ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ
ᠨᠡᠶᠢᠲᠡᠯᠡᠭᠰᠡᠨ ᠴᠠᠭ᠄
2020/12/3
     ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠤᠨ ᠴᠢᠤᠸᠠᠨ ᠱᠠᠨ ᠬᠤᠶᠢᠲᠤ ᠵᠡᠭᠡᠯᠢ ᠶᠢᠨ ᠠᠮᠢ ᠠᠬᠤᠶ ᠶᠢᠨ ᠶᠡᠭᠡ ᠵᠠᠮ ᠤᠨ ᠣᠨᠴᠠ ᠨᠢᠭᠡᠳᠦᠭᠡᠷ ᠨᠣᠮᠧᠷ ᠲᠤ ᠪᠠᠶᠢᠷᠢᠯᠠᠵᠤ᠂ ᠡᠵᠡᠯᠡᠬᠦ ᠲᠠᠯᠠᠪᠠᠶ ᠨᠢ 13 ᠲᠦᠮᠡᠨ ᠲᠡᠭᠰᠢ ᠳᠥᠷᠪᠡᠯᠵᠢᠨ ᠮᠧᠲᠷ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢᠶᠠᠷ ᠭᠤᠤᠯ ᠦᠵᠡᠭᠦᠯᠭᠡ ᠶᠢᠨ ᠲᠣᠭᠤᠷᠢᠭ ᠪᠣᠯᠭᠠᠨ᠂ ᠢᠯᠠᠯᠲᠠ ᠠᠭᠤᠳᠠᠮ ᠲᠠᠯᠠᠪᠠᠶ᠂ ᠪᠠᠭᠠᠲᠤᠷᠴᠤᠳ ᠤᠨ ᠠᠭᠤᠳᠠᠮ ᠲᠠᠯᠠᠪᠠᠶ᠂ ᠵᠠᠩᠵᠤᠨ ᠤ ᠬᠦᠷᠢᠶᠡᠯᠡᠩ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ᠂ ᠵᠢᠨᠢᠩ ᠤᠨ ᠳᠠᠶᠢᠯᠠᠯᠳᠤᠭᠠᠨ ᠤ ᠵᠢᠯᠣᠭᠤᠳᠬᠤ ᠭᠠᠵᠠᠷ ᠤᠨ ᠬᠠᠭᠤᠴᠢᠨ ᠪᠠᠭᠤᠷᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠣᠭᠤᠷᠢᠭ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ 20 ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠦᠵᠡᠮᠵᠢ ᠶᠢᠨ ᠭᠠᠵᠠᠷ ᠢ ᠪᠠᠶᠢᠭᠤᠯᠪᠠ᠃      ᠳᠤᠷᠠᠰᠬᠠᠯ ᠤᠨ ᠣᠷᠳᠣᠨ ᠤ ᠦᠵᠡᠭᠦᠯᠭᠡ ᠶᠢᠨ ᠲᠤᠭᠤᠷᠢᠭ ᠢ ᠳᠡᠭᠡᠷ᠎ᠡ ᠳᠣᠣᠷ᠎ᠠ ᠬᠤᠶᠠᠷ ᠳᠠᠪᠬᠤᠷᠭ᠎ᠠ ᠬᠤᠪᠢᠶᠠᠪᠠ᠂ ᠡᠭᠦᠨ ᠳᠤ ᠶᠠᠫᠣᠨ ᠢ ᠡᠰᠡᠷᠭᠦᠴᠡᠬᠦ ᠳᠠᠶᠢᠨ ᠢᠯᠠᠯᠲᠠ ᠤᠯᠤᠭᠰᠠᠨ᠂ ᠵᠢᠨᠢᠩ ᠢ ᠪᠤᠯᠢᠶᠠᠯᠳᠤᠬᠤ ᠳᠠᠶᠢᠯᠠᠯᠳᠤᠭᠠᠨ᠂ ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ᠂ ᠵᠢᠨᠢᠩ ᠢ ᠴᠢᠯᠦᠭᠡᠯᠡᠭᠰᠡᠨ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠳᠤᠷᠠᠰᠤᠨ ᠰᠠᠨᠠᠭᠠᠯᠵᠠᠬᠤ ᠵᠡᠷᠭᠡ 8 ᠪᠦᠯᠦᠭ 19 ᠬᠡᠰᠡᠭ ᠶᠢ ᠪᠠᠭᠲᠠᠭᠠᠵᠤ᠂ ᠡᠯ᠎ᠡ ᠲᠦᠷᠦᠯ ᠤᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ᠂ ᠭᠡᠷᠡᠯ ᠵᠢᠷᠤᠭ᠂ ᠤᠷᠠᠯᠢᠭ ᠤᠨ ᠪᠦᠲᠦᠭᠡᠯ 1200 ᠭᠠᠷᠤᠢ ᠪᠤᠢ᠃ ᠮᠦᠽᠧᠶ ᠳᠤ ᠪᠠᠰᠠ ᠲᠠᠭᠤ ᠭᠡᠷᠡᠯ ᠴᠠᠬᠢᠯᠭᠠᠨ ᠤ ᠬᠠᠭᠠᠰ ᠦᠵᠡᠮᠵᠢ ᠶᠢᠨ ᠵᠢᠷᠤᠭ᠂ ᠵᠡᠷᠭᠡᠯᠭᠡᠨ ᠳᠦᠷᠰᠦ ᠪᠦᠲᠦᠭᠡᠬᠦ᠂ 5D ᠺᠢᠨᠣ᠋ ᠲᠧᠯᠸᠢᠰ ᠤᠨ ᠲᠢᠩᠬᠢᠮ ᠵᠡᠷᠭᠡ ᠣᠯᠠᠨ ᠵᠠᠭᠤᠴᠢᠳᠤ ᠲᠥᠬᠦᠭᠡᠷᠦᠮᠵᠢ ᠪᠣᠶ᠃      ᠳᠤᠷᠠᠰᠬᠠᠯ ᠤᠨ ᠬᠦᠷᠢᠶᠡᠯᠡᠩ ᠨᠢ ᠤᠷᠢᠳ ᠬᠤᠵᠢᠳ ︽ᠪᠥᠬᠦ ᠤᠯᠤᠰ ‍ᠤᠨ‌ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠬᠠᠮᠠᠭᠠᠯᠠᠯᠲᠠ  ᠶᠢᠨ ᠭᠤᠤᠯᠳᠠᠯᠭ᠎ᠠ ᠲᠠᠢ ᠨᠢᠭᠡᠴᠢ︾᠂ ︽ᠪᠥᠬᠦ ᠤᠯᠤᠰ ᠤᠨ ᠬᠤᠪᠢᠰᠬᠠᠯᠲᠤ  ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ︾᠂ ︽ᠤᠯᠤᠰ ᠤᠨ AAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︾᠂ ︽ᠤᠯᠤᠰ ᠤᠨ ᠲᠠᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ︾᠂ ︽ᠥᠪᠡᠷᠲᠡᠭᠡᠨ ᠵᠠᠰᠠᠬᠤ ᠣᠷᠣᠨ ᠤ ᠡᠬᠡ ᠣᠷᠣᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠵᠡᠷᠭᠡ ᠣᠯᠠᠨ ᠵᠦᠶᠯ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃      2017 ᠣᠨ ᠠᠴᠠ ᠡᠬᠢᠯᠡᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠨᠢᠩ ᠤᠨ ᠳᠠᠶᠢᠯᠠᠯᠳᠤᠭᠠᠨ ᠤ ᠬᠤᠪᠢᠰᠬᠠᠯᠲᠦ ᠳᠤᠷᠠᠰᠬᠠᠯ ᠤᠨ ᠬᠦᠷᠢᠶᠡᠯᠡᠩ ᠳᠤ ᠤᠯᠠᠭᠠᠨᠴᠠᠪ ᠤᠨ ᠨᠠᠮ ᠤᠨ ᠲᠡᠤᠬᠡ ᠶᠢᠨ ᠣᠷᠳᠣᠨ ᠪᠠᠶᠢᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 9400 ᠺᠤᠸᠠᠲ ᠮᠧᠲᠷ  ᠬᠦᠷᠪᠡ᠃
                   ᠤᠷᠴᠢᠭᠤᠯᠤᠭᠴᠢ  ᠄ ᠡᠷᠳᠡᠨᠢᠴᠤᠭᠲᠦ                    ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2