1 — 3 ᠳ᠋ᠤᠭᠠᠷ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 116.7 ᠳ᠋ᠦᠩᠰᠢᠭᠤᠷ  ᠺᠢᠯᠣᠸᠠᠲ ᠴᠠᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/4/21
      ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 3 ᠰᠠᠷ᠎ᠠ ᠶᠢᠨ ᠰᠡᠬᠦᠯᠴᠢ ᠪᠣᠯᠲᠠᠯ᠎ᠠ᠂  ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ  ᠭᠠᠷᠭᠠᠭᠰᠠᠨ ᠬᠡᠮᠵᠢᠶ᠎ᠡ ᠨᠡᠶᠢᠲᠡ 116.7 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ  ᠬᠤᠭᠤᠴᠠᠭᠠᠨ ᠤ ᠬᠢ ᠠᠴᠠ 7.1% ᠪᠠᠷ ᠪᠠᠭᠤᠷᠠᠪᠠ᠃ 3 ᠰᠠᠷ᠎ᠠ ᠶᠢᠨ ᠲᠣᠰ ᠰᠠᠷ᠎ᠠ ᠳᠤ 41.5 ᠳ᠋ᠦᠩᠰᠢᠭᠤᠷ  ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠪᠠᠭᠤᠷᠠᠪᠠ᠃ ᠡᠨᠡ ᠵᠢᠯ ᠤᠨ 1-3 ᠰᠠᠷ᠎ᠠ ᠳᠤ ᠳᠡᠭᠡᠭᠰᠢ ᠮᠡᠳᠡᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ  ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶᠡᠨ ᠤ ᠲᠤᠭ᠎ᠠ ᠪᠠᠷᠢᠮᠲᠠ ᠶᠢᠨ ᠵᠠᠳᠠᠯᠤᠯᠲᠠ ᠠᠴᠠ ᠦᠵᠡᠪᠡᠯ᠂ ᠮᠠᠨ ᠤ  ᠬᠤᠲᠠ ᠶᠢᠨ ᠴᠠᠬᠢᠯᠭᠠᠨ ᠭᠠᠷᠭᠠᠬᠤ ᠠᠵᠢᠯ ᠲᠥᠷᠥᠯ ᠳᠤ ᠳᠣᠣᠷᠠᠬᠢ ᠮᠡᠲᠦ ᠣᠨᠴᠠᠯᠢᠭ ᠲᠠᠢ᠄           ᠨᠢᠭᠡ᠂ 1 — 3 ᠳ᠋ᠤᠭᠠᠷ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠶᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ  84.9 ᠳ᠋ᠦᠩᠰᠢᠭᠤᠷ ᠺᠢᠯᠣᠸᠠᠲ ᠴᠠᠭ ︵ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 72.7%   ᠶᠢ ᠡᠵᠡᠯᠡᠨ᠎ᠠ︶  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.6% ᠪᠠᠷ ᠪᠠᠭᠤᠷᠠᠪᠠ᠃ ᠡᠭᠦᠨ ᠳᠤ᠂ 3 ᠰᠠᠷ᠎ᠠ ᠳᠤ ᠪᠥᠬᠦ  ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ  ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 27.3 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ  ᠬᠤᠭᠤᠴᠠᠭᠠᠨ ᠤ ᠬᠢ ᠠᠴᠠ 12% ᠪᠠᠷ ᠪᠠᠭᠤᠷᠠᠪᠠ᠃           ᠬᠤᠶᠠᠷ᠂ 1 — 3 ᠳ᠋ᠤᠭᠠᠷ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠶᠯᠡᠳᠪᠦᠷᠢ ᠶᠢᠨ ᠠᠵᠤ ᠠᠬᠤᠶᠢᠯᠠᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 28. 8 ᠳ᠋ᠦᠩᠰᠢᠭᠤᠷ ᠺᠢᠯᠣᠸᠠᠲ ᠴᠠᠭ ︵ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ  ᠠᠵᠤ ᠠᠬᠤᠶᠢᠯᠠᠯ ᠤᠨ ᠶᠡᠷᠦᠩᠭᠡᠢ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 24.7% ᠶᠢ ᠡᠵᠡᠯᠡᠨ᠎ᠠ︶ ᠪᠠᠶᠢᠵᠤ᠂  ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠡᠭᠦᠨ ᠳᠤ᠂ 3 ᠰᠠᠷ᠎ᠠ ᠶᠢᠨ ᠲᠣᠰ ᠰᠠᠷ᠎ᠠ ᠳᠤ  ᠴᠠᠬᠢᠯᠭᠠᠨ ᠭᠠᠷᠭᠠᠭᠰᠠᠨ ᠬᠡᠮᠵᠢᠶ᠎ᠡ 13 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ  ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ᠃           ᠭᠤᠷᠪᠠ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ  ᠪᠠᠭᠤᠷᠠᠪᠠ᠃ 1 — 3 ᠳ᠋ᠤᠭᠠᠷ ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠶᠯᠡᠳᠪᠦᠷᠢ ᠶᠢᠨ ᠠᠵᠤ ᠠᠬᠤᠶᠢᠯᠠᠯ ᠨᠡᠷᠡᠨ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠶᠢ ᠨᠡᠶᠢᠲᠡ 3.1  ᠳ᠋ᠦᠩᠰᠢᠭᠤᠷ ᠺᠢᠯᠣᠸᠠᠲ ᠴᠠᠭ ︵ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ  ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶᠠᠨ ᠤ 2.6%   ᠶᠢ ᠡᠵᠡᠯᠡᠨ᠎ᠡ︶ ᠪᠡᠶᠡᠯᠡᠭᠦᠯᠪᠡ᠃ ᠡᠭᠦᠨ ᠳᠤ  ᠂ 3 ᠰᠠᠷ᠎ᠠ ᠶᠢᠨ ᠲᠣᠰ ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1.2 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠪᠠ᠃                        ᠵᠣᠬᠢᠶᠠᠭᠴᠢ᠄ ᠰᠢᠤᠸᠠᠢ ᠴᠢᠶᠠᠩ   ᠯᠢᠦ ᠱᠧᠩ ᠴᠢᠩ                                          ᠤᠷᠴᠢᠭᠤᠯᠤᠭᠴᠢ᠄ ᠢᠷᠭᠤᠢ                                            ᠬᠢᠨᠠᠭᠴᠢ᠄ ᠬᠡᠷᠡᠯᠳᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2