︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/12/9
                   ᠤᠯᠠᠭᠠᠠᠴᠠᠪ ᠵᠠᠰᠠᠭ ᠠᠯᠪᠠᠨ ᠥᠰᠥᠭ ︹ 2020 ︺ 42 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ ᠳᠤ᠄       ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠳᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                        2020 ᠣᠨ ᠤ 8 ᠰᠠᠷ᠎ᠠ ᠶᠢᠨ 10 ᠤ ᠡᠳᠦᠷ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠡᠷᠦᠩᠬᠡᠢ ᠠᠵᠢᠯ ᠤᠨ ᠲᠥᠰᠦᠯ       ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠶᠢᠨ ᠬᠠᠤᠯᠢᠵᠢᠭᠤᠯᠬᠤ ᠠᠬᠢᠴᠠ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠪᠦᠲᠦᠮᠵᠢᠲᠡᠢ ᠬᠢᠨᠠᠨ ᠬᠠᠮᠢᠶᠠᠷᠬᠤ ᠶᠢ ᠪᠡᠶᠡᠯᠡᠭᠦᠯᠬᠦ ᠶᠢᠨ ᠲᠥᠯᠦᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠪᠠ ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠤᠨ ᠲᠥᠰᠦᠯ︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ︹2019 ︺ 116 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ︾ ︵ᠥᠪᠥᠷ ᠵᠠᠰᠠᠭ ᠲᠠᠷᠬᠠᠭᠠᠭᠰᠠᠨ ︹2020︺ 3 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃        ᠨᠢᠭᠡ᠂ ᠶᠡᠷᠦᠩᠬᠡᠶ ᠱᠠᠭᠠᠷᠳᠠᠯᠭ᠎ᠠ       ︵ᠨᠢᠭᠡ  ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠰᠲ᠋ᠧᠮ ᠲᠠᠢ ᠪᠦᠷᠢᠨ ᠪᠦᠲᠦᠨ ᠠᠮᠢ ᠠᠬᠤᠢ ᠶᠢᠨ ᠪᠣᠯᠪᠠᠰᠤᠨ ᠤ ᠳᠦᠷᠢᠮ ‍ᠤᠨ‌‍ᠰᠢᠰᠲ᠋ᠧᠮᠵᠢ ᠶᠢ ᠪᠠᠶᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠭᠰᠡᠨ ᠰᠠᠭᠤᠷᠢᠨ ᠳᠡᠭᠡᠷ᠎ᠡ᠂ ᠪᠦᠬᠦ ᠲᠠᠯ᠎ᠠ ᠪᠠᠷ ᠳᠡᠯᠭᠡᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠱᠠᠲᠤ ᠬᠤᠪᠢᠶᠠᠨ ᠠᠬᠢᠭᠤᠯᠵᠤ᠂ ᠬᠠᠷᠢᠶᠠᠯᠠᠯ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠠᠭᠠᠯᠠᠯᠲᠠ ᠴᠢᠩᠭ᠎ᠠ᠂ ᠡᠷᠭᠢᠯᠲᠡ ᠢᠯᠭᠤᠮ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠬᠥᠭᠵᠢᠭᠦᠯᠬᠦ᠂ ᠪᠦᠲᠦᠮᠵᠢᠲᠡᠶ ᠬᠠᠮᠠᠭᠠᠯᠠᠬᠤ ᠪᠠ ᠴᠢᠩᠭ᠎ᠠ ᠬᠢᠨᠠᠨ ᠬᠠᠮᠢᠶᠠᠷᠬᠤ ᠪᠠᠷ ᠲᠤᠯᠭᠠᠭᠤᠷᠢᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠪᠡᠯᠴᠢᠭᠡᠷ ᠡᠯᠡᠰᠦ ᠠᠭᠤᠷᠬᠠᠶ ᠶᠢ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃       ︵ᠬᠤᠶᠠᠷ︶ ᠦᠨᠳᠦᠰᠦᠨ ᠵᠠᠷᠴᠢᠮ      1. ᠡᠬᠢ ᠪᠠᠶᠠᠯᠢᠭ ᠢ ᠬᠠᠮᠲᠤ ᠵᠢᠨ‌ᠥᠮᠴᠢ ᠪᠣᠯᠭᠠᠬᠤ ᠶᠢ ᠪᠠᠷᠢᠮᠲᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠨᠡᠶᠢᠭᠡᠮ ᠵᠢᠷᠤᠮ ᠤᠨ ᠨᠡᠶᠢᠲᠡ ᠶᠢᠨ ᠥᠮᠴᠢᠯᠡᠯ᠂ ᠲᠤᠬᠠᠶᠢᠯᠠᠪᠠᠯ ᠠᠷᠠᠳ ᠨᠡᠶᠢᠲᠠ ᠶᠢᠨ ᠥᠮᠴᠢ ᠪᠠ ᠬᠠᠮᠲᠤ ᠶᠢᠨ ᠥᠮᠴᠢ ᠶᠢ ᠪᠠᠷᠢᠮᠲᠠᠯᠠᠨ᠎ᠠ᠃       2. ᠪᠣᠳᠠᠰ ᠤᠨ ᠡᠷᠬᠡ ᠶᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠪᠣᠳᠠᠰ ᠤᠨ ᠡᠷᠬᠡ ᠶᠢᠨ ᠲᠥᠷᠥᠯ ᠵᠦᠶᠯ ᠪᠠ ᠡᠷᠬᠡ ᠶᠢᠨ ᠠᠭᠤᠯᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠭᠤᠤᠯ ᠴᠣᠭᠴᠠ ᠪᠠ ᠬᠡᠷᠡᠭᠵᠢᠭᠦᠯᠬᠦ ᠲᠥᠯᠦᠭᠡᠯᠡᠭᠴᠢ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠨ᠎ᠠ᠃       3.ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠎ᠠ᠃ ᠰᠢᠨ᠎ᠡ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠯ ᠪᠠ ᠪᠠᠶᠢᠷᠢᠰᠢᠯ ᠤᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠥᠭᠡᠷᠡᠴᠢᠯᠡᠯᠲᠡ ᠯᠦᠭᠡ ᠰᠠᠶᠢᠲᠤᠷ ᠵᠣᠯᠭᠠᠭᠤᠯᠤᠨ᠎ᠠ᠃       4.ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠᠷ ᠰᠠᠭᠤᠷᠢ ᠪᠣᠯᠭᠠᠬᠤ ᠶᠢ ᠪᠠᠷᠢᠮᠲᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠲᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃       5. ᠬᠥᠭᠵᠢᠭᠦᠯᠬᠦ ᠪᠠ ᠬᠠᠮᠠᠭᠠᠯᠠᠬᠤ ᠶᠢ ᠨᠢᠭᠡᠳᠬᠡᠬᠦ ᠶᠢ ᠪᠠᠷᠢᠮᠲᠠᠯᠠᠨ᠎ᠠ᠃ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠳᠤ ᠠᠰᠢᠭᠲᠠᠶ ᠰᠢᠨ᠎ᠡ ᠣᠷᠣᠨ ᠵᠠᠶ ᠶᠢᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠨ᠎ᠠ᠃       6. ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠠᠮᠢ ᠠᠬᠤᠶ ᠶᠢᠨ ᠴᠢᠳᠠᠮᠵᠢ ᠪᠠᠷ ᠴᠢᠬᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠭᠤᠤᠯ ᠮᠥᠷᠡᠨ᠂ ᠨᠤᠲᠤᠭ ᠪᠡᠯᠴᠢᠭᠡᠷ᠂ ᠣᠶ ᠰᠢᠭᠤᠶ᠂ ᠨᠤᠭᠤ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠶᠢ ᠤᠷᠢᠳᠠᠪᠠᠷ ᠥᠷᠨᠢᠭᠦᠯᠦᠨ᠎ᠡ᠃       ︵ᠭᠤᠷᠪᠠ︶ ᠠᠵᠢᠯ ᠤᠨ ᠬᠠᠷᠠᠯᠲᠠ᠃ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠᠷ ᠰᠠᠭᠤᠷᠢ ᠪᠣᠯᠭᠠᠵᠤ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠡᠩ ᠲᠡᠷᠢᠭᠦᠨ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠡᠯ᠎ᠡ ᠲᠥᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠭᠤᠤᠯ ᠮᠥᠷᠡᠨ ᠨᠠᠭᠤᠷ ᠴᠥᠭᠦᠷᠥᠮ᠂ ᠠᠮᠢ ᠠᠬᠤᠶ ᠶᠢᠨ ᠴᠢᠳᠠᠮᠵᠢ ᠪᠠᠷ ᠴᠢᠬᠤᠯᠠ ᠨᠤᠲᠤᠭ ᠪᠡᠯᠴᠢᠭᠡᠷ᠂ ᠣᠶ ᠰᠢᠭᠤᠶ ᠪᠠ ᠨᠤᠭᠤ ᠭᠠᠵᠠᠷ᠂ ᠠᠮᠢ ᠠᠬᠤᠶ ᠶᠢᠨ ᠣᠷᠴᠢᠨ ᠲᠣᠭᠤᠷᠢᠨ ᠰᠡᠷᠭᠡᠭ ᠠᠲᠠᠷ ᠭᠠᠵᠠᠷ ︵ᠡᠯᠡᠰᠦᠨ ᠴᠥᠯ︶ ᠵᠡᠷᠭᠡ ᠪᠦᠷᠢᠨ ᠪᠦᠲᠦᠨ ᠠᠮᠢ ᠠᠬᠤᠶ ᠶᠢᠨ ᠴᠢᠳᠠᠮᠵᠢ ᠲᠠᠢ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠪᠠ ᠠᠷᠠᠳ ᠨᠡᠶᠢᠲᠡ ᠶᠢᠨ ᠥᠮᠴᠢᠯᠡᠯ ᠤᠨ ᠭᠠᠭᠴᠠ ᠵᠦᠶᠯ ᠤᠨ ᠪᠠᠶᠢᠭᠠᠯᠢ ᠶᠢᠨ ᠡᠬᠢ ᠪᠠᠶᠠᠯᠢᠭ ᠲᠤ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠨ ᠥᠭᠴᠦ᠂ ᠤᠰᠤᠨ ᠤᠷᠤᠰᠬᠠᠯ᠂ ᠣᠶ ᠰᠢᠭᠤᠶ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ︵ᠡᠯᠡᠰᠦᠨ ᠴᠥᠯ︶᠂ ᠭᠤᠤᠯ ᠤᠨ ᠰᠠᠶᠢᠷᠭᠠᠯ ᠵᠢᠴᠢ ᠬᠠᠳᠠᠭᠠᠯᠠᠭᠳᠠᠴᠠ ᠶᠢ ᠬᠠᠶᠢᠨ ᠳᠣᠲᠣᠯᠠᠭᠰᠠᠨ ᠠᠭᠤᠷᠬᠠᠶ ᠶᠢᠨ ᠡᠬᠢ ᠪᠠᠶᠠᠯᠢᠭ ᠵᠡᠷᠭᠡ ᠤᠯᠠᠭᠠᠨᠴᠠᠪ ᠬᠤᠲᠠ ᠶᠢᠨ ᠤᠯᠤᠰ ᠤᠨ ᠪᠥᠬᠦ ᠨᠤᠲᠤᠭ ᠳᠡᠪᠢᠰᠬᠡᠷ ᠤᠨ ᠣᠷᠣᠨ ᠵᠠᠶ ᠶᠢᠨ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠤᠨ ᠳᠡᠩᠰᠡᠯᠡᠯᠲᠡ ᠶᠢ ᠪᠦᠷᠢᠨ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠦᠬᠦ ᠬᠤᠲᠠ ᠶᠢᠨ ᠤᠯᠤᠰ ᠤᠨ ᠪᠦᠬᠦ ᠭᠠᠵᠠᠷ ᠰᠢᠷᠣᠶ ᠡᠬᠢ ᠪᠠᠶᠠᠯᠢᠭ ᠤᠨ ᠣᠷᠣᠨ ᠵᠠᠶ ᠶᠢᠨ ᠳᠣᠲᠣᠷᠠᠬᠢ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠲᠤ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠭᠤᠣᠯ ᠴᠣᠭᠴᠠ ᠶᠢ ᠲᠣᠳᠣᠷᠬᠠᠢ ᠵᠠᠭᠠᠭᠯᠠᠨ ᠲᠣᠭᠲᠠᠭᠠᠵᠤ᠂ ᠪᠦᠬᠦ ᠠᠷᠠᠳ ᠨᠡᠶᠢᠲᠡ ᠶᠢᠨ ᠥᠮᠴᠢ ᠪᠠ ᠬᠠᠮᠲᠤ ᠶᠢᠨ ᠥᠮᠴᠢ ᠶᠢᠨ ᠬᠤᠭᠤᠷᠣᠨᠳᠣᠬᠢ ᠵᠠᠭᠠᠭ ᠢ ᠠᠯᠬᠤᠮ ᠠᠯᠬᠤᠮ ᠢᠶᠠᠷ ᠲᠣᠳᠣᠷᠬᠠᠶ ᠢᠯᠭᠠᠵᠤ᠂ ᠠᠷᠠᠳ ᠨᠡᠶᠢᠲᠡ ᠶᠢᠨ ᠥᠮᠴᠢ᠂ ᠠᠳᠠᠯᠢ ᠪᠤᠰᠤ ᠳᠠᠪᠬᠤᠷᠭ᠎ᠠ ᠱᠠᠲᠤᠨ ᠤ ᠵᠠᠰᠠᠭ ᠤᠨ ᠣᠷᠳᠤᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠵᠠᠭᠠᠭ ᠢ ᠲᠣᠳᠣᠷᠬᠠᠶ ᠢᠯᠭᠠᠵᠤ᠂ ᠠᠳᠠᠯᠢ ᠪᠤᠰᠤ ᠬᠠᠮᠲᠤ ᠶᠢᠨ ᠥᠮᠴᠢᠯᠡᠭᠴᠢ ᠶᠢᠨ ᠵᠠᠭᠠᠭ ᠢ ᠲᠣᠳᠣᠷᠬᠠᠶ ᠢᠯᠭᠠᠵᠤ᠂ ᠠᠳᠠᠯᠢ ᠪᠤᠰᠤ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠤᠨ ᠵᠠᠭᠠᠭ ᠢ ᠲᠣᠳᠣᠷᠬᠠᠶ ᠢᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ᠂ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠶᠢᠨ ᠰᠢᠰᠲ᠋ᠧᠮ ᠢ ᠵᠠᠰᠠᠨ ᠰᠡᠷᠭᠦᠭᠡᠬᠦ ᠪᠠ ᠵᠦᠶ ᠵᠣᠬᠢᠰᠲᠠᠶ ᠨᠥᠬᠦᠪᠥᠷᠢ ᠥᠭᠬᠦ ᠶᠢ ᠠᠬᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠡᠷᠴᠢᠮᠵᠢᠭᠦᠯᠦᠨ ᠨᠡᠭᠡᠭᠡᠨ ᠠᠰᠢᠭᠯᠠᠬᠤ ᠶᠢ ᠠᠬᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠲᠦᠷᠢᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠪᠠ ᠥᠮᠴᠢᠯᠡᠬᠦ ᠡᠷᠬᠡ ᠶᠢᠨ ᠪᠠᠲᠤᠯᠠᠭ᠎ᠠ ᠬᠠᠩᠭᠠᠨ᠎ᠠ᠃       ᠬᠤᠶᠠᠷ᠂ ᠪᠦᠬᠦ ᠬᠤᠲᠠ ᠶᠢᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠦᠨᠳᠦᠰᠦᠨ ᠪᠠᠶᠢᠳᠠᠯ       ᠤᠯᠠᠭᠠᠠᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ‌‍ᠲ᠋ᠠᠩᠰᠠᠯᠠᠬᠤ ᠪᠠᠷ ᠬᠤᠯᠪᠤᠭᠳᠠᠬᠤ ᠪᠠᠶᠢᠭᠠᠯᠢ ᠶᠢᠨ ᠡᠬᠢ ᠪᠠᠶᠠᠯᠢᠭ ᠲᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠤᠰᠤᠨ ᠤᠷᠤᠰᠬᠠᠯ᠂ ᠨᠤᠲᠤᠭ ᠪᠡᠯᠴᠢᠭᠡᠷ᠂ ᠣᠢ ᠰᠢᠭᠤᠶ᠂ ᠨᠤᠭᠤ ᠭᠠᠵᠠᠷ᠂ ᠬᠠᠳᠠᠭᠠᠯᠠᠭᠳᠠᠴᠠ‌ᠬᠠᠶᠢᠨ‌‍ᠲ᠋ᠣᠳᠣᠯᠠᠭᠰᠠᠨ ᠠᠭᠤᠷᠬᠠᠶ ᠶᠢᠨ ᠡᠬᠢ ᠪᠠᠶᠠᠯᠢᠭ᠂ ᠠᠲᠠᠷ ᠭᠠᠵᠠᠷ ︵ᠡᠯᠡᠰᠦᠨ ᠴᠥᠯ︶ ᠵᠡᠷᠭᠡ ᠳᠣᠯᠣᠭᠠᠨ ᠲᠥᠷᠥᠯ ᠲᠠᠢ  ᠪᠠᠶᠢᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠵᠦᠶᠯ ᠵᠢᠴᠢ ᠲᠠᠷᠬᠠᠯᠲᠠ ᠶᠢᠨ ᠪᠠᠶᠢᠳᠠᠯ ᠳᠣᠤᠷᠠᠬᠢ ᠮᠡᠲᠦ᠄       ︵ᠨᠢᠭᠡ︶ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠬᠢ ᠪᠠᠶᠠᠯᠢᠭ᠃ 2019 ᠤᠨ 9 ᠰᠠᠷ᠎ᠠ ᠪᠣᠯᠲᠠᠯ᠎ᠠ᠂ ᠪᠥᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 17 ᠪᠠᠶᠢᠭᠤᠯᠵᠤ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 5᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠴᠡᠴᠡᠷᠯᠢᠭ12 ᠪᠠᠶᠢᠨ᠎ᠠ᠃       1. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠃ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 5 ᠪᠠᠶᠢᠭᠤᠯᠵᠤ᠂ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠵᠤ᠂ ᠲᠠᠯᠠᠪᠠᠶ ᠨᠢ ᠪᠠᠷᠤᠭ 769.506 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ᠂ ᠯᠢᠶᠠᠩᠴᠧᠩ ᠰᠢᠶᠠᠨ᠂ ᠳᠥᠷᠪᠡᠳ ᠬᠤᠰᠢᠭᠤᠨ ᠳᠤ ᠲᠠᠷᠬᠠᠵᠤ ᠪᠠᠶᠢᠨ᠎ᠠ᠃        ᠪᠦᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠳᠠᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ
     
      2. ᠪᠠᠶᠢᠭᠠᠯᠢ ᠶᠢᠨ ᠴᠡᠴᠡᠷᠯᠢᠭ᠃ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠪᠥᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠴᠡᠴᠡᠷᠯᠢᠭ ᠲᠤ ᠣᠶ ᠰᠢᠭᠤᠶ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠠᠮᠢ ᠠᠬᠤᠶ ᠶᠢᠨ ᠴᠡᠴᠡᠷᠯᠢᠭ ᠵᠡᠷᠭᠡ 5 ᠲᠥᠷᠥᠯ ᠪᠠᠭᠲᠠᠨ᠎ᠠ᠃ ᠪᠥᠬᠦ ᠬᠤᠲᠠ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠴᠡᠴᠡᠷᠯᠢᠭ 12 ᠪᠠᠶᠢᠭᠤᠯᠵᠤ᠂ ᠡᠭᠦᠨ ᠳᠤ᠂ ᠣᠶ ᠰᠢᠭᠤᠶ ᠶᠢᠨ ᠴᠡᠴᠡᠷᠯᠢᠭ 3᠂ ᠭᠠᠵᠠᠷ ᠰᠢᠨᠵᠢᠯᠡᠭᠡᠨ ᠤ ᠴᠡᠴᠡᠷᠯᠢᠭ 5᠂ ᠨᠤᠭᠤ ᠭᠠᠵᠠᠷ ᠤᠨ ᠴᠡᠴᠡᠷᠯᠢᠭ 2᠂ ᠠᠮᠢ ᠠᠬᠤᠶ ᠶᠢᠨ ᠴᠡᠴᠡᠷᠯᠢᠭ 1᠂ ᠠᠯᠳᠠᠷᠲᠤ ᠦᠵᠡᠮᠵᠢ ᠶᠢᠨ ᠣᠷᠣᠨ 1  ᠪᠤᠢ᠃ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠤᠨ ᠲᠠᠯᠠᠪᠠᠶ ᠨᠢ ᠪᠠᠷᠤᠭ 2731.7864 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠭᠤᠤᠯᠳᠠᠭᠤ ᠯᠢᠶᠠᠩᠴᠧᠩ ᠰᠢᠶᠠᠨ᠂ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠰᠢᠩ ᠾᠧ ᠰᠢᠶᠠᠨ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠢᠨᠢᠩ ᠲᠣᠭᠤᠷᠢᠭ᠂ ᠱᠠᠩᠳᠤ ᠰᠢᠶᠠᠨ ᠳᠤ ᠲᠠᠷᠬᠠᠵᠤ ᠪᠠᠶᠢᠨ᠎ᠠ᠃      ᠪᠦᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠪᠠᠶᠢᠭᠠᠯᠢ ᠶᠢᠨ ᠴᠡᠴᠡᠷᠯᠢᠭ ᠤᠨ ᠲᠠᠷᠬᠠᠯᠲᠠ ᠤᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ
   

      ︵ᠬᠤᠶᠠᠷ︶ ᠤᠰᠤᠨ ᠤᠷᠤᠰᠬᠠᠯ ᠤᠨ ᠡᠬᠢ ᠪᠠᠶᠠᠯᠢᠭ᠃ ᠮᠠᠨ ᠤ ᠬᠤᠲᠠ ᠶᠢᠨ ᠤᠰᠤᠨ ᠤᠷᠤᠰᠬᠠᠯ ᠤᠨ ᠡᠬᠢ ᠪᠠᠶᠠᠯᠢᠭ ᠲᠤ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠪᠠᠭᠲᠠᠨ᠎ᠠ᠃ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠦᠨᠡᠯᠡᠭᠰᠡᠨ ᠦᠷ᠎ᠡ ᠪᠦᠲᠦᠭᠡᠯ ᠤᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 12.91 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 6.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 8.19 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ︵ᠳᠠᠪᠬᠤᠷᠳᠠᠭᠤᠯᠤᠨ ᠪᠤᠳᠤᠭᠰᠠᠨ ᠬᠡᠮᠵᠢᠶ᠎ᠡ 2.23 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ︶ ᠪᠠᠶᠢᠨ᠎ᠠ᠃ ᠤᠯᠠᠭᠠᠨᠴᠠᠪ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠥᠬᠦ ᠬᠤᠲᠠ ᠶᠢᠨ ᠤᠰᠤᠨ ᠤᠷᠤᠰᠬᠠᠯ ᠤᠨ ᠲᠠᠯᠠᠪᠠᠶ ᠨᠢ ᠪᠠᠷᠤᠭ 258.93 ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃ ᠪᠦᠬᠦ ᠬᠤᠲᠠ ᠶᠢᠨ ᠤᠰᠤᠨ ᠤᠷᠤᠰᠬᠠᠯ ᠤᠨ ᠡᠬᠢ ᠪᠠᠶᠠᠯᠢᠭ ᠤᠨ ᠲᠠᠷᠬᠠᠯᠲᠠ ᠮᠠᠰᠢ ᠵᠢᠭᠳᠡ ᠪᠤᠰᠤ᠂ ᠡᠮᠦᠨᠡᠲᠦ ᠬᠡᠰᠡᠭ ᠪᠠ ᠬᠤᠶᠢᠲᠤ ᠬᠡᠰᠡᠭ ᠤᠨ ᠭᠠᠵᠠᠷ ᠣᠷᠣᠨ ᠨᠢ ᠨᠡᠯᠢᠶᠡᠳ ᠣᠯᠠᠨ᠂ ᠳᠤᠮᠳᠠ ᠬᠡᠰᠡᠭ ᠤᠨ ᠭᠠᠵᠠᠷ ᠣᠷᠤᠨ ᠨᠢ ᠨᠡᠯᠢᠶᠡᠳ ᠴᠥᠭᠡᠨ᠂ ᠪᠠᠷᠤᠭ 78% ᠨᠢ ᠡᠮᠦᠨ᠎ᠡ ᠠᠭᠤᠯᠠᠷᠬᠠᠭ ᠣᠷᠣᠨ ᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠯᠢᠶᠠᠩᠴᠧᠩ ᠰᠢᠶᠠᠨ ᠪᠠ ᠠᠷᠤ ᠠᠭᠤᠯᠠᠷᠬᠠᠭ ᠣᠷᠣᠨ ᠤ ᠳᠥᠷᠪᠡᠳ ᠬᠤᠰᠢᠭᠤ᠂ ᠱᠠᠩᠳᠤ ᠰᠢᠶᠠᠨ ᠪᠣᠯᠤᠨ᠎ᠠ᠃       ᠪᠦᠬᠦ ᠬᠤᠲᠠ ᠶᠢᠨ ᠤᠰᠤᠨ ᠤᠷᠤᠰᠬᠠᠯ ᠤᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ    
     1. ᠤᠰᠤᠨ ᠤᠷᠤᠰᠬᠠᠯ᠃ ᠪᠦᠬᠦ ᠬᠤᠲᠠ ᠶᠢᠨ ᠤᠰᠤᠨ ᠤᠷᠤᠰᠬᠠᠯ ᠢ ᠰᠠᠪᠠ ᠭᠠᠵᠠᠷ ᠢᠶᠠᠷ ᠨᠢ ᠭᠤᠷᠪᠠᠨ ᠶᠡᠭᠡ ᠤᠰᠤᠨ ᠰᠢᠰᠲ᠋ᠧᠮ ᠪᠣᠯᠭᠠᠨ ᠬᠤᠪᠢᠶᠠᠵᠤ᠂ ᠵᠡᠭᠦᠨ ᠠᠴᠠ ᠪᠠᠷᠠᠭᠤᠨᠰᠢ ᠲᠤᠰ ᠲᠤᠰ ᠶᠦᠩ ᠳ᠋ᠢᠩ ᠾᠧ ᠭᠤᠣᠯ ᠤᠨ ᠤᠰᠤᠨ ᠰᠢᠰᠲ᠋ᠧᠮ᠂ ᠥᠪᠥᠷ ᠮᠣᠩᠭᠤᠯ ᠤᠨ ᠥᠨᠳᠦᠷᠯᠢᠭ ᠤᠨ ᠳᠣᠲᠣᠭᠠᠳᠤ ᠤᠷᠤᠰᠬᠠᠯ ᠤᠨ ᠣᠷᠣᠨ ᠤ ᠤᠰᠤᠨ ᠰᠢᠰᠲ᠋ᠧᠮ᠂ ᠬᠠᠲᠤᠨ ᠭᠤᠣᠯ ᠤᠨ ᠤᠰᠤᠨ ᠤᠷᠤᠰᠬᠠᠯ ᠤᠨ ᠬᠤᠸᠠᠩ ᠱᠦᠢ ᠠᠴᠠ ᠡᠦ ᠳ᠋ᠢᠩ ᠾᠧ ᠭᠤᠤᠯ ᠬᠦᠷᠲᠡᠯᠡᠬᠢ ᠬᠤᠭᠤᠷᠣᠨᠳᠣᠬᠢ ᠤᠰᠤᠨ ᠰᠢᠰᠲ᠋ᠧᠮ ᠪᠣᠯᠤᠨ᠎ᠠ᠃ ᠪᠦᠬᠦ ᠬᠤᠲᠠ ᠳᠤ ᠨᠡᠶᠢᠲᠡ 384 ᠭᠤᠣᠯ ᠮᠥᠷᠡᠨ ᠪᠠᠶᠢᠵᠤ᠂ ᠭᠤᠣᠯ ᠮᠥᠷᠡᠨ ᠤ ᠶᠡᠷᠦᠩᠬᠡᠶ ᠤᠷᠲᠤ ᠨᠢ ᠪᠠᠷᠤᠭ 10508 ᠺᠢᠯᠣᠮᠧᠲᠷ ᠪᠣᠯᠤᠨ᠎ᠠ᠃ ᠭᠤᠣᠯ ᠪᠣᠯᠬᠤ ᠤᠰᠤᠨ ᠤᠷᠤᠰᠬᠠᠯ ᠳᠤ ᠢᠤᠢ ᠾᠧ ᠭᠤᠤᠯ᠂  ᠶᠠᠩ ᠾᠧ ᠭᠤᠤᠯ᠂ ᠶᠡᠭᠡ ᠬᠠᠷ᠎ᠠ ᠭᠤᠣᠯ ᠵᠡᠷᠭᠡ ᠪᠤᠶ᠃      2.ᠨᠠᠭᠤᠷ ᠴᠥᠭᠦᠷᠥᠮ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠦᠬᠦ ᠬᠤᠲᠠ ᠳᠤ ᠨᠡᠶᠢᠲᠡ 22 ᠨᠠᠭᠤᠷ ᠪᠠᠶᠢᠨ᠎ᠠ᠃  ᠡᠭᠦᠨ ᠳᠤ᠂ ᠤᠰᠤᠨ ᠭᠠᠳᠠᠷᠭᠤ ᠶᠢᠨ ᠲᠠᠯᠠᠪᠠᠶ ᠨᠢ 1 ᠲᠡᠭᠰᠢ ᠳᠥᠷᠪᠡᠯᠵᠢᠨ ᠺᠢᠯᠣᠮᠧᠲᠷ ᠵᠢᠴᠢ ᠲᠡᠭᠦᠨ ᠠᠴᠠ ᠳᠡᠭᠡᠭᠰᠢᠬᠢ ᠨᠠᠭᠤᠷ ᠴᠥᠭᠦᠷᠥᠮ 19 ᠪᠠᠶᠢᠵᠤ᠂ 10 ᠲᠡᠭᠰᠢ ᠳᠥᠷᠪᠡᠯᠵᠢᠨ ᠺᠢᠯᠣᠮᠧᠲᠷ ᠵᠢᠴᠢ ᠲᠡᠭᠦᠨ ᠠᠴᠠ ᠳᠡᠭᠡᠭᠰᠢ 3 ᠪᠠᠶᠢᠨ᠎ᠠ᠃ ᠭᠤᠣᠯ ᠪᠣᠯᠬᠤ ᠨᠠᠭᠤᠷ ᠴᠥᠭᠦᠷᠥᠮ ᠳᠤ ᠳᠠᠭ᠎ᠠ ᠶᠢᠨ ᠨᠠᠭᠤᠷ᠂ ᠬᠢᠭᠢᠷᠢ ᠶᠢᠨ ᠨᠠᠭᠤᠷ᠂ ᠴᠠᠭᠠᠨ ᠨᠠᠭᠤᠷ ᠵᠡᠷᠭᠡ ᠪᠣᠯᠤᠨ᠎ᠠ᠃      3. ᠤᠰᠤᠨ ᠴᠥᠭᠦᠷᠥᠮ᠃ ᠪᠥᠬᠦ ᠬᠤᠲᠠ ᠳᠤ ᠨᠡᠶᠢᠲᠡ 65 ᠤᠰᠤᠨ ᠴᠥᠭᠦᠷᠥᠮ ᠪᠠᠶᠢᠵᠤ᠂ ᠡᠭᠦᠨ ᠳᠤ᠂ ᠳᠤᠮᠳᠠ ᠬᠡᠯᠪᠡᠷᠢ ᠶᠢᠨ ᠤᠰᠤᠨ ᠴᠥᠭᠦᠷᠥᠮ 12᠂ ᠵᠢᠵᠢᠭ ᠬᠡᠯᠪᠡᠷᠢ ᠶᠢᠨ ᠤᠰᠤᠨ ᠴᠥᠭᠦᠷᠥᠮ 53 ᠪᠠᠶᠢᠨ᠎ᠠ᠃ ᠪᠥᠬᠦ ᠬᠤᠲᠠ ᠶᠢᠨ ᠤᠰᠤᠨ ᠴᠥᠭᠦᠷᠥᠮ ᠤᠨ ᠶᠡᠷᠦᠩᠬᠡᠶ ᠪᠠᠭᠲᠠᠭᠠᠮᠵᠢ ᠨᠢ ᠪᠠᠷᠤᠭ 32906.74 ᠲᠦᠮᠡᠨ ᠪᠣᠰᠤᠭ᠎ᠠ ᠳᠦᠷᠪᠡᠯᠵᠢᠨ ᠮᠧᠲᠷ ᠪᠠᠶᠢᠨ᠎ᠠ᠃ ᠴᠥᠭᠦᠷᠥᠮ ᠤᠨ ᠪᠠᠭᠲᠠᠭᠠᠮᠵᠢ ᠪᠠᠷ ᠨᠡᠯᠢᠶᠡᠳ ᠶᠡᠭᠡ ᠤᠰᠤᠨ ᠴᠥᠭᠦᠷᠥᠮ ᠳᠤ ᠵᠢᠨᠢᠩ ᠲᠣᠭᠤᠷᠢᠭ ᠤᠨ ᠴᠢᠤᠸᠠᠨ ᠢᠦᠶ ᠯᠢᠩ ᠤᠰᠤᠨ ᠴᠥᠭᠦᠷᠥᠮ᠂ ᠰᠢᠩ ᠾᠧ ᠰᠢᠶᠠᠨ ᠤ ᠽᠣᠤ ᠾᠥᠸᠧ ᠺᠧᠦ ᠤᠰᠤᠨ ᠴᠥᠭᠦᠷᠥᠮ᠂ ᠡᠤ ᠢ ᠤᠰᠤᠨ ᠴᠥᠭᠦᠷᠥᠮ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠱᠢ ᠮᠧᠨ ᠺᠸᠤ ᠤᠰᠤᠨ ᠴᠥᠭᠦᠷᠥᠮ᠂ ᠹᠧᠩᠵᠧᠨ ᠬᠤᠲᠠ ᠶᠢᠨ ᠵᠢᠦ ᠯᠦᠩ ᠸᠠᠨ ᠤᠰᠤᠨ ᠴᠥᠭᠦᠷᠥᠮ᠂ ᠵᠢᠤᠢ ᠪᠦᠦ ᠵᠤᠸᠠᠩ ᠤᠰᠤᠨ ᠴᠥᠭᠦᠷᠥᠮ᠂ ᠳᠥᠷᠪᠡᠳ ᠬᠤᠰᠢᠭᠤᠨ ᠤ ᠪᠠᠶᠠᠨᠰᠢᠯᠢ ᠤᠰᠤᠨ ᠴᠥᠭᠦᠷᠥᠮ᠂ ᠯᠢᠶᠠᠩᠴᠧᠩ ᠰᠢᠶᠠᠨ ᠤ ᠶᠦᠩ ᠰᠢᠩ ᠤᠰᠤᠨ ᠴᠥᠭᠦᠷᠥᠮ᠂ ᠱᠤᠸᠠᠩ ᠭᠦ᠋ ᠴᠧᠩ ᠤᠰᠤᠨ ᠴᠥᠭᠦᠷᠥᠮ᠂ ᠵᠦᠸᠧᠽᠢ ᠰᠢᠶᠠᠨ ᠤ ᠯᠧᠢ ᠱᠠᠨ ᠤᠰᠤᠨ ᠴᠥᠭᠦᠷᠥᠮ ᠵᠡᠷᠭᠡ ᠪᠤᠢ᠃      ︵ᠭᠤᠷᠪᠠ︶ ᠨᠤᠲᠤᠭ ᠪᠡᠯᠴᠢᠭᠡᠷ ᠤᠨ ᠡᠬᠢ ᠪᠠᠶᠠᠯᠢᠭ᠃ ᠮᠠᠨ ᠤ ᠬᠤᠲᠠ ᠶᠢᠨ ᠲᠠᠯ᠎ᠠ ᠨᠤᠲᠤᠭ ᠤᠨ ᠡᠬᠢ ᠪᠠᠶᠠᠯᠢᠭ ᠲᠤ ᠪᠠᠶᠢᠭᠠᠯᠢ ᠶᠢᠨ ᠪᠡᠯᠴᠢᠭᠡᠷ᠂ ᠲᠠᠷᠢᠮᠠᠯ ᠪᠡᠯᠴᠢᠭᠡᠷ᠂ ᠪᠤᠰᠤᠳ ᠪᠡᠯᠴᠢᠭᠡᠷ ᠪᠠᠭᠲᠠᠨ᠎ᠠ᠃ ᠨᠤᠲᠤᠭ ᠪᠡᠯᠴᠢᠭᠡᠷ ᠤᠨ ᠲᠥᠷᠥᠯ ᠬᠡᠯᠪᠡᠷᠢ ᠪᠠᠷ ᠨᠢ ᠳᠤᠯᠠᠭᠠᠨ ᠴᠢᠨᠠᠷᠲᠠᠶ ᠨᠤᠭᠤ ᠭᠠᠵᠠᠷ ᠤᠨ ᠨᠤᠲᠤᠭ ᠪᠡᠯᠴᠢᠭᠡᠷ ᠤᠨ ᠲᠥᠷᠥᠯ᠂ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠤᠨ ᠲᠥᠷᠥᠯ᠂ ᠳᠤᠯᠠᠭᠠᠨ ᠴᠢᠨᠠᠷᠲᠠᠶ ᠴᠦᠯᠡᠷᠬᠡᠭ ᠨᠤᠲᠤᠭ ᠪᠡᠯᠴᠢᠭᠡᠷ ᠤᠨ ᠲᠥᠷᠥᠯ᠂ ᠳᠤᠯᠠᠭᠠᠨ ᠴᠢᠨᠠᠷᠲᠠᠶ ᠬᠡᠭᠡᠷ᠎ᠡ ᠲᠠᠯ᠎ᠠ ᠶᠢᠨ ᠨᠤᠲᠤᠭ ᠪᠡᠯᠴᠢᠭᠡᠷ ᠤᠨ ᠴᠦᠯ ᠤᠨ ᠲᠦᠷᠦᠯ᠂ ᠨᠠᠮ ᠳᠣᠤᠷ᠎ᠠ ᠭᠠᠵᠠᠷ ᠤᠨ ᠨᠤᠭᠤ ᠭᠠᠵᠠᠷ ᠤᠨ ᠲᠥᠷᠥᠯ᠂ ᠳᠤᠯᠠᠭᠠᠨ ᠴᠢᠨᠠᠷᠲᠠᠶ ᠠᠭᠤᠯᠠᠷᠬᠠᠭ ᠭᠠᠵᠠᠷ ᠤᠨ ᠨᠤᠭᠤ ᠭᠠᠵᠠᠷ ᠤᠨ ᠲᠥᠷᠥᠯ ᠭᠡᠵᠦ ᠬᠤᠪᠢᠶᠠᠨ᠎ᠠ᠃ ᠪᠦᠬᠦ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢ ᠦᠨᠳᠦᠰᠦᠯᠡᠨ᠂ ᠪᠥᠬᠦ ᠬᠤᠲᠠ ᠵᠢᠨ‌ᠨᠤᠲᠤᠭ ᠪᠡᠯᠴᠢᠭᠡᠷ ᠤᠨ ᠲᠠᠯᠠᠪᠠᠶ ᠨᠢ ᠪᠠᠷᠤᠭ 34572.16 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠂ ᠬᠠᠮᠲᠤ ᠶᠢᠨ  ᠥᠮᠴᠢ ᠶᠢᠨ ᠲᠠᠯᠠᠪᠠᠶ ᠨᠢ ᠪᠠᠷᠤᠭ 33287.21 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠤᠰ ᠤᠨ ᠥᠮᠴᠢ ᠶᠢᠨ ᠲᠠᠯᠠᠪᠠᠶ ᠨᠢ ᠪᠠᠷᠤᠭ 1284.95 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠭᠤᠣᠯᠳᠠᠭᠤ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠶᠢᠲᠤ ᠬᠡᠰᠡᠭ ᠢᠶᠠᠷ ᠲᠠᠷᠬᠠᠵᠤ ᠪᠤᠢ᠃      ᠪᠦᠬᠦ ᠬᠤᠲᠠ ᠶᠢᠨ ᠨᠤᠲᠤᠭ ᠪᠡᠯᠴᠢᠭᠡᠷ ᠤᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ
     ︵ᠳᠥᠷᠪᠡ︶ ᠣᠢ ᠰᠢᠭᠤᠶ ᠶᠢᠨ ᠡᠬᠢ ᠪᠠᠶᠠᠯᠢᠭ᠃ ᠮᠠᠨ ᠤ ᠬᠤᠲᠠ ᠶᠢᠨ ᠣᠢ ᠰᠢᠭᠤᠢ ᠶᠢᠨ ᠡᠬᠢ ᠪᠠᠶᠠᠯᠢᠭ ᠲᠤ ᠲᠤᠷᠤᠭ ᠮᠣᠳᠣᠨ ᠤ ᠣᠶᠢᠲᠤ ᠭᠠᠵᠠᠷ᠂ ᠪᠣᠳᠠ ᠮᠣᠳᠣᠨ ᠤ ᠣᠶᠢᠲᠤ ᠭᠠᠵᠠᠷ ᠪᠠ ᠪᠤᠰᠤᠳ ᠣᠶᠢᠲᠤ ᠭᠠᠵᠠᠷ ᠪᠠᠭᠲᠠᠨ᠎ᠠ᠃ ᠮᠠᠨ ᠤ ᠬᠤᠲᠠ ᠪᠣᠯ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠮᠥᠨ᠂ ᠪᠠᠷᠠᠭᠤᠨ ᠠᠴᠠ ᠵᠡᠭᠦᠨᠰᠢ ᠳᠠᠯᠠᠨ ᠬᠠᠷ᠎ᠠ ᠠᠭᠤᠯᠠ᠂ ᠮᠠᠩᠬᠠᠨ ᠠᠭᠤᠯᠠ᠂ ᠰᠤᠮᠤᠨ ᠠᠭᠤᠯᠠ᠂ ᠬᠤᠩᠱᠠᠨ ᠠᠭᠤᠯᠠ ᠶᠢᠨ ᠡᠭᠦᠰᠦᠮᠡᠯ ᠣᠶ ᠶᠢᠨ ᠣᠷᠣᠨ ᠵᠢᠴᠢ ᠣᠷᠳᠣ ᠬᠤᠭᠤᠴᠠᠭ᠎ᠠ ᠪᠠᠷ ᠪᠥᠲᠥᠭᠡᠨ ᠪᠠᠶᠢᠭᠤᠯᠵᠤ ᠪᠣᠶ ᠪᠣᠯᠤᠭᠰᠠᠨ  ᠲᠠᠷᠢᠮᠠᠯ ᠣᠶ ᠶᠢᠨ ᠭᠠᠵᠠᠷ ᠲᠠᠷᠬᠠᠵᠤ ᠪᠠᠶᠢᠨ᠎ᠠ᠃ ᠤᠯᠠᠭᠠᠨᠴᠠᠪ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠣᠶ ᠰᠢᠭᠤᠶ ᠶᠢᠨ ᠲᠠᠯᠠᠪᠠᠶ ᠨᠢ ᠪᠠᠷᠤᠭ 6679.37 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠂ ᠬᠠᠮᠲᠤ ᠶᠢᠨ ᠥᠮᠴᠢ ᠶᠢᠨ ᠲᠠᠯᠠᠪᠠᠶ ᠨᠢ ᠪᠠᠷᠤᠭ 6483.97 ᠲᠡᠭᠰᠢ ᠳᠥᠷᠪᠡᠯᠵᠢᠨ ᠺᠢᠯᠣᠮᠧᠲᠷ᠂ ᠤᠯᠤᠰ ᠤᠨ ᠥᠮᠴᠢ ᠶᠢᠨ ᠲᠠᠯᠠᠪᠠᠶ ᠨᠢ ᠪᠠᠷᠤᠭ 195.40 ᠲᠡᠭᠰᠢ ᠳᠥᠷᠪᠡᠯᠵᠢᠨ ᠺᠢᠯᠣᠮᠧᠲᠷ  ᠪᠠᠶᠢᠨ᠎ᠠ᠃ ᠭᠤᠣᠯᠳᠠᠭᠤ ᠳᠥᠷᠪᠡᠳ ᠬᠤᠰᠢᠭᠤ᠂ ᠯᠢᠶᠠᠩᠴᠧᠩ ᠰᠢᠶᠠᠨ᠂ ᠱᠠᠩᠳᠤ ᠰᠢᠶᠠᠨ᠂ ᠰᠢᠩ ᠾᠧ ᠰᠢᠶᠠᠨ ᠳᠤ ᠲᠠᠷᠬᠠᠵᠤ ᠪᠠᠶᠢᠨ᠎ᠠ᠃      ᠪᠦᠬᠦ ᠬᠤᠲᠠ ᠶᠢᠨ ᠣᠢ ᠰᠢᠭᠤᠶ ᠶᠢᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ               ᠨᠢᠭᠡᠴᠢ᠄ ᠺᠦᠸᠠᠳ᠋ ᠺᠢᠯᠣᠮᠧᠲᠷ
      ︵ᠲᠠᠪᠤ︶ ᠨᠤᠭᠤ ᠭᠠᠵᠠᠷ ᠤᠨ ᠡᠬᠢ ᠪᠠᠶᠠᠯᠢᠭ᠃ ᠮᠠᠨ ᠤ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠲᠤ ᠨᠠᠮᠤᠭ ‍ᠤᠨ‌ᠡᠪᠡᠰᠦᠲᠦ ᠭᠠᠵᠠᠷ ᠪᠠ ᠳᠣᠲᠣᠭᠠᠳᠤ ᠬᠠᠭᠤᠷᠠᠶ ᠶᠢᠨ ᠭᠤᠤᠯ ᠤᠨ ᠰᠠᠶᠢᠷᠭᠠᠯ ᠪᠠᠭᠲᠠᠨ᠎ᠠ᠃ ᠤᠯᠠᠭᠠᠨᠴᠠᠪ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠨᠤᠭᠤ ᠭᠠᠵᠠᠷ ᠤᠨ ᠲᠠᠯᠠᠪᠠᠶ ᠨᠢ ᠪᠠᠷᠤᠭ 259.83 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠂ ᠬᠠᠮᠲᠤ ᠶᠢᠨ ᠥᠮᠴᠢ ᠶᠢᠨ ᠲᠠᠯᠠᠪᠠᠶ ᠨᠢ ᠪᠠᠷᠤᠭ 183.96 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠤᠰ ᠤᠨ ᠥᠮᠴᠢ ᠶᠢᠨ ᠲᠠᠯᠠᠪᠠᠶ ᠨᠢ ᠪᠠᠷᠤᠭ 75.87 ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃ ᠭᠤᠣᠯᠳᠠᠭᠤ ᠳᠥᠷᠪᠡᠳ ᠬᠤᠰᠢᠭᠤ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ‌ᠭᠠᠷᠤᠨ ᠬᠤᠶᠢᠲᠤ ᠬᠤᠰᠢᠭᠤᠨ ᠳᠤ ᠲᠠᠷᠬᠠᠵᠤ ᠪᠠᠶᠢᠨ᠎ᠠ᠃       ᠪᠦᠬᠦ ᠬᠤᠲᠠ ᠶᠢᠨ ᠨᠤᠭᠤ ᠭᠠᠵᠠᠷ ᠤᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ     ᠨᠢᠭᠡᠴᠢ᠄ ᠺᠦᠸᠠᠳ᠋ ᠺᠢᠯᠣᠮᠧᠲᠷ
    
     ︵ᠵᠢᠷᠭᠤᠭ᠎ᠠ︶ ᠬᠠᠳᠠᠭᠠᠯᠠᠭᠳᠠᠴᠠ ᠶᠢ ᠬᠠᠶᠢᠨ ᠲᠣᠳᠣᠯᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠃ 2018 ᠣᠨ ᠤ ᠡᠴᠦᠰ ᠪᠣᠯᠲᠠᠯ᠎ᠠ᠂ ᠮᠠᠨ ᠤ ᠬᠤᠲᠠ ᠶᠢᠨ ᠨᠢᠭᠡᠨᠲᠡ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥᠯ ᠵᠦᠢᠯ 68 ᠵᠦᠢᠯ ᠪᠠᠶᠢᠵᠤ᠂ ᠨᠢᠭᠡᠨᠲᠡ ᠬᠠᠶᠢᠨ ᠳᠣᠲᠣᠯᠠᠭᠰᠠᠨ ᠬᠠᠳᠠᠭᠠᠯᠠᠭᠳᠠᠴᠠ ᠨᠢ 40 ᠭᠠᠷᠤᠶ ᠵᠦᠶᠯ ᠪᠣᠶ᠂ ᠭᠤᠤᠯ ᠬᠦᠳᠡᠷ ᠤᠨ ᠲᠥᠷᠥᠯ ᠳᠤ ᠵᠡᠰ᠂ ᠮᠣᠯᠢᠪᠳ᠋ᠸᠠ᠂ ᠮᠥᠩᠭᠦ᠂ ᠬᠠᠷ᠎ᠠ ᠲᠤᠭᠤᠯᠭ᠎ᠠ ᠴᠠᠶᠢᠷ᠂ ᠬᠠᠶᠢᠯᠤᠭᠤᠷ ᠵᠣᠩᠰᠢ᠂ ᠪᠠᠯ ᠴᠢᠯᠠᠭᠤ᠂ ᠴᠣᠬᠤᠢ ᠶᠢᠨ ᠴᠢᠯᠠᠭᠤ᠂ ᠴᠠᠬᠢᠭᠤᠷ ᠴᠢᠯᠠᠭᠤ ᠵᠡᠷᠭᠡ ᠪᠣᠶ᠃ ᠲᠡᠮᠦᠷᠯᠢᠭ ᠤᠨ ᠠᠭᠤᠷᠬᠠᠶ ᠶᠢᠨ ᠭᠠᠷᠤᠯᠲᠠ ᠳᠣᠲᠣᠷ᠎ᠠ ᠢᠯᠠᠩᠭᠤᠶ᠎ᠠ ᠵᠡᠰ᠂ ᠮᠣᠯᠢᠪᠳᠧᠨ ᠬᠠᠮᠤᠭ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠳᠠᠭ᠃ ᠡᠭᠦᠨ ᠤ ᠳᠣᠲᠣᠷ᠎ᠠ ᠮᠣᠯᠢᠪᠳᠧᠨ ᠤ ᠡᠬᠢ ᠪᠠᠶᠠᠯᠢᠭ ᠪᠦᠬᠦ ᠤᠯᠤᠰ ᠲᠤ ᠴᠥᠮ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ ᠠᠯᠲᠠ᠂ ᠮᠥᠩᠭᠦ᠂ ᠬᠠᠷ᠎ᠠ ᠲᠤᠭᠤᠯᠭ᠎ᠠ ᠴᠠᠶᠢᠷ ᠤᠨ ᠡᠬᠢ ᠪᠠᠶᠠᠯᠢᠭ ᠴᠤ ᠨᠡᠯᠢᠶᠡᠳ ᠰᠠᠶᠢᠨ ᠪᠠᠶᠢᠵᠤ᠂ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ ᠳᠣᠲᠣᠷ᠎ᠠ ᠬᠠᠶᠢᠯᠤᠭᠤᠷ ᠵᠣᠩᠰᠢ᠂ ᠪᠠᠯ ᠴᠢᠯᠠᠭᠤ᠂ ᠴᠣᠬᠤᠢ ᠶᠢᠨ ᠴᠢᠯᠠᠭᠤ᠂ ᠴᠠᠬᠢᠭᠤᠷ ᠴᠢᠯᠠᠭᠤ᠂ ᠴᠢᠮᠡᠭᠯᠡᠯ ᠤᠨ ᠴᠢᠯᠠᠭᠤᠨ ᠮᠠᠲ᠋ᠧᠷᠢᠶᠠᠯ ᠤᠨ ᠭᠤᠯᠭᠤᠷᠢᠭᠤᠯ ᠰᠢᠷᠣᠶ᠂ ᠴᠠᠬᠢᠭᠤᠷᠲᠤ ᠵᠠᠮᠠᠭ ᠤᠨ ᠰᠢᠷᠣᠶ ᠨᠢ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠳᠠᠭ᠃ ᠡᠭᠦᠨ ᠤ ᠳᠣᠲᠣᠷ᠎ᠠ ᠬᠠᠶᠢᠯᠤᠭᠤᠷ ᠵᠣᠩᠰᠢ᠂ ᠪᠠᠯ ᠴᠢᠯᠠᠭᠤ᠂ ᠴᠤᠬᠤᠢ ᠶᠢᠨ ᠴᠢᠯᠠᠭᠤ ᠶᠢᠨ ᠡᠬᠢ ᠪᠠᠶᠠᠯᠢᠭ ᠨᠢ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠴᠥᠮ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠨ᠎ᠠ᠃ ᠤᠯᠠᠭᠠᠨᠴᠠᠪ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠦᠬᠦ ᠬᠤᠲᠠ ᠶᠢᠨ ᠠᠭᠤᠷᠬᠠᠶ ᠮᠠᠯᠲᠠᠬᠤ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 308.77 ᠲᠡᠭᠰᠢ  ᠳᠥᠷᠪᠡᠯᠵᠢᠨ ᠺᠢᠯᠣᠮᠧᠲᠷ ᠪᠠᠶᠢᠵᠤ᠂ ᠭᠤᠣᠯᠳᠠᠭᠤ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠲᠠᠷᠬᠠᠵᠤ ᠪᠠᠶᠢᠨ᠎ᠠ᠃     ᠪᠦᠬᠦ ᠬᠤᠲᠠ ᠶᠢᠨ ᠠᠭᠤᠷᠬᠠᠶ ᠮᠠᠯᠲᠠᠬᠤ ᠳᠤ ᠬᠡᠷᠡᠭᠯᠡᠬᠦ ᠭᠠᠵᠠᠷ ᠤᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ        ᠨᠢᠭᠡᠴᠢ᠄ ᠺᠦᠸᠠᠳ᠋ ᠺᠢᠯᠣᠮᠧᠲᠷ
     
