠰᠡᠭ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠦᠨᠳᠦᠰᠦᠨ ᠪᠠᠶᠢᠳᠠᠯ | | ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠤᠯᠠᠭᠠᠨᠴᠠᠪ ᠬᠤᠲᠠ ᠶᠢᠨ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶ ᠠᠵᠢᠯ ᠤᠨ | ᠵᠣᠬᠢᠴᠠᠭᠤᠯᠬᠤ ᠠᠯᠪᠠᠨ ᠬᠡᠷ | 2020 ᠣᠨ ᠤ 1 ᠰᠠᠷ᠎ᠠ ᠶᠢᠨ 14 ᠤ ᠡᠳᠦᠷ | | | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠪᠡᠯ᠂ ᠣᠳᠣ ᠬᠡᠰᠡᠭ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠭᠤᠣᠯ ᠲᠤᠭ᠎ᠠ | ᠪᠠᠷᠢᠮᠲᠠ ᠶᠢ ᠳᠣᠣᠷᠠᠬᠢ ᠮᠡᠲᠦ ᠨᠡᠶᠢᠲᠡᠯᠡᠶ᠎ᠡ᠄ | ᠨᠢᠭᠡ᠂ ᠠᠵᠤ ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠶᠯᠡᠰ | 2018 ᠣᠨ ᠤ ᠡᠴᠦᠰ᠂ ᠪᠦᠬᠦ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨᠦᠢᠯᠡᠳᠪᠦᠷᠢᠯᠡᠯ ᠡᠷᠬᠢᠯᠡᠵᠦ ᠪᠠᠶᠢᠭ᠎ᠠ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ 68 ᠪᠠᠶᠢᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠬᠠᠤᠯᠢ ᠡᠷᠬᠡᠲᠡᠨ ᠤ ᠨᠢᠭᠡᠴᠢ ᠶᠢᠨ 32.07% ᠶᠢ | ᠡᠵᠡᠯᠡᠪᠡ᠃ ᠡᠭᠦᠨ ᠳᠤ᠂ ᠰᠢᠨ᠎ᠡ ᠡᠨᠧᠷᠭᠢ ᠶᠢᠨ ᠠᠵᠤ ᠦᠶᠯᠡᠰ 58 ᠪᠠᠶᠢᠵᠤ᠂ ᠠᠵᠤ ᠦᠶᠯᠡᠳᠪᠦᠷᠢ ᠶᠢᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠨᠢᠭᠡᠴᠢ ᠶᠢᠨ 85.29% ᠶᠢ ᠡᠵᠡᠯᠡᠪᠡ᠃ | ᠬᠤᠶᠠᠷ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ᠶᠢᠨ ᠠᠵᠢᠯᠯᠠᠭ᠎ᠠ | 2018 ᠣᠨ ᠳᠤ᠂ R&D ᠠᠵᠢᠯᠯᠠᠭ᠎ᠠ ᠥᠷᠨᠢᠭᠦᠯᠬᠦ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ 6 ᠪᠠᠶᠢᠵᠤ᠂ ᠪᠥᠬᠦ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ 2.83% ᠶᠢ | ᠡᠵᠡᠯᠡᠪᠡ᠃ | 2018 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠨᠢᠭᠡᠴᠢ R&D ᠠᠵᠢᠯᠲᠠᠨ ᠢ ᠪᠥᠬᠦᠯᠢ ᠴᠠᠭ ᠤᠨ ᠲᠡᠩᠴᠡᠯ ᠤᠨ ᠬᠡᠮᠵᠢᠶ᠎ᠡ ᠪᠠᠷ ᠨᠤᠭᠤᠯᠵᠤ | ᠪᠤᠳᠤᠪᠠᠯ 96 ᠬᠥᠮᠦᠨ ᠵᠢᠯ ᠪᠠᠶᠢᠵᠤ᠂ 2013 ᠤᠨ ᠬᠢ ᠠᠴᠠ 22.33% ᠪᠠᠷ ᠨᠡᠮᠡᠭᠳᠡᠪᠡ᠃ | 2018 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠬᠠᠤᠯᠢ ᠵᠢᠨᠡᠷᠬᠡᠲᠡᠨ ᠤ ᠨᠢᠭᠡᠴᠢ ᠶᠢᠨ R&D ᠵᠠᠷᠤᠳᠠᠯ ᠤᠨ ᠵᠠᠷᠤᠯᠭ᠎ᠠ 6642.80 ᠲᠦᠮᠡᠨ ᠲᠥᠭᠦᠷᠢᠭ ᠲᠤ | ᠬᠦᠷᠴᠦ᠂ 2013 ᠤᠨ ᠬᠢ ᠠᠴᠠ 2.25 ᠳᠠᠬᠢᠨ ᠨᠡᠮᠡᠭᠳᠡᠪᠡ︔ R&D ᠵᠠᠷᠤᠳᠠᠯ ᠪᠣᠯᠤᠨ ᠡᠵᠡᠩᠨᠡᠯᠲᠡ ᠶᠢᠨ | ᠣᠷᠣᠯᠭ᠎ᠠ ᠶᠢᠨ ᠬᠠᠷᠢᠴᠠᠯ ᠨᠢ 0.09% ᠪᠣᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠠᠵᠢᠯ ᠲᠥᠷᠥᠯ ᠬᠤᠪᠢᠶᠠᠭᠰᠠᠨ R&D | ᠵᠠᠷᠤᠳᠠᠯ ᠤᠨ ᠵᠠᠷᠤᠯᠭ᠎ᠠ ᠵᠢᠴᠢ R&D ᠵᠠᠷᠤᠳᠠᠯ ᠬᠢᠭᠡᠳ ᠡᠵᠡᠩᠨᠡᠯᠲᠡ ᠶᠢᠨ ᠣᠷᠤᠯᠭ᠎ᠠ ᠶᠢᠨ ᠬᠠᠷᠢᠴᠠᠯ ᠤᠨ ᠨᠠᠷᠢᠨ | ᠬᠦᠰᠦᠨᠦᠭᠲᠦ ᠶᠢ 6 — 1 ᠳᠤ ᠦᠵᠡ᠃ | 2018 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠨᠢᠭᠡᠴᠢ ᠶᠢᠨ ᠪᠦᠬᠦ ᠵᠢᠯ ᠤᠨ ᠲᠤᠰᠬᠠᠢ ᠠᠰᠢᠭ ᠭᠤᠶᠤᠴᠢᠯᠠᠭᠰᠠᠨ ᠬᠡᠮᠵᠢᠶ᠎ᠡ 62 ᠬᠤᠪᠢ᠂ | ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠭᠤᠶᠤᠴᠢᠯᠠᠭᠰᠠᠨ ᠬᠡᠮᠵᠢᠶ᠎ᠡ 13 ᠬᠤᠪᠢ᠂ ᠲᠣᠰ ᠲᠣᠰ 2013 | ᠣᠨ ᠤ ᠬᠢ ᠠᠴᠠ 3.13 ᠳᠠᠬᠢᠨ ᠪᠠ 62.48% ᠪᠠᠷ ᠨᠡᠮᠡᠭᠳᠡᠪᠡ︔ ᠡᠭᠦᠳᠦᠯᠲᠡ ᠶᠢᠨ ᠲᠤᠰᠬᠠᠶ ᠠᠰᠢᠭ ᠤᠨ | ᠭᠤᠶᠤᠴᠢᠯᠠᠯ ᠤᠨ ᠡᠵᠡᠯᠡᠬᠦ ᠬᠤᠪᠢ ᠶᠢᠨ ᠵᠢᠩ ᠨᠢ 20.97% ᠪᠣᠯᠤᠨ᠎ᠠ᠃ | ᠬᠦᠰᠦᠨᠦᠭᠲᠦ 6-1 ᠠᠵᠢᠯ ᠲᠥᠷᠥᠯ ᠤᠨ ᠲᠣᠮᠣ ᠲᠥᠷᠥᠯ ᠢᠶᠠᠷ ᠳᠤᠭᠤᠶᠢᠯᠠᠩ ᠬᠤᠪᠢᠶᠠᠭᠰᠠᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ | R&D ᠵᠠᠷᠤᠳᠠᠯ ᠤᠨ ᠵᠠᠷᠤᠯᠭ᠎ᠠ ᠵᠢᠴᠢ R&D ᠵᠠᠷᠤᠳᠠᠯ ᠪᠠ ᠡᠵᠡᠩᠨᠡᠯᠲᠡ ᠶᠢᠨ ᠣᠷᠣᠯᠭ᠎ᠠ ᠶᠢᠨ ᠬᠠᠷᠢᠴᠠᠯ | | | | ᠭᠤᠷᠪᠠ᠂ ᠰᠣᠶᠣᠯ ᠵᠢᠴᠢ ᠬᠠᠮᠢᠶ᠎ᠠ ᠪᠦᠬᠦᠢ ᠠᠵᠤ ᠦᠶᠯᠡᠰ | 2018 ᠣᠨ ᠤ ᠡᠴᠦᠰ᠂ ᠪᠦᠬᠦ ᠬᠤᠲᠠ ᠳᠤ ᠰᠣᠶᠣᠯ ᠵᠢᠴᠢ ᠬᠠᠮᠢᠶ᠎ᠠ ᠪᠦᠬᠦᠢ ᠠᠵᠤ ᠦᠶᠯᠡᠰ ᠤᠨ | ᠬᠠᠤᠯᠢ ᠶᠢᠨ ᠡᠷᠬᠡᠲᠡᠨ ᠤ ᠨᠢᠭᠡᠴᠢ 1234᠂ ᠠᠵᠢᠯ ᠡᠷᠬᠢᠯᠡᠭᠰᠡᠳ 6485 ᠬᠥᠮᠦᠨ᠂ ᠡᠳ᠋ ᠬᠦᠷᠦᠩᠭᠡ ᠨᠡᠶᠢᠲᠡ | 37.47 ᠳ᠋ᠦᠩᠰᠢᠭᠤᠷ ᠲᠥᠭᠦᠷᠢᠭ ᠲᠤ ᠬᠦᠷᠴᠡᠶ᠃ | 2018 ᠣᠨ ᠤ ᠡᠴᠦᠰ᠂ ᠪᠦᠬᠦ ᠬᠤᠲᠠ ᠶᠢᠨ ᠡᠵᠡᠩᠨᠡᠯᠲᠡ ᠶᠢᠨ ᠴᠢᠨᠠᠷᠲᠠᠶ ᠰᠣᠶᠣᠯ ᠤᠨ ᠠᠵᠤ | ᠦᠶᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ 1025 ᠠᠵᠢᠯᠲᠠᠨ 4202 ᠬᠥᠮᠦᠨ ᠪᠠᠶᠢᠵᠤ᠂ ᠡᠳ᠋ | ᠬᠥᠷᠥᠩᠭᠡ ᠨᠢ ᠨᠡᠶᠢᠲᠡ 33.71 ᠳ᠋ᠦᠩᠰᠢᠭᠤᠷ ᠲᠥᠭᠦᠷᠢᠭ ᠲᠤ ᠬᠦᠷᠴᠡᠶ᠃ ᠪᠦᠬᠦ ᠵᠢᠯ ᠳᠤ ᠡᠵᠡᠩᠨᠡᠯᠲᠡ ᠶᠢᠨ | ᠣᠷᠣᠯᠭ᠎ᠠ ᠶᠢ 5.30 ᠳ᠋ᠦᠩᠰᠢᠭᠤᠷ ᠲᠥᠭᠦᠷᠢᠭ ᠪᠡᠶᠡᠯᠡᠭᠦᠯᠪᠡ᠃ | 2018 ᠣᠨ ᠤ ᠡᠴᠦᠰ᠂ ᠪᠦᠬᠦ ᠬᠤᠲᠠ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠦᠶᠯᠡᠰ ︵ᠨᠡᠶᠢᠭᠡᠮ ᠤᠨ ᠪᠦᠯᠬᠦᠮ ᠪᠠᠭᠲᠠᠨ᠎ᠠ︶ ᠤᠨ ᠬᠠᠤᠯᠢ ᠶᠢᠨ ᠡᠷᠬᠡᠲᠡᠨ ᠤ ᠨᠢᠭᠡᠴᠢ 209 ᠪᠠᠶᠢᠵᠤ᠂ ᠠᠵᠢᠯ | ᠡᠷᠬᠢᠯᠡᠭᠰᠡᠳ 2283 ᠬᠥᠮᠦᠨ ᠪᠠᠶᠢᠵᠤ᠂ ᠡᠳ᠋ ᠬᠦᠷᠦᠩᠭᠡ ᠨᠡᠶᠢᠲᠡ 3.76 ᠳ᠋ᠦᠩᠰᠢᠭᠤᠷ ᠲᠥᠭᠦᠷᠢᠭ ᠲᠤ ᠬᠦᠷᠴᠦ᠂ | ᠪᠦᠬᠦ ᠵᠢᠯ ᠤᠨ ᠵᠠᠷᠤᠯᠭ᠎ᠠ ︵ᠵᠠᠷᠤᠳᠠᠯ︶ 3.33 ᠳ᠋ᠦᠩᠰᠢᠭᠤᠷ ᠲᠥᠭᠦᠷᠢᠭ ᠲᠤ ᠬᠦᠷᠴᠡᠶ᠃ | ᠲᠠᠶᠢᠯᠪᠤᠷᠢ᠄ | R&D ᠠᠵᠢᠯᠲᠠᠨ ᠢ ᠪᠥᠬᠦᠯᠢ ᠴᠠᠭ ᠤᠨ ᠲᠡᠩᠴᠡᠯ ᠤᠨ ᠬᠡᠮᠵᠢᠶ᠎ᠡ ᠪᠠᠷ ᠨᠤᠭᠤᠯᠤᠨ ᠪᠣᠳᠣᠬᠤ᠄ ᠪᠥᠬᠦᠯᠢ | ᠴᠠᠭ ᠤᠨᠠᠵᠢᠯᠲᠠᠨ ᠤ ᠲᠤᠭ᠎ᠠ ᠪᠠ ᠪᠦᠬᠦᠯᠢ ᠴᠠᠭ ᠤᠨ ᠪᠤᠰᠤ ᠠᠵᠢᠯᠲᠠᠨ ᠤ ᠠᠵᠢᠯᠯᠠᠭᠰᠠᠨ ᠬᠡᠮᠵᠢᠶ᠎ᠡ ᠶᠢ ᠨᠡᠮᠡᠵᠦ | ᠨᠤᠭᠤᠯᠤᠨ ᠪᠣᠳᠤᠭᠰᠠᠨ ᠪᠥᠬᠦᠯᠢ ᠴᠠᠭ ᠤᠨ ᠠᠵᠢᠯᠲᠠᠨ ᠤ ᠲᠣᠭᠠᠨ ᠤ ᠨᠡᠶᠢᠯᠡᠪᠦᠷᠢ ᠶᠢ ᠵᠢᠭᠠᠵᠤ ᠪᠠᠶᠢᠨ᠎ᠠ᠃ | ᠨᠢᠭᠡᠴᠢ ᠨᠢ᠄ ᠬᠥᠮᠦᠨ ᠵᠢᠯ᠃ | ᠣᠷᠴᠢᠭᠤᠯᠤᠭᠴᠢ᠄ ᠯᠢᠩ ᠯᠠᠨ | ᠬᠢᠨᠠᠭᠴᠢ᠄ ᠬᠡᠷᠡᠯᠲᠦ | |