      ︵ᠳᠣᠯᠤᠭ᠎ᠠ︶ ᠠᠲᠠᠷ ᠭᠠᠵᠠᠷ ︵ᠡᠯᠡᠰᠦᠨ ᠴᠥᠯ︶ ᠤᠨ ᠡᠬᠢ ᠪᠠᠶᠠᠯᠢᠭ᠃ ᠤᠯᠠᠭᠠᠨᠴᠠᠪ ᠬᠤᠲᠠ ᠶᠢᠨ ᠠᠲᠠᠷ ᠭᠠᠵᠠᠷ ︵ᠡᠯᠡᠰᠦᠨ ᠴᠥᠯ︶ ᠤᠨ ᠡᠬᠢ ᠪᠠᠶᠠᠯᠢᠭ ᠲᠤ ᠬᠤᠵᠢᠷᠯᠢᠭ ᠭᠠᠵᠠᠷ᠂ ᠡᠯᠦᠰᠡᠷᠬᠡᠭ ᠭᠠᠵᠠᠷ᠂ ᠨᠢᠴᠦᠭᠦᠨ ᠭᠠᠵᠠᠷ᠂ ᠬᠠᠯᠴᠠᠭᠠᠶ ᠴᠢᠯᠠᠭᠤᠯᠢᠭ ᠭᠠᠵᠠᠷ ᠪᠠᠭᠲᠠᠨ᠎ᠠ᠃ ᠪᠦᠬᠦ ᠬᠤᠲᠠ ᠶᠢᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠦᠬᠦ ᠬᠤᠲᠠ ᠶᠢᠨ ᠠᠲᠠᠷ ᠭᠠᠵᠠᠷ ︵ᠡᠯᠡᠰᠦᠨ ᠴᠥᠯ︶ ᠤᠨ ᠲᠠᠯᠠᠪᠠᠶ ᠨᠢ ᠪᠠᠷᠤᠭ 656.42 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠭᠤᠣᠯᠳᠠᠭᠤ ᠳᠥᠷᠪᠡᠳ ᠬᠤᠰᠢᠭᠤ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠲᠠᠷᠬᠠᠵᠤ ᠪᠠᠶᠢᠨ᠎ᠠ᠃      ᠪᠦᠬᠦ ᠬᠤᠲᠠ ᠶᠢᠨ ᠠᠲᠠᠷ ᠭᠠᠵᠠᠷ ︵ᠡᠯᠡᠰᠦᠨ ᠴᠥᠯ︶ ᠤᠨ ᠲᠠᠷᠬᠠᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ       ᠨᠢᠭᠡᠴᠢ᠄ ᠺᠦᠸᠠᠳ᠋ ᠺᠢᠯᠣᠮᠧᠲᠷ
 
      ᠭᠤᠷᠪᠠ᠂ ᠭᠤᠤᠯ ᠡᠭᠦᠷᠭᠡ       ︵ᠨᠢᠭᠡ︶ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠥᠪ ᠤᠨ ᠵᠠᠰᠠᠭ ᠤᠨ ᠣᠷᠳᠣᠨ ᠠᠴᠠ ᠥᠮᠴᠢᠯᠡᠯ ᠤᠨ ᠡᠷᠬᠡ ᠪᠠᠨ ᠰᠢᠭᠤᠳ ᠬᠡᠷᠡᠭᠵᠢᠭᠦᠯᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠶᠢ ᠥᠷᠨᠢᠭᠦᠯᠦᠨ᠎ᠡ᠃  ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠠᠶᠢᠭᠠᠯᠢ ᠶᠢᠨ ᠡᠬᠢ ᠪᠠᠶᠠᠯᠢᠭ ᠤᠨ ᠪᠠᠶᠢᠭ᠎ᠠ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳ ᠢ ᠵᠣᠬᠢᠶᠠᠨ ᠪᠠᠶᠢᠭᠤᠯᠵᠤ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠥᠪ ᠤᠨ ᠵᠠᠰᠠᠭ ᠤᠨ ᠣᠷᠳᠣᠨ ᠠᠴᠠ ᠥᠮᠴᠢᠯᠡᠯ ᠤᠨ ᠡᠷᠬᠡ ᠶᠢ ᠰᠢᠭᠤᠳ ᠬᠡᠷᠡᠭᠵᠢᠭᠦᠯᠬᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠶᠡᠭᠡ ᠭᠤᠤᠯ ᠮᠥᠷᠡᠨ ᠶᠡᠭᠡ ᠨᠠᠭᠤᠷ ᠪᠠ ᠬᠢᠯᠢ ᠠᠯᠤᠰᠯᠠᠭᠰᠠᠨ ᠭᠤᠤᠯ ᠮᠥᠷᠡᠨ᠂ ᠠᠮᠢ ᠠᠬᠤᠶ ᠶᠢᠨ ᠴᠢᠳᠠᠮᠵᠢ ᠪᠠᠷ ᠴᠢᠬᠤᠯᠠ ᠨᠤᠭᠤ ᠭᠠᠵᠠᠷ ᠪᠠ ᠨᠤᠲᠤᠭ ᠪᠡᠯᠴᠢᠭᠡᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠭᠤᠤᠯᠳᠠᠯᠭ᠎ᠠ ᠲᠠᠢ ᠤᠯᠤᠰ ᠤᠨ ᠥᠮᠴᠢ ᠶᠢᠨ ᠰᠢᠭᠤᠶᠢᠲᠤ ᠣᠷᠣᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠪᠠ ᠬᠤᠪᠣᠷ ᠴᠤᠬᠠᠭ ᠠᠭᠤᠷᠬᠠᠶ ᠶᠢᠨ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠣᠨ ᠵᠠᠶ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠯᠦᠭᠡ ᠬᠠᠮᠵᠢᠯᠴᠠᠨ ᠮᠠᠲ᠋ᠧᠷᠢᠶᠠᠯ ᠴᠤᠭᠯᠠᠭᠤᠯᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠵᠠᠭᠠᠭ ᠱᠤᠭᠤᠮ ᠢ ᠬᠢᠨᠠᠨ ᠬᠠᠷᠭᠤᠭᠤᠯᠬᠤ᠂ ᠡᠷᠬᠡ ᠶᠢᠨ ᠬᠠᠷᠢᠶ᠎ᠠ ᠶᠢᠨ  ᠮᠠᠷᠭᠤᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠣᠷᠣᠭᠰᠢᠬᠢ ᠨᠢ ᠲᠥᠪ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠬᠦ ᠡᠷᠬᠡ ᠶᠢ ᠨᠢ ᠣᠷᠣᠯᠠᠨ ᠬᠡᠷᠡᠭᠵᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ ᠥᠷᠨᠢᠭᠦᠯᠦᠨ᠎ᠡ᠃      1. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠪᠠᠶᠢᠭᠠᠯᠢ ᠶᠢᠨ  ᠬᠠᠮᠠᠭᠠᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠮᠢᠶᠠᠷᠤᠯᠲᠠ ᠶᠢᠨ ᠭᠤᠤᠯ ᠴᠣᠭᠴᠠ ᠶᠢᠨ ᠶᠣᠰᠣᠭᠠᠷ ᠲᠣᠰ ᠲᠣᠰ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠡᠷᠬᠡ ᠶᠢ ᠨᠤᠲᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠲᠡᠷᠡᠴᠢᠯᠡᠨ ᠠᠷᠠᠳ ᠨᠡᠶᠢᠲᠡ ᠶᠢᠨ  ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠠᠴᠠ ᠬᠠᠮᠢᠶᠠᠷᠴᠤ ᠪᠠᠶᠢᠭ᠎ᠠ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠡᠷᠬᠡ ᠶᠢ ᠨᠤᠲᠠᠯᠠᠨ ᠳᠡᠩᠰᠡᠯᠡᠵᠦ ᠥᠭᠭᠦᠨ᠎ᠡ︔ ᠬᠤᠲᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠠᠴᠠ ᠬᠠᠮᠢᠶᠠᠷᠴᠤ ᠪᠥᠬᠦᠶ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠳᠡᠩᠰᠡᠯᠡᠬᠦ ᠶᠢ ᠬᠠᠷᠢᠭᠤᠴᠠᠨ᠎ᠠ᠃ ᠠᠶᠢᠮᠠᠭ ᠬᠤᠲᠠ ᠠᠯᠤᠰᠯᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠨᠤᠲᠠᠯᠠᠨ ᠳᠠᠩᠰᠠᠯᠠᠬᠤ ᠪᠠᠶᠢᠭᠤᠯᠤᠮᠵᠢ ᠶᠢ ᠵᠢᠭᠠᠨ ᠲᠣᠭᠲᠠᠭᠠᠵᠤ ᠭᠦᠢᠴᠡᠳᠬᠡᠯᠭᠡᠵᠦ᠂ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠤᠲᠠ ᠠᠯᠤᠰᠯᠠᠨ ᠰᠢᠭᠤᠳ ᠭᠦᠶᠴᠡᠳᠬᠡᠬᠦ ᠪᠤᠶᠤ ᠬᠤᠰᠢᠭᠤ ᠰᠢᠶᠠᠨ ᠬᠤᠲᠠ ᠲᠣᠭᠤᠷᠢᠭ ᠤᠨ ᠳᠠᠩᠰᠠᠯᠠᠬᠤ ᠪᠠᠶᠢᠭᠤᠯᠤᠮᠵᠢ ᠶᠢ ᠵᠢᠭᠠᠨ ᠲᠣᠭᠲᠠᠭᠠᠵᠤ ᠭᠦᠢᠴᠡᠳᠬᠡᠯᠭᠡᠬᠦ ᠬᠡᠷᠡᠭᠲᠡᠶ᠃      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ  ᠶᠢᠨ ᠬᠠᠮᠠᠭᠠᠯᠠᠯᠲᠠ ᠶᠢᠨ ᠭᠠᠵᠠᠷ ᠢ ᠪᠠᠶᠢᠭᠤᠯᠬᠤ᠂ ᠬᠢᠨᠠᠨ ᠵᠥᠪᠰᠢᠶᠡᠷᠡᠬᠦ ᠵᠡᠷᠭᠡ ᠮᠠᠲ᠋ᠧᠷᠢᠶᠠᠯ ᠢ ᠦᠨᠳᠦᠰᠦᠯᠡᠨ ᠳᠠᠩᠰᠠᠯᠠᠬᠤ ᠬᠡᠰᠡᠭ ᠤᠨ ᠵᠠᠭᠠᠭ ᠱᠤᠭᠤᠮ ᠢ ᠬᠤᠪᠢᠶᠠᠷᠢᠯᠠᠨ ᠲᠣᠭᠲᠠᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠶᠡᠷᠦᠩᠬᠡᠶ ᠪᠠᠶᠢᠷᠢᠯᠠᠭᠤᠯᠤᠯᠲᠠ ᠪᠠ ᠬᠥᠭᠵᠢᠯᠲᠡ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ ᠳᠠᠩᠰᠠᠯᠠᠬᠤ  ᠬᠡᠰᠡᠭ ᠢ ᠵᠠᠭᠠᠭᠯᠠᠨ ᠲᠣᠭᠲᠠᠭᠠᠨ᠎ᠠ᠃      2. ᠭᠤᠤᠯ ᠮᠥᠷᠡᠨ ᠨᠠᠭᠤᠷ ᠴᠥᠭᠦᠷᠥᠮ ᠵᠡᠷᠭᠡ ᠤᠰᠤᠨ ᠤᠷᠤᠰᠬᠠᠯ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠭᠤᠤᠯ ᠮᠥᠷᠡᠨ᠂ ᠨᠠᠭᠤᠷ ᠴᠥᠭᠦᠷᠥᠮ ᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠮᠢᠶᠠᠷᠤᠯᠲᠠ ᠶᠢᠨ ᠲᠠᠰ ᠵᠢᠴᠢ ᠲᠠᠷᠬᠠᠯᠲᠠ ᠶᠢᠨ ᠣᠨᠴᠠᠯᠢᠭ ᠢ ᠦᠨᠳᠦᠰᠦᠯᠡᠨ ᠲᠣᠰ ᠲᠣᠰ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠡᠷᠬᠡ ᠶᠢ ᠨᠤᠲᠠᠯᠠᠨ ᠳᠡᠩᠰᠡᠯᠡᠬᠦ ᠶᠢ ᠬᠠᠷᠢᠭᠤᠴᠠᠨ᠎ᠠ᠃ ᠤᠰᠤᠨ ᠴᠥᠭᠦᠷᠥᠮ ᠢ ᠡᠬᠢ ᠪᠠᠶᠠᠯᠢᠭ ᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠡᠷᠬᠡ ᠶᠢ ᠨᠤᠲᠠᠯᠠᠨ ᠳᠠᠩᠰᠠᠯᠠᠬᠤ ᠶᠢ ᠬᠠᠷᠢᠭᠤᠴᠠᠵᠤ᠂ ᠲᠡᠷᠡᠴᠢᠯᠡᠨ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠤᠯᠠᠭᠠᠨᠴᠠᠪ ᠬᠤᠲᠠ ᠶᠢᠨ ᠬᠢᠯᠢ ᠳᠣᠲᠣᠷᠠᠬᠢ ᠳᠠᠭ᠎ᠠ ᠶᠢᠨ ᠨᠠᠭᠤᠷ ᠲᠤ ᠭᠤᠤᠯᠳᠠᠯᠭ᠎ᠠ ᠲᠠᠢ ᠨᠠᠭᠤᠷ ᠴᠥᠭᠦᠷᠥᠮ ᠳᠤ  ᠦᠪᠡᠷᠲᠡᠭᠡᠨ ᠵᠠᠰᠠᠬᠤ ᠣᠷᠣᠨ ᠤ ᠲᠡᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠡᠷᠬᠡ ᠶᠢ ᠨᠤᠲᠠᠯᠠᠨ  ᠳᠠᠩᠰᠠᠯᠠᠬᠤ ᠶᠢ ᠬᠠᠷᠢᠭᠤᠴᠠᠨ᠎ᠠ᠃ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠣᠰ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠭᠤᠤᠯ ᠮᠥᠷᠡᠨ᠂ ᠨᠠᠭᠤᠷ ᠴᠥᠭᠦᠷᠦᠮ ᠳᠤ ᠡᠷᠬᠡ ᠶᠢ ᠨᠤᠲᠠᠯᠠᠨ ᠳᠠᠩᠰᠠᠯᠠᠬᠤ ᠶᠢ ᠬᠠᠷᠢᠭᠤᠴᠠᠨ᠎ᠠ᠃ ᠠᠶᠢᠮᠠᠭ ᠬᠤᠲᠠ ᠠᠯᠤᠰᠯᠠᠭᠰᠠᠨ ᠭᠤᠤᠯ ᠮᠥᠷᠡᠨ ᠢ ᠥᠪᠡᠷᠲᠡᠭᠡᠨ ᠵᠠᠰᠠᠬᠤ ᠣᠷᠣᠨ ᠤ ᠵᠢᠭᠠᠨ ᠲᠣᠭᠲᠠᠭᠠᠭᠰᠠᠨ ᠬᠤᠲᠠ ᠶᠢᠨ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠭᠦᠶᠴᠡᠳᠬᠡᠵᠦ᠂ ᠬᠤᠰᠢᠭᠤ ᠰᠢᠶᠠᠨ ᠬᠤᠲᠠ ᠲᠣᠭᠤᠷᠢᠭ ᠠᠯᠰᠤᠯᠠᠭᠰᠠᠨ ᠭᠤᠤᠯ ᠮᠥᠷᠡᠨ ᠢ ᠬᠤᠲᠠ ᠰᠢᠭᠤᠳ ᠭᠦᠶᠴᠡᠳᠬᠡᠬᠦ ᠪᠤᠶᠤ ᠵᠢᠭᠠᠨ ᠲᠣᠭᠲᠠᠭᠠᠭᠰᠠᠨ ᠬᠤᠰᠢᠭᠤ ᠰᠢᠶᠠᠨ ᠬᠤᠲᠠ ᠲᠣᠭᠤᠷᠢᠭ ᠤᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠠᠴᠠ ᠭᠦᠶᠴᠡᠳᠬᠡᠨ᠎ᠡ᠃      ᠭᠤᠷᠪᠠᠳᠤᠭᠠᠷ ᠤᠳᠠᠭᠠᠨ ᠤ ᠤᠯᠤᠰ  ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠤᠰᠤᠨ ᠤ ᠡᠬᠢ ᠪᠠᠶᠠᠯᠢᠭ ᠤᠨ ᠲᠤᠬᠠᠢ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠭᠤᠤᠯ ᠮᠥᠷᠡᠨ᠂ ᠨᠠᠭᠤᠷ ᠴᠥᠭᠦᠷᠦᠮ ᠤᠨ ᠬᠠᠮᠢᠶᠠᠷᠤᠯᠲᠠ ᠶᠢᠨ ᠬᠡᠪᠴᠢᠶ᠎ᠡ ᠪᠠᠷ ᠰᠠᠭᠤᠷᠢ ᠪᠣᠯᠭᠠᠵᠤ᠂ ᠬᠠᠰᠢᠯᠭ᠎ᠠ᠂ ᠤᠰᠤᠨ ᠴᠠᠷᠠᠭ᠎ᠠ ᠶᠢᠨ ᠡᠷᠭᠢ ᠶᠢᠨ ᠱᠤᠭᠤᠮ ᠢ ᠬᠤᠪᠢᠶᠠᠷᠢᠯᠠᠨ ᠲᠡᠮᠳᠡᠭᠯᠡᠵᠦ ᠳᠠᠩᠰᠠᠯᠠᠬᠤ ᠬᠡᠰᠡᠭ ᠤᠨ ᠵᠠᠭᠠᠭ ᠱᠣᠭᠤᠮ ᠢ ᠬᠤᠪᠢᠶᠠᠷᠢᠯᠠᠨ ᠲᠣᠭᠲᠠᠭᠠᠨ᠎ᠠ᠃ ᠤᠯᠤᠰ ᠤᠨ ᠵᠥᠪᠰᠢᠶᠡᠷᠡᠭᠰᠡᠨ ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠳᠠᠩᠰᠠᠯᠠᠬᠤ ᠬᠡᠰᠡᠭ ᠤᠨ ᠳᠣᠲᠤᠷᠠᠬᠢ ᠤᠰᠤᠨ‌ᠤᠷᠤᠰᠬᠠᠯ ᠤᠨ ᠪᠠᠶᠢᠭᠠᠯᠢ ᠵᠢᠨ‌ᠡᠬᠢ ᠪᠠᠶᠠᠯᠢᠭ ᠲᠤ ᠳᠠᠩᠰᠠᠯᠠᠬᠤ ᠬᠡᠰᠡᠭ ᠢ ᠠᠰ ᠲᠤᠨᠢ ᠲᠣᠭᠲᠠᠭᠠᠬᠤ ᠦᠭᠡᠢ᠂ ᠪᠤᠰᠤᠳ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠳᠠᠩᠰᠠᠯᠠᠬᠤ ᠬᠡᠰᠡᠭ ᠤᠨ ᠳᠣᠲᠣᠷᠠᠬᠢ ᠤᠰᠤᠨ ᠤᠷᠤᠰᠬᠠᠯ ᠤᠨ ᠪᠠᠶᠢᠭᠠᠯᠢ ᠶᠢᠨ ᠡᠬᠢ ᠪᠠᠶᠠᠯᠢᠭ᠂ ᠤᠰᠤᠨ ᠤᠷᠤᠰᠬᠠᠯ ᠤᠨ ᠡᠬᠢ ᠰᠤᠷᠪᠤᠯᠵᠢ ᠠᠴᠠ ᠭᠠᠳᠠᠨ᠎ᠠ᠂ ᠭᠤᠤᠯ ᠪᠣᠯᠬᠤ ᠭᠤᠤᠯ ᠮᠥᠷᠡᠨ ᠤ ᠠᠮᠢ ᠠᠬᠤᠢ ᠶᠢᠨ ᠪᠦᠷᠢᠨ ᠪᠦᠲᠦᠨ ᠴᠢᠨᠠᠷ ᠢ ᠠᠯᠢ ᠴᠢᠳᠠᠬᠤ ᠪᠠᠷ ᠪᠠᠲᠤᠯᠠᠨ᠎ᠠ᠃ ᠤᠰᠤᠨ ᠤᠷᠤᠰᠬᠠᠯ ᠤᠨ ᠳᠠᠩᠰᠠᠯᠠᠬᠤ ᠬᠡᠰᠡᠭ ᠢ ᠲᠤᠰᠠᠭᠠᠷ ᠨᠢ ᠵᠠᠭᠠᠭᠯᠠᠨ ᠲᠣᠭᠲᠠᠭᠠᠵᠤ ᠪᠣᠯᠤᠨ᠎ᠠ᠃       3. ᠨᠤᠲᠤᠭ ᠪᠡᠯᠴᠢᠭᠡᠷ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠡᠰ ᠤᠨ ᠶᠣᠰᠣᠭᠠᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠲᠤᠰ ᠲᠤᠰ ᠡᠷᠬᠡ ᠶᠢ ᠨᠤᠲᠠᠯᠠᠨ ᠳᠠᠩᠰᠠᠯᠠᠬᠤ ᠶᠢ ᠬᠠᠷᠢᠭᠤᠴᠠᠨ᠎ᠠ᠃ ᠲᠡᠷᠡᠴᠢᠯᠡᠨ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠣᠢ ᠰᠢᠭᠤᠶ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠪᠠ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠭᠦᠨ ᠤ ᠬᠠᠮᠲᠤ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠰᠠᠯᠠᠭ᠎ᠠ ᠮᠥᠴᠢᠷ ᠤᠨ ᠨᠤᠲᠤᠭ ᠪᠠᠯᠴᠢᠭᠡᠷ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠥᠷᠨᠢᠭᠦᠯᠬᠦ ᠶᠠᠪᠤᠴᠠ ᠪᠠ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠮᠢᠶᠠᠷᠴᠤ ᠪᠦᠬᠦᠢ ᠨᠤᠲᠤᠭ ᠪᠡᠯᠴᠢᠭᠡᠷ ᠲᠤ ᠡᠷᠬᠡ ᠶᠢ ᠨᠤᠲᠠᠯᠠᠨ ᠳᠠᠩᠰᠠᠯᠠᠨ᠎ᠠ᠃ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠶ ᠬᠡᠷᠡᠭᠯᠡᠬᠦ ᠡᠷᠬᠡ ᠶᠢ ᠨᠤᠲᠠᠯᠠᠨ  ᠳᠠᠩᠰᠠᠯᠠᠬᠤ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠳᠤ ᠨᠢᠭᠡᠨᠲᠡ ᠳᠠᠩᠰᠠᠯᠠᠨ ᠦᠨᠡᠮᠯᠡᠯ ᠣᠯᠭᠤᠭᠰᠠᠨ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠯᠤᠭ᠎ᠠ ᠵᠣᠯᠭᠠᠭᠤᠯᠬᠤ ᠶᠢ ᠰᠠᠶᠢᠲᠤᠷ ᠬᠢᠵᠦ᠂ ᠬᠠᠮᠢᠶ᠎ᠠ ᠪᠥᠬᠦᠶ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠢ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠬᠡᠷᠡᠭᠲᠡᠶ᠃      ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠭᠠᠵᠠᠷ ᠰᠢᠷᠣᠶ ᠶᠢᠨ ᠥᠮᠴᠢᠯᠡᠯ ᠤᠨ ᠡᠷᠬᠡ ᠪᠠᠷ ᠰᠠᠭᠤᠷᠢ ᠪᠣᠯᠭᠠᠵᠤ᠂ ᠤᠯᠤᠰ ᠤᠨ ᠥᠮᠴᠢᠯᠡᠯ ᠤᠨ ᠭᠠᠵᠠᠷ ᠰᠢᠷᠦᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠶ ᠶᠢᠨ ᠶᠣᠰᠣᠭᠠᠷ ᠳᠠᠩᠰᠠᠯᠠᠬᠤ ᠬᠡᠰᠡᠭ ᠬᠤᠪᠢᠶᠠᠵᠤ᠂ ᠲᠤᠰᠠᠭᠠᠷ ᠪᠠ ᠵᠠᠭᠠᠯᠳᠤᠭᠰᠠᠨ ᠦᠭᠡᠢ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ  ᠬᠠᠷᠢᠶᠠᠯᠠᠯ ᠤᠨ ᠵᠠᠭᠠᠭ ᠱᠣᠭᠤᠮ ᠤᠨ ᠪᠢᠲᠡᠭᠦᠮᠵᠢᠯᠡᠭᠰᠡᠨ ᠣᠯᠠᠨ‌ᠣᠷᠣᠨ ᠵᠠᠶ ᠶᠢ ᠳᠠᠩᠰᠠᠯᠠᠬᠤ ᠬᠡᠰᠡᠭ ᠢ ᠲᠤᠰ ᠲᠤᠰ ᠬᠤᠪᠢᠶᠠᠷᠢᠯᠠᠨ ᠲᠣᠭᠲᠠᠭᠠᠨ᠎ᠠ᠃         4. ᠣᠶ ᠰᠢᠭᠤᠶ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠡᠩᠰᠡᠯᠡᠬᠦ ᠶᠢ ᠥᠷᠨᠢᠭᠦᠯᠦᠨ᠎ᠡ᠃ ᠣᠶ ᠰᠢᠭᠤᠶ ᠶᠢᠨ ᠬᠠᠮᠢᠶᠠᠷᠤᠯᠲᠠ ᠶᠢᠨ ᠳᠡᠰ ᠤᠨ ᠶᠣᠰᠣᠭᠠᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠡᠴᠠ‌‍ᠲ᠋ᠤᠰ ᠲᠤᠰ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠲᠡᠷᠡᠴᠢᠯᠡᠨ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠣᠢ ᠰᠢᠭᠤᠶ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ  ᠮᠥᠴᠢᠷ ᠲᠠᠢ ᠬᠠᠮᠲᠤᠷᠠᠨ᠂ ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠪᠠ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠮᠢᠶᠠᠷᠴᠤ ᠪᠠᠶᠢᠭ᠎ᠠ ᠣᠢ ᠰᠢᠭᠤᠶ ᠳᠤ ᠡᠷᠬᠡ ᠶᠢ ᠨᠤᠲᠠᠯᠠᠨ ᠳᠠᠩᠰᠠᠯᠠᠭᠤᠯᠬᠤ ᠬᠡᠷᠡᠭᠲᠡᠶ᠃ ᠨᠢᠭᠡᠨᠲᠡ ᠳᠠᠩᠰᠠᠯᠠᠨ ᠦᠨᠡᠮᠯᠡᠯ ᠠᠪᠤᠭᠰᠠᠨ ᠭᠠᠵᠠᠷ ᠣᠷᠣᠨ ᠨᠤᠭᠤᠳ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠭᠦᠯᠬᠦ ᠯᠦᠭᠡ ᠵᠣᠯᠭᠠᠭᠤᠯᠬᠤ ᠶᠢ ᠰᠠᠶᠢᠲᠤᠷ ᠬᠢᠵᠦ᠂ ᠬᠠᠮᠢᠶ᠎ᠠ ᠪᠦᠬᠦᠢ ᠡᠷᠬᠡ ᠶᠢᠨ ᠬᠠᠷᠢᠶ᠎ᠠ ᠶᠢᠨ ᠵᠠᠭᠠᠭ ᠱᠤᠭᠤᠮ ᠢ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠬᠡᠷᠡᠭᠲᠡᠶ᠃       ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠣᠢ ᠰᠢᠭᠤᠶ ᠶᠢᠨ ᠡᠬᠢ ᠪᠠᠶᠠᠯᠢᠭ ᠤᠨ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠭᠠᠵᠠᠷ ᠰᠢᠷᠣᠶ ᠶᠢᠨ ᠥᠮᠴᠢᠯᠡᠯ ᠤᠨ ᠡᠷᠬᠡ ᠪᠠᠷ ᠰᠠᠭᠤᠷᠢ ᠪᠣᠯᠭᠠᠵᠤ᠂ ᠤᠯᠤᠰ ᠤᠨ ᠥᠮᠴᠢᠯᠡᠯ ᠤᠨ ᠭᠠᠵᠠᠷ ᠰᠢᠷᠦᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠶ ᠶᠢᠨ ᠶᠣᠰᠣᠭᠠᠷ ᠳᠠᠩᠰᠠᠯᠠᠬᠤ ᠬᠡᠰᠡᠭ ᠬᠤᠪᠢᠶᠠᠵᠤ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠤᠨ ᠵᠠᠭᠠᠭ ᠱᠣᠭᠤᠮ ᠤᠨ ᠪᠢᠲᠡᠭᠦᠮᠵᠢᠯᠡᠭᠰᠡᠨ ᠣᠯᠠᠨ ᠣᠷᠣᠨ ᠵᠠᠶ ᠶᠢ ᠳᠠᠩᠰᠠᠯᠠᠬᠤ  ᠬᠡᠰᠡᠭ ᠢ ᠲᠤᠰ ᠲᠤᠰ ᠬᠤᠪᠢᠶᠠᠷᠢᠯᠠᠨ ᠲᠣᠭᠲᠠᠭᠠᠨ᠎ᠠ᠃      5. ᠨᠤᠭᠤ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠨᠤᠭᠤ ᠭᠠᠵᠠᠷ ᠤᠨ ᠬᠠᠮᠢᠶᠠᠷᠤᠯᠲᠠ ᠶᠢᠨ ᠳᠡᠰ ᠵᠡᠷᠭᠡ ᠶᠣᠰᠣᠭᠠᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠲᠣᠰ ᠲᠣᠰ ᠡᠷᠬᠡ ᠶᠢ ᠨᠤᠲᠠᠯᠠᠨ ᠳᠠᠩᠰᠠᠯᠠᠵᠤ᠂ ᠲᠡᠷᠡᠴᠢᠯᠡᠨ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠪᠠ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠮᠢᠶᠠᠷᠴᠤ ᠪᠠᠶᠢᠭ᠎ᠠ ᠨᠤᠭᠤ ᠭᠠᠵᠠᠷ ᠲᠤ ᠡᠷᠬᠡ ᠶᠢ ᠨᠤᠲᠠᠯᠠᠨ ᠳᠠᠩᠰᠠᠯᠠᠬᠤ ᠬᠡᠷᠡᠭᠲᠡᠶ᠃ ᠠᠶᠢᠮᠠᠭ ᠬᠤᠲᠠ ᠠᠯᠤᠰᠯᠠᠭᠰᠠᠨ ᠨᠤᠭᠤ ᠭᠠᠵᠠᠷ ᠢ ᠥᠪᠡᠷᠲᠡᠭᠡᠨ ᠵᠠᠰᠠᠬᠤ ᠣᠷᠣᠨ ᠤ ᠵᠢᠭᠠᠨ ᠲᠣᠭᠲᠠᠭᠠᠭᠰᠠᠨ ᠬᠤᠲᠠ ᠶᠢᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠠᠴᠠ ᠭᠦᠶᠴᠡᠳᠬᠡᠵᠦ᠂ ᠬᠤᠰᠢᠭᠤ ᠰᠢᠶᠠᠨ ᠬᠤᠲᠠ ᠲᠣᠭᠤᠷᠢᠭ ᠠᠯᠤᠰᠯᠠᠭᠰᠠᠨ ᠨᠤᠭᠤ ᠭᠠᠵᠠᠷ ᠢ ᠬᠤᠲᠠ ᠰᠢᠭᠤᠳ ᠭᠦᠶᠴᠡᠳᠬᠡᠬᠦ ᠪᠤᠶᠤ ᠵᠢᠭᠠᠨ ᠲᠣᠭᠲᠠᠭᠠᠭᠰᠠᠨ ᠬᠤᠰᠢᠭᠤ ᠰᠢᠶᠠᠨ ᠬᠤᠲᠠ ᠲᠣᠭᠤᠷᠢᠭ ᠤᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠠᠴᠠ ᠭᠦᠶᠴᠡᠳᠬᠡᠨ᠎ᠡ᠃       ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠨᠤᠭᠤ ᠭᠠᠵᠠᠷ ᠤᠨ ᠡᠬᠢ ᠪᠠᠶᠠᠯᠢᠭ ᠤᠨ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠵᠠᠭᠠᠭ ᠤᠨ ᠶᠣᠰᠣᠭᠠᠷ ᠳᠠᠩᠰᠠᠯᠠᠨ ᠲᠡᠮᠳᠡᠭᠯᠡᠬᠦ ᠬᠡᠰᠡᠭ ᠢ ᠬᠤᠪᠢᠶᠠᠷᠢᠯᠠᠨ ᠲᠣᠭᠲᠠᠭᠠᠨ᠎ᠠ᠃ ᠭᠤᠤᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠵᠡᠷᠭᠡ ᠤᠰᠤᠨ ᠤᠷᠤᠰᠬᠠᠯ ᠤᠨ ᠬᠡᠪᠴᠢᠶᠡᠨ ᠳᠣᠲᠣᠷ᠎ᠠ ᠪᠠᠶᠢᠪᠠᠯ᠂ ᠨᠤᠭᠤ ᠭᠠᠵᠠᠷ ᠢ ᠳᠠᠩᠰᠠᠯᠠᠬᠤ ᠬᠡᠰᠡᠭ ᠠᠰ ᠲᠤᠨᠢ ᠬᠤᠪᠢᠶᠠᠷᠢᠯᠠᠬᠤ ᠥᠬᠡᠶ᠃      6. ᠬᠠᠶᠢᠨ ᠲᠣᠳᠣᠯᠠᠭᠰᠠᠨ ᠬᠠᠳᠠᠭᠠᠯᠠᠭᠳᠠᠴᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ ᠬᠠᠶᠢᠨ ᠳᠣᠲᠣᠯᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠪᠦᠷᠢᠳᠬᠡᠨ ᠳᠠᠩᠰᠠᠯᠠᠬᠤ ᠡᠷᠬᠡ ᠮᠡᠳᠡᠯ ᠤᠨ ᠶᠣᠰᠣᠭᠠᠷ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠡᠷᠬᠡ ᠶᠢ ᠨᠤᠲᠠᠯᠠᠨ ᠲᠣᠭᠲᠠᠭᠠᠵᠤ ᠳᠡᠩᠰᠡᠯᠡᠨ ᠲᠡᠮᠳᠡᠭᠯᠡᠨ᠎ᠡ᠃ ᠲᠡᠷᠡᠴᠢᠯᠡᠨ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠬᠠᠳᠠᠭᠠᠯᠠᠮᠵᠢ ᠶᠢᠨ ᠬᠡᠮᠵᠢᠶ᠎ᠡ ᠶᠢ ᠬᠠᠶᠢᠨ ᠲᠣᠳᠣᠯᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠨ᠎ᠠ᠃ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠳᠠᠩᠰᠠᠯᠠᠬᠤ ᠲᠡᠮᠳᠡᠭᠯᠡᠬᠦ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠤᠨ ᠤ ᠪᠠᠨ ᠳᠣᠲᠣᠷᠠᠬᠢ ᠲᠤᠰ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠬᠡᠷᠡᠭᠲᠡᠶ᠃      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠳᠠᠩᠰᠠᠯᠠᠬᠤ ᠬᠥᠮᠥᠷᠭᠡ ᠳᠤ ᠲᠦᠰᠢᠭᠯᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠵᠤ ᠪᠠᠶᠢᠭ᠎ᠠ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠪᠣᠯᠤᠨ ᠤᠯᠤᠰ ᠤᠨ ᠪᠡᠯᠡ ᠭᠠᠷᠭᠠᠵᠤ ᠠᠭᠤᠷᠬᠠᠢ ᠶᠢᠨ ᠭᠠᠷᠤᠯᠲᠠ ᠶᠢᠨ ᠭᠠᠵᠠᠷ ᠢ ᠢᠯᠭᠠᠷᠠᠭᠤᠯᠤᠨ ᠲᠣᠳᠣᠯᠠᠭᠰᠠᠨ ᠦᠷ᠎ᠡ ᠳ᠋ᠦᠩ ᠵᠡᠷᠭᠡ ᠲᠠᠢ ᠤᠶᠠᠯᠳᠤᠭᠤᠯᠤᠨ ᠳᠠᠩᠰᠠᠯᠠᠬᠤ   ᠬᠡᠰᠡᠭ ᠤᠨ ᠵᠠᠭᠠᠭ ᠱᠤᠭᠤᠮ ᠢ ᠬᠤᠪᠢᠶᠠᠷᠢᠯᠠᠨ ᠲᠣᠭᠲᠠᠭᠠᠨ᠎ᠠ᠃      7. ᠠᠲᠠᠷ ᠭᠠᠵᠠᠷ ︵ᠡᠯᠡᠰᠦᠨ ᠴᠥᠯ︶ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠡᠩᠰᠡᠯᠡᠬᠦ ᠶᠢ ᠥᠷᠨᠢᠭᠦᠯᠦᠨ᠎ᠡ᠃ ᠠᠲᠠᠷ ᠭᠠᠵᠠᠷ ︵ᠡᠯᠡᠰᠦᠨ ᠴᠥᠯ︶ ᠲᠤ ᠬᠠᠮᠢᠶᠠᠷᠤᠯᠲᠠ ᠶᠢᠨ ᠲᠠᠰ ᠶᠣᠰᠣᠭᠠᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠭᠤᠷᠪᠠᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠪᠠᠶᠢᠭᠤᠯᠤᠮᠵᠢ ᠲᠣᠰ ᠲᠣᠰ ᠡᠷᠬᠡ ᠶᠢ ᠨᠤᠲᠠᠯᠠᠨ ᠳᠡᠩᠰᠡᠯᠡᠵᠦ᠂ ᠲᠡᠷᠡᠴᠢᠯᠡᠨ ᠠᠷᠠᠳ ᠨᠡᠶᠢᠲᠡ ᠵᠢᠨ‌ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠥᠪ ᠤᠨ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠯ ᠤᠨ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠪᠠ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠲᠠᠷ ᠭᠠᠵᠠᠷ ︵ᠡᠯᠡᠰᠦᠨ ᠴᠥᠯ︶ ᠲᠤ ᠡᠷᠬᠡ ᠶᠢ ᠨᠤᠲᠠᠯᠠᠨ ᠳᠠᠩᠰᠠᠯᠠᠭᠤᠯᠬᠤ ᠬᠡᠷᠡᠭᠲᠡᠶ᠃ ᠠᠶᠢᠮᠠᠭ ᠬᠤᠲᠠ ᠠᠯᠤᠰᠯᠠᠭᠰᠠᠨ ᠠᠲᠠᠷ ᠭᠠᠵᠠᠷ ︵ᠡᠯᠡᠰᠦᠨ ᠴᠥᠯ︶ ᠢ ᠥᠪᠡᠷᠲᠡᠭᠡᠨ ᠵᠠᠰᠠᠬᠤ ᠣᠷᠣᠨ ᠤ ᠵᠢᠭᠠᠨ ᠲᠣᠭᠲᠠᠭᠠᠭᠰᠠᠨ ᠬᠤᠲᠠ ᠶᠢᠨ ᠳᠠᠩᠰᠠᠯᠠᠬᠤ ᠪᠠᠶᠢᠭᠤᠯᠤᠮᠵᠢ ᠠᠴᠠ ᠭᠦᠶᠴᠡᠳᠬᠡᠵᠦ᠂ ᠬᠤᠰᠢᠭᠤ ᠰᠢᠶᠠᠨ ᠬᠤᠲᠠ ᠲᠣᠭᠤᠷᠢᠭ ᠠᠯᠤᠰᠯᠠᠭᠰᠠᠨ ᠠᠲᠠᠷ ᠭᠠᠵᠠᠷ ︵ᠡᠯᠡᠰᠦᠨ ᠴᠥᠯ︶ ᠢ ᠬᠤᠲᠠ ᠰᠢᠭᠤᠳ ᠭᠦᠶᠴᠡᠳᠬᠡᠬᠦ ᠪᠤᠶᠤ ᠬᠤᠰᠢᠭᠤ ᠰᠢᠶᠠᠨ ᠬᠤᠲᠠ ᠲᠣᠭᠤᠷᠢᠭ ᠤᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢ ᠵᠢᠭᠠᠨ ᠲᠣᠭᠲᠠᠭᠠᠵᠤ ᠭᠦᠶᠴᠡᠳᠬᠡᠨ᠎ᠡ᠃       ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠭᠠᠵᠠᠷ ᠰᠢᠷᠣᠶ ᠶᠢᠨ ᠥᠮᠴᠢᠯᠡᠯ ᠤᠨ ᠡᠷᠬᠡ ᠪᠠᠷ ᠰᠠᠭᠤᠷᠢ ᠪᠣᠯᠭᠠᠵᠤ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠬᠠᠷᠢᠶ᠎ᠠ ᠶᠢᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠶ ᠶᠢᠨ ᠶᠣᠰᠣᠭᠠᠷ ᠳᠠᠩᠰᠠᠯᠠᠬᠤ ᠬᠡᠰᠡᠭ ᠢ ᠬᠤᠪᠢᠶᠠᠷᠢᠯᠠᠨ᠂ ᠲᠤᠰᠬᠠᠬᠤ ᠪᠠ ᠵᠠᠯᠭᠠᠯᠳᠤᠭᠰᠠᠨ ᠦᠭᠡᠢ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠬᠠᠷᠢᠶ᠎ᠠ ᠶᠢᠨ ᠵᠠᠭᠠᠭ ᠱᠤᠭᠤᠮ ᠤᠨ  ᠪᠢᠲᠡᠭᠦᠮᠵᠢᠯᠡᠭᠰᠡᠨ ᠣᠯᠠᠨ ᠣᠷᠣᠨ ᠵᠠᠶ ᠶᠢ ᠬᠤᠪᠢᠶᠠᠷᠢᠯᠠᠨ᠂ ᠳᠠᠩᠰᠠᠯᠠᠬᠤ  ᠬᠡᠰᠡᠭ ᠢ ᠲᠤᠰ ᠲᠤᠰ ᠵᠠᠭᠠᠭᠯᠠᠨ ᠲᠣᠭᠲᠠᠭᠠᠨ᠎ᠠ᠃       ᠳᠡᠭᠡᠷᠡᠬᠢ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠮᠠᠲ᠋ᠧᠷᠢᠶᠠᠯ ᠴᠤᠭᠯᠠᠭᠤᠯᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠵᠠᠭᠠᠭ ᠱᠤᠭᠤᠮ ᠢ ᠬᠢᠨᠠᠨ ᠬᠠᠷᠭᠤᠭᠤᠯᠬᠤ᠂ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠳᠤ ᠳᠤᠳᠤᠷᠬᠠᠶᠢᠯᠠᠭᠰᠠᠨ ᠬᠡᠷᠡᠭᠴᠡᠭᠡ᠂ ᠵᠠᠭᠠᠭᠯᠠᠨ ᠲᠣᠭᠲᠠᠭᠠᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠵᠠᠬᠢᠷᠤᠨ ᠬᠠᠮᠢᠶᠠᠷᠬᠤ ᠱᠠᠭᠠᠷᠳᠠᠯᠭ᠎ᠠ ᠵᠢᠴᠢ ᠪᠤᠰᠤᠳ ᠣᠨᠴᠠᠭᠠᠢ ᠬᠠᠮᠠᠭᠠᠯᠠᠯᠲᠠ ᠶᠢᠨ ᠲᠣᠭᠲᠠᠭᠠᠯ ᠪᠤᠶᠤ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠨ᠎ᠡ᠃ ᠪᠦᠬᠦ ᠬᠤᠲᠠ ᠶᠢᠨ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠲᠠᠢ ᠤᠶᠠᠯᠳᠤᠭᠤᠯᠤᠨ᠂ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠤᠰᠤᠨ ᠤᠷᠤᠰᠬᠠᠯ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠭᠤᠷᠪᠠᠨ ᠬᠡᠮᠵᠢᠯᠳᠦ ᠲᠠᠩᠰᠠᠯᠠᠯᠳᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠡᠷᠬᠡ ᠶᠢ ᠨᠤᠲᠠᠯᠠᠨ ᠳᠠᠩᠰᠠᠯᠠᠵᠤ ᠲᠡᠮᠳᠡᠭᠯᠡᠬᠦ ᠪᠠᠷ ᠳᠠᠮᠵᠢᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠪᠠᠶᠢᠷᠢ᠂ ᠣᠷᠣᠨ ᠵᠠᠶ ᠶᠢᠨ ᠬᠡᠪᠴᠢᠶ᠎ᠡ᠂ ᠲᠠᠯᠠᠪᠠᠢ᠂ ᠲᠤᠭ᠎ᠠ ᠬᠡᠮᠵᠢᠶ᠎ᠡ᠂ ᠶᠠᠰᠤ ᠴᠢᠨᠠᠷ ᠵᠡᠷᠭᠡ ᠪᠠᠶᠢᠭᠠᠯᠢ ᠶᠢᠨ ᠪᠠᠶᠢᠳᠠᠯ ᠵᠢᠴᠢ ᠥᠮᠴᠢᠯᠡᠯ ᠤᠨ ᠡᠷᠬᠡ ᠶᠢᠨ ᠭᠤᠤᠯ ᠴᠣᠭᠴᠠ᠂ ᠥᠮᠴᠢᠯᠡᠯ ᠤᠨ ᠡᠷᠬᠡ ᠶᠢ ᠣᠷᠣᠯᠠᠨ ᠬᠡᠷᠡᠭᠵᠢᠭᠦᠯᠬᠦ ᠭᠤᠤᠯ ᠴᠣᠭᠴᠠ ᠪᠠ ᠡᠷᠬᠡ ᠶᠢᠨ ᠠᠭᠤᠯᠭ᠎ᠠ ᠵᠡᠷᠭᠡ ᠡᠷᠬᠡ ᠶᠢᠨ ᠬᠠᠷᠢᠶᠠᠯᠠᠯ ᠤᠨ ᠪᠠᠶᠢᠳᠠᠯ ᠢ ᠲᠣᠳᠤᠷᠬᠠᠶᠢᠯᠠᠵᠤ᠂ ᠲᠡᠷᠡᠴᠢᠯᠡᠨ ᠤᠯᠠᠨ ᠨᠡᠶᠢᠲᠡ ᠶᠢᠨ ᠵᠠᠬᠢᠷᠤᠨ ᠬᠠᠮᠢᠶᠠᠷᠤᠯᠲᠠ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ  ᠵᠡᠷᠭᠡ ᠮᠡᠳᠡᠭᠡ ᠵᠠᠩᠭᠢ ᠲᠠᠢ ᠬᠤᠯᠪᠤᠭᠳᠠᠭᠤᠯᠤᠨ᠎ᠠ᠃ ᠳᠠᠩᠰᠠᠯᠠᠭᠤᠯᠤᠭᠰᠠᠨ ᠦᠷ᠎ᠡ ᠳ᠋ᠦᠩ ᠢ ᠦᠨᠳᠦᠰᠦᠯᠡᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢᠨ ᠦᠨᠡᠮᠯᠡᠯ ᠣᠯᠭᠤᠵᠤ ᠪᠣᠯᠬᠤ ᠪᠥᠭᠡᠳ ᠨᠡᠶᠢᠭᠡᠮ ᠳᠤ ᠢᠯᠡ ᠪᠣᠯᠭᠠᠨ᠎ᠠ᠃      8. ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠮᠡᠳᠡᠭᠡ ᠵᠠᠩᠬᠢᠵᠢᠯᠲᠠ ᠶᠢᠨ ᠬᠠᠮᠢᠶᠠᠷᠤᠯᠲᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠳᠤ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ ᠬᠡᠷᠡᠭᠯᠡᠵᠦ᠂ ᠨᠢᠭᠡᠳᠦᠯᠲᠡᠶ ᠪᠠᠷᠢᠮᠵᠢᠶ᠎ᠠ ᠶᠣᠰᠣᠭᠠᠷ ᠠᠵᠢᠯ ᠢᠶᠠᠨ ᠥᠷᠨᠢᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠰᠠᠭᠤᠷᠢ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠤᠯᠤᠭᠰᠠᠨ ᠦᠷ᠎ᠡ ᠪᠥᠲᠦᠭᠡᠯ ᠤᠨ ᠰᠤᠷᠠᠭ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠭᠦᠨ ᠤ ᠬᠠᠮᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ᠂ ᠤᠯᠤᠰ ᠤᠨ ᠭᠠᠵᠠᠷ ᠰᠢᠷᠦᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ᠂ ᠲᠤᠰᠬᠠᠶ ᠪᠠᠶᠢᠴᠠᠭᠠᠯᠲᠠ ᠶᠢᠨ ᠮᠡᠳᠡᠭᠡ ᠵᠠᠩᠭᠢ ᠯᠤᠭ᠎ᠠ ᠪᠥᠲᠦᠮᠵᠢᠲᠡᠢ ᠵᠣᠯᠭᠠᠭᠤᠯᠵᠤ᠂ ᠴᠠᠭ ᠲᠤᠬᠠᠶ ᠳᠤᠨᠢ  ᠬᠤᠯᠪᠤᠭᠳᠠᠭᠤᠯᠬᠤ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠶ ᠡᠪᠡᠰᠦ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠨ ᠴᠢᠩᠭᠠᠳᠬᠠᠨ᠎ᠠ᠃ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠ ᠬᠢᠨᠠᠵᠤ ᠬᠠᠮᠢᠶᠠᠷᠬᠤ ᠳᠤ ᠦᠶᠯᠡᠴᠢᠯᠡᠭᠡ ᠬᠠᠩᠭᠠᠨ᠎ᠠ᠃       ᠳᠥᠷᠪᠡ᠂ ᠲᠥᠯᠥᠪᠯᠡᠭᠡ ᠶᠢᠨ ᠲᠣᠬᠢᠷᠠᠭᠤᠯᠤᠯᠲᠠ      ︽ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ 2023 ᠣᠨ ᠠᠴᠠ ᠬᠤᠶᠢᠰᠢ᠂ ᠨᠥᠬᠦᠪᠥᠷᠢᠯᠡᠨ ᠲᠡᠭᠦᠯᠳᠡᠷᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠥᠪᠴᠢ ᠪᠥᠷᠬᠦᠭᠦᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠤᠲᠠ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠥᠰᠦᠯ᠂ ᠣᠨ ᠤ ᠠᠵᠢᠯ ᠤᠨ ᠲᠥᠯᠥᠪᠯᠡᠭᠡ ᠪᠠᠨ ᠬᠡᠷᠡᠭᠵᠢᠭᠦᠯᠬᠦ ᠲᠥᠰᠦᠯ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯ ᠬᠤᠪᠢᠶᠠᠨ ᠠᠬᠢᠭᠤᠯᠤᠨ᠎ᠠ᠃      ︵ᠨᠢᠭᠡ︶ 2020 ᠣᠨ ᠤ 1 ᠰᠠᠷ᠎ᠠ ᠠᠴᠠ 2020 ᠣᠨ ᠤ 8 ᠰᠠᠷ᠎ᠠ ᠪᠣᠯᠲᠠᠯ᠎ᠠ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠡᠬᠢᠯᠡᠭᠦᠯᠦᠨ᠎ᠡ᠃      1. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠥᠪ ᠤᠨ ᠵᠠᠰᠠᠭ ᠤᠨ ᠣᠷᠳᠣᠨ ᠠᠴᠠ ᠥᠮᠴᠢᠯᠡᠯ ᠤᠨ ᠡᠷᠬᠡ ᠪᠠᠨ ᠰᠢᠭᠤᠳ ᠬᠡᠷᠡᠭᠵᠢᠭᠦᠯᠬᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠂ ᠤᠰᠤᠨ ᠤᠷᠤᠰᠬᠠᠯ᠂ ᠨᠤᠭᠤ ᠭᠠᠵᠠᠷ᠂ ᠣᠢ ᠰᠢᠭᠤᠢ᠂ ᠨᠤᠲᠤᠭ ᠪᠡᠯᠴᠢᠭᠡᠷ᠂ ᠬᠠᠶᠢᠨ ᠲᠣᠳᠣᠯᠠᠭᠰᠠᠨ ᠬᠠᠳᠠᠭᠠᠯᠠᠭᠳᠠᠴᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠨ᠎ᠡ᠃      2.ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠢ ᠬᠠᠮᠵᠢᠯᠴᠠᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠣᠭᠲᠠᠭᠠᠭᠰᠠᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢᠨ ᠬᠠᠷᠢᠶ᠎ᠠ ᠶᠢ ᠪᠠᠶᠢᠴᠠᠭᠠᠬᠤ ᠵᠢᠱᠢᠶ᠎ᠡ ᠦᠵᠡᠭᠦᠯᠬᠦ ᠲᠣᠭᠤᠷᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠭᠤᠣᠯᠳᠠᠯᠭ᠎ᠠ ᠥᠷᠨᠢᠭᠦᠯᠦᠨ᠎ᠡ᠃       3.ᠬᠤᠲᠠ ᠶᠢᠨ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠵᠢᠯᠴᠠᠬᠤ ᠶᠢ ᠵᠣᠬᠢᠶᠠᠨ ᠪᠠᠶᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠳᠤ ᠨᠤᠲᠠᠯᠠᠨ ᠲᠣᠭᠲᠠᠭᠠᠵᠤ ᠳᠠᠩᠰᠠᠯᠠᠬᠤ ᠶᠡᠷᠦᠩᠬᠡᠢ ᠠᠵᠢᠯ ᠤᠨ ᠲᠥᠰᠦᠯ ᠢ ᠲᠣᠭᠲᠠᠭᠠᠵᠤ᠂ 2020 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ  ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠨ᠎ᠠ᠃ ᠶᠡᠷᠦᠩᠬᠡᠶ ᠠᠵᠢᠯ ᠤᠨ ᠲᠥᠰᠦᠯ ᠢ ᠦᠨᠳᠦᠰᠦᠯᠡᠪᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠣᠨ ᠤ ᠠᠵᠢᠯ ᠤᠨ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠣᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠬᠢᠯᠡᠭᠦᠯᠦᠨ᠎ᠡ᠃      4. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠶᠡᠷᠦᠩᠬᠡᠶ ᠠᠵᠢᠯ ᠤᠨ ᠲᠦᠰᠦᠯ ᠤᠨ ᠱᠠᠭᠠᠷᠳᠠᠯᠭ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠬᠤ ᠶᠢ ᠵᠣᠬᠢᠶᠠᠨ ᠪᠠᠶᠢᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠶᠡᠷᠦᠩᠬᠡᠢ ᠠᠵᠢᠯ ᠤᠨ ᠲᠥᠰᠦᠯ ᠢ ᠲᠣᠭᠲᠠᠭᠠᠵᠤ᠂ 2020 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ  ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠲᠠ ᠶᠢᠨ ᠪᠠᠶᠢᠭᠠᠯᠢ ᠶᠢᠨ ᠡᠬᠢ  ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠶᠡᠷᠦᠩᠬᠡᠶ ᠠᠵᠢᠯ ᠤᠨ ᠲᠥᠰᠦᠯ ᠢ ᠦᠨᠳᠦᠰᠦᠯᠡᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠤᠨ ᠠᠵᠢᠯ ᠤᠨ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠣᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠬᠢᠯᠡᠭᠦᠯᠦᠨ᠎ᠡ᠃     ︵ᠬᠤᠶᠠᠷ︶ 2020 ᠣᠨ ᠤ 9 ᠰᠠᠷ᠎ᠠ ᠠᠴᠠ 2022 ᠣᠨ ᠤ 12 ᠰᠠᠷ᠎ᠠ ᠪᠣᠯᠲᠠᠯ᠎ᠠ᠂ ᠪᠥᠬᠦ ᠬᠤᠲᠠ ᠶᠢᠨ ᠭᠤᠤᠯᠳᠠᠯᠭ᠎ᠠ ᠲᠠᠢ ᠣᠷᠣᠨ  ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃      1. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠥᠪ ᠤᠨ ᠵᠠᠰᠠᠭ ᠤᠨ ᠣᠷᠳᠣᠨ ᠠᠴᠠ ᠥᠮᠴᠢᠯᠡᠯ ᠤᠨ ᠡᠷᠬᠡ ᠪᠠᠨ ᠰᠢᠭᠤᠳ ᠬᠡᠷᠡᠭᠵᠢᠭᠦᠯᠬᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠤᠰᠤᠨ ᠤᠷᠤᠰᠬᠠᠯ᠂ ᠨᠤᠭᠤ ᠭᠠᠵᠠᠷ᠂ ᠣᠢ ᠰᠢᠭᠤᠶ᠂ ᠨᠤᠲᠤᠭ ᠪᠡᠯᠴᠢᠭᠡᠷ᠂ ᠬᠠᠶᠢᠨ ᠲᠣᠳᠣᠯᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ  ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠨ᠎ᠡ᠃      2.ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠢ ᠬᠠᠮᠵᠢᠯᠴᠠᠨ ᠴᠢᠬᠤᠯᠠ ᠪᠠᠶᠢᠭᠠᠯᠢ ᠶᠢᠨ ᠠᠮᠢ ᠠᠬᠤᠢ ᠶᠢᠨ ᠣᠷᠣᠨ ᠵᠠᠶ ᠪᠠ ᠭᠠᠭᠴᠠ ᠵᠦᠢᠯ ᠤᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠪᠦᠬᠦ ᠬᠤᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃ 2020 ᠣᠨ ᠳᠤ ᠭᠤᠤᠯᠳᠠᠭᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠵᠦ᠂ 2021 ᠣᠨ ᠳᠤ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠬᠠᠮᠢᠶᠠᠷᠴᠤ ᠪᠠᠶᠢᠭ᠎ᠠ ᠣᠶ ᠰᠢᠭᠤᠶ᠂ ᠨᠤᠲᠤᠭ ᠪᠡᠯᠴᠢᠭᠡᠷ᠂ ᠨᠡᠭᠦᠷᠡᠰᠦᠨ ᠤ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠡᠶᠡᠯᠡᠭᠦᠯᠵᠦ᠂ 2022 ᠣᠨ ᠳᠤ ᠭᠤᠤᠯᠳᠠᠭᠤ ᠬᠠᠶᠢᠨ ᠳᠣᠲᠣᠯᠠᠭᠰᠠᠨ ᠪᠤᠰᠤᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠡᠶᠡᠯᠡᠭᠦᠯᠦᠨ᠎ᠡ᠃      3.ᠬᠤᠲᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠪᠠ ᠲᠤᠰ ᠲᠥᠰᠦᠯ ᠢ ᠦᠨᠳᠦᠰᠦᠯᠡᠨ᠂ ᠪᠣᠳᠠᠲᠠᠶ ᠲᠠᠢ ᠤᠶᠠᠯᠳᠤᠭᠤᠯᠤᠨ ᠲᠤᠰ ᠭᠠᠵᠠᠷ ᠣᠷᠣᠨ ᠤ ᠪᠠᠨ ᠭᠤᠤᠯᠳᠠᠯᠭ᠎ᠠ ᠲᠠᠢ ᠣᠷᠣᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢᠨ ᠪᠠᠶᠢᠴᠠᠭᠠᠯᠲᠠ ᠵᠡᠷᠭᠡ ᠳᠠᠩᠰᠠ ᠳᠤ ᠲᠡᠮᠳᠡᠭᠯᠡᠬᠦ ᠠᠴᠠ ᠡᠮᠦᠨᠡᠬᠢ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠠᠷᠠᠳ ᠨᠡᠶᠢᠲᠡ ᠶᠢᠨ ᠥᠮᠴᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠪ ᠤᠨ ᠵᠠᠰᠠᠭ ᠤᠨ ᠣᠷᠳᠣᠨ ᠠᠴᠠ ᠥᠮᠴᠢᠯᠡᠬᠦ ᠡᠷᠬᠡ ᠪᠠᠨ ᠬᠡᠷᠡᠭᠵᠢᠭᠦᠯᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠶᠢᠳᠠᠵᠤ ᠥᠮᠴᠢᠯᠡᠬᠦ ᠡᠷᠬᠡ ᠪᠠᠨ ᠣᠷᠣᠯᠠᠨ ᠬᠡᠷᠡᠭᠵᠢᠭᠦᠯᠬᠦ ᠡᠬᠢ ᠪᠠᠶᠠᠯᠢᠭ ᠤᠨ ᠲᠣᠳᠣᠷᠬᠠᠶ ᠬᠠᠭᠤᠳᠠᠰᠤ ᠶᠢ ᠨᠡᠶᠢᠲᠡᠯᠡᠭᠰᠡᠨ ᠤ ᠳᠠᠷᠠᠭ᠎ᠠ᠂ ᠲᠠᠬᠢᠵᠦ ᠳᠠᠩᠰᠠᠯᠠᠭᠤᠯᠬᠤ ᠬᠠᠷᠢᠶᠠᠯᠠᠯ ᠤᠨ ᠡᠷᠬᠡ ᠪᠦᠬᠦᠢ ᠳᠠᠩᠰᠠᠯᠠᠬᠤ ᠪᠠᠶᠢᠭᠤᠯᠤᠮᠵᠢ ᠠᠴᠠ ᠲᠡᠮᠳᠡᠭᠯᠡᠨ᠎ᠡ᠃      ︵ᠭᠤᠷᠪᠠ︶ 2023 ᠣᠨ ᠵᠢᠴᠢ ᠲᠡᠭᠦᠨ ᠠᠴᠠ ᠬᠤᠶᠢᠰᠢ᠂ ᠭᠤᠤᠯᠳᠠᠯᠭ᠎ᠠ ᠲᠠᠢ ᠪᠤᠰᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠬᠢᠯᠡᠭᠦᠯᠦᠨ᠎ᠡ᠃ ᠪᠦᠬᠦ ᠬᠤᠲᠠ ᠶᠢᠨ ᠭᠤᠣᠯᠳᠠᠯᠭ᠎ᠠ ᠲᠠᠢ ᠣᠷᠣᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠪᠤᠰᠤ ᠣᠷᠣᠨ ᠪᠦᠰᠡ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠴᠠᠭ ᠲᠤᠨᠢ ᠲᠤᠬᠢᠷᠠᠭᠤᠯᠤᠨ ᠡᠬᠢᠯᠡᠭᠦᠯᠵᠦ᠂ ᠬᠠᠮᠤᠭ ᠡᠴᠦᠰ ᠲᠤ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠥᠪᠴᠢ ᠪᠥᠷᠬᠦᠭᠦᠯᠲᠡ ᠶᠢ ᠪᠡᠶᠡᠯᠡᠭᠦᠯᠦᠨ᠎ᠡ᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ  ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠵᠠᠷᠤᠳᠠᠯ ᠢ ᠪᠠᠲᠤᠯᠠᠵᠤ᠂ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠢ ᠳᠤ ᠨᠤᠲᠠᠯᠠᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠠᠵᠢᠯ ᠤᠨ ᠳᠣᠮᠳᠠᠬᠢ ᠴᠢᠬᠤᠯᠠ ᠠᠰᠠᠭᠤᠳᠠᠯ ᠤᠨ ᠲᠤᠬᠠᠢ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠴᠤ ᠵᠣᠬᠢᠴᠠᠩᠭᠤᠶ ᠠᠵᠢᠯ ᠤᠨ ᠵᠣᠬᠢᠴᠠᠭᠤᠯᠬᠤ ᠲᠣᠭᠲᠠᠴᠠ ᠪᠠᠶᠢᠭᠤᠯᠵᠤ᠂ ᠲᠣᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠨᠢᠭᠡᠳᠦᠯᠲᠡᠢ ᠤᠳᠤᠷᠢᠳᠴᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠭᠠᠵᠠᠷ ᠣᠷᠣᠨ ᠤ ᠶᠡᠷᠦᠩᠬᠡᠶ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠲᠤᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠣᠨ ᠤ ᠠᠵᠢᠯ ᠤᠨ ᠲᠥᠯᠥᠪᠯᠡᠭᠡ ᠪᠠ ᠣᠨ ᠤ ᠬᠡᠷᠡᠭᠵᠢᠭᠦᠯᠬᠦ ᠲᠥᠰᠦᠯ ᠢ ᠵᠥᠪᠰᠢᠶᠡᠷᠡᠨ ᠬᠡᠷᠡᠭᠵᠢᠭᠦᠯᠦᠨ᠎ᠡ᠃       ︵ᠬᠤᠶᠠᠷ︶ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠪᠣᠳᠠᠲᠠᠶ ᠳᠠᠩᠰᠠᠯᠠᠨ ᠲᠡᠮᠳᠡᠭᠯᠡᠬᠦ ᠠᠵᠢᠯ ᠢ ᠬᠤᠲᠠ ᠶᠢᠨ ᠱᠠᠲᠤ ᠵᠢᠴᠢ ᠲᠡᠭᠦᠨ ᠠᠴᠠ ᠳᠣᠷᠣᠭᠰᠢᠬᠢ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠠᠴᠠ ᠭᠦᠶᠴᠡᠳᠬᠡᠨ᠎ᠡ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠤᠭᠳᠠᠯ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠣᠨ ᠬᠤᠪᠢᠶᠠᠵᠤ᠂ ᠣᠷᠣᠨ ᠪᠦᠰᠡ ᠬᠤᠪᠢᠶᠠᠨ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠡᠮᠬᠢ ᠵᠢᠷᠤᠮ ᠲᠠᠢ ᠪᠠᠷ ᠠᠵᠢᠯ ᠢᠶᠠᠨ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ ᠰᠠᠯᠠᠭ᠎ᠠ ᠮᠥᠴᠢᠷ ᠤᠨ ᠵᠣᠬᠢᠴᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠶᠢ ᠥᠷᠨᠢᠭᠦᠯᠵᠦ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠬᠢᠴᠠ ᠪᠠ ᠠᠵᠢᠯ ᠤᠨ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠬᠠᠷᠢᠭᠤ ᠮᠡᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠶᠣᠰᠤᠭᠠᠷ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠵᠠᠷᠤᠳᠠᠯ ᠤᠨ ᠪᠠᠲᠤᠯᠠᠭᠠᠨ ᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠢᠶ᠎ᠠ ᠪᠦᠬᠦᠢ ᠮᠠᠲ᠋ᠧᠷᠢᠶᠠᠯ ᠢ ᠬᠠᠷᠢᠭᠤᠴᠠᠨ ᠬᠠᠩᠭᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠬᠡᠷᠡᠭᠵᠢᠭᠦᠯᠬᠦ ᠲᠥᠰᠦᠯ ᠲᠣᠭᠲᠠᠭᠠᠵᠤ᠂ ᠲᠤᠰ ᠠᠵᠢᠯ ᠲᠥᠷᠥᠯ ᠤᠨ ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠤᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠢ ᠬᠠᠪᠰᠤᠷᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠳᠤᠮᠳᠠᠬᠢ ᠵᠦᠷᠢᠴᠡᠯ ᠪᠣᠯᠤᠨ ᠵᠢᠭᠤᠷᠠᠯᠳᠤᠭᠠᠨ ᠢ ᠰᠢᠢᠳᠪᠦᠷᠢᠯᠡᠵᠦ᠂ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠵᠤ ᠨᠤᠲᠠᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠬᠠᠮᠵᠢᠯᠴᠠᠨ ᠪᠡᠶᠡᠯᠡᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ ᠵᠢᠨ‌ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠲᠣᠭᠲᠠᠭᠠᠵᠤ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠲᠥᠷᠥᠯ ᠤᠨ ᠵᠢᠭᠤᠷᠠᠯᠳᠤᠭᠠᠨ ᠪᠠ ᠵᠥᠷᠢᠴᠡᠯ ᠢ ᠡᠶᠡᠳᠡᠭᠦᠯᠦᠨ ᠰᠢᠶᠳᠪᠦᠷᠢᠯᠡᠨ᠎ᠡ᠃        ︵ᠭᠤᠷᠪᠠ︶ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠡᠳ᠋ ᠤᠨ ᠵᠠᠰᠠᠭ᠂ ᠣᠢ ᠰᠢᠭᠤᠶ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠨᠢᠭᠡᠨᠲᠡ ᠪᠠᠶᠢᠭ᠎ᠠ ᠰᠠᠭᠤᠷᠢ ᠮᠠᠲ᠋ᠧᠷᠢᠶᠠᠯ ᠢ ᠭᠦᠶᠴᠡᠳ ᠠᠰᠢᠭᠯᠠᠵᠤ᠂ ᠣᠳᠣ ᠪᠠᠶᠢᠭ᠎ᠠ ᠮᠠᠲ᠋ᠧᠷᠢᠶᠠᠯ ᠨᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠶ ᠪᠣᠯ ᠰᠢᠶᠳᠪᠦᠷᠢᠯᠡᠬᠦ ᠠᠷᠭ᠎ᠠ ᠶᠢ ᠢᠳᠡᠪᠬᠢᠲᠡᠶ ᠪᠠᠷ ᠰᠤᠳᠤᠯᠵᠤ᠂ ᠴᠢᠬᠤᠯᠠᠲᠠᠶ ᠦᠶ᠎ᠡ ᠳᠤ ᠨᠥᠬᠦᠪᠥᠷᠢᠯᠡᠬᠦ ᠴᠢᠨᠠᠷᠲᠠᠶ ᠪᠠᠶᠢᠴᠠᠭᠠᠯᠲᠠ ᠬᠢᠵᠦ᠂ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ  ᠪᠠᠲᠤᠯᠠᠨ᠎ᠠ᠃        ︵ᠳᠥᠷᠪᠡ︶ ᠶᠠᠰᠤ ᠴᠢᠨᠠᠷ ᠢ ᠬᠢᠨᠠᠨ ᠬᠠᠷᠭᠤᠭᠤᠯᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠤᠲᠠᠯᠠᠨ ᠳᠠᠩᠰᠠᠯᠠᠬᠤ ᠪᠠᠶᠢᠭᠤᠯᠤᠮᠵᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠬᠡᠷᠡᠭᠴᠡᠭᠡ᠂ ᠬᠤᠪᠢᠶᠠᠷᠢᠯᠠᠨ ᠲᠣᠭᠲᠠᠭᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠵᠠᠬᠢᠷᠤᠨ ᠬᠠᠮᠢᠶᠠᠷᠬᠤ ᠱᠠᠭᠠᠷᠳᠠᠯᠭ᠎ᠠ ᠪᠤᠶᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠲᠠᠢ ᠤᠶᠠᠯᠳᠤᠭᠤᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠦᠷ᠎ᠡ ᠪᠥᠲᠦᠭᠡᠯ᠂ ᠳᠠᠩᠰᠠᠯᠠᠬᠤ ᠮᠠᠲ᠋ᠧᠷᠢᠶᠠᠯ᠂ ᠳᠠᠩᠰᠠᠯᠠᠬᠤ ᠳᠡᠰ ᠳᠠᠷᠠᠭᠠᠯᠠᠯ ᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠪᠠ ᠪᠠᠶᠢᠴᠠᠭᠠᠬᠤ ᠶᠢ ᠴᠢᠩᠭᠠᠳᠬᠠᠨ᠎ᠠ᠃ ᠬᠠᠮᠲᠤ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠳᠤ ᠬᠤᠪᠢᠷᠠᠯᠲᠠ ᠭᠠᠷᠤᠭᠰᠠᠨ ᠪᠠᠶᠢᠪᠠᠯ᠂ ᠬᠠᠮᠲᠤ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠴᠠᠭ ᠲᠤᠨᠢ ᠲᠤᠬᠢᠷᠠᠭᠤᠯᠤᠨ ᠰᠢᠨᠡᠳᠬᠡᠵᠦ᠂ ᠰᠠᠭᠤᠷᠢ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠥᠭᠡᠳ ᠪᠤᠰᠤᠳᠴᠢ ᠪᠠᠶᠢᠬᠤ ᠶᠢ ᠦᠨᠡᠨᠬᠦ  ᠪᠠᠲᠤᠯᠠᠨ᠎ᠠ᠃       ︵ᠲᠠᠪᠤ︶ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠠᠵᠢᠯ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠠᠴᠠ ᠠᠵᠢᠯ ᠤᠨ ᠡᠭᠦᠷᠭᠡ ᠶᠣᠰᠣᠭᠠᠷ ᠲᠣᠰ ᠲᠣᠰ ᠡᠭᠦᠷᠭᠡᠯᠡᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠵᠢᠯ ᠤᠨ ᠲᠥᠯᠥᠪᠯᠡᠭᠡ ᠶᠣᠰᠣᠭᠠᠷ ᠠᠵᠢᠯ ᠤᠨ ᠵᠠᠷᠤᠳᠠᠯ ᠢ ᠨᠢᠭᠡᠳᠦᠯᠲᠡᠶ ᠲᠣᠬᠢᠷᠠᠭᠤᠯᠵᠤ᠂ ᠠᠵᠢᠯ ᠤᠨ ᠵᠠᠷᠤᠳᠠᠯ ᠢ ᠴᠠᠭ ᠲᠤᠬᠠᠶ ᠳᠤᠨᠢ᠂ ᠭᠦᠶᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠦᠲᠦᠮᠵᠢᠲᠡᠶ ᠥᠷᠨᠢᠭᠦᠯᠬᠦ ᠶᠢ ᠪᠠᠲᠤᠯᠠᠨ᠎ᠠ᠃       ︵ᠵᠢᠷᠭᠤᠭ᠎ᠠ︶ ᠤᠬᠠᠭᠤᠯᠭ᠎ᠠ ᠪᠣᠯᠪᠠᠰᠤᠷᠠᠭᠤᠯᠤᠯ ᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠶᠯ ᠤᠨ ᠵᠠᠭᠤᠴᠢᠯᠠᠭᠤᠷ ᠢ ᠭᠦᠶᠴᠡᠳ ᠠᠰᠢᠭᠯᠠᠵᠤ᠂ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠶᠢᠨ ᠴᠢᠬᠤᠯᠠ ᠠᠴᠢ ᠬᠤᠯᠪᠣᠭᠳᠠᠯ᠂ ᠠᠵᠢᠯ ᠤᠨ ᠱᠠᠭᠠᠷᠳᠠᠯᠭ᠎ᠠ᠂ ᠠᠵᠢᠯ ᠤᠨ ᠠᠬᠢᠴᠠ ᠪᠣᠯᠤᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠲᠤ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠤᠨ ᠲᠤᠷᠰᠢᠯᠭ᠎ᠠ ᠰᠣᠯᠢᠯᠴᠠᠭ᠎ᠠ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠲᠤᠰᠬᠠᠶ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃                                                           ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     2020 ᠣᠨ ᠤ 08 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2