— 2020 ᠣᠨ ᠤ 4 ᠰᠠᠷ᠎ᠠ ᠶᠢᠨ 27 ᠤ ᠡᠳᠦᠷ ᠤᠯᠠᠭᠠᠨᠴᠠᠪ ᠬᠤᠲᠠ ᠶᠢᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠳᠡᠭᠡᠷ᠎ᠡ | | | | ᠬᠤᠲᠠ ᠶᠢᠨ ᠳᠠᠷᠤᠭ᠎ᠠ ᠹᠸᠢ ᠳ᠋ᠦᠩ ᠪᠢᠨ | | | ᠲᠥᠯᠥᠭᠡᠯᠡᠭᠴᠢᠳ ᠡ᠄ | ᠣᠳᠣ ᠪᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠮᠦᠨᠴᠦ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ᠂ ᠪᠠᠰᠠ ᠴᠤ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠪᠥᠬᠦ ᠬᠤᠲᠠ ᠶᠢᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠤᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨ ᠠᠳᠬᠤᠨ ᠪᠣᠳᠠᠲᠠᠶ ᠠᠵᠢᠯᠯᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ | ᠢᠯᠡᠷᠡᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ 808.4 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠤᠯᠬᠤ ᠱᠠᠭᠠᠷᠳᠠᠯᠭ᠎ᠠ ᠶᠢᠨ ᠠᠳᠠᠯᠢ ᠬᠤᠭᠤᠴᠠᠭᠠᠨ ᠤ ᠬᠢ ᠠᠴᠠ 6. | 2% ᠪᠠᠷ ᠨᠡᠮᠡᠭᠳᠡᠪᠡ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 49.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 275.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ | ᠤ ᠠᠴᠠ 5.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ | ᠲᠤᠭ᠎ᠠ 385.8 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ | ᠨᠡᠮᠡᠭᠳᠡᠪᠡ︔ ᠬᠤᠲᠠ ᠪᠠᠯᠭᠠᠰᠤᠨ ᠤ 1.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 3.9% ᠳᠤᠳᠤᠷ᠎ᠠ ᠬᠢᠵᠠᠭᠠᠷᠯᠠᠪᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ | 33042 ᠲᠥᠭᠦᠷᠢᠭ ᠪᠠ 11971 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ | 6.6% ᠪᠠ 11.2% ᠪᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ | ᠨᠢᠭᠡ ᠵᠢᠯ ᠤᠨ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠥᠷᠢᠯᠡᠬᠦ ᠪᠠ ᠠᠯᠤᠰ ᠬᠡᠲᠦ ᠶᠢ ᠪᠣᠳᠣᠯᠬᠢᠯᠠᠬᠤ ᠶᠢ | ᠵᠡᠷᠭᠡᠪᠡᠷ ᠴᠢᠬᠤᠯᠠᠴᠢᠯᠠᠨ ᠪᠠᠷᠢᠮᠲᠠᠯᠠᠵᠤ᠂ ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠳᠤᠭᠠᠨ ᠳᠤ ᠰᠢᠨ᠎ᠡ ᠦᠷ᠎ᠡ | ᠪᠦᠲᠦᠮᠵᠢ ᠤᠯᠪᠠ᠃ ︽ᠲᠡᠷᠡ ᠲᠤᠤᠷ᠎ᠠ ᠨᠢ ᠦᠭᠡᠷᠡᠴᠢᠯᠡᠬᠦ︾ ᠪᠤᠯᠤᠨ ︽ᠤᠷᠲᠤ ᠬᠤᠭᠤᠴᠠᠭ᠎ᠠ ᠪᠠᠷ ᠪᠠᠶᠢᠭᠤᠯᠬᠤ︾ | ᠲᠠᠢ ᠤᠶᠠᠯᠳᠤᠭᠤᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠦᠭᠭᠦ᠂ ᠠᠯᠳᠠᠭ᠎ᠠ ᠪᠤᠷᠤᠭᠤ ᠭᠠᠷᠬᠤ ᠶᠢ | ᠬᠤᠷᠢᠭᠯᠠᠬᠤ ᠶᠢᠨ ᠬᠠᠮᠲᠤ᠂ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠬᠦᠯᠵᠦ᠂ ᠬᠦᠭᠵᠢᠯᠲᠠ ᠶᠢᠨ | ᠳᠠᠪᠠᠭᠤᠯᠢᠭ ᠲᠠᠯ᠎ᠠ ᠶᠢ ᠶᠡᠬᠡᠳᠭᠡᠪᠡ᠃ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠡᠵᠡᠮᠳᠡᠪᠡ᠃ | ᠵᠠᠰᠠᠭ ᠤᠨ ᠣᠷᠳᠣᠨ ᠲᠦᠷᠦᠭᠦᠯᠡᠨ ︽ᠠᠷᠪᠢᠴᠢ ᠠᠮᠢᠳᠤᠷᠠᠯ︾ ᠢ ᠦᠩᠭᠡᠷᠡᠭᠦᠯᠵᠦ᠂ ᠡᠩ ᠤᠨ ᠴᠢᠨᠠᠷᠲᠠᠢ | ᠵᠠᠷᠤᠯᠭ᠎ᠠ ᠶᠢ 26.2% ᠢᠶᠠᠷ ᠪᠠᠭᠠᠰᠬᠠᠵᠤ᠂ ︽ᠭᠤᠷᠪᠠᠨ ᠠᠯᠪᠠᠨ ᠵᠠᠷᠤᠳᠠᠯ︾ ᠢ14.6% ᠪᠠᠷ ᠪᠠᠭᠠᠰᠬᠠᠵᠦ᠂ | ᠡᠳ᠋ ᠬᠥᠷᠥᠩᠭᠡ ᠪᠠᠷ ᠲᠤᠯᠭᠠᠨ ᠤᠷᠤᠭᠤᠯᠬᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠵᠡᠷᠭᠡ | ᠶᠡᠷᠦᠩᠬᠡᠶᠢᠯᠡᠭᠰᠡᠨ ᠴᠢᠨᠠᠷᠲᠠᠶ ᠠᠷᠭ᠎ᠠ ᠬᠡᠮᠵᠢᠶ᠎ᠡ ᠠᠪᠴᠤ᠂ ᠳᠠᠯᠳᠠ ᠥᠭᠴᠡᠭᠡ ᠶᠢ ᠰᠢᠢᠳᠪᠦᠷᠢᠯᠡᠬᠦ ᠤᠨ ᠤ ᠡᠭᠦᠷᠭᠡ ᠶᠢ | ᠪᠡᠶᠡᠯᠡᠭᠦᠯᠪᠠ ᠃ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠷᠭᠤᠭᠤᠯᠬᠤ | ᠪᠣᠭᠤᠮᠲᠠ ᠶᠢ ᠴᠢᠩᠭ᠎ᠠ ᠡᠵᠡᠮᠳᠡᠵᠦ᠂ ᠳᠠᠯᠳᠠ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠪᠠ᠃ | ᠪᠠᠯᠠ ᠲᠣᠬᠢᠷᠠᠭᠤᠯᠭ᠎ᠠ ᠶᠢᠨ ᠲᠠᠪᠴᠠᠩ ᠤᠨ ᠺᠣᠮᠫᠠᠨᠢ ᠶᠢᠨ ᠮᠥᠩᠭᠦᠨ ᠬᠦᠢᠯᠭᠡᠭᠡᠨ ᠤ ᠲᠥᠷᠥᠯ ᠤᠨ ᠥᠷᠢ | ᠥᠭᠴᠡᠭᠡ ᠶᠢ ᠨᠢᠭᠡᠳᠦᠯᠲᠡᠶ ᠲᠥᠯᠥᠪᠯᠡᠵᠦ᠂ ᠬᠤᠭᠤᠴᠠᠭ᠎ᠠ ᠲᠤᠯᠤᠭᠰᠠᠨ ᠥᠷᠢ ᠥᠭᠴᠡᠭᠡ ᠶᠢᠨ ᠲᠦᠭᠰᠢᠭᠦᠷᠢ ᠶᠢ | ᠬᠤᠶᠢᠰᠢᠯᠠᠭᠤᠯᠤᠨ ᠰᠤᠯᠠᠯᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ | ᠵᠣᠭᠤᠰ ᠢ 55.82 ᠳ᠋ᠦᠩᠰᠢᠭᠤᠷ ᠲᠦᠬᠦᠷᠢᠭ ᠠᠷᠢᠯᠭᠠᠪᠠ᠃ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠠᠶᠤᠯ | ᠲᠦᠭᠰᠢᠭᠦᠷᠢ ᠶᠢ ᠢᠳᠡᠪᠬᠢᠲᠡᠶ ᠪᠠᠷ ᠰᠡᠷᠭᠡᠶᠢᠯᠡᠨ ᠡᠵᠡᠮᠳᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ | ᠴᠢᠩᠭ᠎ᠠ ᠴᠣᠬᠢᠯᠲᠠ ᠥᠭᠴᠦ᠂ ᠨᠡᠶᠢᠳᠡ 26.83 ᠳ᠋ᠦᠩᠰᠢᠭᠤᠷ ᠲᠥᠭᠦᠷᠢᠭ ᠤᠨ ᠡᠷᠡᠭᠦᠯ ᠪᠤᠰᠤ ᠵᠢᠭᠡᠯᠡᠯᠭᠡ ᠶᠢ | ᠠᠷᠢᠯᠭᠠᠵᠤ᠂ 3 ᠮᠦᠩᠬᠦᠨ ᠬᠦᠢᠯᠭᠡᠭᠡᠨ ᠤ ᠪᠠᠶᠢᠭᠤᠯᠤᠮᠵᠢ ᠨᠢ ᠲᠦᠭᠰᠢᠭᠦᠷᠢ ᠶᠡᠬᠡᠲᠡᠶ ᠨᠡᠷᠡᠰ ᠠᠴᠠ ᠤᠬᠤᠷᠢᠨ ᠭᠠᠷᠪᠠ | ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠰᠢᠢᠳᠪᠦᠷᠢᠯᠡᠬᠦ ᠴᠢᠨᠠᠷᠳᠠᠢ ᠠᠬᠢᠯᠳᠠ ᠲᠠᠢ ᠪᠤᠯᠪᠠ | ᠃ ᠲᠥᠪ ᠤᠨ ᠲᠣᠭᠤᠷᠢᠨ ᠪᠠᠶᠢᠴᠠᠭᠠᠯᠲᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ | ᠰᠢᠯᠭᠠᠬᠤ ᠵᠢᠴᠢ ᠤᠳᠠᠭ᠎ᠠ ᠪᠦᠷᠢ ᠶᠢᠨ ᠰᠢᠮᠳᠠᠭᠤᠯᠤᠨ ᠪᠠᠶᠢᠴᠠᠭᠠᠯᠲᠠ ᠵᠡᠷᠭᠡ ᠡᠯ᠎ᠡ ᠲᠥᠷᠥᠯ ᠤᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠬᠤ ᠴᠡᠭ ᠪᠣᠯᠭᠠᠵᠤ᠂ ᠡᠯ᠎ᠡ ᠱᠠᠲᠤ ᠡᠯ᠎ᠡ | ᠰᠠᠯᠠᠭ᠎ᠠ ᠮᠥᠴᠢᠷ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ | ᠂ ᠨᠡᠶᠢᠭᠡᠮ ᠤᠨ ᠡᠯ᠎ᠡ ᠡᠲᠡᠭᠡᠳ ᠤᠨ ᠪᠤᠭᠤᠮᠲᠠ ᠰᠢᠪᠲᠤᠯᠬᠤ ᠬᠠᠮᠲᠤᠷᠠᠯ ᠬᠦᠴᠦᠨ ᠢ ᠲᠠᠰᠤᠷᠠᠯᠲᠠ ᠥᠬᠡᠶ | ᠨᠢᠭᠲᠠᠷᠠᠭᠤᠯᠪᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 38. | 1 ᠳ᠋ᠦᠩᠰᠢᠭᠤᠷ ᠲᠦᠭᠦᠷᠢᠭ ᠣᠷᠣᠭᠤᠯᠵᠤ᠂ ︽ᠳᠡᠭ ᠪᠤᠯᠭᠠᠨ ᠠᠷᠢᠯᠭᠠᠬᠤ ᠪᠠᠷᠢᠮᠵᠢᠶ᠎ᠠ ᠳᠤ ᠬᠦᠷᠦᠬᠦᠯᠬᠦ︾ ᠲᠤᠰᠬᠠᠢ | ᠲᠥᠷᠥᠯ ᠤᠨ ᠠᠵᠢᠯᠯᠠᠭ᠎ᠠ ᠶᠢ ᠭᠦᠨᠵᠡᠭᠡᠢ ᠶᠠᠪᠤᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ | ᠳᠤᠪᠤᠶᠢᠮ᠎ᠠ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ 3.65 ᠲᠦᠮᠡᠨ | ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯᠳᠡᠢ | ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠪᠠ᠃ 287 ᠲᠣᠯᠣᠭᠠᠶᠢᠯᠠᠭᠴᠢ ᠠᠵᠤ ᠠᠬᠤᠶᠢᠯᠠᠯ | ᠂ ᠬᠤᠷᠰᠢᠶᠠᠵᠢᠯ ᠨᠢ 5.87 ᠲᠦᠮᠡᠨ ᠶᠠᠳᠠᠭᠤ ᠬᠦᠴᠢᠷᠳᠡᠯᠲᠡᠶ ᠡᠷᠦᠬᠡ ᠲᠠᠢ ᠠᠰᠢᠭ ᠲᠤᠰᠠ ᠶᠢ ᠨᠢᠭᠲᠠ ᠬᠤᠯᠪᠣᠬᠤ | ᠲᠣᠭᠲᠠᠴᠠ ᠶᠢ ᠪᠠᠶᠢᠭᠤᠯᠵᠤ᠂ 10.68 ᠲᠦᠮᠡᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ︽ᠲᠣᠪᠶᠤᠭ ᠤᠨ | ᠬᠡᠯᠪᠡᠷᠢ︾ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠠᠴᠠ ᠰᠢᠭᠤᠳ ᠠᠰᠢᠭ ᠬᠦᠷᠲᠡᠭᠡᠵᠦ᠂ ᠲᠣᠰᠬᠤᠨ ᠤ | ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ 170 ᠴᠠᠬᠢᠯᠭᠠᠨ ᠥᠷᠲᠡᠭᠡ ᠨᠢ 556 ᠶᠠᠳᠠᠭᠤ | ᠬᠦᠴᠢᠷᠳᠡᠯᠲᠠᠢ ᠲᠣᠰᠬᠤᠨ ᠤ ᠬᠠᠮᠲᠤ ᠶᠢᠨ ᠠᠵᠤ ᠠᠬᠤᠶ ᠶᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ | ᠨᠡᠮᠡᠭᠳᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 1.9 ᠲᠦᠮᠡ ᠨᠡᠮᠡᠨ ᠭᠠᠷᠭᠠᠵᠤ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠨᠡᠶᠢᠳᠡᠮ ᠪᠡᠶᠡᠯᠡᠭᠦᠯᠪᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ | ᠪᠡᠯᠡ ᠮᠥᠩᠭᠦ ᠶᠢ 4.3 ᠳ᠋ᠦᠩᠰᠢᠭᠤᠷ ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ 177 ᠲᠥᠷᠥᠯ ᠵᠦᠢᠯ ᠢ | ᠬᠡᠷᠡᠭᠵᠢᠭᠦᠯᠪᠡ᠃ ᠬᠤᠸᠠᠳᠧ ᠰᠢᠶᠠᠨ ᠤ ︽ᠲᠠᠬᠢᠶᠠᠨ ᠴᠤᠷᠪᠠᠭ᠎ᠠ ᠪᠠᠷ ᠬᠦᠰᠡᠯ ᠪᠡᠶᠡᠯᠡᠬᠦᠯᠬᠦ︾᠂ ᠵᠦᠸᠧᠽᠢ ᠰᠢᠶᠠᠨ ᠤ | ︽ᠠᠯᠲᠠᠨ ᠲᠠᠬᠢᠶ᠎ᠠ ᠪᠠᠷ ᠶᠠᠳᠠᠭᠤ ᠶᠢ ᠳᠡᠳᠬᠦᠬᠦ︾ ᠲᠥᠷᠥᠯ ᠵᠦᠢᠯ ᠪᠥᠬᠦ ᠤᠯᠤᠰ ᠤᠨ ᠴᠠᠬᠢᠮ ᠬᠤᠳᠠᠯᠳᠤᠭ᠎ᠠ ᠪᠠᠷ | ᠤᠨᠢᠨ ᠳᠡᠭᠡᠷ᠎ᠡ ᠨᠢ ᠶᠠᠳᠠᠭᠤ ᠶᠢ ᠲᠡᠳᠬᠦᠭᠰᠡᠨ 50 ᠰᠢᠯᠢᠳᠡᠭ ᠵᠢᠱᠢᠶ᠎ᠡ ᠳᠤ ᠰᠤᠩᠭᠤᠭᠳᠠᠪᠠ᠃ ᠨᠤᠷᠠᠬᠤ ᠠᠶᠤᠯᠲᠠᠶ | ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠣᠨᠳᠣᠤ ᠭᠠᠵᠠᠷ ᠲᠤ ᠨᠡᠭᠦᠯᠭᠡᠬᠦ ᠢᠨᠵᠧᠨᠧᠷᠢᠩ ᠤᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠩ ᠾᠧ ᠰᠢᠶᠠᠨ ᠤ ᠬᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠢ | ᠰᠢᠨᠡᠳᠭᠡᠬᠦ ᠠᠵᠢᠯ ᠨᠢ ᠲᠦᠷᠦ ᠶᠢᠨ ᠶᠠᠪᠤᠳᠠᠯ ᠤᠨ ᠬᠤᠷᠢᠶᠠᠨ ᠳᠤ ᠵᠠᠷᠯᠠᠨ ᠬᠦᠬᠢᠭᠦᠯᠦᠭᠳᠡᠪᠡ ᠃ ᠮᠠᠯᠵᠢᠬᠤ | ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠪᠠ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠤᠨ ᠦᠪᠴᠢ ᠪᠦᠷᠬᠦᠭᠦᠯᠳᠡ ᠶᠢ ᠪᠡᠶᠡᠯᠡᠭᠦᠯᠪᠠ᠃ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ᠂ ᠳᠠᠩᠰᠠ | ᠡᠪᠬᠡᠮᠡᠯ ᠪᠠᠶᠢᠭᠤᠯᠤᠨ ᠺᠠᠷᠲᠴᠢᠯᠠᠭᠰᠠᠨ 2.5 ᠲᠦᠮᠡᠨ ᠶᠠᠳᠠᠭᠤ ᠬᠦᠴᠢᠷᠳᠡᠯᠲᠡᠶ ᠰᠤᠷᠤᠭᠴᠢ ᠳᠤ ᠲᠤᠰᠠᠯᠠᠮᠵᠢ | ᠬᠦᠷᠲᠡᠭᠡᠪᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠨᠡᠯᠭᠡ᠂ ᠬᠦᠨᠳᠦ ᠡᠪᠡᠳᠴᠢᠨ ᠤ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100%᠂ ︽ᠭᠤᠷᠪᠠᠨ ᠨᠢᠭᠡ ᠪᠦᠯᠦᠭ︾ ᠤᠨ | ᠠᠵᠢᠯᠯᠠᠭ᠎ᠠ ᠶᠢᠨ ᠠᠪᠤᠷᠠᠨ ᠵᠠᠰᠠᠬᠤ ᠨᠣᠷᠮ᠎ᠠ 99.9% ᠠᠴᠠ ᠳᠡᠭᠡᠭᠰᠢ ᠪᠣᠯᠪᠠ᠃ ᠶᠠᠳᠠᠭᠤ ᠶᠢ ᠲᠡᠳᠬᠦᠬᠦ ᠬᠢᠭᠡᠳ | ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠤᠤᠰ ᠴᠢᠭᠯᠡᠯ ᠢᠶᠠᠷ | ᠵᠣᠯᠭᠠᠭᠤᠯᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠠ᠃ ᠠᠮᠢ ᠠᠬᠤᠢ ᠤᠷᠴᠢᠨ | ᠲᠤᠭᠤᠷᠢᠨ ᠤ ᠵᠠᠰᠠᠯᠳᠠ ᠶᠢᠨ ᠦᠷ᠎ᠡ ᠪᠦᠲᠦᠮᠵᠢ ᠢᠯᠡᠷᠭᠡᠢ ᠪᠤᠯᠪᠠ᠃ ︽ᠳᠠᠭ᠎ᠠ ᠶᠢᠨ ᠨᠠᠭᠤᠷ ᠤᠨ ᠤᠰᠤᠨ ᠤ ᠠᠮᠢ | ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ︾ ᠨᠢ ᠠᠯᠪᠠᠨ ᠶᠣᠰᠣᠨ ᠤ ᠴᠣᠬᠤᠯᠠᠪᠤᠷᠢ ᠶᠢ ᠣᠯᠵᠤ᠂ 24 | ᠭᠤᠤᠯᠳᠠᠯᠭ᠎ᠠ ᠲᠠᠢ ᠲᠥᠷᠥᠯ ᠵᠦᠢᠯ ᠤᠨ 15 ᠲᠦᠷᠦᠯ ᠢ ᠨᠢ ᠨᠢᠭᠡᠨᠲᠡ ᠳᠠᠭᠤᠰᠬᠠᠵᠤ᠂ ᠪᠠᠴᠢᠮ ᠪᠠᠶᠢᠳᠠᠯ ᠢ | ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠶ ᠠᠭᠢᠵᠤ᠂ ︽ | ᠬᠤᠶᠠᠷ ᠢ ᠠᠷᠪᠢᠯᠠᠬᠤ ᠬᠤᠶᠠᠷ ᠢ ᠨᠥᠬᠦᠪᠥᠷᠢᠯᠡᠬᠦ ᠬᠤᠶᠠᠷ ᠢ ᠰᠡᠷᠭᠦᠭᠡᠬᠦ︾ ᠵᠠᠰᠠᠯᠲᠠ ᠶᠢᠨ ᠢᠨᠵᠧᠨᠧᠷᠢᠩ ᠳᠤ ᠢᠯᠡᠳᠲᠡ | ᠦᠷ᠎ᠡ ᠪᠦᠲᠦᠮᠵᠢ ᠣᠯᠵᠤ᠂ ᠤᠰᠤᠨ ᠤ ᠬᠡᠮᠵᠢᠶ᠎ᠡ ᠬᠠᠷᠢᠴᠠᠩᠭᠤᠶ ᠲᠣᠭᠲᠠᠭᠤᠨ ᠪᠠᠶᠢᠵᠤ᠂ ᠭᠤᠤᠯ ᠪᠣᠯᠬᠤ ᠤᠰᠤᠨ ᠤ | ᠴᠢᠨᠠᠷ ᠤᠨ ᠭᠦᠢᠴᠡᠳᠭᠡᠯ ᠲᠤᠭ᠎ᠠ ᠦᠷᠭᠦᠯᠵᠢᠯᠡᠨ ᠰᠠᠶᠢᠵᠢᠷᠠᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ | ᠶᠢᠨ ᠰᠢᠮᠳᠠᠭᠤᠯᠤᠨ ᠪᠠᠶᠢᠴᠠᠭᠠᠯᠲᠠ ᠶᠢ ᠲᠦᠯᠦᠪᠯᠡᠭᠡ ᠶᠤᠰᠤᠭᠠᠷ ᠲᠦᠯᠬᠢᠨ ᠠᠬᠢᠭᠤᠯᠵᠤ᠂ ᠤᠨ ᠤ ᠡᠭᠦᠷᠭᠡ ᠪᠠᠨ | ᠤᠷᠤᠭᠰᠢᠲᠠᠢ ᠪᠡᠶᠡᠯᠡᠭᠦᠯᠪᠠ᠃ ᠠᠵᠤ ᠦᠢᠯᠡᠳᠪᠦᠷᠢ ᠶᠢᠨ 3 ᠬᠦᠷᠢᠶᠡᠯᠡᠩ ᠲᠣᠭᠤᠷᠢᠭ᠂ ᠠᠮᠢᠳᠤᠷᠠᠯ ᠤᠨ ᠪᠣᠬᠢᠷ ᠤᠰᠤ | ᠰᠢᠢᠳᠪᠦᠷᠢᠯᠡᠬᠦ 7 ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠᠪᠠ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠨᠡᠳᠭᠡᠵᠦ | ᠦᠭᠡᠷᠡᠴᠢᠯᠡᠬᠦ ᠶᠢ ᠪᠡᠶᠡᠯᠡᠭᠦᠯᠪᠠ᠃ ᠶᠡᠭᠡ ᠲᠦᠷᠭᠡᠨ ᠭᠤᠣᠯ ᠤᠨ ᠬᠡᠪᠲᠡᠭᠡ ᠪᠤᠷᠬᠠᠨᠳᠤ ᠠᠭᠤᠯᠠ ᠨᠢ ᠤᠯᠤᠰ ᠤᠨ | ᠡᠵᠡᠮᠳᠡᠭᠰᠡᠨ ᠣᠭᠲᠣᠯᠤᠭᠠᠰᠤ ᠭᠠᠳᠠᠷᠭᠤ ᠶᠢᠨ ᠤᠰᠤᠨ ᠤ ᠴᠢᠨᠠᠷ ᠤᠨ ᠭᠦᠢᠴᠡᠳᠬᠡᠬᠦ ᠲᠤᠭ᠎ᠠ ᠶᠢ Ⅱ ᠲᠦᠷᠦᠯ ᠳᠤ | ᠬᠦᠷᠭᠡᠪᠡ᠃ ᠲᠦᠪ ᠬᠤᠲᠠ ᠶᠢᠨ ᠲᠣᠭᠤᠷᠢᠭ ᠤᠨ ᠲᠥᠪᠯᠡᠷᠡᠭᠰᠡᠨ ᠬᠡᠯᠪᠡᠷᠢ ᠶᠢᠨ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠪᠦᠬᠦᠨ ᠢ ᠪᠠᠷᠢᠮᠵᠢᠶ᠎ᠠ ᠳᠤ ᠬᠦᠷᠭᠡᠵᠦ᠂ ᠴᠡᠪᠡᠷ ᠠᠭᠠᠷ ᠲᠤᠩᠭᠠᠯᠠᠭ ᠡᠳᠦᠷ ᠤᠨ ᠬᠠᠷᠢᠴᠠᠯ ᠢ 92. | 6% ᠳᠤ ᠬᠦᠷᠭᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠠᠯᠠᠪᠠᠢ ᠶᠢᠨ ᠦᠪᠴᠢ ᠪᠦᠷᠬᠦᠯᠳᠡ ᠶᠢ ᠪᠡᠶᠡᠯᠡᠭᠦᠯᠪᠡ᠃ ᠠᠭᠤᠷᠬᠠᠢ ᠶᠢᠨ ᠵᠠᠰᠠᠯᠲᠠ ᠶᠢ 13.3 | ᠲᠡᠭᠰᠢ ᠳᠥᠷᠪᠡᠯᠵᠢᠨ ᠺᠢᠯᠤᠮᠧᠲᠷ ᠪᠡᠶᠡᠯᠡᠭᠦᠯᠪᠡ᠃ ᠲᠤᠭᠳᠠᠭᠠᠯ ᠠᠴᠠ ᠵᠦᠷᠢᠴᠡᠵᠦ ᠪᠠᠶᠢᠭᠤᠯᠤᠭᠰᠠᠨ ᠬᠠᠷᠰᠢᠲᠦ | ᠰᠠᠭᠤᠴᠠ ᠪᠠ ︽ᠲᠠᠷᠢᠶᠠᠨ ᠭᠠᠵᠠᠷ ᠢ ᠡᠵᠡᠯᠡᠭᠰᠡᠨ ᠲᠤᠮᠤ ᠰᠡᠷᠡᠪᠴᠢᠲᠦ ᠭᠡᠷ︾ ᠢ ᠲᠤᠰᠬᠠᠢ ᠴᠡᠭᠴᠡᠯᠡᠨ ᠵᠠᠰᠠᠬᠤ | ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠪᠤᠷᠳᠤᠭᠤᠷ ᠢ ᠬᠢᠵᠠᠭᠠᠷᠯᠠᠵᠤ ᠰᠦᠯᠢᠶᠤᠤ ᠪᠦᠷᠬᠦᠪᠴᠢ ᠶᠢ ᠪᠠᠭᠠᠰᠬᠠᠬᠤ | ᠠᠵᠢᠯ ᠠᠩᠬ᠎ᠠ ᠠᠯᠬᠤᠮ ᠤᠨ ᠠᠮᠵᠢᠯᠳᠠ ᠤᠯᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠭᠤᠷᠢ | ᠴᠢᠨᠠᠷᠲᠠᠶ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠪᠥᠬᠦ ᠬᠤᠲᠠ ᠶᠢᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠳᠠᠭᠤᠰᠬᠠᠵᠤ᠂ 84.7 ᠲᠦᠮᠡᠨ ᠮᠥ ᠣᠶ ᠰᠢᠭᠤᠶ | ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠶᠠᠪᠤᠭᠳᠠᠭᠤᠯᠵᠤ᠂ 10 ᠰᠢᠶᠠᠩ ᠲᠤᠰᠬᠤᠨ | ᠤᠯᠤᠰ ᠤᠨ ᠲᠠᠰ ᠤᠨ ᠣᠶ ᠰᠢᠭᠤᠶᠢᠲᠦ ᠰᠢᠶᠠᠩ ᠲᠣᠰᠬᠤᠨ ᠢᠶᠠᠷ ᠵᠦᠪᠰᠢᠶᠡᠷᠡᠭᠳᠡᠵᠦ᠂ ᠪᠥᠬᠦ ᠤᠯᠤᠰ ᠤᠨ | ᠠᠩᠬᠠᠳᠠᠭᠴᠢ ︽ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠠᠮᠢ ᠠᠬᠤᠢ ᠶᠢ ᠰᠡᠷᠭᠦᠭᠡᠬᠦ ᠨᠡᠶᠢᠲᠡ ᠶᠢᠨ ᠠᠰᠠᠷᠠᠮᠵᠢ | ᠶᠢᠨ ᠲᠦᠷᠦᠯ ᠵᠦᠢᠯ︾ ᠢ ᠪᠦᠬᠦ ᠲᠠᠯ᠎ᠠ ᠪᠠᠷ ᠪᠡᠶᠡᠯᠡᠭᠦᠯᠵᠦ᠂ 9.8 ᠲᠦᠮᠡᠨ ᠮᠦ ᠤᠨᠴᠠᠯᠢᠭᠳᠤ ᠠᠵᠤ ᠠᠬᠤᠶ ᠶᠢᠨ | ᠣᠶ ᠶᠢ ᠰᠢᠨ᠎ᠡ ᠪᠠᠷ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠ ᠨᠡᠭᠡᠭᠡᠯᠳᠡ ᠬᠢᠬᠦ ᠶᠢ ᠦᠷᠭᠡᠳᠬᠡᠬᠦ ᠶᠢ ᠵᠡᠷᠭᠡᠪᠡᠷ | ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠰᠢᠨ᠎ᠡ ᠠᠯᠬᠤᠮ ᠢ | ᠠᠯᠬᠤᠪᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 24᠂ ᠤᠯᠤᠰ ᠤᠨ ᠰᠢᠨᠵᠢᠯᠡᠭᠡ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 18᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠰᠤᠳᠤᠯᠤᠨ ᠨᠡᠭᠡᠭᠡᠯᠳᠡ ᠶᠢᠨ ᠲᠥᠪ 8 ᠰᠢᠨ᠎ᠡ ᠪᠠᠷ ᠨᠡᠮᠡᠭᠳᠡᠪᠡ᠃ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ 11.5% ᠳᠤ ᠬᠦᠷᠴᠦ᠂ 1.5 ᠵᠠᠭᠤᠨ ᠤ ᠬᠤᠪᠢ ᠶᠢᠨ ᠴᠡᠭ | ᠳᠡᠭᠡᠭᠰᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 295 | ᠬᠡᠷᠡᠭᠵᠢᠭᠦᠯᠵᠦ᠂ 288 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 15.3% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠪᠦᠬᠦ ᠣᠷᠣᠨ ᠳᠤ ᠬᠤᠶᠠᠳᠤᠭᠠᠷ ᠲᠤ ᠣᠷᠣᠪᠠ᠃ ᠲᠣᠮᠣ ᠳ᠋ᠠᠶᠢᠲ᠋ᠠ ᠶᠢᠨ ᠠᠵᠤ ᠦᠢᠯᠡᠰ | ᠲᠦᠷᠭᠡᠨ ᠢᠶᠠᠷ ᠬᠥᠭᠵᠢᠪᠡ᠃ ᠬᠤᠸᠠ ᠸᠧᠶ ᠶᠢᠨ ᠬᠤᠶᠠᠳᠤᠭᠠᠷ ᠬᠤᠭᠤᠴᠠᠭᠠᠨ ᠤ ᠳ᠋ᠠᠶᠢᠲ᠋ᠠ ᠶᠢᠨ ᠲᠥᠪ | ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠠ ᠯᠢ ᠪᠠ ᠪᠠ᠂ ᠠᠯᠮᠤᠷᠠᠳ ᠤᠨ ᠳ᠋ᠠᠶᠢᠲ᠋ᠠ ᠶᠢᠨ ᠲᠥᠪ ᠨᠢ | ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠱᠠᠲᠤᠨ ᠳᠤ ᠣᠷᠣᠵᠤ᠂ ᠪᠥᠬᠦ ᠬᠤᠲᠠ ᠶᠢᠨ ᠦᠢᠯᠡᠴᠢᠯᠡᠭᠦᠷ ᠤᠨ ᠭᠡᠷ᠎ᠡ | ᠲᠣᠭᠲᠠᠭᠰᠠᠨ ᠬᠡᠪᠴᠢᠶ᠎ᠡ 150 ᠲᠦᠮᠡ ᠳᠤ ᠬᠦᠷᠴᠡᠶ᠃ ᠡᠦ ᠲᠦᠩ ᠮᠦ᠂ ᠱᠢ ᠳ᠋ᠡ ᠳ᠋ᠢ ᠮᠧᠢ ᠵᠡᠷᠭᠡ ᠦᠢᠯᠡᠴᠢᠯᠡᠭᠡᠨ | ᠢ ᠭᠠᠳᠠᠭᠰᠢ ᠳᠠᠭᠠᠭᠠᠴᠢᠯᠠᠭᠤᠯᠬᠤ 7 ᠠᠵᠤ ᠠᠬᠤᠶᠢᠯᠠᠯ ᠢ ᠠᠮᠵᠢᠯᠲᠠᠲᠠᠢ ᠤᠷᠢᠨ ᠣᠷᠣᠭᠤᠯᠪᠠ᠃ ᠰᠢᠦ᠋ᠢᠵᠸᠦ ᠰᠠᠢ | ᠴᠧᠩ᠂ ᠴᠢᠩᠬᠤᠸᠠ ᠲᠦᠩ ᠹᠠᠩ ᠵᠡᠷᠭᠡ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠵᠠᠯᠭᠠᠭ᠎ᠠ ᠪᠠᠷ | ᠣᠷᠣᠵᠤ᠂ ᠪᠠᠶ ᠳ᠋ᠦ᠋ ᠰᠢᠨ᠎ᠡ ᠶᠢ ᠡᠭᠦᠳᠬᠦ ᠲᠥᠪ᠂ ᠷᠤᠸᠠᠨ ᠲᠦᠩ ᠳ᠋ᠦᠩ ᠯᠢ ᠵᠡᠷᠭᠡ ᠨᠡᠪᠴᠢᠭᠦᠯᠦᠯᠲᠡ ᠶᠢᠨ ᠠᠵᠤ | ᠠᠬᠤᠶᠢᠯᠠᠯ 64 ᠪᠣᠶ᠃ ᠵᠢᠨᠢᠩ— ᠪᠡᠭᠡᠵᠢᠩ 2 ᠵᠤᠷᠪᠤᠰ ᠶᠡᠭᠡ ᠪᠠᠭᠲᠠᠭᠠᠮᠵᠢᠲᠤ ᠰᠢᠭᠤᠳ ᠨᠡᠪᠲᠡᠷᠡᠬᠦ ᠭᠡᠷᠡᠯᠯᠢᠭ | ᠳᠡᠭᠡᠰᠦ ᠶᠢ ᠡᠵᠡᠩᠨᠡᠯᠳᠠ ᠳᠤ ᠣᠷᠣᠭᠤᠯᠪᠠ᠃ ᠮᠠᠨ ᠤ ᠬᠤᠲᠠ ᠮᠤᠵᠢ ᠶᠢᠨ ᠱᠠᠲᠤᠨ ᠤ ᠢᠨᠲ᠋ᠧᠷ ᠰᠦᠯᠵᠢᠶᠡᠨ ᠤ | ᠰᠢᠭᠤᠳ ᠬᠤᠯᠪᠣᠯᠳᠤᠬᠤ ᠭᠤᠣᠯᠯᠠᠭᠴᠢ ᠴᠡᠭ ᠪᠣᠯᠪᠠ᠃ ᠲᠣᠮᠣ ᠪᠠᠷᠠᠭ᠎ᠠ ᠭᠦᠢᠯᠭᠡᠭᠡᠨ ᠤ ᠠᠵᠤ ᠦᠢᠯᠡᠰ ᠪᠣᠳᠠᠲᠤ | ᠦᠷ᠎ᠡ ᠪᠦᠲᠦᠮᠵᠢ ᠣᠯᠪᠠ ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ | ᠳᠠᠭᠤᠰᠬᠠᠭᠠᠳ ᠲᠡᠷᠭᠡ ᠨᠡᠪᠳᠡᠷᠡᠵᠦ᠂ ᠵᠢᠨᠢᠩ — ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢ | ᠡᠬᠢᠯᠡᠭᠦᠯᠪᠡ᠃ ᠤᠯᠠᠭᠠᠨᠴᠠᠪ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ ᠤᠨ ᠣᠯᠠᠨ ᠤᠯᠤᠰ ᠤᠨ | ᠴᠤᠪᠤᠷᠠᠯ ᠤᠨ ᠰᠢᠨᠡᠳᠭᠡᠨ ᠥᠭᠡᠷᠡᠴᠢᠯᠡᠯᠲᠡ ᠶᠢ ᠪᠡᠶᠡᠯᠡᠭᠦᠯᠵᠦ᠂ ᠠᠩᠬᠠᠳᠠᠭᠴᠢ ᠤᠯᠤᠰ ᠤᠨ ᠭᠠᠳᠠᠨᠠᠬᠢ ᠨᠢᠰᠭᠡᠯ | ᠤᠯᠠᠭᠠᠨᠴᠠᠪ ᠨᠢᠰᠭᠡᠯ ᠤᠨ ᠪᠠᠭᠤᠳᠠᠯ ᠳᠤ ᠪᠠᠭᠤᠬᠤ ᠶᠢ ᠪᠡᠶᠡᠯᠡᠬᠦᠯᠪᠡ᠃ ᠤᠮᠠᠷᠠᠲᠤ ᠣᠷᠣᠨ ᠤ ᠬᠠᠭᠤᠷᠠᠶ ᠶᠢᠨ | ᠭᠠᠷᠠᠮ ᠤᠨ ᠺᠣᠮᠫᠠᠨᠢ ᠨᠢ TIR ᠣᠯᠠᠨ ᠤᠯᠤᠰ ᠤᠨ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ ᠢ ᠣᠯᠵᠠᠶ᠃ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭ᠎ᠠ ᠬᠦᠢᠯᠭᠡᠭᠡᠨ ᠤ ᠲᠥᠪ ︵B ᠬᠡᠯᠪᠡᠷᠢ︶ | ᠢ ᠲᠤᠰ ᠵᠢᠯ ᠳᠤ ᠪᠠᠨ ᠭᠤᠶᠤᠴᠢᠯᠠᠬᠤ᠂ ᠲᠤᠰ ᠵᠢᠯ ᠳᠤ ᠪᠠᠨ ᠴᠣᠬᠤᠯᠠᠪᠣᠷᠢᠯᠠᠨ ᠬᠠᠷᠢᠭᠤᠯᠬᠤ᠂ ᠲᠤᠰ ᠵᠢᠯ ᠳᠤ ᠪᠠᠨ | ᠰᠢᠯᠭᠠᠨ ᠠᠪᠬᠤ ᠶᠢ ᠭᠦᠢᠴᠡᠳᠭᠡᠪᠡ᠃ ᠮᠣᠰᠺᠸᠠ ᠶᠢᠨ ᠣᠯᠠᠨ ᠤᠯᠤᠰ ᠤᠨ ᠪᠠᠷᠠᠭ᠎ᠠ ᠭᠦᠢᠯᠭᠡᠭᠡᠨ ᠤ ᠬᠦᠷᠢᠶᠡᠯᠡᠩ | ᠪᠠᠶᠢᠭᠤᠯᠤᠭᠳᠠᠨ ᠠᠰᠢᠭᠯᠠᠯᠲᠠ ᠳᠤ ᠤᠷᠤᠪᠠ᠃ ᠪᠥᠬᠦ ᠵᠢᠯ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ 112 ᠴᠤᠪᠤᠭ᠎ᠠ ᠠᠶᠠᠯᠠᠵᠤ᠂ ᠡᠭᠦᠨ ᠳᠤ ᠪᠤᠴᠠᠬᠤ ᠵᠠᠮ ᠤᠨ ᠠᠶᠠᠯᠠᠯ 22 ᠴᠤᠪᠤᠭ᠎ᠠ ᠪᠠᠶᠢᠵᠦ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠭᠠᠳᠠᠭᠠᠳᠤ ᠠᠴᠠ ᠤᠷᠣᠭᠤᠯᠬᠤ ᠪᠠ ᠪᠦᠬᠦᠯᠢ ᠮᠠᠰᠢᠨ ᠲᠡᠷᠭᠡ᠂ | ᠴᠠᠬᠢᠮ ᠬᠤᠳᠠᠯᠳᠤᠭᠠᠨ ᠤ ᠲᠤᠰᠬᠠᠶ ᠯᠠᠩᠭᠦᠶ ᠶᠢᠨ ᠭᠠᠳᠠᠭᠠᠳᠤ ᠭᠠᠷᠭᠠᠯᠳᠠ ᠲᠡᠭ ᠢ ᠰᠢᠪᠲᠤᠯᠵᠤ᠂ ᠪᠥᠬᠦ ᠤᠯᠤᠰ ᠤᠨ | ᠠᠩᠬᠠᠳᠠᠭᠴᠢ ᠣᠷᠣᠰ ᠤᠨ ᠨᠡᠷᠡᠨ ᠬᠤᠸᠠᠷ ᠤᠨ ᠦᠷ᠎ᠡ ᠶᠢ ᠦᠷᠳᠡᠭᠡᠴᠢᠯᠡᠭᠰᠡᠨ ᠮᠠᠶ᠋ᠢᠭ ᠢᠶᠠᠷ ᠬᠢᠯᠢ ᠳᠤ | ᠤᠷᠤᠭᠤᠯᠤᠭᠰᠠᠨ ᠪᠦᠭᠡᠳ ᠮᠠᠨ ᠤ ᠬᠤᠲᠠ ᠳᠤ ᠨᠤᠲᠤᠭᠰᠢᠨ ᠡᠳ᠋ᠰᠢᠬᠦᠯᠦᠯᠳᠡ ᠬᠢᠪᠠ᠃ ᠪᠦᠬᠦ ᠬᠤᠲᠠ ᠶᠢᠨ | ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 35.6 ᠳ᠋ᠦᠩᠰᠢᠭᠤᠷ ᠲᠦᠭᠦᠷᠢᠭ | ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 202.7 % ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠪᠦᠬᠦ | ᠣᠷᠣᠨ ᠳᠤ ᠨᠢᠭᠡᠳᠦᠭᠡᠷ ᠲᠤ ᠣᠷᠣᠪᠠ᠃ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠶᠢᠨ ᠭᠠᠷᠠᠮ ᠪᠥᠬᠦ | ᠤᠯᠤᠰ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠤᠯᠤᠰ ᠤᠨ ᠪᠠᠷᠠᠭ᠎ᠠ ᠬᠦᠢᠯᠭᠡᠭᠡᠨ ᠤ 23 ᠬᠦᠢᠰᠦ | ᠶᠢᠨ ᠨᠡᠷᠡᠰ ᠲᠤ ᠰᠣᠩᠭᠤᠭᠳᠠᠪᠠ᠃ ᠲᠤᠮᠤ ᠵᠢᠭᠤᠯᠴᠢᠯᠠᠯ ᠤᠨ ᠠᠵᠤ ᠦᠢᠯᠡᠰ ᠲᠣᠭᠲᠠᠭᠤᠨ ᠢᠶᠠᠷ ᠰᠠᠶᠢᠵᠢᠷᠠᠪᠠ᠃ | ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠥᠷᠪᠡᠳᠦᠭᠡᠷ | ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ | ᠤᠷᠤᠭᠰᠢᠲᠠᠶ ᠶᠠᠪᠤᠭᠳᠠᠵᠤ᠂ ᠵᠢᠭᠤᠯᠴᠢᠯᠠᠯ ᠤᠨ ᠨᠠᠭᠠᠳᠤᠮ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ | ᠤᠷᠠᠯᠢᠭ ᠤᠨ ᠨᠠᠶᠢᠷ᠂ ᠳᠤᠮᠳᠠᠳᠤ ᠣᠷᠣᠰ ᠮᠣᠩᠭᠤᠯ ᠤᠨ ᠠᠮᠲᠠᠲᠤ ᠢᠳᠡᠭᠡᠨ ᠤ ᠨᠠᠶᠢᠷ ᠵᠡᠷᠭᠡ ᠨᠢᠭᠡ ᠪᠦᠯᠦᠭ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠᠲᠠᠶ ᠡᠷᠭᠢᠯᠡᠪᠡ᠃ ︽ᠪᠡᠭᠡᠵᠢᠩ — ᠤᠯᠠᠭᠠᠨᠴᠠᠪ ᠤᠨ ᠲᠦᠷᠭᠡᠨ ᠤ | ᠲᠡᠮᠦᠷ ᠵᠠᠮ ᠤᠨ ᠮᠥᠰᠥ ᠴᠠᠰᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠤᠰᠬᠠᠢ ᠭᠠᠯᠲᠤ ᠲᠡᠷᠭᠡ︾ ᠶᠢ | ᠨᠡᠪᠲᠡᠷᠡᠭᠦᠯᠵᠦ᠂ ︽ᠵᠤᠨ ᠦᠩᠭᠡ ᠦᠵᠡᠮᠵᠢ ᠶᠢ ᠨᠢ ᠰᠤᠨᠢᠷᠬᠠᠨ ᠲᠠᠭᠠᠲᠠᠶᠢᠬᠠᠨ ᠵᠤᠭᠠᠴᠠᠵᠤ᠂ ᠡᠪᠦᠯ ᠮᠥᠰᠥ ᠴᠠᠰᠤᠨ | ᠳᠤ ᠨᠠᠭᠠᠳᠤᠨ ᠲᠤᠭᠯᠠᠵᠦ ᠠᠷᠠᠰᠤᠨ ᠡᠳᠡᠯᠡᠯ ᠠᠪᠬᠤ︾ ᠨᠢ ᠮᠠᠨ ᠤ ᠬᠤᠲᠠ ᠶᠢᠨ ᠵᠢᠭᠤᠯᠴᠢᠯᠠᠯ ᠤᠨ ᠬᠦᠴᠦᠷᠬᠡᠭ ᠶᠡᠭᠡ | ᠨᠡᠮᠡᠭᠳᠡᠯ ᠴᠡᠭ ᠪᠣᠯᠵᠠᠢ᠃ ᠵᠢᠭᠤᠯᠴᠢᠯᠠᠯ ᠤᠨ ᠬᠦᠯᠢᠶᠡᠨ ᠠᠪᠬᠤ ᠬᠥᠮᠦᠨ ᠤ ᠲᠤᠭ᠎ᠠ ᠪᠠ ᠵᠢᠭᠤᠯᠴᠢᠯᠠᠯ ᠤᠨ ᠣᠷᠣᠯᠭ᠎ᠠ | ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠡᠶᠡᠯᠡᠭᠦᠯᠪᠡ᠃ ︽ᠠᠷᠠᠳ ᠤᠨ ᠡᠳᠦᠷ ᠤᠨ ᠰᠣᠨᠢᠨ︾ ᠳᠤ ︽ᠠᠷᠪᠠᠨ | ᠶᠡᠭᠡ ᠵᠤᠰᠠᠯᠠᠩ ᠤᠨ ᠰᠡᠷᠢᠭᠦᠨ ᠬᠤᠲᠠ︾ ᠪᠠᠷ ᠦᠨᠡᠯᠡᠭᠳᠡᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠪᠠᠶᠢᠳᠠᠯ ᠢᠳᠡᠷᠡᠭᠦᠨ ᠴᠢᠩᠭᠠᠷᠠᠪᠠ᠃ 600 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠵᠢᠱᠢᠶ᠎ᠡ ᠦᠵᠡᠬᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠪᠦᠬᠦ ᠪᠥᠮᠪᠥᠷᠴᠡᠭ ᠤᠨ ᠬᠠᠭᠤᠷᠠᠶ ᠳᠡᠭᠡᠷᠡᠬᠢ ᠳᠠᠩ ᠪᠡᠶᠡᠲᠦ ᠬᠡᠪᠴᠢᠶ᠎ᠡ ᠪᠠᠷ ᠬᠠᠮᠤᠭ ᠤᠨ ᠶᠡᠭᠡ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠤᠯᠵᠤ᠂ ᠳᠤᠮᠳᠠᠳᠤ ᠤᠯᠤᠰ ᠤᠨ ᠣᠩᠭᠤᠴᠠᠨ ᠤ ᠬᠦᠨᠳᠦ | ᠠᠵᠤ ᠦᠢᠯᠡᠳᠪᠦᠷᠢ᠂ ᠱᠠᠩᠬᠠᠶ ᠶᠢᠨ ᠴᠠᠬᠢᠯᠭᠠᠨ ᠵᠡᠷᠭᠡ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ | ᠳᠠᠶᠢᠴᠢᠯᠠᠨ ᠨᠤᠲᠤᠭᠰᠢᠯᠠᠭᠤᠯᠪᠠ᠃ ᠰᠢᠩ ᠹᠧᠩ ᠪᠢᠯᠢᠭ ᠲᠦᠢᠯ ᠤᠨ ᠮᠠᠲ᠋ᠧᠷᠢᠶᠠᠯ᠂ ᠭᠢᠷᠢᠨ ᠤ | ᠨᠡᠭᠦᠷᠡᠰᠦᠲᠥ᠋ᠷᠥᠭᠴᠢᠲᠦ ᠡᠯᠧᠮᠧᠨ᠋ᠲ ᠵᠡᠷᠭᠡ ᠲᠦᠷᠥᠯ ᠵᠦᠢᠯ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ᠪᠠᠯ | ᠴᠢᠯᠠᠭᠤᠨ ᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ 63 ᠲᠦᠮᠡᠨ ᠲᠣᠨ ᠳᠤ ᠬᠦᠷᠴᠦ᠂ ᠪᠢᠯᠢᠭ | ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠪᠦᠬᠦ ᠤᠯᠤᠰ ᠤᠨ ᠲᠡᠷᠢᠭᠦᠨ ᠳᠤ ᠣᠷᠣᠵᠤ᠂ ᠪᠠᠯ | ᠴᠢᠯᠠᠭᠤᠨ ᠠᠯᠺᠧᠨ ᠵᠢᠴᠢ ᠳᠣᠣᠷᠠᠳᠤ ᠤᠷᠤᠰᠬᠠᠯ ᠤᠨ ᠳᠡᠭᠡᠳᠦ ᠳᠡᠰ ᠤᠨ ᠦᠢᠯᠡᠳᠬᠦᠨ ᠢ ᠲᠦᠷᠭᠡᠨ ᠨᠡᠭᠡᠭᠡᠨ | ᠬᠥᠭᠵᠢᠭᠦᠯᠪᠡ᠃ ᠳ᠋ᠦᠩ ᠶᠠᠩ ᠭᠤᠸᠠᠩ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠪᠦᠬᠦ | ᠬᠤᠲᠠ ᠶᠢᠨ ᠢᠯᠳᠠᠰᠤᠵᠢᠭᠤᠯᠬᠤ ᠦᠢᠯᠡᠰ ᠤᠨ ᠦᠢᠯᠡᠳᠪᠦᠷᠢᠯᠡᠯ 2000 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠪᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ | ᠲᠦᠷᠭᠡᠳᠪᠡ᠃ ᠭᠢᠷᠢᠨ ᠤ ᠲᠡᠮᠦᠷ ᠤᠨ ᠬᠠᠶᠢᠯᠤᠰᠢ᠂ ᠰᠢᠶᠦ᠋ᠩ ᠸᠧᠶ ᠭᠤᠸᠠᠩ ᠳ᠋ᠠ ᠵᠡᠷᠭᠡ ᠲᠥᠷᠥᠯ ᠵᠦᠢᠯ | ᠠᠰᠢᠭᠯᠠᠯᠲᠠ ᠳᠤ ᠣᠷᠣᠵᠤ᠂ ᠲᠡᠮᠤᠷ ᠤᠨ ᠬᠠᠶᠢᠯᠤᠰᠢ ᠦᠢᠯᠡᠳᠪᠦᠷᠢᠯᠡᠬᠦ ᠴᠢᠳᠠᠪᠤᠷᠢ 780 ᠲᠦᠮᠡᠨ ᠲᠣᠨ ᠳᠤ | ᠬᠦᠷᠴᠦ᠂ ᠡᠭᠦᠨ ᠳᠤ ᠣᠨᠴᠠ ᠲᠥᠷᠥᠯ ᠤᠨ ᠬᠠᠶᠢᠯᠤᠰᠢ 45 ᠲᠦᠮᠡᠨ ᠲᠣᠨ ᠰᠢᠬᠠᠮ ᠪᠠᠶᠢᠵᠤ᠂ ᠠᠵᠢᠯ ᠲᠥᠷᠥᠯ ᠤᠨ | ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠨᠢᠭᠡᠴᠢ ᠶᠢᠨ ᠡᠨᠧᠷᠭᠢ ᠶᠢᠨ ᠬᠤᠷᠣᠭᠳᠠᠯ ᠤᠨ ᠬᠢᠷᠢ ᠬᠡᠮᠵᠢᠶ᠎ᠡ | ᠤᠯᠤᠰ ᠤᠨ ᠪᠠᠷᠢᠮᠵᠢᠶ᠎ᠠ ᠠᠴᠠ ᠳᠠᠪᠠᠭᠤᠯᠢᠭ ᠪᠣᠯᠪᠠ᠃ ᠹᠯᠣᠷᠲᠤ ᠬᠥᠷᠥᠭᠡᠭᠦᠷ᠂ ᠣᠨᠴᠠ ᠲᠥᠷᠥᠯ ᠤᠨ PVA ᠵᠡᠷᠭᠡ | ᠦᠢᠯᠡᠳᠬᠦᠨ ᠤ ᠰᠢᠨᠵᠢᠯᠡᠭᠡᠨ ᠮᠡᠷᠭᠡᠵᠢᠯ ᠤᠨ ᠠᠭᠤᠯᠤᠭᠳᠠᠴᠠ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ | ᠲᠦᠪᠰᠢᠨ ᠳᠤ ᠤᠷᠤᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ | ᠰᠢᠯᠢᠳᠡᠭᠵᠢᠪᠡ᠃ ᠠᠮᠤ ᠪᠤᠳᠠᠭᠠᠨ ᠤ ᠤᠨᠠᠯᠲᠠ 40 ᠵᠢᠯ ᠤᠨ ᠲᠤᠷᠰᠢᠬᠢ ᠰᠢᠨ᠎ᠡ ᠲᠡᠮᠳᠡᠭᠯᠡᠯ ᠢ ᠡᠭᠦᠳᠪᠡ᠃ | ᠲᠥᠮᠥᠰᠥ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠦᠢᠯᠡᠳᠦᠯ ᠢᠯᠡᠳᠲᠡ ᠪᠠᠶᠢᠵᠤ᠂ ᠬᠤᠤᠷ ᠢ ᠨᠢ | ᠠᠷᠢᠯᠭᠠᠭᠰᠠᠨ ᠦᠷ᠎ᠡ ᠶᠢᠨ ᠲᠥᠮᠥᠰᠥ ᠶᠢᠨ ᠨᠦᠬᠦᠪᠤᠷᠢ ᠶᠢᠨ ᠪᠦᠷᠬᠦᠴᠡ ᠶᠢᠨ ᠨᠣᠷᠮ᠎ᠠ ᠶᠢ 90% ᠳᠤ ᠬᠦᠷᠦᠭᠦᠯᠵᠦ᠂ | ᠰᠢ ᠰᠧᠨ ᠲᠥᠮᠥᠰᠥ ᠶᠢᠨ ᠨᠠᠭᠡᠳᠡᠰᠦ ᠪᠤᠶᠢᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠪᠠ᠃ ︽ | ᠤᠯᠠᠭᠠᠨᠴᠠᠪ ᠤᠨ ᠲᠥᠮᠥᠰᠥ︾ ᠨᠢ ︽ᠵᠠᠬ᠎ᠠ ᠳᠡᠯᠭᠡᠭᠦᠷ ᠤᠨ ᠬᠦᠷᠢᠶᠡᠯᠡᠯ ᠢ ᠬᠠᠮᠤᠭ ᠠᠴᠠ ᠢᠯᠡᠭᠦᠦ ᠣᠯᠤᠭᠰᠠᠨ | ᠨᠡᠷᠡᠳᠦ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠦᠨᠡᠯᠡᠭᠳᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ | ᠲᠦᠷᠦᠯ ᠲᠡᠮᠳᠡᠭ ᠤᠨ ᠭᠠᠷᠴᠠᠭ ᠲᠤ ᠣᠷᠣᠪᠠ᠃ ᠪᠦᠬᠦ ᠬᠤᠲᠠ ᠶᠢᠨ ᠪᠤᠰᠤᠭ᠎ᠠ ᠮᠠᠯ ᠤᠨ ᠲᠤᠭ᠎ᠠ ᠲᠣᠯᠣᠭᠠᠢ ᠪᠠ | ᠵᠠᠷᠤᠯᠭ᠎ᠠ ᠶᠢᠨ ᠮᠠᠯ ᠤᠨ ᠲᠤᠭ᠎ᠠ ᠲᠤᠯᠤᠭᠠᠢ ᠴᠦᠮ ᠳᠡᠭᠡᠭᠰᠢᠯᠡᠵᠦ᠂ ︽ᠳ᠋ᠦᠮᠧᠩ ᠬᠤᠨᠢᠨ︾ ᠤ ᠣᠷᠣᠨ ᠨᠤᠲᠤᠭ ᠤᠨ | ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠡᠵᠡᠶ᠃ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠪᠦᠲᠦᠭᠡᠭᠳᠡᠬᠦᠨ 265 ᠪᠣᠯᠪᠠ᠃ ᠹᠧᠩᠵᠧᠨ ᠬᠤᠲᠠ᠂ ᠱᠠᠩᠳᠤ ᠰᠢᠶᠠᠨ | ᠤᠯᠤᠰ ᠤᠨ ᠲᠠᠷᠢᠶᠠᠯᠠᠩ ᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠰᠢᠶᠠᠨ ᠢᠶᠠᠷ ᠦᠨᠡᠯᠡᠭᠳᠡᠵᠡᠶ᠃ | ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠨᠳᠤᠤᠰᠢᠭᠤᠯᠬᠤ ᠨᠣᠷᠮ᠎ᠠ ᠶᠢ 65% | ᠪᠤᠯᠲᠠᠯ᠎ᠠ ᠳᠡᠭᠡᠭᠰᠢᠯᠡᠭᠦᠯᠪᠠ᠃ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠶᠢ ᠦᠨᠳᠦᠰᠦᠨ ᠳᠡᠭᠡᠨ | ᠪᠡᠶᠡᠯᠡᠭᠦᠯᠪᠡ᠃ ᠲᠠᠷᠢᠶᠠᠯᠠᠬᠤ ᠮᠠᠯᠵᠢᠬᠤ ᠣᠷᠣᠨ ᠤ ᠬᠠᠮᠲᠦ ᠶᠢᠨ ᠥᠮᠴᠢᠯᠡᠬᠦ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠭᠠᠴᠠᠭ᠎ᠠ ᠲᠣᠰᠬᠤᠨ ᠤ ᠡᠳ᠋ ᠬᠥᠷᠥᠩᠭᠡ ᠶᠢ | ᠪᠦᠷᠢᠳᠬᠡᠨ ᠬᠠᠷᠭᠤᠭᠤᠯᠬᠤ ᠪᠠ ᠪᠦᠷᠢᠯᠳᠦᠬᠦᠨ ᠤ ᠪᠡᠶ᠎ᠡ ᠶᠢᠨ ᠭᠠᠷᠤᠯ ᠢ ᠨᠤᠲᠠᠯᠠᠬᠤ ᠠᠵᠢᠯ ᠥᠪᠡᠷᠲᠡᠭᠡᠨ ᠵᠠᠰᠠᠬᠤ | ᠣᠷᠣᠨ ᠤ ᠡᠮᠦᠨ᠎ᠡ ᠡᠩᠨᠡᠭᠡᠨ ᠳᠤ ᠣᠷᠣᠪᠠ᠃ | ᠨᠢᠭᠡ ᠵᠢᠯ ᠤᠨ ᠲᠤᠷᠰᠢ᠂ ᠪᠢᠳᠡ ᠴᠢᠳᠠᠯ ᠤᠨ ᠢᠶᠠᠨ ᠬᠢᠷᠢ ᠪᠠᠷ ᠬᠢᠬᠦ ᠪᠠ ᠴᠢᠳᠠᠯ ᠤᠨ ᠢᠶᠠᠨ ᠬᠢᠷᠢ ᠪᠠᠷ | ᠴᠢᠷᠮᠠᠶᠢᠬᠤ ᠶᠢ ᠤᠶᠠᠯᠳᠤᠭᠤᠯᠵᠤ᠂ ᠠᠷᠠᠳ ᠤᠨ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠣᠯᠪᠠ᠃ ᠣᠷᠣᠰᠢᠨ | ᠰᠠᠭᠤᠬᠤ ᠣᠷᠴᠢᠨ ᠲᠣᠭᠤᠷᠢᠨ ᠤ ᠵᠣᠯ ᠵᠢᠷᠭᠠᠯ ᠤᠨ ᠲᠥᠷᠥᠭᠳᠡᠯ ᠲᠠᠰᠤᠷᠠᠯᠲᠠ ᠥᠬᠡᠶ ᠳᠡᠭᠡᠭᠰᠢᠯᠡᠪᠡ᠃ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠮᠠᠨ ᠤ ᠬᠤᠲᠠ ᠶᠢ ᠳᠥᠭᠦᠮ ᠪᠦᠲᠦᠴᠡᠳᠦ ᠤᠷᠤᠨ ᠰᠠᠭᠤᠴᠠ ᠶᠢᠨ ᠲᠣᠭᠤᠷᠢᠭ ᠢ | ᠰᠢᠨᠡᠳᠭᠡᠨ ᠦᠭᠡᠷᠡᠴᠢᠯᠡᠬᠦ ᠠᠵᠢᠯ ᠤᠨ ᠤᠷᠠᠮᠰᠢᠭᠤᠯᠤᠯ ᠤᠨ ᠬᠤᠲᠠ ᠪᠠᠷ ᠲᠣᠭᠲᠠᠭᠠᠵᠤ᠂ 1.2 ᠲᠦᠮᠡᠨ ᠡᠷᠦᠬᠡ ᠶᠢᠨ | ᠳᠥᠭᠦᠮ ᠪᠦᠳᠦᠭᠦᠯᠢᠭ ᠣᠷᠣᠨ ᠰᠠᠭᠤᠴᠠ ᠢ ᠰᠢᠨᠡᠳᠭᠡᠨ ᠦᠭᠡᠷᠡᠴᠢᠯᠡᠬᠦ ᠡᠭᠦᠷᠭᠡ ᠶᠢᠨ ᠠᠵᠢᠯ ᠢ ᠪᠦᠬᠦ ᠲᠠᠯ᠎ᠠ ᠪᠠᠷ | ᠡᠬᠢᠯᠡᠭᠦᠯᠪᠡ᠃ ᠤᠯᠠᠭᠠᠨᠬᠤᠸᠠ ᠠᠴᠠ ᠡᠷᠭᠢ ᠰᠦᠮ᠎ᠡ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠤᠨ | ᠳᠠᠭᠤᠰᠬᠠᠵᠤ ᠲᠡᠷᠭᠡ ᠨᠡᠪᠲᠡᠷᠡᠨ᠂ ᠭᠠᠴᠠᠭ᠎ᠠ ᠲᠣᠰᠬᠤᠨ ᠤ ᠬᠠᠲᠠᠭᠤᠷᠠᠭᠤᠯᠤᠭᠰᠠᠨ ᠵᠠᠮ ᠪᠠ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠲᠡᠷᠭᠡ ︽ᠬᠤᠶᠠᠷ ᠢ ᠨᠡᠪᠲᠡᠷᠡᠭᠦᠯᠬᠦ︾ ᠶᠢ ᠪᠡᠶᠡᠯᠡᠭᠦᠯᠵᠦ᠂ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤ ᠥᠪᠡᠷᠳᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ | ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠵᠢᠭᠰᠠᠭᠠᠭᠳᠠᠪᠠ᠃ ︽ᠵᠣᠷᠯᠣᠩ ᠤᠨ ᠬᠤᠪᠢᠰᠬᠠᠯ︾ ᠤᠨ | ᠲᠤᠷᠰᠢᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ | ᠪᠠ ᠰᠢᠶᠠᠩ ᠪᠠᠯᠭᠠᠰᠤ 5 ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠪᠦᠬᠦ ᠤᠯᠤᠰ ᠤᠨ ᠪᠤᠯᠪᠠᠰᠤᠨ ᠬᠤᠲᠠ | ᠶᠢ ᠡᠭᠦᠳᠦᠨ ᠪᠠᠶᠢᠭᠤᠯᠤᠭᠰᠠᠨ ᠬᠡᠮᠵᠢᠨ ᠲᠤᠭᠳᠠᠭᠠᠯᠳᠠ ᠶᠢᠨ ᠬᠢᠷᠢ ᠪᠦᠲᠦᠮᠵᠢ ᠦᠪᠡᠷᠲᠡᠭᠡᠨ ᠵᠠᠰᠠᠬᠤ ᠤᠷᠤᠨ ᠤ | ᠡᠮᠦᠨ᠎ᠡ ᠨᠡᠷᠡᠰ ᠲᠤ ᠤᠷᠤᠪᠠ᠃ ᠲᠦᠪ ᠬᠤᠲᠠ ᠶᠢᠨ ᠲᠣᠭᠤᠷᠢᠭ ᠲᠤ ︽ᠱᠠᠨᠰᠢ ᠪᠡᠭᠡᠵᠢᠩ ᠤᠨ ᠳᠦᠷᠪᠡᠨ ᠱᠤᠭᠤᠮ | ︾ ᠤᠨ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢ ᠵᠠᠯᠭᠠᠨ ᠣᠷᠣᠭᠤᠯᠵᠤ᠂ ᠮᠠᠨ ᠤ ᠬᠤᠲᠠ ᠳᠤ | ᠳᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠬᠠᠭᠤᠴᠢᠨ | ᠰᠠᠭᠤᠭᠠᠯᠢ ᠲᠣᠭᠤᠷᠢᠭ ᠤᠨ ᠰᠢᠨᠡᠳᠭᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠸᠠᠨ ᠳ᠋ᠠ ᠠᠭᠤᠳᠠᠮ | ᠲᠠᠯᠠᠪᠠᠢ ᠵᠡᠷᠭᠡ ᠲᠥᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠪᠠ᠃ ᠤᠯᠠᠨ ᠨᠡᠶᠢᠲᠡ ᠶᠢᠨ | ᠦᠢᠯᠡᠴᠢᠯᠡᠭᠡᠨ ᠤ ᠬᠦᠷᠲᠡᠭᠡᠮᠵᠢ ᠶᠢᠨ ᠲᠦᠷᠦᠭᠳᠡᠯ ᠢ ᠨᠡᠩ ᠬᠠᠨᠤᠮᠵᠢᠲᠠᠢ ᠪᠤᠯᠭᠠᠪᠠ᠃ ᠴᠡᠷᠢᠭ ᠤᠨ ᠠᠯᠪᠠ ᠠᠴᠠ | ᠬᠠᠯᠠᠭᠳᠠᠭᠰᠠᠳ᠂ ᠬᠦᠯᠦᠰᠦᠨ ᠲᠠᠷᠢᠶᠠᠴᠢᠨ ᠮᠠᠯᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ | ᠳᠤᠪᠤᠶᠢᠮ᠎ᠠ ᠰᠠᠶᠢᠲᠤᠷ ᠠᠳᠬᠤᠵᠤ᠂ 2449 ᠶᠠᠳᠠᠭᠤ ᠬᠦᠴᠢᠷᠳᠡᠯᠲᠡᠶ ᠬᠥᠮᠦᠨ ᠠᠮᠠ ᠳᠤ ᠰᠢᠨ᠎ᠡ ᠪᠠᠷ ᠠᠵᠢᠯ | ᠣᠯᠭᠤᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠪᠥᠵᠢᠭ ︽ᠰᠠᠯᠬᠢᠨ | ᠬᠦᠯᠦᠭ︾ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ | ᠪᠦᠲᠦᠭᠡᠯ ᠤᠨ ᠱᠠᠩᠨᠠᠯ ᠢ ᠭᠥᠷᠳᠡᠪᠡ᠃ ᠵᠢᠨᠢᠩ ᠤᠨ ᠳᠠᠶᠢᠯᠠᠯᠳᠤᠭᠠᠨ ᠤ ᠪᠠᠭᠤᠷᠢ ᠨᠢ ︽ᠨᠠᠢᠮᠠᠳᠤᠭᠠᠷ ᠪᠦᠯᠦᠭ ᠤᠨ | ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ︾ ᠪᠠᠷ ᠦᠨᠡᠯᠡᠭᠳᠡᠪᠡ᠃ ᠪᠦᠬᠦ | ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠴᠤᠭᠯᠠᠭᠠᠨ ᠤ ᠬᠡᠰᠡᠭ ᠤᠷᠤᠯᠳᠤᠭᠠᠨ ᠪᠠ | ITF ᠶᠢᠨ ᠳᠡᠯᠡᠬᠡᠶ ᠶᠢᠨ ᠡᠮᠡᠭᠲᠡᠶ ᠶᠢᠨ ᠲᠣᠣᠷ ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ ᠢ | ᠠᠮᠵᠢᠯᠲᠠ ᠲᠠᠢ ᠡᠷᠬᠢᠯᠡᠪᠡ᠃ ᠬᠡᠤᠬᠡᠳ ᠤᠨ ᠴᠡᠴᠡᠷᠯᠢᠭ 17 ᠶᠢ ᠰᠢᠨ᠎ᠡ ᠪᠠᠷ ᠪᠠᠶᠢᠭᠤᠯᠤᠭᠰᠠᠨ ᠪᠤᠶᠤ ᠦᠷᠭᠦᠯᠵᠢᠯᠡᠨ | ᠪᠠᠶᠢᠭᠤᠯᠵᠤ᠂ 4800 ᠭᠠᠷᠤᠶ ᠰᠤᠷᠤᠯᠴᠠᠬᠤ ᠤᠷᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠪᠡ᠃ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠥᠪᠡᠷᠮᠢᠴᠡ ᠣᠨᠴᠠᠯᠢᠭ ᠲᠠᠢ ᠣᠯᠠᠨ ᠶᠠᠩᠵᠤᠴᠢᠯᠠᠭᠰᠠᠨ | ᠬᠥᠭᠵᠢᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ | ᠦᠢᠯᠡᠰ ᠵᠢᠭᠠᠨ ᠰᠤᠷᠭᠠᠯᠲᠠ ᠶᠢᠨ ᠠᠭᠤᠰᠤᠯᠴᠠᠯ ᠲᠦᠷᠭᠡᠨ ᠳᠠᠪᠰᠢᠪᠠ᠃ ᠨᠡᠶᠢᠭᠡᠮ ᠤᠨ ᠪᠠᠲᠤᠯᠠᠭ᠎ᠠ ᠪᠣᠯᠤᠨ | ᠨᠡᠶᠢᠭᠡᠮ ᠤᠨ ᠵᠠᠰᠠᠯᠲᠠ ᠶᠢᠨ ᠠᠮᠤᠷ ᠲᠦᠪᠰᠢᠨ ᠤ ᠲᠦᠷᠦᠭᠳᠡᠯ ᠨᠡᠩ ᠶᠡᠭᠡ ᠢᠳᠡ ᠬᠦᠴᠦᠨ ᠬᠠᠨᠤᠮᠵᠢᠳᠠᠢ ᠪᠣᠯᠪᠠ᠃ | ᠱᠠᠲᠤ ᠬᠤᠪᠢᠶᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠥᠮᠦᠨ ᠤᠳᠠᠭ᠎ᠠ 6.8% ᠪᠠᠷ ᠳᠡᠭᠡᠭᠰᠢᠯᠡᠪᠡ᠃ ︽ᠬᠤᠶᠠᠷ | ᠪᠢᠯᠧᠲ ᠤᠨ ᠳᠦᠷᠢᠮᠲᠦ︾ ᠡᠮ ᠤᠨ ᠵᠦᠢᠯ ᠤᠨ ᠲᠦᠷᠢᠮ ᠲᠣᠭᠲᠠᠭᠠᠯ 99% ᠳᠤ ᠬᠦᠷᠴᠦ᠂ ᠣᠯᠠᠨ ᠲᠦᠮᠡᠨ ᠤ | ᠡᠮ ᠬᠡᠷᠡᠭᠯᠡᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠪᠡ᠃ ᠬᠤᠯᠤᠭᠠᠨ᠎ᠠ ᠬᠢᠵᠢᠭ ᠪᠤᠯᠤᠨ ᠠᠹᠷᠢᠺᠠ | ᠲᠢᠪ ᠤᠨ ᠭᠠᠭ᠋ᠠᠶ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠨᠠᠰᠤᠵᠢᠯ᠂ ᠡᠮ ᠡᠮᠨᠡᠯᠭᠡ᠂ ᠠᠵᠢᠯ | ᠠᠯᠳᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠦᠷᠬᠦᠴᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ | ᠬᠠᠷᠠᠭᠠᠯᠵᠠᠨ ᠰᠠᠶᠢᠰᠢᠶᠠᠬᠤ ᠠᠵᠢᠯ ᠰᠢᠨ᠎ᠡ ᠳᠠᠪᠰᠢᠯᠲᠠ ᠲᠠᠢ ᠪᠤᠯᠵᠤ᠂ ᠡᠮᠡᠭᠲᠡᠶᠢᠴᠦᠳ᠂ ᠬᠡᠤᠬᠡᠳ᠂ | ᠵᠡᠮᠳᠡᠭᠴᠦᠳ ᠤᠨ ᠦᠨᠳᠦᠰᠦᠨ ᠡᠷᠬᠡ ᠠᠰᠢᠭ ᠢ ᠪᠦᠲᠦᠮᠵᠢᠲᠡᠶ ᠪᠠᠲᠤᠯᠠᠵᠦ᠂ 63.9 ᠲᠦᠮᠡᠨ ᠣᠨᠴᠠ | ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠦᠪᠴᠢ ᠪᠦᠷᠬᠦᠯᠳᠡ ᠶᠢ ᠪᠡᠶᠡᠯᠡᠭᠦᠯᠪᠡ᠃ | ᠮᠠᠨ ᠤ ᠬᠤᠲᠠ ᠪᠦᠬᠦ ᠤᠯᠤᠰ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠩᠬᠠᠨ ᠤ ᠪᠦᠯᠦᠭ ᠤᠨ ᠪᠠᠷᠠᠭᠤᠨ | ᠣᠷᠣᠨ ᠤ ᠠᠶᠠᠯᠠᠯ ᠤᠨ ᠲᠥᠷᠥᠯ ᠵᠦᠢᠯ ᠤᠨ ᠴᠡᠭ ᠢᠶᠠᠷ ᠰᠣᠩᠭᠤᠭᠳᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠠᠵᠢᠯ ᠢ ᠬᠠᠤᠯᠢ ᠶᠣᠰᠣᠭᠠᠷ ᠠᠬᠢᠭᠤᠯᠵᠤ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ | ᠲᠡᠭᠦᠨ ᠤ ᠬᠠᠮᠠᠭᠠᠯᠠᠭᠴᠢ ᠨᠢ ᠬᠠᠤᠯᠢ ᠴᠠᠭᠠᠵᠠ ᠶᠢᠨ ᠵᠠᠯᠬᠠᠭᠠᠯ ᠬᠦᠷᠲᠡᠪᠡ᠃ ᠵᠠᠬᠢᠳᠠᠯ ᠰᠤᠷᠪᠤᠯᠵᠢᠯᠠᠭ᠎ᠠ ᠶᠢᠨ | ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠥᠭᠡᠳ ᠲᠣᠬᠢᠲᠠᠶ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠢ ᠲᠣᠭᠲᠠᠭᠤᠨ ᠪᠠᠶᠢᠯᠭᠠᠪᠠ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠪᠠ ᠬᠠᠥᠯᠢᠵᠢᠯ ᠤᠨ ᠪᠦᠲᠦᠭᠡᠨ | ᠪᠠᠶᠢᠭᠤᠯᠤᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ | ᠬᠡᠮᠵᠢᠶ᠎ᠡ ᠰᠢᠨ᠎ᠡ ᠳᠡᠭᠡᠭᠰᠢᠯᠡᠯᠲᠡ ᠲᠠᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶᠢᠷᠡᠬᠦᠯᠬᠦ ᠪᠦᠭᠡᠳ ᠪᠤᠳᠠᠳᠠᠶᠢᠵᠢᠭᠤᠯᠬᠤ ᠶᠢ | ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠪᠠ᠃ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠳᠤᠯᠠᠭᠠᠯᠭ᠎ᠠ ᠬᠠᠩᠭᠠᠬᠤ᠂ ᠭᠠᠳᠠᠭᠰᠢ | ᠭᠠᠷᠬᠤ ᠵᠡᠷᠭᠡ ᠨᠢᠭᠡ ᠪᠦᠯᠦᠭ ᠲᠣᠪᠤᠶᠢᠮ᠎ᠠ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠵᠠᠰᠠᠭ ᠵᠠᠬᠢᠷᠭᠠᠨ ᠤ ᠨᠢᠭᠡᠴᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠲᠢᠩᠬᠢᠮ ︽ | ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠪᠦᠬᠦᠨ ᠢ ᠨᠠᠶᠢᠳᠠᠪᠤᠷᠢᠵᠢᠭᠤᠯᠪᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠭᠠᠷᠭᠠᠨ | ᠠᠵᠢᠯᠯᠠᠭᠤᠯᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ | ᠭᠦᠢᠴᠡᠳᠭᠡᠵᠦ ᠪᠣᠯᠬᠤ ᠨᠣᠷᠮ᠎ᠠ ᠶᠢ 75% ᠳᠤ ᠬᠦᠷᠭᠡᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠪᠣᠯᠭᠠᠨ ᠪᠤᠭᠤᠨᠢᠰᠬᠠᠪᠠ᠃ | ᠠᠵᠤ ᠠᠬᠤᠶᠢᠯᠠᠯ ᠤᠨ ᠭᠠᠶᠢᠯᠢ ᠶᠢᠨ ᠰᠦᠢᠳᠭᠡᠯ ᠢ 36.12 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ | ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 19 ᠳ᠋ᠦᠩᠰᠢᠭᠤᠷ ᠲᠥᠭᠦᠷᠢᠭ ᠪᠠᠭᠤᠷᠠᠭᠤᠯᠪᠠ᠃ | ︽ᠨᠢᠭᠡ ᠨᠤᠮᠧᠷ ᠢᠶᠠᠷ ᠭᠠᠳᠠᠭᠰᠢ ᠬᠠᠨᠳᠤᠬᠤ᠂ ᠨᠢᠭᠡ ᠤᠳᠠᠭ᠎ᠠ ᠳᠤ ᠬᠦᠢᠴᠡᠳᠭᠡᠬᠦ︾ 12345 ᠵᠠᠰᠠᠭ ᠤᠨ | ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠳᠭᠡᠨ ᠪᠣᠶ ᠪᠤᠯᠭᠠᠨ᠂ ᠲᠧᠯᠸᠢᠰ ᠢᠶᠠᠷ ᠵᠠᠰᠠᠭ ᠤᠨ | ᠶᠠᠪᠤᠳᠠᠯ ᠢ ᠠᠰᠠᠭᠤᠬᠤ ᠵᠡᠷᠭᠡ ᠪᠦᠲᠦᠮᠵᠢᠲᠡᠶ ᠬᠢᠨᠠᠯᠲᠠ ᠲᠠᠯᠪᠢᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ | ᠲᠦᠮᠡᠨ ᠪᠠ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠪᠣᠯᠭᠠᠨ ᠳᠤ ᠬᠠᠷᠢᠭᠤᠯᠲᠠ ᠦᠭᠭᠦᠭᠰᠠᠨ ᠪᠦᠭᠡᠳ | ᠨᠠᠶᠢᠳᠠᠪᠤᠷᠢᠵᠢᠭᠤᠯᠤᠯᠲᠠ ᠲᠠᠢ ᠪᠠᠶᠢᠵᠦ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ | ᠬᠠᠨᠤᠮᠵᠢ ᠲᠠᠢ ᠬᠡᠮᠵᠢᠶ᠎ᠡ ᠪᠦᠬᠦ ᠤᠷᠤᠨ ᠳᠤ ᠭᠤᠷᠪᠠᠳᠤᠭᠠᠷ ᠲᠤ ᠵᠢᠭᠰᠠᠭᠠᠭᠳᠠᠪᠠ᠃ ᠬᠠᠥᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ︽ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠤᠨ︶︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ | ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠮᠠᠨ ᠤ ᠬᠤᠲᠠ ᠶᠢᠨ ᠠᠩᠬᠠᠳᠠᠭᠴᠢ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ — ︽ | ᠬᠦᠢᠲᠡᠨ ᠰᠢᠯᠢ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠦᠪᠯᠠᠭᠦᠯᠪᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ 209 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ 373 ᠬᠤᠪᠢ ᠳᠤᠷᠠᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | 100% ᠳᠤ ᠬᠥᠷᠪᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠤᠳᠠ ᠶᠢ | ᠪᠦᠲᠦᠭᠡᠨ ᠪᠠᠶᠢᠭᠤᠯᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠵᠦ᠂ 2 ᠬᠠᠮᠲᠤ ᠨᠡᠶᠢᠲᠡ᠂ 2 ᠬᠤᠪᠢ ᠬᠥᠮᠦᠨ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠠᠴᠢ ᠴᠣᠯᠠ ᠭᠥᠷᠳᠡᠵᠦ᠂ ︽ᠲᠠᠯ᠎ᠠ | ᠨᠤᠲᠤᠭ ᠤᠨ ᠡᠵᠢ︾ ᠲᠦᠬᠢᠮ᠎ᠡ ︽ᠠᠷᠠᠳ ᠤᠨ ᠵᠢᠱᠢᠶᠡᠴᠢ︾ ᠬᠡᠬᠦ ᠤᠯᠤᠰ ᠤᠨ ᠢᠷᠠᠭᠤ ᠠᠯᠳᠠᠷ ᠢ ᠭᠥᠷᠳᠡᠵᠦ᠂ | ᠮᠠᠨ ᠤ ᠬᠤᠲᠠ ᠶᠢᠨ ᠬᠠᠮᠲᠤᠷᠠᠨ ᠦᠢᠯᠡᠳᠦᠭᠰᠡᠨ ︽ᠤᠯᠤᠰ ᠤᠨ ᠬᠡᠤᠬᠡᠳ︾ ᠭᠡᠬᠦ ᠲᠧᠯᠸᠢᠰ ᠵᠦᠴᠦᠭᠡ ᠶᠢ ᠲᠥᠪ | ᠲᠧᠯᠸᠢᠰ ᠢᠶᠠᠷ ᠨᠡᠪᠲᠡᠷᠡᠭᠦᠯᠪᠡ᠃ ᠬᠤᠶᠠᠷ ᠢ ᠬᠦᠷᠢᠶᠡᠯᠡᠬᠦ᠂ ᠬᠢᠨᠠᠨ ᠪᠣᠳᠣᠬᠤ᠂ ᠲᠤᠭ᠎ᠠ ᠪᠦᠷᠢᠳᠭᠡᠯ᠂ ᠭᠠᠵᠠᠷ | ᠬᠥᠳᠡᠯᠦᠯᠲᠡ᠂ ᠴᠠᠭ ᠠᠭᠤᠷ ᠵᠡᠷᠭᠡ ᠪᠤᠰᠤᠳᠡᠯᠡ ᠵᠦᠢᠯ ᠤᠨ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ | 2019 ᠣᠨ ᠤ ᠠᠮᠵᠢᠯᠲᠠ ᠪᠦᠲᠦᠮᠵᠢ ᠬᠢᠯᠪᠠᠷ ᠪᠤᠰᠤ ᠢᠷᠡᠭᠰᠡᠨ ᠶᠤᠮ᠂ ᠡᠨᠡ ᠪᠣᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠭᠠᠨ ᠵᠢᠯᠤᠭᠤᠳᠤᠯᠭ᠎ᠠ᠂ ᠵᠠᠯᠠᠭᠤᠷ ᠢᠶᠠᠷ ᠵᠠᠮᠴᠢᠯᠠᠭᠰᠠᠨ ᠤ ᠦᠷ᠎ᠡ ᠳ᠋ᠦᠩ ᠮᠦᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ᠂ | ᠳᠣᠲᠣᠨᠣ ᠪᠠᠷ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠶᠢ | ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠪᠥᠬᠦ ᠬᠦᠴᠦᠨ ᠢᠶᠠᠷ ᠢᠶᠠᠨ ᠳᠡᠮᠵᠢᠵᠦ᠂ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ | ᠨᠠᠩ ᠴᠤ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠭ ᠰᠠᠨᠠᠭ᠎ᠠ ᠪᠠᠨ ᠥᠯᠥ ᠮᠠᠷᠲᠠᠵᠤ | ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ᠂ ᠤᠯᠠᠭᠠᠨᠴᠠᠪ ᠤᠨ | ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠬᠦᠭᠵᠢᠯᠲᠠ ᠳᠤ ᠣᠷᠣᠯᠴᠠᠭᠰᠠᠨ ᠡᠯ᠎ᠡ ᠡᠲᠡᠭᠡᠳ ᠤᠨ | ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠳᠤ ᠪᠠᠰᠠ ᠪᠠᠭ᠎ᠠ | ᠪᠤᠰᠤ ᠰᠠᠶᠢᠵᠢᠷᠠᠭᠤᠯᠬᠤ ᠴᠢᠬᠤᠯᠠᠲᠠᠶ ᠭᠠᠵᠠᠷ ᠪᠠᠶᠢᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ | ᠦᠢᠯᠡᠰ ᠲᠤ ᠮᠥᠨ ᠬᠦ ᠵᠠᠷᠢᠮ ᠬᠦᠴᠢᠷᠳᠡᠯ ᠪᠠ ᠳᠤᠲᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ | ᠭᠤᠤᠯ ᠢᠯᠡᠷᠡᠯ ᠨᠢ᠄ ᠰᠢᠨ᠎ᠡ ᠬᠠᠭᠤᠴᠢᠨ ᠬᠦᠳᠡᠯᠭᠡᠬᠦ ᠡᠨᠧᠷᠭᠢ ᠶᠢᠨ ᠰᠣᠯᠢᠭᠳᠠᠯ ᠤᠨ ᠠᠯᠬᠤᠴᠠ ᠪᠠᠰᠠ ᠲᠦᠷᠭᠡᠨ | ᠪᠢᠰᠢ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ ᠪᠤᠢ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠬᠦ ᠴᠢᠬᠤᠯᠠᠲᠠᠶ ᠪᠠᠶᠢᠨ᠎ᠠ︔ ᠤᠴᠢᠷ ᠶᠠᠪᠤᠳᠠᠯ ᠢ | ᠭᠦᠢᠴᠡᠳᠭᠡᠬᠦ ᠭᠤᠭᠴᠤᠭ᠎ᠠ ᠠᠷᠪᠢᠨ᠂ ᠮᠠᠲ᠋ᠧᠷᠢᠶᠠᠯ ᠤᠯᠠᠨ᠂ ᠴᠠᠭ ᠤᠷᠲᠦ ᠵᠡᠷᠭᠡ ᠠᠰᠠᠭᠤᠳᠠᠯ ᠮᠦᠨ ᠯᠡ ᠤᠷᠤᠰᠢᠵᠦ | ᠪᠤᠢ᠂ ᠠᠷᠠᠳ ᠤᠨ ᠠᠮᠢᠳᠤᠷᠠᠯ ᠤᠨ ᠦᠷᠢᠲᠦᠯ ᠪᠠᠰᠠ ᠨᠡᠯᠢᠶᠡᠳ ᠠᠷᠪᠢᠨ ᠪᠠᠶᠢᠵᠤ᠂ ᠤᠯᠠᠨ ᠲᠦᠮᠡᠨ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠵᠡᠷᠭᠡ ᠲᠠᠯ᠎ᠠ ᠪᠠᠷ ᠪᠠᠰᠠ ᠬᠠᠨᠤᠮᠵᠢ ᠦᠭᠡᠢ ᠭᠠᠵᠠᠷ ᠪᠠᠶᠢᠨ᠎ᠠ︔ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠤᠪᠤᠶᠢᠮ᠎ᠠ ᠪᠠᠶᠢᠵᠤ᠂ ᠥᠷᠢ ᠥᠭᠴᠡᠭᠡ ᠶᠢ ᠲᠥᠯᠥᠬᠦ ᠪᠠ | ᠠᠷᠠᠳ ᠤᠨ ᠠᠮᠢᠳᠤᠷᠠᠯ ᠤᠨ ᠭᠤᠣᠯᠳᠠᠯᠭᠠᠳᠤ ᠦᠢᠯᠡᠰ ᠵᠡᠷᠭᠡ ᠴᠢᠩᠳᠠᠯᠢᠭ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ | ᠪᠤᠢ᠃ ᠵᠠᠰᠠᠭ ᠤᠨ ᠣᠷᠳᠣᠨ ᠤ ᠠᠵᠢᠯᠳᠠᠨ ᠤ ᠬᠠᠥᠯᠢᠵᠢᠯ ᠤᠨ ᠰᠡᠳᠬᠢᠬᠦᠶ ᠪᠠ ᠦᠢᠯᠡᠴᠢᠯᠡᠬᠦ ᠦᠵᠡᠯ ᠤᠬᠠᠮᠰᠠᠷ ᠳᠤ | ᠴᠥ ᠮᠥᠨ ᠴᠥᠭᠡᠨ ᠪᠤᠰᠤ ᠪᠠᠭᠤᠷᠠᠶ ᠲᠠᠯ᠎ᠠ ᠣᠷᠣᠰᠢᠵᠤ᠂ ᠨᠣᠶᠠᠨᠴᠢ ᠰᠤᠷᠲᠠᠯ᠂ ᠬᠡᠯᠪᠡᠷᠢ ᠶᠢᠨ ᠦᠵᠡᠯ ᠪᠠ | ᠢᠯᠵᠠᠷᠠᠯ ᠤᠨ ᠠᠰᠠᠭᠤᠳᠠᠯ ᠢ ᠪᠠᠰᠠ ᠪᠦᠷᠢᠮᠦᠰᠤᠨ ᠠᠷᠢᠯᠭᠠᠵᠤ ᠳᠡᠶᠢᠯᠤᠭᠡᠳᠦᠢ ᠪᠠᠶᠢᠨ᠎ᠠ᠃ ᠪᠢᠳᠠ ᠡᠳᠡᠭᠡᠷ ᠠᠰᠠᠭᠤᠳᠠᠯ | ᠢ ᠳᠡᠭᠡᠲᠦ ᠬᠡᠮᠵᠢᠶ᠎ᠡ ᠪᠠᠷ ᠬᠦᠨᠳᠦᠳᠭᠡᠨ ᠦᠵᠡᠵᠦ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ᠂ ᠦᠨᠡᠨᠬᠦ | ᠰᠢᠢᠳᠪᠦᠷᠢᠯᠡᠨ᠎ᠡ᠃ | ᠬᠤᠶᠠᠷ᠂ 2020 ᠣᠨ ᠤ ᠭᠤᠣᠯᠳᠠᠯᠭ᠎ᠠ ᠲᠠᠢ ᠡᠭᠦᠷᠭᠡ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠲᠦᠢᠯ ᠤᠨ ᠶᠡᠷᠦ ᠪᠤᠰᠤ ᠶᠢᠨ ᠨᠢᠭᠡ | ᠵᠢᠯ ᠪᠣᠯᠬᠤ ᠨᠢ ᠯᠠᠪᠲᠠᠶ ᠶᠤᠮ᠃ ᠭᠡᠨᠡᠳᠲᠡ ᠡᠭᠦᠰᠦᠭᠰᠡᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠡᠮᠦᠨ᠎ᠡ᠂ ᠪᠥᠬᠦ ᠬᠤᠲᠠ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠭᠡᠪᠡᠴᠦ | ᠡᠭᠦᠨ ᠤ ᠵᠡᠷᠭᠡᠪᠡᠷ᠂ ᠡᠨᠡ ᠤᠳᠠᠭᠠᠨ ᠤ ᠬᠢᠵᠢᠭ ᠤᠨ ᠪᠠᠶᠢᠳᠠᠯ ᠨᠢ ᠠᠵᠤ ᠠᠬᠤᠶ ᠨᠡᠶᠢᠭᠡᠮ ᠤᠨ ᠬᠦᠭᠵᠢᠯᠲᠡ ᠳᠤ | ᠵᠠᠶᠢᠯᠠᠰᠢ ᠦᠭᠡᠶ ᠳᠠᠭᠠᠷᠢᠯᠲᠠ ᠤᠴᠠᠷᠠᠭᠤᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠳᠤ | ᠴᠢᠬᠤᠯᠠ ᠶᠡᠭᠡ ᠰᠢᠯᠭᠠᠯᠲᠠ ᠭᠠᠷᠭᠠᠵᠠᠶ᠃ ᠡᠨᠡ ᠵᠢᠯ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠳᠤ᠂ ᠪᠢᠳᠡ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠬᠤ ᠬᠠᠷᠠᠯᠲᠠ ᠡᠭᠦᠷᠭᠡ ᠶᠢ ᠨᠢᠭᠲᠠ ᠴᠢᠩᠭ᠎ᠠ ᠠᠳᠬᠤᠵᠤ᠂ ᠶᠡᠷᠦᠩᠬᠡᠢ ᠪᠠᠶᠢᠷᠢᠯᠠᠭᠤᠯᠤᠯᠲᠠ ᠶᠢ | ᠬᠤᠪᠢᠷᠠᠭᠤᠯᠬᠤ ᠦᠭᠡᠢ᠂ ᠬᠠᠷᠠᠯᠲᠠ ᠡᠭᠦᠷᠭᠡ ᠶᠢ ᠭᠤᠶᠢᠪᠢᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠮᠢ | ᠠᠬᠤᠢ ᠶᠢ ᠳᠡᠷᠢᠬᠦᠨ ᠳᠤ ᠳᠠᠯᠪᠢᠬᠤ᠂ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ | ᠤ ᠢᠯᠠᠯᠲᠠ ᠶᠢ ᠡᠷᠡᠰ ᠣᠯᠵᠤ᠂ ︽ᠵᠢᠷᠭᠤᠭ᠎ᠠ ᠶᠢ ᠳᠤᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠳᠤᠳᠠᠢ | ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠨᠠᠶᠢᠳᠠᠪᠤᠷᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠᠶᠢᠳᠠᠯ ᠳᠤᠤᠷ᠎ᠠ ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ | ᠬᠦᠭᠵᠢᠯᠳᠡ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ | ᠬᠢᠬᠦ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠴᠢᠷᠮᠠᠶᠢᠨ ᠲᠡᠮᠡᠴᠡᠨ ᠣᠯᠵᠤ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ | ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠦᠨᠡᠨᠬᠦ ᠪᠠᠲᠤᠯᠠᠨ᠎ᠠ᠃ | ᠡᠨᠡ ᠵᠢᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠣᠷᠴᠢᠮ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 16 % ᠨᠡᠮᠡᠭᠳᠡᠭᠦᠯᠵᠦ᠂ 500 | ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15 % ᠣᠷᠴᠢᠮ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 3.8 % | ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4.7% ᠨᠡᠮᠡᠭᠳᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ | 6 % ᠪᠠ 8 % ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ 1.5 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠨ᠎ᠠ᠃ | ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠨ ᠬᠢᠨ᠎ᠡ | ︵ᠨᠢᠭᠡ︶ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ᠶᠡᠭᠡ ᠪᠤᠭᠤᠮᠲᠠ | ᠰᠢᠪᠲᠤᠯᠬᠤ ᠳᠠᠶᠢᠯᠠᠯᠳᠤᠭᠠᠨ ᠳᠤ ᠡᠷᠡᠰ ᠢᠯᠠᠯᠲᠠ ᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠠ | ᠶᠠᠰᠤ ᠴᠢᠨᠠᠷ ᠦᠷ᠎ᠡ ᠠᠰᠢᠭ ᠲᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠤᠨ᠎ᠠ᠃ ︽ᠳᠥᠷᠪᠡ ᠶᠢ ᠦᠯᠦ ᠬᠠᠶᠠᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠲᠠᠯ᠎ᠠ ᠪᠠᠷ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠲᠤᠭᠤᠰᠢᠲᠠᠢ ᠰᠢᠢᠳᠪᠦᠷᠢᠯᠡᠵᠦ᠂ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠤᠨ᠎ᠠ᠃ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ︽ᠡᠷᠬᠢᠨ ᠬᠠᠷᠠᠬᠤ︾ ᠶᠢ ᠪᠥᠬᠦ ᠲᠠᠯ᠎ᠠ ᠪᠠᠷ ᠥᠷᠨᠢᠭᠦᠯᠵᠦ᠂ | ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ᠂ ᠦᠷ᠎ᠡ ᠪᠦᠲᠦᠮᠵᠢ ᠶᠢ ᠬᠢᠨᠠᠨ ᠰᠢᠯᠭᠠᠬᠤ᠂ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠠᠰᠠᠭᠤᠳᠠᠯ ᠠᠮᠠᠷᠬᠠᠨ ᠡᠭᠦᠰᠬᠦ ᠣᠯᠠᠨ ᠡᠭᠦᠰᠬᠦ᠂ ᠡᠭᠡᠵᠦ ᠳᠠᠪᠲᠠᠨ ᠡᠭᠦᠰᠬᠦ ᠭᠠᠵᠠᠷ ᠣᠷᠣᠨ ᠪᠠ | ᠰᠠᠯᠠᠭ᠎ᠠ ᠮᠥᠴᠢᠷ ᠲᠤ ᠫᠠᠶᠢᠰᠠ ᠡᠯᠭᠦᠨ ᠬᠢᠨᠡᠨ ᠪᠠᠶᠢᠴᠠᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠭᠤᠤᠯᠯᠠᠬᠤ ᠠᠵᠤ ᠦᠢᠯᠡᠰ ᠤᠨ ᠲᠤᠭᠤᠷᠢᠨ ᠳᠤ᠂ ᠳᠠᠭᠠᠭᠤᠯᠤᠭᠴᠢ ᠠᠵᠤ ᠠᠬᠤᠶᠢᠯᠠᠯ᠂ | ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠬᠤ ᠡᠷᠴᠢᠮ ᠢ | ᠴᠢᠩᠭᠠᠷᠠᠭᠤᠯᠤᠨ᠂ ︽ᠲᠣᠪᠶᠤᠭ ᠮᠠᠶ᠋ᠢᠭ︾ ᠢᠶᠠᠷ ᠶᠠᠳᠠᠭᠤ ᠶᠢ ᠲᠡᠳᠬᠦᠬᠦ᠂ ᠵᠠᠬᠢᠶᠠᠯᠠᠭ᠎ᠠ ᠶᠢᠨ ᠭᠡᠷ᠎ᠡ᠂ ᠦᠢᠯᠡᠴᠢᠯᠡᠭᠡᠨ | ᠤ ᠬᠠᠮᠵᠢᠯᠴᠠᠭ᠎ᠠ᠂ ᠡᠳ᠋ ᠬᠥᠷᠥᠩᠭᠡ ᠶᠢᠨ ᠠᠰᠢᠭ ᠣᠷᠣᠯᠭ᠎ᠠ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠠᠷᠭ᠎ᠠ ᠬᠡᠮᠵᠢᠶ᠎ᠡ ᠶᠢ ᠠᠪᠴᠤ᠂ ᠠᠵᠤ ᠠᠬᠤᠶᠢᠯᠠᠯ ᠪᠤᠯᠤᠨ ᠶᠠᠳᠠᠭᠤ ᠬᠦᠴᠢᠷᠳᠡᠯᠲᠡᠢ ᠡᠷᠦᠭᠡ ᠶᠢᠨ ᠨᠢᠭ᠌ᠲᠡ ᠠᠰᠢᠭ | ᠲᠤᠰᠠ ᠶᠢᠨ ᠬᠤᠯᠪᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ | ᠴᠠᠬᠢᠯᠭᠠᠨ ᠥᠷᠲᠡᠭᠡᠨ ᠤ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠦ᠂ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ ᠵᠢᠴᠢ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ | ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠴᠢᠨᠠᠷ ᠰᠠᠶᠢᠲᠠᠶ ᠶᠠᠪᠤᠭᠳᠠᠭᠤᠯᠤᠨ᠎ᠠ᠃ | ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠡᠭᠡᠵᠢᠩ ᠤᠨ ᠵᠠᠬ᠎ᠠ | ᠳᠡᠯᠭᠡᠭᠦᠷ ᠯᠦᠭᠡ ᠶᠢᠨ ᠭᠦᠨᠵᠡᠭᠡᠶ ᠵᠣᠯᠭᠠᠯᠴᠠᠭ᠎ᠠ ᠶᠢ ᠴᠢᠩᠭᠠᠳᠬᠠᠨ᠂ ᠵᠢᠩ ᠳ᠋ᠦᠩ᠂ ᠠ ᠯᠢ ᠪᠠ ᠪᠠ ᠵᠡᠷᠭᠡ ᠲᠣᠮᠣ | ᠬᠡᠯᠪᠡᠷᠢ ᠶᠢᠨ ᠴᠠᠬᠢᠮ ᠬᠤᠳᠠᠯᠳᠤᠭ᠎ᠠ ᠯᠤᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ ᠂ ᠴᠢᠨᠠᠷ ᠰᠠᠶᠢᠲᠠᠶ | ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠰᠦᠯᠵᠢᠶᠡᠨ ᠳᠡᠭᠡᠷ᠎ᠡ ᠪᠤᠷᠤᠯᠠᠭᠤᠯᠬᠤ ᠶᠢ ᠥᠷᠭᠡᠳᠬᠡᠨ᠎ᠡ᠃ | ᠶᠠᠳᠠᠭᠤ ᠶᠢ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠤᠨ᠎ᠡ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠦᠲᠦᠮᠵᠢᠲᠠᠢ | ᠵᠤᠯᠭᠠᠭᠤᠯᠤᠯᠲᠠ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠡᠬᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ | ᠠᠮᠠᠷᠬᠠᠨ ᠶᠠᠳᠠᠭᠤᠷᠠᠬᠤ ᠡᠷᠦᠬᠡ ᠳᠤ ᠬᠢᠨᠠᠨ ᠬᠡᠮᠵᠢᠯᠲᠡ ᠬᠢᠬᠦ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠢ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠴᠢᠯᠠᠨ ᠠᠪᠤᠨ᠎ᠠ᠃ ︽ᠶᠠᠳᠠᠭᠤᠷᠠᠬᠤ ᠠᠴᠠ ᠰᠡᠷᠭᠡᠶᠢᠯᠡᠬᠦ | ᠳᠠᠭᠠᠳᠬᠠᠯ ︾ ᠤᠨ ᠲᠥᠷᠥᠯ ᠵᠦᠢᠯ ᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ᠂ | ᠨᠠᠰᠤᠵᠢᠯ ᠤᠨ ᠳᠠᠭᠠᠳᠬᠠᠯ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ | ᠴᠠᠭ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠎ᠡ᠃ | ᠣᠨᠳᠣᠤ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠶᠢ ᠴᠢᠩᠭᠠᠳᠬᠠᠵᠤ᠂ ᠠᠵᠤ ᠦᠢᠯᠡᠰ᠂ ᠠᠵᠢᠯ | ᠣᠯᠭᠤᠯᠲᠠ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ ᠠᠰᠠᠭᠤᠳᠠᠯ ᠢ ᠲᠦᠪᠯᠡᠷᠡᠭᠦᠯᠦᠨᠰᠠᠶᠢᠲᠤᠷ | ᠰᠢᠢᠳᠪᠦᠷᠢᠯᠡᠨ᠎ᠡ᠃ ᠣᠶᠤᠨ ᠤᠬᠠᠭᠠᠨ ᠪᠠ ᠵᠣᠷᠢᠭ ᠰᠠᠨᠠᠭ᠎ᠠ ᠶᠢ ᠨᠢ ᠬᠤᠤᠰ ᠲᠡᠳᠬᠦᠬᠦ ᠶᠢ ᠪᠠᠷᠢᠮᠲᠠᠯᠠᠵᠤ᠂ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠣᠯᠠᠨ ᠠᠷᠭ᠎ᠠ ᠵᠠᠮ ᠢᠶᠠᠷ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠤ᠂ | ᠥᠪᠡᠷ ᠢ ᠪᠠᠨ ᠬᠦᠭᠵᠢᠭᠦᠯᠬᠦ ᠦᠵᠡᠯ ᠤᠬᠠᠮᠰᠠᠷ ᠪᠠ ᠬᠦᠴᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ | ᠠᠯᠤᠰ ᠬᠡᠲᠦ ᠳᠤ ᠰᠠᠭᠤᠷᠢᠯᠠᠵᠤ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ ᠃ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠢᠷᠢᠰ ᠴᠡᠭᠴᠡᠯᠡᠨ | ᠰᠠᠶᠢᠵᠢᠷᠠᠭᠤᠯᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠬᠥᠬᠡ ᠣᠭᠲᠠᠷᠭᠤᠢ ᠶᠢ ᠰᠠᠶᠢᠲᠤᠷ ᠰᠠᠬᠢᠨ ᠬᠠᠮᠠᠭᠠᠯᠠᠨ᠎ᠠ᠃ ︽ᠲᠠᠷᠬᠠᠢ ᠪᠤᠳᠠᠷᠬᠠᠢ | ᠡᠮᠬᠢ ᠵᠠᠮᠪᠠᠷᠠᠭ᠎ᠠ ᠦᠭᠡᠢ ᠪᠤᠬᠢᠷᠳᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ | ᠳᠣᠤᠷ᠎ᠠ ᠠᠭᠠᠷ ᠤᠨ ᠳᠡᠭᠳᠡᠮᠡᠯ ᠲᠣᠭᠤᠰᠣᠨ ᠤ ᠪᠣᠬᠢᠷᠲᠤᠯ ᠢ ᠬᠢᠵᠠᠭᠠᠷᠯᠠᠬᠤ ᠶᠢ ᠴᠢᠩᠭᠠᠷᠠᠭᠤᠯᠵᠤ᠂ ᠥᠳᠬᠡᠴᠡ ᠶᠢ | ᠪᠠᠷᠢᠮᠵᠢᠶ᠎ᠠ ᠳᠤ ᠬᠦᠷᠦᠭᠦᠯᠬᠦ ᠪᠠ ᠶᠡᠷᠦᠩᠬᠡᠶ ᠬᠡᠮᠵᠢᠶ᠎ᠡ ᠶᠢ ᠵᠥᠪᠰᠢᠶᠡᠷᠡᠬᠦ ᠳᠠᠪᠬᠤᠷ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠪᠠᠶᠢᠭᠤᠯᠤᠨ ᠪᠦᠲᠦᠭᠡᠬᠦ ᠲᠣᠭᠤᠷᠢᠭ ᠤᠨ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ | ᠭᠦᠸᠧᠯᠦ ᠶᠢ ᠪᠦᠬᠦᠨ ᠢ ᠰᠢᠭᠰᠢᠭᠳᠡᠭᠦᠯᠵᠦ᠂ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ᠂ ᠰᠢᠩ ᠾᠧ | ᠰᠢᠶᠠᠨ ᠤ ᠬᠤᠩ ᠳ᠋ᠠ ᠵᠡᠷᠭᠡ ᠦᠯᠡᠳᠡᠭᠳᠡᠯ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ | ᠭᠠᠳᠠᠭᠰᠢᠯᠠᠭᠤᠯᠤᠯᠲᠠ ᠶᠢ ᠰᠢᠨᠡᠳᠭᠡᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠴᠠᠬᠢᠯᠠᠭᠤᠷ ᠴᠢᠯᠠᠭᠤ᠂ ᠲᠡᠮᠦᠷ ᠤᠨ | ᠬᠠᠶᠢᠯᠤᠰᠢ ᠵᠡᠷᠭᠡ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠶ᠂ ᠪᠣᠳᠠᠰ ᠤᠨ ᠬᠤᠷᠣᠭᠳᠠᠯ | ᠶᠡᠬᠡᠲᠡᠶ ᠪᠠ ᠦᠢᠯᠡᠳᠪᠦᠷᠢᠯᠡᠯ ᠤᠨ ᠴᠢᠳᠠᠪᠤᠷᠢ ᠦᠯᠡᠬᠦᠳᠡᠭᠰᠡᠨ ᠳᠣᠤᠷ᠎ᠠ ᠲᠦᠪᠰᠢᠨ ᠢᠶᠠᠷ ᠳᠠᠪᠬᠤᠷᠳᠠᠭᠤᠯᠤᠨ | ᠪᠦᠲᠦᠭᠡᠨ ᠪᠠᠶᠢᠭᠤᠯᠬᠤ ᠲᠥᠷᠥᠯ ᠵᠦᠢᠯ ᠢ ᠴᠢᠩᠭ᠎ᠠ ᠬᠢᠵᠠᠭᠠᠷᠯᠠᠨ᠎ᠠ᠃ ᠨᠣᠮᠢᠨ ᠤᠰᠤ ᠶᠢ ᠰᠠᠶᠢᠲᠤᠷ ᠬᠠᠮᠢᠶᠠᠷᠤᠨ | ᠬᠠᠮᠠᠭᠠᠯᠠᠨ᠎ᠠ᠃ ᠤᠰᠤᠨ ᠤ ᠬᠡᠮᠵᠢᠶ᠎ᠡ ᠪᠠᠷ ᠬᠢᠬᠦ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠲᠣᠭᠲᠠᠭᠠᠬᠤ ᠶᠢ | ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠥᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠤᠨ᠎ᠠ᠃ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠢᠬᠢᠷᠢ ᠶᠢᠨ ᠨᠠᠭᠤᠷ᠂ ᠶᠡᠭᠡ ᠲᠦᠷᠭᠡᠨ ᠭᠤᠤᠯ ᠵᠡᠷᠭᠡ ᠭᠤᠤᠯ ᠮᠦᠷᠡᠨ ᠤ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠦ᠂ ᠹᠧᠩᠵᠧᠨ ᠤ ᠶᠡᠭᠡ ᠲᠦᠷᠭᠡᠨ ᠭᠤᠤᠯ ᠤᠨ ᠤᠯᠤᠰ ᠤᠨ | ᠡᠵᠡᠮᠳᠡᠯ ᠤᠨ ᠣᠭᠲᠣᠯᠤᠭᠠᠰᠤ ᠶᠢᠨ ᠲᠤᠭᠲᠠᠭᠤᠨ ᠪᠠᠷᠢᠮᠵᠢᠶ᠎ᠡ ᠳᠤ ᠬᠦᠷᠬᠦ ᠶᠢ ᠪᠠᠲᠤᠯᠠᠨ᠎ᠠ᠃ ︽ᠳᠠᠭ᠎ᠠ ᠶᠢᠨ ᠨᠠᠭᠤᠷ | ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ︾ ᠶᠢ ᠴᠢᠩᠭ᠎ᠠ ᠬᠡᠷᠡᠭᠵᠢᠭᠦᠯᠵᠦ᠂ ᠠᠭᠤᠯᠠ | ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠶᠡᠷᠦᠩᠬᠡᠶᠢᠯᠡᠨ ᠵᠠᠰᠠᠯᠲᠠ᠂ ᠠᠮᠢ | ᠠᠬᠤᠶ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠪᠠᠷᠢᠯᠭ᠎ᠠ ᠶᠢ ᠡᠬᠢᠯᠡᠭᠦᠯᠦᠨ ᠶᠠᠪᠤᠭᠳᠠᠭᠤᠯᠤᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠡᠬᠢᠯᠡᠭᠦᠯᠵᠦ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 4 ᠬᠤᠰᠢᠭᠤ ᠰᠢᠶᠠᠨ | ᠵᠢᠯ ᠤᠨ ᠳᠣᠲᠣᠷ᠎ᠠ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠦᠨ᠎ᠡ᠃ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠪᠠᠷ ᠭᠤᠤᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ 32 ᠲᠦᠮᠡᠨ ᠮᠥ᠂ ᠣᠷᠭᠠᠨᠢᠭ | ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 15 ᠲᠦᠮᠡᠨ ᠮᠥ ᠪᠠᠶᠢᠭᠤᠯᠤᠨ᠎ᠠ᠃ ᠤᠤᠭᠤᠬᠤ | ᠤᠰᠤᠨ ᠤ ᠤᠰᠤᠨ ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ᠎ᠡ᠃ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ ᠠᠮᠢᠳᠤᠷᠠᠯ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 6 ᠶᠢ ᠥᠭᠡᠷᠡᠴᠢᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ | ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠠᠷᠢᠭᠤᠨ ᠰᠢᠷᠣᠶ ᠶᠢ ᠳᠤᠳᠤᠮᠳᠠᠨ ᠬᠠᠮᠢᠶᠠᠷᠤᠨ᠎ᠠ᠃ ᠭᠠᠵᠠᠷ ᠰᠢᠷᠣᠶ ᠶᠢᠨ | ᠪᠣᠬᠢᠷᠲᠤᠯ ᠢ ᠨᠠᠷᠢᠨ ᠪᠠᠶᠢᠴᠠᠭᠠᠬᠤ ᠵᠠᠯᠭᠠᠮᠵᠢ ᠠᠵᠢᠯ ᠢ ᠰᠠᠶᠢᠲᠤᠷ ᠬᠢᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠪᠠᠭᠲᠠᠭᠠᠨ ᠰᠢᠩᠭᠡᠭᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ 88 ᠲᠦᠮᠡᠨ ᠲᠡᠭᠰᠢ | ᠳᠥᠷᠪᠡᠯᠵᠢᠨ ᠺᠢᠯᠣᠮᠧᠲᠷ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠨ ᠡᠮ ᠬᠢᠮᠢ ᠶᠢᠨ ᠪᠣᠷᠳᠣᠭᠤᠷ ᠤᠨ | ᠬᠡᠷᠡᠭᠯᠡᠯᠲᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠵᠦ᠂ ᠦᠯᠡᠳᠡᠭᠳᠡᠯ ᠰᠦᠯᠢᠶᠤᠤ ᠪᠦᠷᠬᠦᠪᠴᠢ ᠶᠢ ᠪᠤᠴᠠᠭᠠᠨ | ᠬᠤᠷᠢᠶᠠᠬᠤ ᠨᠣᠷᠮ᠎ᠠ ᠶᠢ 80% ᠳᠤ ᠬᠦᠷᠭᠡᠵᠦ᠂ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | 85% ᠳᠤ ᠬᠦᠷᠭᠡᠨ᠎ᠡ᠃ | ᠪᠣᠳᠠᠲᠤ ᠪᠠᠶᠢᠳᠠᠯ ᠳᠤ ᠰᠠᠭᠤᠷᠢᠯᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ | ᠨᠠᠮᠳᠠᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠷᠢᠯᠭᠠᠨ᠎ᠠ᠃ | ᠡᠩ ᠤᠨ ᠴᠢᠨᠠᠷᠲᠠᠶ ᠵᠠᠷᠤᠯᠭ᠎ᠠ ᠶᠢ ᠡᠷᠡᠰ ᠬᠠᠰᠤᠵᠤ᠂ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠣᠶ ᠶᠢ | ᠰᠢᠯᠵᠢᠭᠦᠯᠦᠨ ᠬᠤᠳᠠᠯᠳᠤᠬᠤ᠂ ᠡᠳ᠋ ᠬᠥᠷᠥᠩᠭᠡ ᠶᠢ ᠬᠡᠷᠡᠭᠯᠡᠭᠡᠨ ᠳᠤ ᠤᠷᠤᠭᠤᠯᠬᠤ ᠵᠡᠷᠭᠡ ︽ᠬᠠᠮ ᠠᠷᠭ᠎ᠠ︾ ᠶᠢ | ᠰᠠᠶᠢᠲᠤᠷ ᠬᠡᠷᠡᠭᠯᠡᠵᠦ᠂ ᠳᠠᠯᠳᠠ ᠥᠷᠢ ᠥᠭᠴᠡᠭᠡ ᠶᠢᠨ ᠣᠨ ᠤ ᠠᠷᠢᠯᠭᠠᠬᠤ ᠡᠭᠦᠷᠭᠡ ᠶᠢᠨ ᠪᠡᠶᠡᠯᠡᠯ ᠢ ᠦᠨᠡᠨᠬᠦ | ᠪᠠᠲᠤᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠳᠤᠮᠳᠠ ᠵᠢᠵᠢᠭ ᠠᠵᠤ ᠠᠬᠤᠶᠢᠯᠠᠯ ᠤᠨ | ᠵᠥᠷᠢᠯᠳᠦᠭᠡᠨ ᠥᠬᠡᠶ ᠥᠷᠢᠲᠦᠭᠰᠡᠨ ᠵᠤᠭᠤᠰ ᠤᠨ ᠠᠷᠢᠯᠭᠠᠬᠤ ᠵᠤᠬᠢᠰᠲᠠᠢ ᠶᠢ ᠨᠢ ᠠᠷᠢᠯᠭᠠᠬᠤ ᠶᠢ ᠦᠨᠡᠨᠬᠦ ᠪᠠᠲᠤᠯᠠᠨ᠎ᠠ | ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠭ᠎ᠠ᠂ ᠵᠠᠰᠠᠭ ᠤᠨ ᠣᠷᠳᠣᠨ ᠤ ᠪᠡᠯᠡ | ᠤᠷᠤᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ | ᠬᠤᠳᠠᠯᠳᠤᠨ ᠠᠪᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ | ᠵᠥᠷᠢᠴᠡᠨ ᠥᠷᠢ ᠲᠠᠯᠪᠢᠬᠤ ᠶᠢ ᠡᠷᠡᠰ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠨ ᠡᠵᠡᠮᠳᠡᠨ᠎ᠡ᠃ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ | ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠣᠷᠴᠢᠨ | ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠦᠸᠧᠽᠢ ᠰᠢᠶᠠᠨ᠂ ᠰᠢᠩ ᠾᠧ ᠰᠢᠶᠠᠨ ᠤ ᠬᠦᠳᠡᠭᠡ | ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠦᠭᠡᠷᠡᠴᠢᠯᠡᠯᠲᠡ ᠶᠢ ᠢᠳᠡᠪᠬᠢᠲᠠᠢ ᠯᠠᠪᠳᠠᠭᠤᠨ ᠲᠦᠯᠬᠢᠨ ᠠᠬᠢᠭᠤᠯᠵᠤ | ᠂ ᠹᠧᠩᠵᠧᠨ ᠤ ᠬᠤᠯᠪᠤᠭᠠᠲᠤ ᠢᠲᠡᠭᠡᠮᠵᠢ ᠶᠢᠨ ᠬᠤᠷᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠭᠢ ᠶᠢᠨ ᠫᠠᠶᠢᠰᠠ | ᠡᠯᠭᠦᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠵᠢᠷᠤᠮᠵᠢᠭᠤᠯᠤᠨ᠎ᠠ᠃ ᠣᠳᠣ ᠪᠠᠶᠢᠭ᠎ᠠ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ | ᠵᠠᠰᠠᠯᠳᠠ ᠶᠢᠨ ᠪᠦᠲᠦᠴᠡ ᠶᠢ ᠰᠢᠯᠢᠳᠡᠭᠵᠢᠬᠦᠯᠵᠦ᠂ ᠠᠵᠤ ᠠᠬᠤᠶᠢᠯᠠᠯ ᠤᠨ ᠠᠵᠢᠯ ᠤᠨ ᠬᠢᠷᠢ ᠪᠦᠲᠦᠮᠵᠢ ᠶᠢ ᠬᠢᠨᠠᠨ | ᠰᠢᠯᠭᠠᠬᠤ ᠪᠠ ᠬᠠᠮᠢᠶᠠᠷᠤᠯᠳᠠ ᠶᠢᠨ ᠳᠦᠷᠢᠮ ᠢ ᠲᠡᠭᠦᠯᠳᠡᠷᠵᠢᠭᠦᠯᠦᠨ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ | ᠵᠠᠬ᠎ᠠ ᠳᠡᠯᠭᠡᠭᠦᠷᠴᠢᠯᠡᠨ ᠡᠵᠡᠩᠨᠡᠬᠦ ᠲᠣᠭᠲᠠᠴᠠ ᠶᠢ ᠪᠤᠢ ᠪᠣᠯᠭᠠᠵᠤ᠂ ᠠᠵᠤ ᠠᠬᠤᠶᠢᠯᠠᠯ ᠤᠨ ᠠᠰᠢᠭ ᠤᠯᠵᠠᠪᠤᠷᠢ ᠣᠯᠬᠤ | ᠴᠢᠳᠠᠪᠤᠷᠢ ᠶᠢ ᠦᠨᠡᠨᠬᠦ ᠨᠡᠮᠡᠭᠳᠡᠭᠦᠯᠦᠨ᠎ᠡ᠃ ᠤᠯᠤᠰ ᠤᠨ ᠥᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠶᠢ | ᠪᠠᠶᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠣᠷᠣᠭᠤᠯᠤᠯᠲᠠ ᠪᠡᠯᠡ ᠲᠤᠬᠢᠷᠠᠭᠤᠯᠭ᠎ᠠ ᠶᠢᠨ ᠲᠠᠪᠴᠠᠩ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠬᠥᠷᠥᠩᠭᠡ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠦᠨ᠂ ᠪᠡᠯᠡ ᠣᠷᠣᠭᠤᠯᠤᠨ ᠡᠵᠡᠩᠨᠡᠨ ᠡᠷᠬᠢᠯᠳᠦᠬᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠶᠠᠷ︶ ᠪᠤᠳᠠᠳᠤ ᠴᠤᠭᠴᠠ ᠶᠢᠨ ᠠᠵᠤ ᠠᠬᠤᠢ ᠳᠤ ᠠᠩᠬᠠᠷᠤᠯ ᠢᠶᠠᠨ ᠬᠠᠨᠳᠤᠭᠤᠯᠵᠤ᠂ ᠴᠢᠨᠠᠷ | ᠰᠠᠶᠢᠲᠠᠢ ᠬᠦᠭᠵᠢᠯᠲᠡ ᠶᠢ ᠠᠬᠢᠭᠤᠯᠬᠤ ᠳᠤ ᠦᠷᠭᠦᠯᠵᠢᠯᠡᠨ ᠬᠦᠴᠦᠯᠡᠨ᠎ᠡ᠃ | ᠲᠥᠷᠥᠯ ᠵᠦᠢᠯ ᠤᠨ ᠪᠠᠶᠢᠷᠢᠰᠢᠭᠤᠯᠤᠯ ᠢᠶᠠᠷ ᠪᠦᠲᠦᠴᠡ ᠶᠢᠨ ᠲᠣᠬᠢᠷᠠᠭᠤᠯᠤᠯᠲᠠ ᠶᠢ ᠳᠠᠶᠢᠴᠢᠯᠠᠨ᠎ᠠ᠃ ᠪᠡᠯᠡ | ᠣᠷᠣᠭᠤᠯᠤᠯᠲᠠ ᠶᠢ ᠠᠳᠬᠤᠬᠤ ᠲᠦᠷᠦᠯ ᠵᠦᠢᠯ ᠢ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠠᠬᠤᠢ | ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠤᠨ᠎ᠠ᠃ ᠬᠠᠷᠠᠯᠳᠠ ᠲᠠᠢ ᠪᠠᠷ ᠬᠤᠳᠠᠯᠳᠤᠭᠠᠴᠢᠨ | ᠤᠷᠢᠬᠤ ᠶᠢ ᠠᠳᠬᠤᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠦᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ | ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠤᠨ | ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠭᠤᠤᠯᠳᠠᠯᠭ᠎ᠠ ᠲᠠᠢ ᠲᠥᠷᠥᠯ | ᠵᠦᠢᠯ ᠢ ᠤᠳᠤᠷᠢᠳᠬᠤ ᠺᠠᠳ᠋ᠷ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ | ᠲᠥᠷᠥᠯ ᠵᠦᠢᠯ ᠤᠨ ᠨᠥᠭᠡᠴᠡ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠨ᠎ᠠ᠃ ᠴᠢᠬᠤᠯᠠ | ᠡᠯᠧᠮᠧᠨ᠋ᠲ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠵᠢᠤᠢ ᠪᠦᠦ ᠵᠤᠸᠠᠩ ᠤᠨ 500 ᠺᠢᠯᠣᠸᠤᠯᠲ ᠤᠨ ᠬᠦᠴᠦᠳᠡᠯ | ᠥᠭᠡᠷᠡᠴᠢᠯᠡᠬᠦ ᠥᠷᠲᠡᠭᠡ᠂ ᠬᠤᠩ ᠬᠠᠢ᠂ ᠮᠠᠨᠳᠠ᠂ ᠢ ᠡᠦ ᠳᠠᠩ ᠤᠨ 220 ᠺᠢᠯᠣᠸᠠᠲ ᠤᠨ ᠬᠦᠴᠦᠳᠡᠯ | ᠥᠭᠡᠷᠡᠴᠢᠯᠡᠬᠦ ᠥᠷᠲᠡᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠪ ᠬᠤᠲᠠ | ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠪᠠᠷᠢᠯᠭ᠎ᠠ ᠶᠢ ᠡᠬᠢᠯᠡᠭᠦᠯᠵᠦ᠂ ᠴᠢ ᠵᠢᠶᠠ ᠶᠢᠩ | ᠂ ᠯᠦᠩ ᠱᠧᠩ᠂ ᠬᠤᠩᠭᠤᠷ ᠵᠡᠷᠭᠡ ᠤᠰᠤᠨ ᠴᠥᠭᠦᠷᠥᠮ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠪᠠ ᠰᠤᠯᠠ ᠭᠠᠵᠠᠷ ᠬᠡᠷᠡᠭᠯᠡᠬᠦ ᠶᠢ ᠴᠡᠪᠡᠷᠯᠡᠨ ᠴᠡᠭᠴᠡᠯᠡᠵᠦ ᠵᠠᠰᠠᠬᠤ ᠶᠢ | ᠲᠦᠯᠬᠢᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠬᠠᠩᠭᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠪᠠᠲᠤᠯᠠᠭᠠᠨ ᠤ | ᠰᠢᠰᠲ᠋ᠧᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠲᠠᠷᠢᠶᠠᠯᠠᠬᠤ ᠮᠠᠯᠵᠢᠬᠤ ᠤᠷᠤᠨ ᠲᠠᠷᠢᠶᠠᠯᠠᠩ ᠮᠠᠯ ᠠᠵᠤ | ᠠᠬᠤᠢ ᠲᠠᠷᠢᠶᠠᠴᠢᠨ ᠮᠠᠯᠴᠢᠨ︾᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠲᠠᠷᠢᠶᠠᠯᠠᠩ | ᠮᠠᠯ ᠠᠵᠤ ᠠᠬᠤᠶ ᠶᠢᠨ ᠦᠢᠯᠡᠰ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ | ᠳᠡᠯᠭᠡᠭᠦᠷ ᠲᠤ ᠭᠠᠷᠬᠤ ᠶᠢ ᠨᠢ ᠳᠡᠮᠵᠢᠵᠦ᠂ ᠰᠢᠭᠤᠳ ᠪᠠᠯᠠ ᠳᠣᠭᠢᠷᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠶᠠᠰᠤ | ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠠᠵᠤ ᠦᠶᠯᠡᠰ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ | ᠳᠠᠶᠢᠴᠢᠯᠠᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ15᠂ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ10᠂ ᠠᠺᠠᠳᠧᠮᠢᠴᠢ ᠲᠤᠰᠬᠠᠶ | ᠮᠡᠷᠭᠡᠵᠢᠯᠲᠡᠨ ᠤ ᠠᠵᠢᠯ ᠤᠨ ᠦᠷᠳᠡᠭᠡ 1 ᠶᠢ ᠰᠢᠨ᠎ᠡ ᠪᠠᠷ ᠪᠠᠶᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠳᠤᠮᠳᠠ ᠳᠤᠤᠷᠠᠳᠤ ᠤᠷᠤᠰᠬᠠᠯ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ | ᠲᠡᠰ ᠲᠡᠶᠢᠰᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠣᠭᠠᠴᠢᠯᠠᠭᠰᠠᠨ ᠠᠵᠤ ᠦᠢᠯᠡᠰ ᠢ ᠬᠡᠪᠴᠢᠶᠡᠵᠢᠭᠦᠯᠦᠨ᠎ᠡ᠃ | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠤᠯᠤᠰ ᠤᠨ ᠲᠣᠮᠣ ᠳ᠋ᠠᠶᠢᠲ᠋ᠠ ᠶᠢᠨ ᠳᠡᠭᠡᠳᠦ ᠰᠢᠨ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠵᠢᠨᠢᠩ ᠤᠨ ᠪᠠᠢ ᠬᠠᠢ ᠽᠢ᠂ ᠪᠠᠶᠠᠨ ᠤ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ 5G ᠰᠦᠯᠵᠢᠶ᠎ᠡ ᠶᠢ ᠲᠥᠪ ᠬᠤᠲᠠ ᠶᠢᠨ | ᠲᠣᠭᠤᠷᠢᠭ ᠲᠤ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ᠬᠤᠳᠠᠯᠳᠤᠭᠠᠨ ᠳᠤ ᠬᠡᠷᠡᠭᠯᠡᠬᠦ ᠳ᠋ᠠᠶᠢᠲ᠋ᠠ ᠶᠢᠨ ᠲᠥᠪ ᠢ | ᠣᠷᠣᠭᠤᠯᠤᠨ ᠠᠪᠴᠢᠷᠠᠬᠤ ᠪᠠ ᠪᠦᠲᠦᠭᠡᠨ ᠪᠠᠶᠢᠭᠤᠯᠵᠤ᠂ ᠬᠤᠸᠠ ᠸᠧᠶ ᠶᠢᠨ ᠭᠤᠷᠪᠠᠳᠤᠭᠠᠷ ᠬᠤᠭᠤᠴᠠᠭ᠎ᠠ᠂ ᠠ ᠯᠢ᠂ | ᠠᠯᠮᠤᠷᠠᠳ ᠵᠡᠷᠭᠡ ᠳ᠋ᠠᠶᠢᠲ᠋ᠠ ᠶᠢᠨ ᠲᠥᠪ ᠢ ᠪᠠᠶᠢᠭᠤᠯᠤᠨ ᠠᠵᠢᠯᠯᠠᠭᠤᠯᠵᠤ᠂ ᠽᠢ ᠵᠢᠩ ᠨᠥᠭᠡᠴᠡ᠂ ᠴᠢᠩᠬᠤᠸᠠ ᠲᠥᠩ | ᠹᠠᠩ ᠵᠡᠷᠭᠡ ᠲᠥᠷᠥᠯ ᠵᠦᠶᠯ ᠢ ᠠᠰᠢᠭᠯᠠᠯᠲᠠ ᠳᠤ ᠣᠷᠣᠭᠤᠯᠵᠤ᠂ ᠳ᠋ᠠᠶᠢᠲ᠋ᠠ ᠶᠢ ᠴᠤᠭᠯᠠᠭᠤᠯᠬᠤ᠂ ᠤᠬᠢᠶᠠᠵᠤ ᠴᠡᠪᠡᠷᠯᠡᠬᠦ | ᠡᠳ᠋ᠰᠢᠭᠦᠯᠬᠦ᠂ ᠭᠦᠶᠯᠭᠡᠭᠡᠨ ᠠᠷᠠᠯᠵᠢᠶᠠᠯᠠᠬᠤ ᠨᠢᠭᠡ ᠪᠦᠯᠦᠭ ᠲᠥᠷᠥᠯ ᠵᠦᠶᠯ ᠢ ᠲᠦᠷᠭᠡᠳᠬᠡᠨ ᠪᠠᠶᠢᠭᠤᠯᠵᠤ᠂ | ᠳ᠋ᠠᠶᠢᠲ᠋ᠠ ᠶᠢᠨ ᠲᠥᠪ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠵᠤ᠂ | ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠤᠮᠠᠷᠠᠲᠤ ᠣᠷᠣᠨ ᠤ ᠳᠠᠭᠤᠳᠠᠯᠲᠠ ᠵᠢᠴᠢ ᠲᠣᠮᠣ ᠳ᠋ᠠᠶᠢᠲ᠋ᠠ ᠶᠢᠨ ᠦᠶᠯᠡᠴᠢᠯᠡᠭᠡᠨ ᠢ ᠭᠠᠳᠠᠭᠰᠢ | ᠳᠠᠭᠠᠭᠠᠴᠢᠯᠠᠭᠤᠯᠬᠤ ᠰᠠᠭᠤᠷᠢᠨ ᠢ ᠪᠠᠶᠢᠭᠤᠯᠵᠤ᠂ ᠦᠶᠯᠡᠴᠢᠯᠡᠭᠡᠨ ᠤ ᠦᠢᠯᠡᠰ ᠤᠨ ᠲᠣᠭᠠᠴᠢᠯᠠᠵᠤ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ ᠪᠠᠶ ᠳ᠋ᠦ᠋᠂ ᠷᠤᠸᠠᠨ ᠲᠦᠩ ᠳ᠋ᠦᠩ ᠯᠢ ᠵᠡᠷᠭᠡ ᠨᠡᠪᠴᠢᠭᠦᠯᠬᠦ ᠲᠥᠪ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠭᠦᠳᠦᠯᠲᠡ ᠦᠶᠯᠡᠰ ᠪᠤᠰᠬᠠᠯᠲᠠ ᠶᠢᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢ ᠲᠦᠷᠭᠡᠳᠬᠡᠨ᠎ᠡ᠃ ᠳᠠᠪᠠᠭᠤᠯᠢᠭ ᠠᠵᠤ ᠦᠢᠯᠡᠰ ᠢ ᠪᠦᠯᠦᠭᠵᠢᠭᠦᠯᠦᠨᠡ᠃ ᠪᠢᠯᠢᠭ ᠲᠦᠢᠯ ᠤᠨ | ᠮᠠᠲ᠋ᠧᠷᠢᠶᠠᠯ ᠤᠨ ᠠᠵᠤ ᠦᠶᠯᠡᠰ ᠤᠨ ᠪᠥᠬᠦ ᠬᠡᠯᠬᠢᠶᠡᠵᠢᠭᠰᠡᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠰᠢᠨ᠎ᠡ | ᠡᠨᠧᠷᠭᠢ ᠶᠢᠨ ᠴᠠᠬᠢᠯᠭᠠᠨ ᠴᠡᠨᠡᠭ ᠤᠨ ᠠᠵᠤ ᠦᠶᠯᠡᠰ ᠤᠨ ᠰᠠᠭᠤᠷᠢᠨ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠲᠡᠰ ᠤᠨ ᠪᠠᠯ ᠴᠢᠯᠠᠭᠤᠨ ᠠᠯᠺᠧᠨ ᠤ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠴᠢᠬᠤᠯᠠ | ᠰᠠᠭᠤᠷᠢᠨ ᠢ ᠪᠠᠶᠢᠭᠤᠯᠤᠨ᠎ᠠ᠃ ᠳ᠋ᠦᠩ ᠶᠠᠩ ᠭᠤᠸᠠᠩ᠂ ᠬᠠᠶ ᠯᠢ ᠵᠡᠷᠭᠡ ᠪᠠᠷ ᠳᠠᠭᠠᠭᠤᠯᠤᠭᠴᠢ ᠪᠣᠯᠭᠠᠵᠤ᠂ ᠬᠡᠲᠦ | ᠴᠠᠬᠢᠯᠭᠠᠨ ᠪᠠᠭᠲᠠᠭᠠᠭᠴᠢ ᠵᠡᠷᠭᠡ ᠳᠣᠣᠷᠠᠳᠤ ᠤᠷᠤᠰᠬᠠᠯ ᠤᠨ ᠦᠶᠯᠡᠳᠬᠦᠨ ᠢ ᠥᠷᠭᠡᠳᠬᠡᠨ ᠬᠥᠭᠵᠢᠭᠦᠯᠦᠨ᠎ᠡ᠃ ᠴᠢ | ᠰᠢᠶᠠ ᠶᠢᠩ ᠤᠨ 2 × 35 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠶᠯ ᠪᠣᠯᠤᠨ ᠵᠢᠩ | ᠨᠢᠩ ᠤᠨ ᠬᠤᠶᠠᠳᠤᠭᠠᠷ ᠬᠤᠭᠤᠴᠠᠭᠠᠨ ᠤ 2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ | ᠦᠶᠯᠡᠳᠪᠦᠷᠢᠯᠡᠬᠦ ᠥᠷᠭᠡᠳᠬᠡᠨ ᠪᠠᠶᠢᠭᠤᠯᠬᠤ ᠲᠥᠷᠥᠯ ᠵᠦᠶᠯ ᠤᠨ ᠠᠵᠢᠯ ᠢ ᠨᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ | ᠃ 600 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠠᠭᠤᠷᠢᠨ ᠤ ᠨᠢᠭᠡᠳᠦᠭᠡᠷ | ᠬᠤᠭᠤᠴᠠᠭᠠᠨ ᠤ ᠲᠥᠷᠥᠯ ᠵᠦᠶᠯ ᠵᠢᠴᠢ ᠭᠠᠳᠠᠭᠰᠢ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠢᠯ ᠤᠨ ᠳᠣᠲᠣᠷ᠎ᠠ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠴᠢᠷᠮᠠᠶᠢᠵᠤ᠂ 400 | ᠲᠦᠮᠡᠨ ᠺᠢᠯᠣᠸᠠᠲ ᠤᠨ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠰᠠᠭᠤᠷᠢᠨ ᠤ ᠡᠮᠦᠨᠡᠬᠢ ᠬᠤᠭᠤᠴᠠᠭᠠᠨ ᠤ | ᠠᠵᠢᠯ ᠢ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ 1100 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠥᠷᠥᠯ ᠵᠦᠶᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ︽ᠡᠨᠧᠷᠭᠢ ᠶᠢᠨ ᠰᠤᠷᠪᠤᠯᠵᠢ ᠠᠴᠢᠶ᠎ᠠ ᠬᠠᠳᠠᠭᠠᠯᠠᠯᠲᠠ︾ ᠶᠢ | ᠨᠢᠭᠡ ᠴᠣᠭᠴᠠᠵᠢᠭᠤᠯᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ | ᠠᠬᠢᠭᠤᠯᠵᠤ᠂ ᠵᠢᠩ ᠺᠧ ᠡᠨᠧᠷᠭᠢ ᠶᠢᠨ ᠰᠤᠷᠪᠤᠯᠵᠢ ᠶᠢᠨ ᠴᠠᠬᠢᠭᠤᠷ ᠢᠯᠲᠠᠰᠤ ᠦᠢᠯᠡᠳᠬᠦ ᠲᠦᠷᠦᠯ ᠵᠦᠢᠯ᠂ | ᠳᠤᠮᠳᠠᠳᠤ ᠤᠯᠤᠰ ᠤᠨ ᠣᠩᠭᠤᠴᠠ ᠶᠢᠨ ᠬᠦᠨᠳᠦ ᠠᠵᠤ ᠦᠶᠯᠡᠳᠪᠦᠷᠢ ᠶᠢᠨ 50 ᠲᠦᠮᠡᠨ ᠺᠢᠯᠣᠸᠠᠲ ᠤᠨ ᠲᠡᠰ ᠤᠨ | ᠭᠡᠷᠡᠯ ᠢᠯᠴᠢ ᠵᠢᠴᠢ ᠡᠨᠧᠷᠭᠢ ᠬᠠᠳᠠᠭᠠᠯᠠᠬᠤ ᠰᠠᠭᠤᠷᠢᠨ ᠤ ᠲᠥᠷᠥᠯ ᠵᠦᠢᠯ ᠢ ᠵᠢᠯ ᠤᠨ ᠳᠣᠲᠣᠷ᠎ᠠ ᠡᠬᠢᠯᠡᠭᠦᠯᠦᠨ᠎ᠡ᠃ | 4 ᠰᠠᠶ᠎ᠠ ᠸᠠᠲ ᠠᠴᠠ ᠳᠡᠭᠡᠭᠰᠢᠬᠢ ᠳᠡᠭᠡᠳᠦ ᠲᠠᠰ ᠤᠨ ᠰᠠᠯᠬᠢᠨ ᠮᠠᠰᠢᠨ ᠤ ᠲᠣᠨᠤᠭ ᠲᠥᠬᠦᠭᠡᠷᠦᠮᠵᠢ ᠵᠢᠴᠢ ᠢᠵᠢ | ᠪᠦᠷᠢᠳᠦᠭᠦᠯᠦᠨ ᠦᠶᠯᠡᠳᠬᠦ ᠦᠶᠯᠡᠰ ᠤᠨ ᠬᠥᠭᠵᠢᠨ ᠪᠤᠵᠠᠭᠠᠶᠢᠷᠠᠬᠤ ᠶᠢ ᠨᠢ ᠳᠡᠮᠵᠢᠵᠦ᠂ ᠱᠠᠩᠳᠤ᠂ ᠵᠢᠨᠢᠩ᠂ ᠰᠢᠩ | ᠾᠧ ᠵᠡᠷᠭᠡ ᠭᠠᠵᠠᠷ ᠲᠤ ᠤᠯᠤᠰ ᠤᠨ ᠳᠣᠲᠣᠭᠠᠳᠤ ᠶᠢᠨ ᠴᠢᠬᠤᠯᠠ ᠰᠠᠯᠬᠢᠨ ᠮᠠᠰᠢᠨ ᠪᠠ ᠬᠡᠷᠡᠯ ᠸᠣᠯᠲ ᠤᠨ ᠲᠣᠨᠤᠭ | ᠲᠥᠬᠦᠭᠡᠷᠦᠮᠵᠢ ᠦᠶᠯᠡᠳᠬᠦ ᠰᠠᠭᠤᠷᠢᠨ ᠢ ᠪᠠᠶᠢᠭᠤᠯᠤᠨ᠎ᠠ᠃ LNG᠂ CNG ᠴᠡᠪᠡᠷ ᠡᠨᠧᠷᠭᠢ ᠶᠢᠨ | ᠬᠥᠭᠵᠢᠯᠲᠡ ᠶᠢ ᠶᠡᠬᠡᠪᠡᠷ ᠳᠡᠯᠭᠡᠷᠡᠭᠦᠯᠵᠦ᠂ ᠡᠳᠦᠷ ᠲᠤ 100 ᠲᠦᠮᠡᠨ ᠪᠣᠰᠤᠭ᠎ᠠ ᠳᠥᠷᠪᠡᠯᠵᠢᠨ ᠮᠧᠲᠷ ᠤᠨ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠣᠷᠭᠢᠯ ᠢ ᠲᠣᠬᠢᠷᠠᠭᠤᠯᠬᠤ ᠨᠥᠭᠡᠴᠡᠯᠡᠯ ᠤᠨ ᠲᠥᠪ ᠤᠨ ᠠᠵᠢᠯ ᠢ | ᠨᠢ ᠡᠬᠢᠯᠡᠭᠦᠯᠦᠨ ᠪᠦᠲᠦᠭᠡᠨ ᠪᠠᠶᠢᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠠᠴᠠ ᠬᠤᠸᠠᠳᠧ ᠰᠢᠶᠠᠨ | ᠬᠦᠷᠬᠦ ᠵᠡᠷᠭᠡ 3 ᠵᠤᠷᠪᠤᠰ ᠰᠠᠯᠪᠤᠷᠢ ᠱᠤᠭᠤᠮ ᠤᠨ ᠬᠤᠭᠤᠯᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠲᠥᠪ ᠬᠤᠲᠠ ᠶᠢᠨ ᠲᠣᠭᠤᠷᠢᠭ ᠤᠨ ᠬᠤᠭᠤᠯᠠᠶ ᠪᠠᠷ ᠳᠠᠮᠵᠢᠭᠤᠯᠤᠭᠰᠠᠨ ᠪᠠᠶᠢᠭᠠᠯᠢ ᠶᠢᠨ ᠰᠢᠲᠠᠮᠠᠬᠠᠶ | ᠬᠡᠢ ᠶᠢᠨ ᠪᠦᠷᠬᠦᠴᠡ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ ᠤᠯᠠᠮᠵᠢᠯᠠᠯᠲᠤ ᠠᠵᠤ ᠦᠢᠯᠡᠰ ᠢ | ᠥᠨᠳᠥᠷ ᠳᠡᠰᠵᠢᠭᠦᠯᠦᠨᠡ᠃ ᠲᠡᠮᠦᠷ ᠤᠨ ᠬᠠᠶᠢᠯᠤᠰᠢ᠂ ᠬᠢᠮᠢ ᠶᠢᠨ ᠠᠵᠤ ᠦᠶᠯᠡᠳᠪᠦᠷᠢ ᠵᠡᠷᠭᠡ ᠭᠤᠤᠯᠳᠠᠯᠭ᠎ᠠ ᠲᠠᠢ | ᠠᠵᠢᠯ ᠲᠥᠷᠥᠯ ᠳᠤ ︽ᠮᠠᠰᠢᠨ ᠢᠶᠠᠷ ᠬᠦᠮᠥᠨ ᠢ ᠣᠷᠣᠯᠠᠭᠤᠯᠬᠤ︾ ᠠᠵᠢᠯᠯᠠᠭ᠎ᠠ ᠶᠢ ᠶᠠᠪᠤᠭᠤᠯᠵᠤ᠂ ᠠᠶᠤᠯ ᠦᠭᠡᠶ | ᠦᠶᠯᠡᠳᠪᠦᠷᠢᠯᠡᠯ ᠪᠣᠯᠤᠨ ︽ᠰᠤᠷᠠᠭ ᠵᠠᠩᠭᠢᠵᠢᠯᠲᠠ ᠠᠵᠤ ᠦᠢᠯᠡᠳᠪᠦᠷᠢᠵᠢᠯᠲᠡ︾ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠡᠬᠢ ᠪᠠᠶᠠᠯᠢᠭ ᠢ ᠨᠡᠶᠢᠳᠬᠡᠨ ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠹᠯᠣᠷ ᠤᠨ ᠬᠢᠮᠢ ᠶᠢᠨ | ᠠᠵᠤ ᠦᠶᠯᠡᠳᠪᠦᠷᠢ ᠶᠢᠨ ᠹᠯᠣᠷ ᠠᠭᠤᠯᠤᠭᠰᠠᠨ ᠪᠥᠭᠡᠭᠡᠨᠡᠷᠡᠯ ᠪᠣᠳᠠᠰ᠂ ᠰᠢᠨ᠎ᠡ ᠬᠡᠯᠪᠡᠷᠢ ᠶᠢᠨ ᠬᠥᠯᠳᠡᠭᠡᠬᠦ ᠡᠳ᠋ ᠵᠡᠷᠭᠡ | ᠳᠡᠭᠡᠳᠦ ᠲᠠᠰ ᠤᠨ ᠬᠦᠷᠢᠶ᠎ᠡ ᠴᠠᠷᠠᠭ᠎ᠠ ᠳᠠᠰᠢ ᠬᠥᠭᠵᠢᠬᠦ ᠶᠢ ᠠᠬᠢᠭᠤᠯᠵᠤ᠂ ᠾᠯᠣᠷ ᠱᠦᠯᠲᠦ ᠶᠢᠨ ᠬᠢᠮᠢ ᠶᠢᠨ ᠠᠵᠤ | ᠦᠢᠯᠡᠳᠪᠦᠷᠢ ᠶᠢ ᠣᠨᠴᠠ ᠲᠥᠷᠥᠯ ᠤᠨ PVA᠂ ᠨᠡᠶᠢᠯᠡᠮᠡᠯ ᠰᠢᠷᠬᠡᠭ ᠵᠡᠷᠭᠡ ᠦᠶᠯᠡᠳᠬᠦᠨ ᠳᠠᠰᠢ ᠤᠷᠲᠤᠳᠬᠠᠨ᠎ᠠ᠃ | ᠪᠦᠬᠦ ᠬᠤᠲᠠ ᠶᠢᠨ ᠪᠤᠬᠢᠷᠳᠤᠯ ᠦᠭᠡᠢ ᠪᠠᠷᠢᠯᠭ᠎ᠠ ᠪᠠ ᠤᠭᠰᠠᠷᠠᠮᠠᠯ ᠮᠠᠶ᠋ᠢᠭ ᠤᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠤᠬᠢᠷᠳᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠬᠡᠷᠡᠭᠯᠡᠭᠡᠨ ᠤ ᠳᠡᠰ ᠳᠡᠪᠰᠢᠯᠲᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠨ᠎ᠠ᠃ ᠵᠢᠭᠤᠯᠴᠢᠯᠠᠯ ᠤᠨ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠤᠨ ᠨᠡᠮᠡᠭᠳᠡᠯ ᠢ ᠠᠬᠢᠭᠤᠯᠤᠨ᠎ᠠ᠃ ᠲᠦᠷᠭᠡᠨ ᠤ ᠲᠡᠮᠦᠷ | ᠵᠠᠮ ᠤᠨ ᠵᠤᠭᠠᠴᠠᠯ ᠤᠨ ᠰᠢᠨ᠎ᠡ ᠪᠠᠶᠢᠳᠠᠯ ᠢ ᠳᠠᠭᠠᠵᠤ᠂ ᠵᠤᠭᠠᠴᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠲᠦᠷᠭᠡᠳᠬᠡᠵᠦ᠂ ᠵᠤᠭᠠᠴᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠵᠤᠭᠠᠴᠠᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠭᠠᠨᠴᠠᠪ ᠤᠨ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ | ᠦᠢᠯᠡᠴᠢᠯᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠪᠠ ᠬᠤᠶᠠᠳᠤᠭᠠᠷ ᠳᠡᠰ ᠤᠨ ᠠᠰᠠᠭᠤᠨ ᠯᠠᠪᠯᠠᠬᠤ ᠴᠡᠭ ᠢ | ᠪᠠᠶᠢᠭᠤᠯᠵᠤ᠂ ᠣᠶᠤᠨᠯᠢᠭ ᠵᠢᠭᠤᠯᠴᠢᠯᠠᠯ ᠤᠨ ᠵᠢᠵᠢᠭ ᠫᠷᠣᠭ᠍ᠷᠠᠮ ᠢ ᠰᠦᠯᠵᠢᠶᠡᠨ ᠳᠤ ᠭᠠᠷᠭᠠᠨ ᠠᠵᠢᠯᠯᠠᠭᠤᠯᠬᠤ ᠶᠢ | ᠠᠬᠢᠭᠤᠯᠤᠨ᠎ᠠ᠃ ᠵᠢᠭᠤᠯᠴᠢᠯᠠᠯ ᠤᠨ ᠵᠣᠷᠯᠣᠩ74 ᠶᠢ ᠰᠢᠨ᠎ᠡ ᠪᠠᠷ ᠪᠠᠶᠢᠭᠤᠯᠤᠨ᠎ᠠ᠃ ᠬᠦᠢᠲᠡᠨ ᠰᠢᠯᠢ ᠶᠢᠨ ᠲᠠᠯ᠎ᠠ | ᠨᠤᠲᠤᠭ᠂ ᠯᠢᠨ ᠬᠡᠦ ᠶᠢᠨ ᠡᠷᠲᠡᠨ ᠤ ᠴᠠᠶᠢᠵᠠ ᠶᠢᠨ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠤᠨ ᠲᠥᠷᠥᠯ | ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠶᠠᠨᠴᠢᠳ ᠤᠨ ᠮᠠᠰᠢᠨ᠂ ᠲᠦᠷᠢᠶᠡᠰᠦᠨ ᠮᠠᠰᠢᠨ᠂ | ᠨᠡᠶᠢᠲᠡ ᠶᠢᠨ ᠮᠠᠰᠢᠨ ᠲᠡᠷᠭᠡ ᠶᠢ ᠵᠠᠪᠰᠠᠷ ᠦᠭᠡᠢ ᠵᠣᠯᠭᠠᠭᠤᠯᠬᠤ᠂ ᠲᠡᠷᠭᠡ ᠲᠦᠷᠭᠡᠨ ᠰᠣᠯᠢᠵᠤ ᠠᠶᠠᠯᠠᠬᠤ | ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠭᠠᠷᠠᠭ ᠤᠨ ᠰᠡᠭᠦᠯᠴᠢ ᠶᠢᠨ | ᠰᠡᠯᠡᠭᠦᠴᠡᠨ ᠠᠮᠠᠷᠠᠬᠤ ᠰᠠᠭᠤᠷᠢᠨ ᠢ ᠪᠠᠶᠢᠭᠤᠯᠤᠨ᠎ᠠ᠃ ᠭᠡᠭᠡᠨᠲᠠᠯ᠎ᠠ ᠵᠡᠷᠭᠡ 5A ᠲᠡᠰ ᠤᠨ ᠦᠵᠡᠮᠵᠢ ᠶᠢᠨ ᠣᠷᠣᠨ 3᠂ | ᠨᠠᠷᠠᠰᠤᠨ ᠭᠤᠣᠯ ᠵᠡᠷᠭᠡ 4A ᠲᠡᠰ ᠤᠨ ᠦᠵᠡᠮᠵᠢ ᠶᠢᠨ ᠣᠷᠣᠨ 2 ᠢ ᠡᠭᠦᠳᠦᠨ ᠪᠠᠶᠢᠭᠤᠯᠬᠤ ᠶᠢ ᠳᠠᠮᠵᠢᠨ᠎ᠠ᠃ | ᠤᠯᠠᠭᠠᠨᠬᠠᠳᠠ ᠶᠢᠨ ᠭᠠᠯᠲᠤ ᠠᠭᠤᠯᠠ ᠶᠢᠨ ᠰᠦᠷᠦᠭ ᠪᠠ ᠬᠦᠢᠲᠡᠨ ᠰᠢᠯᠢ ᠶᠢᠨ ᠮᠠᠷ ᠮᠠᠶ᠋ᠢᠭ ᠤᠨ ᠭᠠᠯᠲᠤ ᠠᠭᠤᠯᠠ ᠶᠢᠨ | ᠰᠦᠷᠦᠭ ᠲᠤ ᠲᠦᠰᠢᠭᠯᠡᠨ᠂ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠠ ᠤᠯᠤᠰ ᠤᠨ ᠪᠠᠶᠢᠭᠠᠯᠢ ᠶᠢᠨ ᠥᠪ | ᠬᠥᠷᠥᠩᠭᠡ ᠶᠢ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠵᠢᠭᠤᠯᠴᠢᠯᠠᠯ ᠤᠨ ᠨᠡᠷᠡᠲᠦ ᠠᠵᠤ ᠠᠬᠤᠶᠢᠯᠠᠯ ᠢ ᠶᠡᠬᠡᠪᠡᠷ | ᠣᠷᠣᠭᠤᠯᠵᠤ ᠢᠷᠡᠨ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠬᠡᠳᠬᠡᠬᠦ ᠪᠠ ᠭᠦᠨᠵᠡᠭᠡᠶ ᠨᠡᠭᠡᠭᠡᠨ ᠬᠥᠭᠵᠢᠭᠦᠯᠬᠦ ᠶᠢ | ᠲᠦᠷᠭᠡᠳᠬᠡᠨ᠎ᠡ᠃ ᠲᠡᠦᠬᠡ ᠶᠢᠨ ᠨᠡᠷᠡᠲᠦ ᠪᠠᠯᠭᠠᠰᠤ ᠨᠡᠷᠡᠲᠦ ᠲᠣᠰᠬᠤᠨ ᠪᠠ ᠤᠯᠠᠮᠵᠢᠯᠠᠯᠲᠤ ᠠᠶᠢᠯ ᠲᠣᠰᠬᠤᠨ ᠢ | ᠬᠠᠮᠠᠭᠠᠯᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠣᠨᠴᠠᠯᠢᠭᠲᠤ ᠲᠣᠰᠬᠤᠨ | ᠪᠠᠯᠭᠠᠰᠤ ᠶᠢ ᠶᠡᠬᠡᠪᠡᠷ ᠬᠥᠭᠵᠢᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ ᠰᠢᠶᠠᠨ᠂ ᠰᠢᠩ | ᠾᠧ ᠰᠢᠶᠠᠨ ᠵᠡᠷᠭᠡ ᠭᠠᠵᠠᠷ ᠤᠨ ᠠᠷᠠᠳ ᠤᠨ ᠣᠷᠣᠨ ᠰᠠᠭᠤᠴᠠ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ | ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠡᠭᠦᠳᠦᠨ | ᠪᠠᠶᠢᠭᠤᠯᠤᠨ᠎ᠠ᠃ ᠡᠪᠦᠯ ᠤᠨ ᠤᠯᠠᠷᠢᠯ ᠤᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠡᠪᠦᠯ ᠤᠨ ᠤᠯᠠᠷᠢᠯ ᠤᠨ | ᠣᠯᠢᠮᠫᠢᠺ ᠤᠨ ᠠᠵᠤ ᠠᠬᠤᠢ᠂ ᠮᠥᠰᠥ ᠴᠠᠰᠤᠨ ᠤ ᠵᠤᠭᠠᠴᠠᠯ ᠤᠨ ᠠᠵᠤ ᠠᠬᠤᠢ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠬᠡᠷᠡᠭᠯᠡᠭᠡᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠥᠷᠭᠡᠳᠬᠡᠨ᠎ᠡ᠃ ᠰᠠᠭᠤᠭᠠᠯᠢ | ᠠᠷᠠᠳ ᠤᠨ ᠬᠡᠷᠡᠭᠯᠡᠭᠡ ᠶᠢ ᠢᠳᠡᠪᠬᠢᠲᠡᠢ ᠥᠷᠭᠡᠳᠬᠡᠵᠦ᠂ ᠳᠣᠲᠤᠭᠠᠳᠣ ᠬᠡᠷᠡᠭᠴᠡᠭᠡ ᠶᠢᠨ ᠲᠣᠭᠲᠠᠭᠤᠨ ᠨᠡᠮᠡᠭᠳᠡᠯ ᠢ | ᠳᠠᠶᠢᠴᠢᠯᠠᠨ᠎ᠠ᠃ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠᠯᠳᠤᠭᠠᠨ ᠤ ᠰᠢᠨ᠎ᠡ ᠵᠠᠭᠪᠤᠷ ᠢ ᠣᠷᠣᠭᠤᠯᠤᠨ ᠠᠪᠴᠢᠷᠠᠵᠤ᠂ ᠬᠤᠳᠠᠯᠳᠤᠭᠠᠨ ᠤ ᠵᠡᠭᠡᠯᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠤᠷᠳᠤᠨ ᠤ ᠲᠡᠮᠦᠷ ᠵᠠᠮ ᠤᠨ ᠠᠵᠤ ᠠᠬᠤᠶ᠂ ᠰᠥᠨᠢ ᠶᠢᠨ ᠠᠵᠤ ᠠᠬᠤᠶ᠂ | ᠰᠦᠯᠵᠢᠶᠡᠨ ᠳᠤ ᠠᠯᠳᠠᠷᠰᠢᠭᠰᠠᠨ ᠠᠵᠤ ᠠᠬᠤᠶ᠂ ᠭᠠᠷ ᠤᠷᠠᠯᠠᠯ ᠤᠨ ᠰᠣᠶᠣᠯ ᠤᠨ ᠡᠭᠦᠳᠦᠯᠲᠡ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠴᠠᠬᠢᠮ ᠬᠤᠳᠠᠯᠳᠤᠭ᠎ᠠ᠂ ᠨᠢᠭᠡ | ᠬᠤᠲᠠ ᠪᠠᠷ ᠳᠣᠭᠢᠷᠠᠭᠤᠯᠤᠨ ᠬᠦᠷᠭᠡᠬᠦ ᠶᠢ ᠳᠡᠮᠵᠢᠨ ᠬᠥᠭᠵᠢᠭᠦᠯᠵᠦ᠂ ᠬᠤᠲᠠ ᠶᠢᠨ ᠪᠠᠷᠠᠭ᠎ᠠ ᠭᠦᠶᠯᠭᠡᠭᠡᠨ ᠤ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠨᠠᠰᠤᠵᠢᠯ ᠤᠨ ᠦᠶᠯᠡᠴᠢᠯᠡᠭᠡᠨ ᠤ ᠵᠠᠬ᠎ᠠ ᠳᠡᠯᠭᠡᠭᠦᠷ ᠢ ᠪᠥᠬᠦ | ᠲᠠᠯ᠎ᠠ ᠪᠠᠷ ᠴᠢᠯᠥᠭᠡᠲᠡᠶ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ | ᠡᠵᠡᠩᠨᠡᠯᠲᠡ ᠳᠤ ᠠᠷᠠᠳ ᠤᠨ ᠬᠥᠷᠥᠩᠭᠡ ᠶᠢᠨ ᠣᠷᠣᠯᠴᠠᠬᠤ ᠶᠢ ᠨᠢ ᠵᠣᠷᠢᠭᠵᠢᠭᠤᠯᠵᠤ᠂ ᠨᠠᠰᠤᠲᠠᠨ ᠢ ᠠᠰᠠᠷᠠᠬᠤ᠂ | ᠬᠡᠤᠬᠡᠳ ᠰᠠᠭᠠᠲᠠᠭᠤᠯᠬᠤ ᠦᠶᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠪᠠᠶ ᠸᠠᠩ | ᠵᠢᠶᠠ ᠶᠤᠸᠠᠨ ᠣᠷᠣᠨ ᠰᠠᠭᠤᠴᠠ ᠶᠢᠨ ᠲᠤᠭᠤᠷᠢᠭ ᠤᠨ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ | ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠯᠠᠭᠠᠨ ᠭᠤᠸ᠎ᠠ ᠳᠤ | ᠲᠦᠰᠢᠭᠯᠡᠨ ᠨᠠᠰᠤᠲᠠᠨ ᠢ ᠠᠰᠠᠷᠠᠬᠤ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠤᠨ᠎ᠠ᠃ ᠨᠥᠬᠦᠴᠡᠯ ᠲᠠᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠨᠠᠰᠤᠵᠢᠯ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ | ᠨᠡᠮᠡᠵᠦ ᠭᠠᠷᠭᠠᠬᠤ ᠶᠢ ᠨᠢ ᠳᠠᠮᠵᠢᠨ᠎ᠠ᠃ | ︵ᠭᠤᠷᠪᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ | ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠴᠣᠭᠴᠠᠯᠠᠬᠤ ᠳᠤ ᠦᠷᠭᠦᠯᠵᠢᠯᠡᠨ | ᠬᠦᠴᠦᠯᠡᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠶᠢ ᠬᠦᠴᠦᠯᠡᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠶᠯᠡᠰ ᠤᠨ ᠨᠠᠷᠢᠨ ᠬᠠᠭᠤᠳᠠᠰᠤ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠷᠢᠨ ᠬᠠᠭᠤᠳᠠᠰᠤ ᠠᠴᠠ ᠭᠠᠳᠠᠨ᠎ᠠ | ᠬᠢᠨᠠᠨ ᠵᠥᠪᠰᠢᠶᠡᠷᠡᠬᠦ ᠦᠭᠡᠶ ᠪᠠᠶᠢᠬᠤ ᠶᠢ ᠦᠨᠡᠨᠬᠦ ᠪᠠᠲᠤᠯᠠᠨ᠎ᠠ᠃ ᠠᠵᠤ ᠦᠶᠯᠡᠳᠪᠦᠷᠢ ᠶᠢᠨ ᠦᠶᠯᠡᠳᠬᠦᠨ ᠢ | ᠦᠢᠯᠡᠳᠪᠦᠷᠢᠯᠡᠬᠦ ᠶᠢ ᠵᠥᠪᠰᠢᠶᠡᠷᠡᠬᠦ ᠠᠴᠠ ᠭᠠᠳᠠᠨᠠᠬᠢ ᠪᠤᠰᠤᠳ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠶᠡᠬᠡᠪᠡᠷ ᠳᠥᠭᠦᠮᠴᠢᠯᠡᠨ᠎ᠡ᠃ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾᠂ ︽ | ᠭᠤᠤᠯᠳᠠᠯᠭ᠎ᠠ ᠲᠠᠢ ᠲᠥᠷᠥᠯ ᠵᠦᠶᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ︾ ᠵᠡᠷᠭᠡ ᠪᠦᠲᠦᠮᠵᠢᠲᠡᠶ ᠬᠢᠨᠠᠨ | ᠵᠥᠪᠰᠢᠶᠡᠷᠡᠬᠦ ᠵᠠᠭᠪᠤᠷ ᠢ ᠳᠡᠯᠭᠡᠷᠡᠭᠦᠯᠵᠦ᠂ ᠠᠵᠤ ᠠᠬᠤᠶᠢᠯᠠᠯ ᠡᠷᠬᠢᠯᠡᠨ ᠨᠡᠭᠡᠭᠡᠬᠦ ᠴᠠᠭ ᠢ ᠪᠣᠭᠤᠨᠢᠰᠬᠠᠭᠠᠳ 3 | ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠪᠣᠯᠭᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ | ᠴᠠᠭ ᠢ ᠪᠣᠭᠤᠨᠢᠰᠬᠠᠭᠠᠳ 5 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠪᠣᠯᠭᠠᠨ᠎ᠠ᠃ ᠪᠠᠷᠢᠯᠭ᠎ᠠ ᠶᠢᠨ | ᠬᠦᠷᠢᠶᠡᠨ ᠤ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠵᠤ᠂ ᠦᠶᠯᠡᠴᠢᠯᠡᠭᠡᠨ ᠤ | ᠦᠢᠯᠡᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯ ᠡᠷᠬᠢᠯᠡᠬᠦ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ | ᠠᠰᠢᠭ ᠬᠤᠨᠵᠢᠪᠣᠷᠢ ᠶᠢᠨ ᠴᠢᠨᠠᠷᠲᠠᠶ ᠡᠮᠴᠢᠯᠡᠭᠡ᠂ ᠰᠤᠷᠭᠠᠨ ᠬᠥᠮᠦᠵᠢᠯ ᠵᠡᠷᠭᠡ ᠪᠠᠶᠢᠭᠤᠯᠤᠮᠵᠢ ᠶᠢᠨ ᠵᠦᠶ ᠵᠣᠬᠢᠰ | ᠦᠭᠡᠢ ᠬᠦᠯᠢᠶᠡᠰᠦᠯᠡᠯ ᠢ ᠬᠦᠴᠦᠨ ᠦᠭᠡᠢ ᠪᠣᠯᠭᠠᠨ᠎ᠠ᠃ ︽ᠭᠡᠷᠡᠴᠢ ᠪᠠ ᠦᠨᠡᠮᠯᠡᠯ ᠢ ᠰᠠᠯᠭᠠᠬᠤ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠵᠥᠪᠰᠢᠶᠡᠷᠡᠨ ᠣᠷᠣᠭᠤᠯᠤᠭᠠᠳ ᠡᠵᠡᠩᠨᠡᠬᠦ ᠶᠢ ᠨᠢ ᠥᠯᠥ | ᠵᠥᠪᠰᠢᠶᠡᠷᠡᠬᠦ︾ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠎ᠡ᠃ ᠵᠠᠬ᠎ᠠ ᠳᠡᠯᠭᠡᠭᠦᠷ ᠤᠨ ᠭᠤᠣᠯᠴᠢ | ᠪᠠᠶᠢᠬᠤ ᠶᠢ ᠬᠦᠴᠦᠯᠡᠨ ᠠᠬᠢᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ | ᠲᠥᠪᠯᠡᠷᠡᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠪᠠ ᠬᠡᠷᠡᠭ ᠤᠨ ᠬᠤᠶᠢᠨᠠᠬᠢ ᠬᠢᠨᠠᠨ ᠬᠠᠮᠢᠶᠠᠷᠤᠯᠲᠠ ᠶᠢ ᠰᠠᠯᠭᠠᠬᠤ ᠶᠢ ᠪᠠᠷᠢᠮᠲᠠᠯᠠᠵᠤ᠂ ᠬᠠᠮᠢᠶᠠᠷᠬᠤ | ᠶᠣᠰᠣᠲᠠᠶ ᠶᠢ ᠨᠢ ᠰᠠᠶᠢᠲᠤᠷ ᠬᠠᠮᠢᠶᠠᠷᠴᠤ ᠴᠢᠩᠭ᠎ᠠ ᠬᠠᠮᠢᠶᠠᠷᠴᠤ ᠪᠦᠲᠦᠮᠵᠢᠲᠡᠢ ᠬᠠᠮᠢᠶᠠᠷᠤᠨ᠎ᠠ᠃ ᠠᠵᠤ ᠠᠬᠤᠶᠢᠯᠠᠯ ᠳᠤ | ᠬᠤᠯᠪᠣᠭᠳᠠᠬᠤ ᠰᠦᠶᠳᠬᠡᠯ ᠬᠤᠷᠢᠶᠠᠬᠤ ᠶᠢ ᠢᠯᠭᠠᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠪᠠᠷᠠᠭ᠎ᠠ | ᠭᠦᠶᠯᠭᠡᠭᠡᠨ ᠤ ᠬᠦᠷᠢᠶᠡᠨ ᠳᠠᠬᠢ ᠵᠦᠶ ᠵᠣᠬᠢᠰ ᠦᠭᠡᠶ ᠰᠦᠶᠳᠬᠡᠯ ᠬᠤᠷᠢᠶᠠᠬᠤ ᠶᠢ ᠴᠡᠭᠴᠡᠯᠡᠨ ᠵᠠᠰᠠᠵᠤ᠂ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠭᠠᠭᠴᠠ ᠴᠢᠩᠭᠡᠯᠢᠭ ᠤᠨ ᠶᠡᠷᠦᠳᠡ ᠶᠢᠨ ᠰᠦᠶᠳᠬᠡᠯ ᠬᠤᠷᠢᠶᠠᠯᠲᠠ ᠶᠢ 400 | ᠳ᠋ᠣᠯᠯᠠᠷ ᠤᠨ ᠳᠣᠲᠣᠷ᠎ᠠ ᠪᠣᠯᠲᠠᠯ᠎ᠠ ᠪᠠᠭᠠᠰᠬᠠᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠪᠠ ᠢᠲᠡᠭᠡᠮᠵᠢ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠳᠬᠤᠨ᠎ᠠ᠃ | ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ | ᠶᠢᠨ ᠡᠬᠢ ᠪᠠᠶᠠᠯᠢᠭ ᠤᠨ ᠠᠭᠤᠰᠤᠯᠴᠠᠯ ᠢ ᠪᠡᠶᠡᠯᠡᠭᠦᠯᠵᠦ᠂ ᠳ᠋ᠠᠶᠢᠲ᠋ᠠ ᠶᠢᠨ ᠪᠠᠬᠢᠯᠡᠯᠲᠡ ᠶᠢ ᠨᠡᠪᠲᠡᠯᠵᠦ᠂ ᠨᠢᠭᠡᠳᠦᠯᠲᠡᠶ | ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ ᠬᠤᠲᠠ ᠬᠥᠳᠡᠭᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ︽ | ᠥᠯᠵᠡᠢ︾ ᠲᠠᠪᠴᠠᠩ ᠳᠤ ᠲᠦᠰᠢᠭᠯᠡᠨ᠂ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 90% ᠳᠤ ᠬᠦᠷᠦᠭᠦᠯᠦᠨ᠎ᠡ᠃ | ︽ᠨᠢᠭᠡ ᠴᠤᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ︾ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠵᠤ ᠠᠬᠤᠶᠢᠯᠠᠯ ᠤᠨ ᠬᠠᠪᠰᠤᠷᠤᠨ ᠡᠷᠬᠢᠯᠡᠬᠦ ᠣᠷᠣᠯᠠᠨ ᠭᠦᠶᠴᠡᠳᠬᠡᠬᠦ ᠪᠠ ᠲᠣᠰᠬᠤᠨ ᠱᠠᠲᠤᠨ ᠤ ᠣᠷᠣᠯᠠᠨ | ᠭᠦᠢᠴᠡᠳᠬᠡᠬᠦ ᠠᠵᠢᠯ ᠢ ᠰᠠᠶᠢᠲᠤᠷ ᠠᠳᠬᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠲᠤ 12345 ᠵᠠᠰᠠᠭ ᠤᠨ | ᠣᠷᠳᠣᠨ ᠤ ᠦᠢᠯᠡᠴᠢᠯᠡᠭᠡᠨ ᠤ ᠤᠲᠠᠰᠤ ᠶᠢ ᠪᠦᠬᠦ ᠲᠠᠯ᠎ᠠ ᠪᠠᠷ ᠨᠡᠪᠲᠡᠷᠡᠭᠦᠯᠦᠨ᠎ᠡ᠃ ᠬᠦᠴᠢᠷᠳᠡᠯᠲᠡᠢ ᠠᠵᠢᠯ ᠲᠦᠷᠦᠯ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢ | ᠳᠡᠮᠵᠢᠬᠦ ᠪᠠᠨ ᠴᠢᠩᠭᠠᠳᠬᠠᠨ᠎ᠠ᠃ ︽ᠰᠠᠶᠢᠨ ᠮᠠᠭᠤ ᠶᠢ ᠨᠢ ᠦᠨᠡᠯᠡᠬᠦ︾ ᠠᠵᠢᠯ ᠤᠨ ᠳᠦᠷᠢᠮ ᠢ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠲᠣᠭᠰᠢ ᠭᠠᠳᠠᠭᠰᠢ ᠶᠢᠨ ᠨᠡᠬᠡᠭᠡᠯᠳᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠪᠡᠭᠡᠵᠢᠩ ᠲᠢᠶᠠᠨᠵᠢᠨ | ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠤᠯᠠᠭᠠᠨᠴᠠᠪ ᠳ᠋ᠠᠲ᠋ᠦ᠋ᠩ | ᠴᠢᠭᠤᠯᠤᠯᠲᠤ ᠬᠠᠭᠠᠯᠭ᠎ᠠ᠂ ᠬᠥᠬᠡᠬᠤᠲᠠ ᠪᠤᠭᠤᠲᠤ ᠣᠷᠳᠣᠰ ᠤᠨ ᠠᠵᠤ ᠦᠢᠯᠡᠰ ᠤᠨ ᠬᠠᠮᠵᠢᠯᠴᠠᠭ᠎ᠠ ᠶᠢ | ᠴᠢᠩᠭᠠᠳᠬᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠭᠦᠨᠵᠡᠭᠡᠢ ᠣᠷᠣᠯᠴᠠᠨ᠎ᠠ᠃ ᠨᠡᠭᠡᠭᠡᠯᠲᠡ ᠬᠢᠬᠦ ︽ᠶᠡᠭᠡ ᠨᠡᠪᠲᠡᠷᠡᠯ ᠵᠠᠮ︾ ᠢ ᠪᠦᠲᠦᠭᠡᠨ ᠪᠠᠶᠢᠭᠤᠯᠤᠨ᠎ᠠ᠃ ᠵᠢᠨᠢᠩ — | ᠡᠷᠢᠶᠡᠨ ᠬᠤᠲᠠ ᠶᠢᠨ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠪᠠ ᠵᠢᠨᠢᠩ — | ᠲᠦᠩᠯᠢᠶᠣᠣ ᠶᠢᠨ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠢᠨᠢᠩ | — ᠳ᠋ᠠᠲ᠋ᠦ᠋ᠩ ᠤᠨ ᠬᠤᠷᠳᠤᠨ ᠤ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠤᠯᠠᠭᠠᠨᠴᠠᠪ ᠤᠯᠠᠭᠠᠨᠪᠠᠭᠠᠲᠤᠷ | ᠤᠯᠭᠠᠠᠠᠦ᠋ᠳᠡ︾ ᠶᠢᠨ ᠬᠠᠭᠤᠷᠠᠶ ᠵᠠᠮ ᠤᠨ ᠲᠡᠭᠡᠭᠡᠪᠦᠷᠢ ᠶᠢᠨ ᠨᠡᠪᠲᠡᠷᠡᠯᠭᠡ ᠶᠢᠨ ᠬᠦᠴᠦᠨ ᠲᠡᠭᠡᠭᠡᠪᠦᠷᠢ ᠶᠢᠨ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠯᠠᠭᠠᠨᠴᠠᠪ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠢ | ᠤᠯᠤᠰ ᠤᠨ ᠪᠣᠭᠤᠮᠲᠠ ᠶᠢᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ | ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ ᠨᠢᠰᠬᠡᠯ ᠤᠨ ᠪᠠᠭᠤᠳᠠᠯ ᠤᠨ ᠠᠭᠠᠷ ᠤᠨ ᠠᠵᠤ ᠦᠶᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢ ᠨᠢᠭᠡ ᠴᠣᠭᠴᠠᠵᠢᠭᠤᠯᠤᠨ ᠦᠢᠯᠡᠴᠢᠯᠡᠭᠦᠯᠬᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ | ᠪᠠᠶᠢᠭᠤᠯᠤᠨ᠎ᠠ᠃ ᠨᠡᠭᠡᠭᠡᠯᠲᠡ ᠬᠢᠬᠦ ︽ᠲᠣᠮᠣ ᠲᠠᠪᠴᠠᠩ︾ ᠢ ᠳᠡᠭᠡᠭᠰᠢᠯᠡᠭᠦᠯᠦᠨ᠎ᠡ᠃ ᠤᠯᠠᠭᠠᠨᠴᠠᠪ — ᠡᠷᠢᠶᠡᠨ | ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠲᠤᠲᠠᠢ | ᠠᠬᠢᠭᠤᠯᠤᠨ᠂ ᠪᠦᠬᠦ ᠬᠤᠲᠠ ᠶᠢᠨ ᠪᠠᠷᠠᠭ᠎ᠠ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠦᠷᠢᠮ ᠢ ᠥᠨᠳᠥᠷ | ᠡᠬᠢᠯᠡᠯᠲᠡ ᠪᠠᠷ ᠨᠠᠶᠢᠷᠠᠭᠤᠯᠤᠨ᠎ᠠ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 150 ᠴᠤᠪᠤᠭ᠎ᠠ | ᠨᠡᠪᠲᠡᠷᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠣᠯᠲᠠ ᠭᠠᠷᠭᠠᠯᠲᠠ ᠶᠢᠨ ᠬᠡᠪᠴᠢᠶ᠎ᠡ ᠶᠢ | ᠥᠷᠭᠡᠳᠬᠡᠵᠦ᠂ ᠬᠢᠯᠢ ᠶᠢᠨ ᠭᠠᠳᠠᠨᠠᠬᠢ ᠪᠠᠷᠠᠭ᠎ᠠ ᠭᠦᠶᠯᠭᠡᠭᠡᠨ ᠤ ᠬᠦᠷᠢᠶᠡᠯᠡᠩ ᠲᠣᠭᠤᠷᠢᠭ ᠢ ᠰᠠᠶᠢᠲᠤᠷ ᠪᠠᠶᠢᠭᠤᠯᠤᠨ | ᠰᠠᠶᠢᠲᠤᠷ ᠠᠰᠢᠭᠯᠠᠵᠤ᠂ ᠪᠤᠴᠠᠬᠤ ᠵᠠᠮ ᠤᠨ ᠪᠠᠷᠠᠭᠠᠨ ᠤ ᠢᠷᠡᠯᠲᠡ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠤᠮᠠᠷᠠᠲᠤ | ᠣᠷᠣᠨ ᠤ ᠡᠬᠡ ᠬᠠᠭᠤᠷᠠᠶ ᠶᠢᠨ ᠭᠠᠷᠠᠮ᠂ ᠳᠣᠯᠣᠳᠤᠭᠠᠷ ᠰᠤᠮᠤᠨ ᠤ ᠪᠠᠷᠠᠭ᠎ᠠ ᠭᠦᠶᠯᠭᠡᠭᠡᠨ ᠤ ᠰᠠᠭᠤᠷᠢᠨ ᠤ ᠰᠠᠭᠤᠷᠢ | ᠲᠦᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭ᠎ᠠ | ᠭᠦᠶᠯᠭᠡᠭᠡᠨ ᠤ ᠲᠥᠪ ︵B ᠬᠡᠯᠪᠡᠷᠢ︶ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠵᠤ᠂ | ᠲᠤᠬᠢᠷᠠᠭᠤᠯᠤᠨ ᠬᠦᠷᠭᠡᠬᠦ᠂ ᠬᠥᠮᠥᠷᠭᠡᠯᠡᠬᠦ᠂ ᠡᠳ᠋ᠰᠢᠭᠦᠯᠬᠦ ᠵᠡᠷᠭᠡ ᠢᠵᠢ ᠪᠦᠷᠢᠳᠦᠭᠦᠯᠦᠭᠰᠡᠨ ᠴᠢᠳᠠᠮᠵᠢ ᠶᠢ | ᠲᠡᠭᠦᠯᠳᠡᠷᠵᠢᠭᠦᠯᠦᠨ᠂ ᠪᠣᠭᠤᠮᠲᠠ ᠪᠢᠲᠡᠭᠦᠮᠵᠢᠯᠡᠨ ᠠᠵᠢᠯᠯᠠᠭᠤᠯᠤᠨ ᠡᠵᠡᠩᠨᠡᠬᠦ ᠶᠢ ᠪᠡᠶᠡᠯᠡᠭᠦᠯᠦᠨ᠎ᠡ᠃ ᠶᠡᠷᠦᠩᠬᠡᠶᠢᠯᠡᠭᠰᠡᠨ | ᠪᠠᠷᠠᠭ᠎ᠠ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠡᠭᠦᠷᠡᠰᠦ ᠤᠭᠢᠶᠠᠬᠤ᠂ ᠰᠣᠩᠭᠤᠬᠤ᠂ ᠬᠠᠳᠠᠭᠠᠯᠠᠬᠤ᠂ | ᠲᠣᠬᠢᠷᠠᠭᠤᠯᠬᠤ᠂ ᠲᠡᠭᠡᠭᠡᠪᠦᠷᠢᠯᠡᠬᠦ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠤᠰᠬᠠᠶᠢᠵᠢᠭᠤᠯᠬᠤ᠂ | ᠬᠡᠪᠴᠢᠶᠡᠵᠢᠭᠦᠯᠦᠨ ᠬᠦᠭᠵᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠲᠣᠮᠣ ᠵᠠᠬ᠎ᠠ | ᠳᠡᠯᠭᠡᠭᠦᠷ︾ ᠢ ᠪᠣᠶᠢᠵᠢᠭᠤᠯᠤᠨ ᠨᠡᠭᠡᠭᠡᠨ᠎ᠡ᠃ ᠲᠣᠰ ᠭᠠᠵᠠᠷ ᠤᠨ ᠣᠨᠴᠠᠯᠢᠭᠲᠤ ᠠᠵᠤ ᠦᠢᠯᠡᠰ ᠲᠤ ᠪᠠᠨ ᠲᠦᠰᠢᠭᠯᠡᠨ | ᠂ ᠭᠤᠷᠪᠠᠳᠤᠭᠠᠷ ᠡᠲᠡᠭᠡᠳ ᠤᠨ ᠪᠠᠷᠠᠭ᠎ᠠ ᠭᠦᠢᠯᠭᠡᠭᠡᠨ ᠤ ᠠᠵᠤ ᠠᠬᠤᠶᠢᠯᠠᠯ ᠤᠨ ᠮᠠᠨ ᠤ ᠬᠤᠲᠠ ᠳᠤ ᠬᠤᠳᠠᠯᠳᠤᠨ | ᠠᠪᠬᠤ᠂ ᠣᠷᠣᠨ ᠪᠦᠰᠡ ᠬᠤᠪᠢᠶᠠᠨ ᠣᠯᠭᠤᠬᠤ ᠪᠠ ᠲᠤᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠨᠢ | ᠵᠣᠷᠢᠭᠵᠢᠭᠤᠯᠵᠤ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠪᠦᠲᠦᠭᠡᠭᠳᠡᠬᠦᠨ ᠵᠢᠴᠢ | ᠲᠡᠮᠦᠷ ᠤᠨ ᠬᠠᠶᠢᠯᠤᠰᠢ᠂ ᠳᠡᠭᠡᠳᠦ ᠲᠡᠰ ᠤᠨ ᠬᠢᠮᠢ ᠶᠢᠨ ᠠᠵᠤ ᠦᠢᠯᠡᠳᠪᠦᠷᠢ ᠵᠡᠷᠭᠡ ᠲᠤᠰᠬᠠᠢ ᠵᠠᠬ᠎ᠠ ᠳᠡᠯᠭᠡᠭᠦᠷ ᠢ | ᠲᠦᠷᠭᠡᠳᠬᠡᠨ ᠪᠤᠶᠢᠵᠢᠭᠤᠯᠤᠨ᠎ᠠ᠃ ᠲᠤᠰ ᠭᠠᠵᠠᠷ ᠤᠨ ᠪᠠᠷᠠᠭ᠎ᠠ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠵᠦ᠂ ᠲᠡᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠠᠷᠠᠭ᠎ᠠ | ᠭᠦᠢᠯᠭᠡᠭᠡᠨ ᠤ ᠨᠡᠷᠡᠲᠦ ᠲᠡᠮᠳᠡᠭᠲᠦ ᠶᠢ ᠪᠤᠢ ᠪᠣᠯᠭᠠᠨ᠎ᠠ᠃ | ︵ᠳᠥᠷᠪᠡ︶ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠯᠠᠩ ᠢ ᠮᠠᠨᠳᠤᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠲᠠᠯ᠎ᠠ ᠪᠠᠷ ᠦᠷᠭᠦᠯᠵᠢᠯᠡᠨ ᠬᠦᠴᠦᠯᠡᠨ᠎ᠡ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠪᠦᠲᠦᠴᠡ ᠶᠢᠨ | ᠲᠤᠬᠢᠷᠠᠭᠤᠯᠤᠯᠲᠠ ᠶᠢ ᠲᠦᠷᠭᠡᠳᠬᠡᠨ᠎ᠡ᠃ ᠬᠠᠮᠢᠶ᠎ᠠ ᠪᠦᠬᠦᠢ ᠲᠥᠷᠥᠯ ᠵᠦᠶᠯ ᠪᠠ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠥᠮᠥᠰᠥ᠂ ᠨᠣᠬᠠᠶ ᠶᠢᠨ ᠬᠤᠰᠢᠭᠤ᠂ ᠳ᠋ᠦᠮᠧᠩ ᠠᠯᠠᠰᠢᠨ ᠬᠤᠨᠢ᠂ | ᠭᠠᠭ᠋ᠠᠶ ᠵᠡᠷᠭᠡ ᠦᠷ᠎ᠡ ᠶᠢᠨ ᠢᠨᠵᠧᠨᠧᠷᠢᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠥᠷᠪᠡᠳ ᠬᠤᠰᠢᠭᠤ᠂ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠥᠮᠥᠰᠦᠨ ᠤ ᠰᠠᠶᠢᠨ ᠡᠭᠦᠯᠳᠡᠷ ᠪᠤᠶᠢᠵᠢᠭᠤᠯᠬᠤ ᠰᠠᠭᠤᠷᠢᠨ ᠤ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠭᠤᠤᠯ ᠠᠮᠤ ᠪᠤᠳᠠᠭᠠᠵᠢᠭᠤᠯᠬᠤ ᠪᠠᠶᠢᠯᠳᠤᠬᠤ ᠪᠣᠳᠣᠯᠭ᠎ᠠ ᠪᠠᠷ | ᠭᠠᠷᠳᠠᠴᠠ ᠪᠣᠯᠭᠠᠵᠤ᠂ ᠲᠥᠮᠥᠰᠥ ᠳᠠᠷᠢᠬᠤ ᠲᠠᠯᠠᠪᠠᠶ ᠶᠢ 350 ᠲᠦᠮᠡᠨ ᠮᠥ ᠳᠤ ᠲᠣᠭᠲᠠᠪᠤᠷᠢᠵᠢᠭᠤᠯᠵᠤ᠂ ᠡᠭᠦᠨ ᠳᠤ | ᠦᠷ᠎ᠡ ᠶᠢᠨ ᠲᠦᠮᠦᠰᠦᠨ ᠤ ᠲᠠᠷᠢᠶᠠᠨ ᠭᠠᠵᠠᠷ 45 ᠲᠦᠮᠡᠨ ᠮᠥ᠂ ᠡᠳ᠋ᠰᠢᠭᠦᠯᠬᠦ ᠳᠤ ᠲᠤᠰᠬᠠᠶ ᠬᠡᠷᠡᠭᠯᠡᠬᠦ ᠲᠥᠮᠥᠰᠥ | ᠳᠠᠷᠢᠬᠤ ᠰᠠᠭᠤᠷᠢᠨ 10 ᠲᠦᠮᠡᠨ ᠮᠥ᠂ ᠨᠡᠬᠡᠳᠡᠰᠦ ᠶᠢ ᠪᠣᠶᠢᠵᠢᠭᠤᠯᠬᠤ ᠲᠠᠰᠤᠭ᠂ ᠲᠣᠣᠷᠲᠤ ᠭᠡᠷ ᠢ ᠲᠣᠰ ᠲᠣᠰ 10 | ᠲᠦᠮᠡᠨ ᠲᠡᠭᠰᠢ ᠳᠥᠷᠪᠡᠯᠵᠢᠨ ᠮᠧᠲᠷ ᠪᠠ 1 ᠲᠦᠮᠡᠨ ᠮᠥ ᠳᠤ ᠬᠦᠷᠭᠡᠵᠦ᠂ ᠤᠯᠤᠰ ᠤᠨ ᠲᠥᠮᠥᠰᠥᠨ ᠤ ᠣᠲᠣ | ᠦᠶ᠎ᠡ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠰᠢ ᠯᠠᠨ | ᠬᠤᠸᠠ ᠢᠳᠡᠰᠢᠨ ᠨᠣᠭᠤᠭ᠎ᠠ᠂ ᠰᠢᠯᠦᠬᠡᠶ ᠨᠣᠭᠤᠭ᠎ᠠ ᠵᠡᠷᠭᠡ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠪᠠᠷ ᠭᠤᠤᠯ | ᠪᠣᠯᠭᠠᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 80 ᠲᠦᠮᠡᠨ ᠮᠥ ᠳᠤ ᠬᠦᠷᠭᠡᠵᠦ᠂ | ᠡᠭᠦᠨ ᠳᠤ ᠲᠥᠬᠦᠭᠡᠷᠦᠮᠵᠢᠲᠤ ᠢᠳᠡᠰᠢᠨ ᠨᠣᠭᠤᠭ᠎ᠠ 4 ᠲᠦᠮᠡᠨ ᠮᠥ ᠪᠠᠭᠲᠠᠨ᠎ᠠ᠃ ᠨᠣᠬᠠᠶ ᠶᠢᠨ ᠬᠤᠰᠢᠭᠤ ᠲᠠᠷᠢᠬᠤ | ᠲᠠᠯᠠᠪᠠᠢ ᠶᠢ 100 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠳᠥᠷᠪᠡᠳ ᠬᠤᠰᠢᠭᠤᠨ ᠤ ᠰᠠᠶᠢᠨᠠᠤ | ᠺᠣᠮᠫᠠᠨᠢ ᠪᠠᠷ ᠭᠤᠣᠯ ᠪᠣᠯᠭᠠᠨ᠂ ᠬᠤᠶᠢᠳᠤ ᠬᠡᠰᠡᠭ ᠤᠨ ᠠᠭᠤᠯᠠᠷᠬᠠᠭ ᠭᠠᠵᠠᠷ ᠣᠷᠣᠨ ᠢ ᠨᠥᠯᠥᠭᠡᠯᠡᠨ ᠳᠠᠶᠢᠴᠢᠯᠠᠵᠤ | ᠪᠠᠶᠢᠭᠠᠳ ᠳ᠋ᠦᠮᠧᠩ ᠠᠯᠠᠰᠢᠨ ᠬᠤᠨᠢ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠵᠦ᠂ ᠪᠦᠬᠦ | ᠬᠤᠲᠠ ᠪᠠᠷ ᠢᠶᠠᠨ ᠵᠢᠯ ᠳᠤ 600 ᠲᠦᠮᠡᠨ ᠠᠯᠠᠰᠢᠨ ᠬᠤᠨᠢ ᠪᠣᠷᠣᠯᠠᠭᠤᠯᠤᠨ᠎ᠠ᠃ ᠭᠠᠷᠤᠯᠲᠠ ᠶᠢ ᠪᠠᠲᠤᠯᠠᠵᠤ | ᠲᠣᠭᠲᠠᠭᠤᠨ ᠢᠶᠠᠷ ᠬᠠᠩᠭᠠᠬᠤ ᠶᠢ ᠴᠢᠩᠭᠠᠳᠬᠠᠵᠤ᠂ ᠲᠡᠵᠢᠭᠡᠵᠦ ᠪᠠᠶᠢᠭ᠎ᠠ ᠮᠡᠭᠡᠵᠢ ᠶᠢ 6.5 ᠲᠦᠮᠡ ᠳᠤ ᠬᠦᠷᠭᠡᠵᠦ᠂ | ᠵᠢᠯ ᠳᠤ 100 ᠲᠦᠮᠡᠨ ᠭᠠᠭ᠋ᠠᠢ ᠭᠠᠷᠭᠠᠨ᠎ᠠ᠃ ᠨᠤᠭᠤᠭᠠᠨ ᠢᠶᠠᠷ ᠳᠠᠷᠤᠰᠢᠭᠤᠯᠬᠤ ᠡᠷᠳᠡᠨᠢ ᠰᠢᠰᠢ᠂ ᠴᠠᠷᠭᠠᠰᠤ ᠵᠡᠷᠭᠡ | ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ ᠲᠠᠷᠢᠰᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠠᠭᠠᠯᠢ ᠶᠢᠨ ᠦᠨᠢᠶ᠎ᠡ᠂ | ᠰᠠᠭᠠᠯᠢ ᠶᠢᠨ ᠬᠤᠨᠢ᠂ ᠰᠠᠭᠠᠯᠢ ᠶᠢᠨ ᠢᠮᠠᠭ᠎ᠠ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ | ᠬᠦᠭᠵᠢᠭᠦᠯᠬᠦ ᠶᠢ ᠨᠢ ᠵᠣᠷᠢᠭᠵᠢᠭᠤᠯᠵᠤ᠂ ᠴᠢᠨᠠᠷ ᠰᠠᠶᠢᠲᠠᠶ ᠰᠦᠨ ᠤ ᠢᠷᠡᠯᠲᠡ ᠶᠢᠨ ᠰᠠᠭᠤᠷᠢᠨ ᠢ ᠪᠥᠲᠥᠭᠡᠨ | ᠪᠠᠶᠢᠭᠤᠯᠤᠨ᠎ᠠ᠃ ᠨᠠᠷᠠᠲᠤ ᠲᠥᠷᠥᠯ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ | ᠥᠬᠡᠶ ᠦᠢᠯᠡᠳᠪᠦᠷᠢᠯᠡᠯ ᠢ ᠠᠬᠢᠭᠤᠯᠤᠨ᠎ᠠ᠃ ᠲᠥᠮᠥᠰᠥ ᠪᠠᠷ ᠭᠤᠤᠯ ᠪᠣᠯᠭᠠᠭᠰᠠᠨ ᠣᠷᠣᠨ ᠨᠤᠲᠤᠭ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠤᠨ ᠰᠦᠷᠦᠭᠵᠢᠯ ᠢ ᠪᠥᠲᠥᠭᠡᠨ ᠪᠠᠶᠢᠭᠤᠯᠵᠤ᠂ | ︽ᠳ᠋ᠦᠮᠧᠩ︾ ᠠᠯᠠᠰᠢᠨ ᠬᠤᠨᠢᠨ ᠤ ᠰᠢᠨ᠎ᠡ ᠡᠭᠦᠯᠳᠡᠷ ᠢ ᠤᠯᠤᠰ ᠤᠨ ᠰᠢᠯᠭᠠᠷᠠᠭᠤᠯᠤᠯᠲᠠ ᠳᠤ ᠬᠢᠷᠢ ᠲᠡᠩᠴᠡᠭᠦᠯᠬᠦ ᠪᠠᠷ | ᠴᠢᠷᠮᠠᠶᠢᠵᠤ᠂ ︽ᠬᠤᠸᠠᠳᠧ ᠰᠢᠶᠠᠨ ᠤ ᠨᠠᠷᠢᠨ ᠨᠣᠣᠰᠣᠲᠤ ᠬᠤᠨᠢ︾ ᠶᠢ ᠤᠯᠤᠰ ᠤᠨ ᠭᠠᠵᠠᠷ ᠵᠦᠶ ᠶᠢᠨ ᠲᠡᠮᠳᠡᠭ ᠢᠶᠠᠷ | ᠳᠡᠩᠰᠡᠯᠡᠵᠦ ᠬᠠᠮᠠᠭᠠᠯᠠᠬᠤ ᠭᠡᠷᠡᠴᠢᠯᠡᠯ ᠳᠤ ᠬᠢᠷᠢ ᠲᠡᠩᠴᠡᠭᠦᠯᠵᠦ᠂ ᠤᠯᠠᠭᠠᠨᠴᠠᠪ ᠤᠨ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠪᠦᠬᠦᠯᠢ ᠴᠣᠭᠴᠠ ᠶᠢᠨ ᠨᠠᠷᠠᠲᠤ ᠲᠥᠷᠥᠯ ᠲᠡᠮᠳᠡᠭ ᠢ ᠪᠣᠶ ᠪᠣᠯᠭᠠᠨ᠎ᠠ᠃ ᠲᠥᠮᠥᠰᠥᠨ ᠤ | ᠡᠯᠧᠺᠲᠷᠣᠨ ᠠᠷᠠᠯᠵᠢᠶᠠᠨ ᠤ ᠲᠥᠪ ᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠤᠯᠤᠰ ᠤᠨ ᠨᠢᠭᠡᠳᠦᠭᠡᠷ ᠬᠤᠶᠠᠳᠤᠭᠠᠷ | ᠳᠡᠰ ᠤᠨ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ | ᠪᠦᠷᠬᠦᠭᠰᠡᠨ ᠲᠥᠮᠥᠰᠥ ᠶᠢᠨ ᠰᠢᠭᠤᠳ ᠡᠵᠡᠩᠨᠡᠬᠦ ᠳᠡᠯᠭᠡᠭᠦᠷ ᠢ ᠪᠦᠲᠦᠭᠡᠨ ᠪᠠᠶᠢᠭᠤᠯᠤᠨ᠎ᠠ᠃ ᠲᠥᠮᠥᠰᠦᠨ ᠤ | ᠬᠤᠭᠤᠴᠠᠭᠠᠲᠤ ᠪᠠᠷᠠᠭ᠎ᠠ ᠶᠢᠨ ᠲᠥᠷᠥᠯ ᠵᠦᠶᠯ ᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ ᠠᠬᠢᠭᠤᠯᠤᠨ᠎ᠠ᠃ | ᠲᠠᠷᠢᠶᠠᠯᠠᠩ ᠤᠨ ᠭᠠᠷᠤᠯᠲᠠ ᠶᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ | ᠪᠠᠷᠠᠭ᠎ᠠ ᠭᠦᠶᠯᠭᠡᠭᠡᠨ ᠤ ᠲᠥᠷᠥᠯ ᠵᠦᠶᠯ ᠤᠨ ᠨᠥᠭᠡᠴᠡᠯᠡᠯᠲᠡ ᠶᠢ ᠢᠳᠡᠪᠬᠢᠲᠡᠢ ᠶᠠᠪᠤᠭᠳᠠᠭᠤᠯᠵᠤ᠂ 50 ᠲᠦᠮᠡᠨ ᠲᠣᠨ | ᠲᠥᠮᠥᠰᠥ ᠶᠢ ᠥᠨᠳᠥᠷ ᠪᠠᠷᠢᠮᠵᠢᠶ᠎ᠠ ᠪᠠᠷ ᠬᠥᠮᠥᠷᠭᠡᠯᠡᠨ ᠬᠠᠳᠠᠭᠠᠯᠠᠬᠤ ᠬᠥᠮᠥᠷᠭᠡ᠂ 5 ᠲᠦᠮᠡᠨ ᠲᠣᠨ ᠤ ᠢᠳᠡᠰᠢᠨ | ᠨᠣᠭᠤᠭ᠎ᠠ ᠶᠢᠨ ᠲᠣᠭᠲᠠᠮᠠᠯ ᠳᠤᠯᠠᠭᠠᠨ ᠢ ᠬᠠᠳᠠᠭᠠᠯᠠᠬᠤ ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ ᠨᠢᠭᠡ ᠪᠦᠯᠦᠭ | ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠢ ᠣᠷᠣᠭᠤᠯᠤᠨ | ᠪᠤᠶᠢᠵᠢᠭᠤᠯᠵᠤ᠂ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠦᠲᠦᠭᠡᠨ ᠪᠠᠶᠢᠭᠤᠯᠤᠨ᠎ᠠ᠃ ︽ᠣᠯᠠᠨ | ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠭᠰᠠᠨ︾ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠬᠢᠵᠦ᠂ ᠤᠰᠤ ᠴᠠᠬᠢᠯᠭᠠᠨ ᠵᠠᠮ ᠬᠤᠯᠪᠣᠭ᠎ᠠ ᠭᠡᠷ ᠵᠡᠷᠭᠡ ᠰᠠᠭᠤᠷᠢ ᠲᠦᠬᠦᠭᠡᠷᠦᠮᠵᠢ ᠶᠢ | ᠰᠠᠶᠢᠵᠢᠷᠠᠭᠤᠯᠵᠤ᠂ ᠲᠣᠰᠬᠤᠨ ᠪᠠᠯᠭᠠᠰᠤ ᠶᠢᠨ ᠡᠮᠬᠢ ᠵᠢᠷᠤᠮ ᠲᠠᠢ ᠪᠦᠲᠦᠭᠡᠨ ᠪᠠᠶᠢᠭᠤᠯᠤᠯᠲᠠ ᠪᠠ ᠵᠣᠬᠢᠴᠠᠩᠭᠤᠶ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠠᠰᠤᠷᠬᠠᠢ ᠵᠠᠮ ᠢ ᠨᠡᠪᠲᠡᠷᠡᠭᠦᠯᠵᠦ᠂ ᠶᠠᠳᠠᠭᠤ ᠶᠢ ᠲᠡᠳᠬᠦᠬᠦ ᠵᠠᠮ ᠢ | ᠥᠷᠭᠡᠳᠬᠡᠨ᠂ ᠵᠢᠭᠤᠯᠴᠢᠯᠠᠯ ᠤᠨ ᠵᠠᠮ ᠢ ᠰᠠᠶᠢᠲᠤᠷ ᠪᠠᠶᠢᠭᠤᠯᠵᠤ᠂ ᠤᠯᠤᠰ ᠤᠨ ᠵᠠᠮ 335 ᠶᠢᠨ ᠬᠥᠬᠡᠪᠦᠷ ᠠᠴᠠ | ᠤᠯᠭᠠᠨᠬᠤᠸᠠ ᠬᠦᠷᠬᠦ᠂ ᠵᠢᠨᠢᠩ ᠠᠴᠠ ᠱᠠᠩᠳᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠲᠥᠷᠥᠯ ᠵᠦᠶᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠥᠨᠢᠳ ᠪᠠᠷᠠᠭᠤᠨ ᠬᠤᠰᠢᠭᠤᠨ ᠠᠴᠠ ᠬᠤᠸᠠᠳᠧ ᠬᠦᠷᠬᠦ | ᠬᠤᠷᠳᠤᠨ ᠤ ᠵᠠᠮ ᠤᠨ ᠭᠤᠣᠯ ᠱᠤᠭᠤᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠳᠥᠷᠪᠡᠳ ᠬᠤᠰᠢᠭᠤ᠂ ᠱᠠᠩᠳᠤ | ᠰᠢᠶᠠᠨ ᠤ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠵᠢᠱᠢᠶ᠎ᠡ | ᠦᠵᠡᠭᠦᠯᠬᠦ ᠬᠤᠰᠢᠭᠤ ᠰᠢᠶᠠᠨ ᠳᠤ ᠮᠡᠳᠡᠭᠦᠯᠬᠦ ᠶᠢ ᠨᠢ ᠳᠠᠮᠵᠢᠨ᠎ᠠ᠃ ᠮᠠᠯᠵᠢᠬᠤ ᠲᠠᠷᠢᠶᠠᠯᠠᠬᠤ ᠣᠷᠣᠨ ᠤ 10274 | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠨ᠎ᠡ᠃ ︽ᠴᠡᠪᠡᠷ ᠴᠡᠮᠴᠡᠭᠡᠷ ᠢᠶᠠᠷ ᠴᠢᠨᠡᠭᠡᠯᠢᠭ ᠨᠡᠶᠢᠭᠡᠮ ᠢ | ᠤᠭᠲᠤᠬᠤ︾ ᠪᠠᠷ ᠭᠤᠣᠯ ᠰᠡᠳᠦᠪ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠴᠡᠪᠡᠷᠯᠡᠭᠴᠢ ᠶᠢᠨ | ᠳᠦᠷᠢᠮ ᠢ ᠪᠠᠶᠢᠭᠤᠯᠤᠨ᠎ᠠ᠃ ᠰᠢᠶᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠡᠬᠢᠯᠡᠨ ᠪᠠᠶᠢᠭᠤᠯᠵᠤ | ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠳᠥᠯᠭᠢᠨ ᠠᠬᠢᠭᠤᠯᠤᠨ᠎ᠠ᠃ | ᠰᠡᠯᠡᠭᠦᠴᠡᠯ ᠤᠨ ᠲᠠᠷᠢᠶᠠᠯᠠᠩ᠂ ᠪᠡᠶᠡᠴᠢᠯᠡᠨ ᠣᠶᠢᠯᠠᠭᠠᠬᠤ ᠲᠠᠷᠢᠶᠠᠯᠠᠩ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠶᠡᠬᠡᠪᠡᠷ ᠬᠥᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠰᠣᠶᠣᠯ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ | ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮᠵᠢ ᠶᠢ ᠪᠦᠷᠢᠳᠦᠭᠦᠯᠦᠨ᠎ᠡ᠃ | ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠠᠭᠠᠭᠠᠴᠢᠯᠠᠭᠰᠠᠨ | ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢᠨ︽ᠡᠷᠭᠢᠵᠦ ᠬᠠᠷᠠᠬᠤ︾ ᠶᠢ ᠥᠷᠨᠢᠭᠦᠯᠵᠦ᠂ ︽ | ᠭᠤᠷᠪᠠᠨ ᠡᠷᠬᠡ︾ ᠶᠢ ᠰᠠᠯᠭᠠᠬᠤ ᠲᠦᠷᠢᠮ ᠢ ᠲᠡᠭᠦᠯᠳᠡᠷᠵᠢᠭᠦᠯᠦᠨ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠠᠷᠢᠴᠠᠭ᠎ᠠ ᠶᠢ ᠣᠷᠳᠣ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠷᠢᠶᠠᠯᠠᠬᠤ ᠮᠠᠯᠵᠢᠬᠤ | ᠣᠷᠣᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ | ᠠᠵᠢᠯ ᠢ ᠶᠠᠪᠤᠭᠳᠠᠭᠤᠯᠤᠨ᠎ᠠ᠃ ᠭᠠᠵᠠᠷ ᠰᠢᠷᠣᠶ ᠶᠢᠨ ᠡᠷᠭᠢᠯᠲᠡ ᠶᠢ ᠲᠦᠷᠭᠡᠳᠬᠡᠵᠦ᠂ ᠬᠤᠲᠠ ᠶᠢᠨ ᠱᠠᠲᠤᠨ ᠠᠴᠠ | ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶ᠎ᠠ ᠪᠣᠯᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ ᠭᠤᠣᠯᠳᠠᠯᠭ᠎ᠠ ᠲᠠᠢ ᠪᠤᠶᠢᠵᠢᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ | ︵ᠲᠠᠪᠤ︶ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠴᠦ᠂ ᠠᠵᠢᠯ | ᠣᠯᠬᠤ ᠳᠤ ᠬᠦᠴᠢᠷᠲᠡᠶ ᠪᠠᠶᠢᠬᠤ ᠪᠠ ᠠᠵᠢᠯᠴᠢᠨ ᠡᠯᠰᠡᠬᠦ ᠳᠤ ᠬᠦᠴᠢᠷᠲᠡᠶ ᠪᠠᠶᠢᠬᠤ ᠵᠡᠷᠭᠡ ᠪᠠᠷ ᠣᠷᠣᠰᠢᠵᠤ ᠪᠠᠶᠢᠭ᠎ᠠ | ᠪᠦᠲᠦᠴᠡ ᠶᠢᠨ ᠴᠢᠨᠠᠷᠲᠠᠶ ᠵᠥᠷᠢᠴᠡᠯ ᠢ ᠬᠦᠴᠦᠯᠡᠨ ᠰᠢᠶᠳᠪᠦᠷᠢᠯᠡᠨ᠎ᠡ᠃ ᠠᠵᠢᠯ ᠣᠯᠭᠤᠯᠲᠠ ᠶᠢᠨ ᠶᠡᠷᠦᠩᠬᠡᠶ | ᠬᠡᠮᠵᠢᠶ᠎ᠡ ᠶᠢ ᠲᠣᠭᠲᠠᠪᠤᠷᠢᠵᠢᠭᠤᠯᠤᠨ᠎ᠠ᠃ᠠᠵᠢᠯ ᠠᠯᠳᠠᠬᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠠᠵᠢᠯ ᠠᠯᠳᠠᠬᠤ ᠳᠠᠭᠠᠳᠬᠠᠯ ᠤᠨ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠷᠴᠢᠮ ᠢ ᠴᠢᠩᠭᠠᠷᠠᠭᠤᠯᠵᠤ᠂ ᠪᠦᠲᠦᠴᠡ ᠶᠢᠨ | ᠲᠤᠬᠢᠷᠠᠭᠤᠯᠤᠯᠳᠡ ᠶᠢᠨ ᠳᠤᠮᠳᠠ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠰᠢᠯᠵᠢᠵᠤ ᠠᠵᠢᠯ ᠤᠨ ᠪᠠᠶᠢᠷᠢ ᠠᠴᠠ | ᠪᠠᠭᠤᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠤᠶᠤᠲᠠᠳ ᠤᠨ ᠠᠳᠠᠯ ᠦᠶᠯᠡᠰ ᠴᠣᠭᠴᠠᠯᠠᠵᠤ ᠠᠵᠢᠯ ᠤᠯᠬᠤ | ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠢ ᠡᠭᠦᠳᠦᠨ ᠪᠠᠶᠢᠭᠤᠯᠵᠤ᠂ ᠨᠤᠲᠤᠭ ᠲᠠᠭᠠᠨ ᠪᠤᠴᠠᠵᠤ ᠠᠵᠢᠯ ᠣᠯᠵᠤ | ᠠᠳᠠᠯ ᠦᠶᠯᠡᠰ ᠴᠣᠭᠴᠠᠯᠠᠬᠤ ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠤᠨ᠎ᠠ᠃ ᠠᠵᠢᠯ | ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠡᠳᠦᠷ ᠤᠨ | ᠬᠦᠴᠦᠨ ᠤ ᠵᠠᠬ᠎ᠠ ᠳᠡᠯᠭᠡᠭᠦᠷ᠂ ᠠᠮᠢᠳᠤᠯᠢᠭ ᠠᠵᠢᠯ ᠣᠯᠭᠤᠯᠲᠠ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠠᠵᠢᠯ ᠦᠢᠯᠡᠰ ᠤᠨ ᠨᠢᠭᠡᠴᠢ ᠶᠢᠨ | ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ᠂ ᠲᠥᠷᠥᠯ ᠵᠦᠶᠯ ᠢᠶᠠᠨ ᠠᠪᠴᠤ ᠠᠵᠤ ᠠᠬᠤᠶᠢᠯᠠᠯ ᠳᠤ ᠣᠴᠢᠵᠤ | ᠠᠵᠢᠯᠯᠠᠬᠤ ᠶᠢ ᠨᠢ ᠵᠣᠷᠢᠭᠵᠢᠭᠤᠯᠤᠨ᠎ᠠ᠃ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ | ᠲᠤᠰᠬᠠᠶ ᠮᠡᠷᠭᠡᠵᠢᠯ ᠤᠨ ᠴᠢᠳᠠᠪᠤᠷᠢᠳᠡᠨ ᠤ ᠠᠵᠢᠯ ᠬᠢᠵᠦ ᠦᠶᠯᠡᠰ ᠴᠣᠭᠴᠠᠯᠠᠬᠤ ᠢᠳᠡᠪᠬᠢᠵᠢᠯ ᠢ ᠨᠢ ᠬᠥᠭᠵᠢᠭᠡᠨ᠎ᠡ᠃ | ᠴᠢᠳᠠᠪᠤᠷᠢᠳᠡᠨ ᠤ ᠰᠢᠨ᠎ᠡ ᠶᠢ ᠡᠬᠦᠳᠴᠦ ᠦᠢᠯᠡᠰ ᠪᠤᠰᠬᠠᠬᠤ ᠶᠢ ᠬᠦᠨᠳᠦᠳᠭᠡᠬᠦ᠂ ᠬᠠᠶᠢᠷᠠᠯᠠᠬᠤ᠂ ᠳᠡᠮᠵᠢᠬᠦ ᠰᠠᠶᠢᠨ | ᠰᠠᠶᠢᠬᠠᠨ ᠤᠷᠴᠢᠨ ᠠᠬᠤᠢ ᠶᠢ ᠶᠡᠭᠡ ᠬᠦᠴᠦᠨ ᠢᠶᠠᠷ ᠪᠤᠢ ᠪᠤᠯᠭᠠᠵᠤ᠂ ᠴᠢᠳᠠᠪᠤᠷᠢᠳᠡᠨ ᠢ ᠦᠯᠡᠳᠡᠭᠡᠵᠤ ᠳᠡᠶᠢᠯᠬᠦ᠂ | ᠰᠠᠶᠢᠨ ᠬᠦᠭᠵᠢᠯᠳᠡ ᠲᠠᠢ ᠪᠤᠯᠭᠠᠨ᠎ᠠ᠃ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠠᠳᠠᠭᠰᠢ | ᠭᠠᠷᠴᠤ ᠬᠦᠴᠦ ᠶᠠᠪᠤᠬᠤ ᠦᠶᠯᠡᠴᠢᠯᠡᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠦᠴᠦ | ᠶᠠᠪᠤᠭᠰᠡᠳ ᠤᠨ ᠠᠵᠢᠯ ᠣᠯᠭᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ | ᠮᠠᠶ᠋ᠢᠭ ᠤᠨ ᠱᠠᠪᠢ ᠣᠷᠣᠬᠤ ᠲᠦᠷᠢᠮ ᠢ ᠶᠡᠬᠡᠪᠡᠷ ᠬᠡᠷᠡᠭᠵᠢᠭᠦᠯᠵᠦ᠂ ᠠᠵᠤ ᠦᠶᠯᠡᠰ ᠤᠨ ᠠᠵᠢᠯᠴᠢᠨ ᠤ ᠡᠩᠨᠡᠭᠡ ᠶᠢ | ᠪᠤᠵᠠᠭᠠᠶᠢᠷᠠᠭᠤᠯᠤᠨ ᠬᠥᠭᠵᠢᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠰᠤᠷᠭᠠᠭᠤᠯᠢ ᠶᠢᠨ ᠶᠣᠰᠣ | ᠰᠤᠷᠲᠠᠬᠤᠨ ᠤ ᠬᠥᠮᠦᠵᠢᠯ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ | ᠰᠢᠶᠠᠨ ᠠᠴᠠ ᠰᠤᠷᠭᠠᠭᠤᠯᠢ ᠶᠢᠨ ᠪᠠᠭᠰᠢ ᠵᠠᠬᠢᠷᠤᠯ ᠤᠷᠢᠵᠤ ᠬᠡᠷᠡᠭᠯᠡᠬᠦ ᠶᠢ ᠬᠠᠮᠢᠶᠠᠷᠬᠤ ᠪᠠᠷ ᠭᠤᠤᠯ ᠠᠭᠤᠯᠭ᠎ᠠ | ᠪᠣᠯᠭᠠᠭᠰᠠᠨ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠯᠴᠠᠬᠤ ᠤᠷᠤᠨ ᠪᠠᠶᠢᠷᠢ ᠶᠢᠨ | ᠬᠠᠩᠭᠠᠯᠭ᠎ᠠ ᠶᠢ ᠥᠷᠭᠡᠳᠬᠡᠨ᠎ᠡ᠃ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠤᠨ︾ ᠤ ᠠᠵᠢᠯᠯᠠᠭ᠎ᠠ ᠶᠢ ᠥᠷᠨᠢᠭᠦᠯᠵᠦ᠂ ᠴᠢᠨᠠᠷ ᠰᠠᠶᠢᠲᠠᠶ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠥᠲᠥᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠮᠠᠨ ᠤ ᠬᠤᠳᠠ ᠶᠢᠨ ᠳᠤᠮᠤ | ᠳ᠋ᠠᠶᠢᠲ᠋ᠠ᠂ ᠳᠤᠮᠤ ᠪᠠᠷᠠᠭ᠎ᠠ ᠬᠦᠢᠯᠬᠡᠬᠡ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠪᠤᠬᠢᠷᠳᠤᠯ ᠦᠬᠡᠢ ᠳᠠᠷᠢᠶᠠᠯᠠᠩ ᠤᠨ | ᠭᠠᠷᠤᠯᠲᠠ ᠮᠠᠯ ᠤᠨ ᠠᠰᠢᠭ ᠰᠢᠮ᠎ᠡ ᠵᠡᠷᠬᠡ ᠭᠤᠤᠯᠯᠠᠭᠴᠢ ᠠᠵᠤ ᠦᠢᠯᠡᠰ ᠤᠨ ᠳᠤᠭᠤᠷᠢᠨ ᠳᠤ᠂ ︽ᠠᠵᠤ ᠦᠢᠯᠡᠰ | ᠵᠢᠭᠠᠨ ᠰᠤᠷᠭᠠᠯᠲᠠ ᠶᠢ ᠠᠭᠤᠰᠤᠯᠴᠠᠭᠤᠯᠤᠨ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ︾ ᠵᠡᠷᠭᠡ | ᠰᠤᠷᠭᠠᠭᠤᠯᠢ ᠡᠷᠬᠢᠯᠡᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠨᠢᠬᠡᠳᠦᠯᠳᠡᠢ ᠲᠦᠯᠦᠪᠵᠢᠬᠦᠯᠦᠨ ᠬᠥᠭᠵᠢᠭᠦᠯᠵᠦ | ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠳᠠᠮᠵᠢᠨ᠎ᠠ᠃ | ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠪᠠ ᠬᠤᠪᠢᠶᠠᠷᠢ ᠮᠦᠽᠧᠶ ᠶᠢᠨ ᠲᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠦᠶᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ᠤ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠠᠯᠠᠪᠤᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠭᠠᠨᠮᠦ᠋ᠴᠢᠷ ᠢ ︽ᠵᠢᠷᠭᠤᠭ᠎ᠠ ᠳᠤ | ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠤᠶᠤᠯ ᠤᠨ ᠬᠦᠷᠢᠶᠡᠯᠡᠩ ᠪᠦᠯᠬᠦᠮ ᠤᠨ | ᠠᠷᠠᠳ ᠲᠤ ᠠᠰᠢᠭ ᠬᠦᠷᠲᠡᠭᠡᠬᠦ ᠲᠣᠭᠯᠠᠯᠲᠠ 1400 ᠲᠠᠯᠠᠪᠠᠶ ᠠᠴᠠ ᠳᠡᠭᠡᠭᠰᠢ ᠳᠤᠭᠯᠠᠨ᠎ᠠ᠃ ᠲᠡᠤᠬᠡ ᠶᠢᠨ | ᠳᠤᠷᠠᠰᠬᠠᠯᠲᠤ ᠵᠦᠶᠯ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠵᠢᠨᠢᠩ ᠤᠨ ᠳᠠᠶᠢᠯᠠᠯᠳᠤᠭᠠᠨ ᠤ ᠬᠠᠭᠤᠴᠢᠨ | ᠪᠠᠭᠤᠷᠢ ᠵᠡᠷᠭᠡ ᠨᠢᠭᠡ ᠪᠦᠯᠦᠭ ᠲᠡᠤᠬᠡ ᠶᠢᠨ ᠳᠤᠷᠠᠰᠬᠠᠯᠲᠤ ᠵᠦᠶᠯ ᠢ ᠵᠠᠰᠠᠨ ᠰᠡᠷᠭᠦᠭᠡᠵᠦ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ | ᠶᠢ ᠪᠦᠷᠢᠨᠰᠢᠬᠦᠯᠵᠦ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠵᠦᠶᠯᠡᠰ ᠢ ᠠᠮᠢᠳᠤᠯᠢᠭ ᠪᠣᠯᠭᠠᠨ᠎ᠠ᠃ | ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠪᠠ ᠭᠠᠴᠠᠭ᠎ᠠ ᠲᠣᠰᠬᠤᠨ ᠤ | ᠪᠡᠶ᠎ᠡ ᠴᠢᠭᠢᠷᠠᠭᠵᠢᠭᠤᠯᠬᠤ ᠵᠢᠵᠢᠭ ᠬᠡᠯᠪᠡᠷᠢ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠤᠨ ᠢᠨᠵᠧᠨᠧᠷᠢᠩ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠥᠯ | ᠪᠥᠮᠪᠦᠭᠡ ᠶᠢᠨ ᠥᠭᠡᠷᠡᠴᠢᠯᠡᠯᠲᠡ ᠪᠣᠯᠤᠨ ᠮᠥᠰᠥ ᠴᠠᠰᠤᠨ ᠤ ᠬᠦᠳᠡᠯᠬᠡᠬᠡᠨ᠂ ᠲᠣᠤᠷ ᠪᠥᠮᠪᠦᠭᠡ ᠶᠢᠨ ᠬᠦᠳᠡᠯᠬᠡᠬᠡᠨ ᠤ | ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠵᠢᠦᠳᠣᠣ᠂ ᠪᠥᠬᠡ ᠪᠠᠷᠢᠯᠳᠤᠬᠤ | ᠵᠡᠷᠭᠡ ᠪᠡᠶ᠎ᠡ ᠶᠢᠨ ᠳᠠᠮᠢᠷ ᠤᠨ ᠥᠷᠢᠰᠥᠯᠳᠦᠭᠡᠨ ᠤ ᠴᠢᠳᠠᠪᠤᠷᠢᠲᠠᠨ ᠢ ᠬᠥᠮᠦᠵᠢᠭᠦᠯᠤᠨᠡ᠃ | ᠡᠷᠡᠭᠦᠯ ᠡᠩᠬᠡ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ 2᠂ ᠬᠤᠲᠠ ᠶᠢᠨ ᠲᠡᠰ ᠤᠨ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ 1 ᠶᠢ ᠪᠠᠶᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠰᠦᠢᠳᠭᠡᠯ ᠢ ᠪᠦᠲᠦᠮᠵᠢᠲᠡᠶ ᠪᠠᠭᠤᠷᠠᠭᠤᠯᠤᠨ᠎ᠠ᠃ | ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠦᠨᠳᠦ ᠶᠡᠭᠡ ᠲᠦᠭᠰᠢᠬᠦᠷᠢ ᠶᠢ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ᠂ | ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ | ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠴᠠᠭ ᠪᠠ ᠪᠠᠶᠢᠳᠠᠯ ᠢ ᠦᠨᠳᠦᠰᠦᠯᠡᠨ ᠭᠠᠳᠠᠨ᠎ᠠ ᠠᠴᠠ ᠤᠷᠤᠬᠤ ᠶᠢ | ᠰᠡᠷᠬᠡᠶᠢᠯᠡᠬᠦ᠂ ᠳᠤᠳᠤᠭᠠᠳᠤ ᠠᠴᠠ ᠳᠠᠬᠢᠨ ᠡᠭᠦᠰᠬᠦ ᠶᠢ ᠰᠡᠷᠬᠡᠶᠢᠯᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠪᠠᠶᠢᠳᠠᠯ ᠢ ᠲᠠᠰᠤᠷᠠᠯᠲᠠ ᠥᠬᠡᠶ | ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠪᠠᠲᠤᠯᠠᠨ᠎ᠠ᠃ ᠬᠤᠳᠠ ᠶᠢᠨ ᠬᠠᠯᠳᠠᠪᠤᠷᠢᠲᠤ ᠡᠪᠡᠳᠴᠢᠨ ᠤ ᠲᠤᠰᠬᠠᠶ ᠡᠮᠨᠡᠯᠭᠡ ᠶᠢᠨ ᠬᠤᠷᠢᠶ᠎ᠠ ᠵᠢᠴᠢ ᠬᠤᠶᠠᠳᠤᠭᠠᠷ | ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠭᠡᠷ ᠪᠠᠶᠢᠰᠢᠩ ᠤᠨ | ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠤᠨ ᠪᠠᠶᠢᠭᠤᠯᠤᠮᠵᠢ ᠶᠢᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠶᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠲᠠ ᠪᠠ ᠲᠥᠬᠦᠭᠡᠷᠦᠮᠵᠢ ᠶᠢᠨ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠎ᠡ᠃ ᠬᠤᠯᠤᠭᠠᠨ᠎ᠠ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠤᠯᠠᠨ | ᠨᠡᠶᠢᠲᠡ ᠶᠢᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ | ᠬᠢᠨ᠎ᠠ᠃ ᠬᠤᠲᠠ ᠰᠢᠶᠠᠨ ᠰᠢᠶᠠᠩ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠡᠷᠡᠭᠦᠯ ᠬᠠᠮᠠᠭᠠᠯᠠᠯ ᠡᠷᠡᠭᠦᠯ ᠴᠢᠭᠢᠷᠠᠭ ᠠᠵᠢᠯ ᠲᠥᠷᠥᠯ ᠤᠨ | ᠬᠡᠪ ᠰᠤᠷᠲᠠᠯ ᠪᠠ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠮᠨᠡᠯᠭᠡ ᠶᠢᠨ | ᠠᠵᠢᠯᠲᠠᠨ ᠤ ᠦᠨᠳᠦᠰᠦᠨ ᠡᠷᠬᠡ ᠠᠰᠢᠭ ᠢ ᠬᠠᠤᠯᠢ ᠶᠣᠰᠣᠭᠠᠷ ᠪᠠᠳᠤᠯᠠᠵᠤ᠂ ᠣᠯᠠᠨ ᠲᠦᠮᠡᠨ ᠤ ᠡᠪᠡᠳᠴᠢᠨ | ᠦᠵᠡᠭᠦᠯᠬᠦ ᠥᠩᠭᠡᠷᠡᠯᠲᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠹᠷᠣᠨᠲ ᠤᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠵᠡᠷᠭᠡ ᠳᠤ ᠮᠡᠷᠭᠡᠵᠢᠯ ᠤᠨ ᠴᠣᠯᠠ | ᠶᠢ ᠬᠡᠯᠪᠠᠶᠢᠯᠭᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃ ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠬᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠳ᠂ | ᠬᠤᠲᠠ ᠳᠤ ᠣᠷᠣᠵᠤ ᠬᠦᠴᠦ ᠶᠠᠪᠤᠭᠰᠡᠳ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠨᠢᠭᠡᠴᠢ ᠪᠠᠷ | ᠭᠤᠤᠯᠳᠠᠯᠭ᠎ᠠ ᠪᠣᠯᠭᠠᠵᠤ᠂ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠨ᠎ᠡ᠃ | ᠠᠯᠪᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠪᠠ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠦᠷᠢᠮ ᠢ ᠨᠡᠶᠢᠯᠡᠬᠦᠯᠬᠦ ᠶᠢ ᠲᠦᠷᠭᠡᠪᠴᠢᠯᠡᠨ ᠠᠬᠢᠭᠤᠯᠤᠨ᠎ᠠ᠃ ᠡᠮᠨᠡᠯᠭᠡ ᠶᠢᠨ ᠳᠠᠭᠠᠳᠬᠠᠯ ᠤᠨ | ᠵᠤᠭᠤᠰ ᠦᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠬᠦᠯᠵᠢᠯᠡᠨ ᠠᠬᠢᠭᠤᠯᠵᠤ᠂ ᠳᠠᠭᠠᠳᠬᠠᠯ ᠢ ᠮᠡᠬᠡᠯᠡᠨ | ᠬᠢᠬᠠᠬᠤ ᠳᠤ ᠴᠣᠬᠢᠯᠲᠠ ᠥᠭᠬᠦ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠶᠢ | ᠴᠢᠩᠭᠠᠷᠠᠭᠤᠯᠵᠤ᠂ ᠤᠯᠤᠰ ᠤᠨ ᠲᠠᠰ ᠤᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠬᠦᠯᠬᠦ ᠴᠡᠭ ᠤᠨ | ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠣᠨᠴᠠᠭᠠᠶ | ᠬᠦᠴᠢᠷᠳᠡᠯ ᠲᠠᠢ ᠤᠯᠠᠨ ᠲᠦᠮᠡᠨ ᠢ ᠪᠠᠲᠤᠯᠠᠬᠤ ᠴᠢᠳᠠᠪᠤᠷᠢ ᠪᠠ ᠳᠡᠳᠡᠨ ᠳᠤ ᠦᠶᠯᠡᠴᠢᠯᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠮᠡᠭᠲᠡᠶᠢᠴᠦᠳ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠡᠷᠬᠡ ᠶᠢ ᠪᠠᠲᠤᠯᠠᠬᠤ | ᠰᠢᠰᠲ᠋ᠧᠮ ᠢ ᠲᠡᠭᠦᠯᠳᠡᠷᠵᠢᠭᠦᠯᠤᠨ᠎ᠡ᠃ ᠳᠦᠬᠦᠮ ᠪᠦᠲᠦᠴᠡᠳᠦ ᠣᠷᠣᠨ ᠰᠠᠭᠤᠴᠠ ᠶᠢᠨ ᠲᠣᠭᠤᠷᠢᠭ ᠤᠨ 3200 | ᠢᠵᠢ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ 92 ᠡᠷᠦᠬᠡ ᠶᠢ | ᠰᠢᠨᠡᠳᠬᠡᠨ ᠦᠭᠡᠷᠡᠴᠢᠯᠡᠵᠤ᠂ 5600 ᠡᠷᠦᠬᠡ ᠳᠤ ᠲᠦᠷᠢᠶᠡᠰᠤᠨ ᠨᠥᠬᠦᠪᠥᠷᠢ ᠣᠯᠭᠤᠵᠤ᠂ ᠣᠯᠠᠨ ᠲᠦᠮᠡᠨ ᠤ ︽ | ᠦᠨᠡᠮᠯᠡᠯ ᠠᠪᠬᠤ ᠳᠤ ᠬᠦᠴᠢᠷᠲᠡᠶ︾᠂ ︽ᠪᠤᠴᠠᠵᠤ ᠨᠡᠭᠦᠬᠦ ᠳᠤ ᠬᠦᠴᠢᠷᠲᠡᠶ︾᠂ ︽ᠣᠷᠣᠵᠤ ᠰᠠᠭᠤᠬᠤ ᠳᠤ | ᠬᠦᠴᠢᠷᠲᠡᠶ︾ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠡ᠃ | ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ ᠪᠠᠷ ᠠᠰᠢᠭ ᠬᠤᠨᠵᠢᠪᠤᠷᠢ ᠣᠯᠬᠤ ᠶᠢ ᠢᠯᠡᠷᠡᠬᠦᠯᠦᠨ᠎ᠡ᠃ ︽ | ᠭᠤᠷᠪᠠᠨ ᠣᠷᠣᠨ ᠵᠠᠢ ᠭᠤᠷᠪᠠᠨ ᠵᠠᠮ ᠱᠤᠭᠤᠮ︾ ᠢ ᠬᠤᠪᠢᠶᠠᠷᠢᠯᠠᠨ ᠲᠣᠭᠲᠠᠭᠠᠬᠤ ᠪᠠ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ︽ | ᠭᠤᠷᠪᠠᠨ ᠱᠤᠭᠤᠮ ᠨᠢᠭᠡ ᠬᠠᠭᠤᠳᠠᠰᠤ︾ ᠪᠠᠷ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠭᠦᠨᠵᠡᠬᠡᠢ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠲᠣᠭᠲᠠᠭᠠᠬᠤ ᠪᠠ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠠᠮᠢ | ᠠᠬᠤᠢ ᠶᠢᠨ ᠴᠢᠳᠠᠮᠵᠢᠲᠤ ᠣᠷᠣᠨ ᠢ ᠵᠠᠭᠠᠭᠯᠠᠬᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠣᠶᠢᠲᠤ ᠭᠠᠵᠠᠷ᠂ | ᠨᠤᠲᠤᠭ ᠪᠡᠯᠴᠢᠭᠡᠷ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠶᠢ ᠬᠠᠤᠯᠢ ᠶᠤᠰᠤᠭᠠᠷ | ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠳᠤᠳᠬᠠᠨ ᠪᠠᠬᠢᠵᠢᠬᠦᠯᠵᠤ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠡᠭᠦᠳᠦᠨ ᠪᠠᠶᠢᠭᠤᠯᠤᠲᠠ ᠶᠢ | ᠡᠬᠢᠯᠡᠭᠦᠯᠤᠨ᠎ᠡ᠃ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠢ | ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠭᠦᠷᠭᠡ ᠶᠢ | 99.3 ᠲᠦᠮᠡᠨ ᠮᠦ ᠪᠡᠶᠡᠯᠡᠭᠦᠯᠵᠦ᠂ ᠣᠨᠴᠠᠯᠢᠭᠲᠤ ᠠᠵᠤ ᠠᠬᠤᠢ ᠶᠢᠨ ᠤᠢ ᠶᠢ 10 ᠲᠦᠮᠡᠨ ᠮᠦ ᠰᠢᠨ᠎ᠡ ᠪᠠᠷ | ᠪᠠᠶᠢᠭᠤᠯᠤᠨ᠎ᠠ᠃ ︽ᠰᠢᠷᠭᠤᠯᠵᠢ ᠶᠢᠨ ᠤᠢ︾ ᠶᠢᠨ 600 ᠲᠦᠮᠡᠨ ᠨᠠᠶᠢᠵᠠᠭᠤᠷ ᠬᠠᠷᠭᠠᠨ᠎ᠠ᠂ ᠴᠢᠴᠠᠷᠭᠠᠨ᠎ᠠ ᠶᠢ | ᠣᠶᠢᠵᠢᠭᠤᠯᠬᠤ ᠢᠨᠵᠧᠨᠧᠷᠢᠩ ᠢ ᠬᠡᠷᠡᠭᠵᠢᠬᠦᠯᠦᠨ᠎ᠡ᠃ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠳᠤᠮᠳᠠ ᠤᠰᠤ ᠪᠠᠷ | ᠤᠰᠤᠯᠠᠬᠤ ᠶᠢ ᠳᠡᠯᠭᠡᠷᠡᠭᠦᠯᠦᠨ᠎ᠡ᠃ ᠨᠤᠷᠠᠭᠠᠨ ᠨᠡᠭᠦᠯᠭᠡᠵᠦ ᠨᠣᠭᠤᠭᠠᠷᠠᠭᠤᠯᠬᠤ᠂ ᠵᠠᠪᠰᠠᠷᠯᠠᠨ ᠨᠣᠭᠤᠭᠠᠷᠠᠭᠤᠯᠬᠤ ᠵᠡᠷᠭᠡ | ᠠᠷᠭ᠎ᠠ ᠬᠡᠮᠵᠢᠶ᠎ᠡ ᠠᠪᠴᠤ᠂ ᠬᠤᠲᠠ ᠶᠢᠨ ᠨᠤᠭᠤᠭᠠᠨ ᠬᠦᠷᠦᠰᠦ ᠶᠢᠨ ᠲᠠᠯᠠᠪᠠᠢ ᠶᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ᠃ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠪᠦᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ ᠬᠤᠳᠠ ᠶᠢᠨ ᠴᠢᠳᠠᠮᠵᠢ ᠶᠢ ᠳᠡᠬᠦᠯᠳᠡᠷᠵᠢᠬᠦᠯᠦᠨ᠎ᠡ᠃ ᠬᠤᠲᠠ ᠶᠢᠨ ᠵᠠᠮ᠂ ᠲᠡᠷᠭᠡ | ᠵᠣᠭᠰᠣᠭᠠᠬᠤ ᠳᠦᠬᠦᠬᠡᠷᠦᠮᠵᠢ᠂ ᠤᠯᠠᠨ ᠨᠡᠶᠢᠳᠡ ᠶᠢᠨ ᠵᠤᠷᠯᠤᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠵᠤ᠂ ᠰᠢᠨ᠎ᠡ ᠪᠠᠷ | ᠪᠠᠶᠢᠭᠤᠯᠤᠭᠰᠠᠨ ᠵᠢᠵᠢᠭ ᠲᠣᠭᠤᠷᠢᠭ ᠤᠨ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠪᠠ ᠬᠠᠭᠤᠴᠢᠨ | ᠰᠠᠭᠤᠭᠠᠯᠢ ᠲᠣᠭᠤᠷᠢᠭ ᠤᠨ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ ᠢ ᠰᠡᠯᠪᠢᠨ ᠵᠠᠰᠠᠵᠤ ᠥᠭᠡᠷᠡᠴᠢᠯᠡᠬᠦ ᠶᠢ | ᠠᠬᠢᠭᠤᠯᠵᠤ᠂ ᠣᠯᠠᠨ ᠲᠦᠮᠡᠨ ᠤ ᠠᠮᠢᠳᠤᠷᠠᠯ᠂ ᠶᠠᠪᠤᠵᠤ ᠰᠠᠭᠤᠬᠤ ᠵᠡᠷᠭᠡ ᠲᠠᠯ᠎ᠠ ᠶᠢᠨ ᠠᠰᠠᠭᠤᠳᠠᠯ ᠢ ᠡᠬᠢ | ᠡᠭᠦᠰᠦᠯ ᠠᠴᠠ ᠨᠢ ᠪᠠᠭᠠᠰᠬᠠᠨ᠎ᠠ᠃ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠮᠠᠨ ᠤ | ᠬᠤᠲᠠ ᠶᠢᠨ ᠲᠣᠮᠣ ᠳ᠋ᠠᠶᠢᠲ᠋ᠠ ᠶᠢᠨ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠳᠠᠪᠠᠭᠤᠯᠢᠭ ᠳᠠᠯ᠎ᠠ ᠶᠢ ᠭᠦᠢᠴᠡᠳ | ᠠᠰᠢᠭᠯᠠᠨ᠂ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ | ᠲᠣᠤᠷᠵᠢᠭᠤᠯᠤᠭᠰᠠᠨ + ᠲᠣᠮᠣ ᠳ᠋ᠠᠶᠢᠲ᠋ᠠ︾ ᠶᠢᠨ ᠵᠠᠰᠠᠯᠲᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠮᠡᠳᠡᠭᠡ | ᠵᠠᠩᠭᠢᠵᠢᠯᠲᠠ ᠪᠠᠷ ᠬᠤᠲᠠ ᠶᠢᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠰᠠᠨ ᠲᠤᠷᠰᠢᠯᠭ᠎ᠠ ᠪᠠ ᠬᠦᠷᠦᠯᠴᠡᠬᠦ ᠦᠬᠡᠢ | ᠲᠠᠯ᠎ᠠ ᠪᠠᠨ ᠬᠢᠨᠠᠮᠠᠭᠠᠶ ᠳ᠋ᠦᠩᠨᠡᠵᠦ᠂ ᠳᠤᠲᠠᠭᠤᠳᠠᠯ ᠢᠶᠠᠨ ᠨᠥᠬᠦᠪᠥᠷᠢᠯᠡᠨ᠂ ᠭᠡᠭᠡᠭᠳᠡᠯ ᠤᠷᠬᠢᠭᠳᠡᠯ ᠢ ᠬᠤᠷᠢᠭᠯᠠᠨ᠂ | ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠭᠡᠨᠡᠳᠲᠡ ᠡᠭᠦᠰᠦᠭᠰᠡᠨ ᠴᠢᠬᠤᠯᠠ ᠶᠡᠭᠡ ᠬᠡᠷᠡᠭ ᠢ | ᠠᠷᠭᠠᠴᠠᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠤᠨ᠎ᠠ᠃ ᠵᠢᠨᠢᠩ ᠲᠣᠭᠤᠷᠢᠭ ᠤᠨ ᠪᠦᠲᠦᠭᠡᠨ | ᠪᠠᠶᠢᠭᠤᠯᠵᠤ ᠳᠠᠭᠤᠰᠤᠭᠰᠠᠨ ᠳᠤᠭᠤᠷᠢᠭ ᠤᠯᠠᠨ ᠨᠡᠶᠢᠳᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠨ ᠪᠦᠷᠬᠦᠭᠦᠯᠬᠦ ᠶᠢ ᠪᠡᠶᠡᠯᠡᠬᠦᠯᠦᠨ᠎ᠡ᠃ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠨ᠎ᠠ᠃ | ᠠᠶᠤᠯᠬᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠳᠡᠯ ᠤᠨ ᠳᠠᠯᠳᠠ ᠭᠡᠮ ᠢ | ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ | ᠲᠦᠪᠰᠢᠨ ᠤ ᠪᠠᠲᠤᠯᠠᠭ᠎ᠠ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ | ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠰᠢᠰᠲ᠋ᠧᠮᠵᠢ ᠶᠢ ᠲᠦᠷᠭᠡᠪᠴᠢᠯᠡᠨ | ᠳᠡᠬᠦᠯᠳᠡᠷᠵᠢᠬᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ | ᠬᠢᠨ᠎ᠡ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ᠂ ᠫᠠᠶᠢᠰᠠ ᠡᠯᠭᠦᠨ ᠱᠠᠯᠠᠪᠳᠠᠭᠤᠯᠤᠨ ᠰᠢᠶᠳᠪᠦᠷᠢᠯᠡᠭᠦᠯᠬᠦ ᠪᠠ | ᠡᠴᠦᠰ ᠤᠨ ᠪᠣᠯᠵᠣᠨ ᠶᠠᠷᠢᠯᠴᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠴᠡᠴᠡᠭᠯᠡᠯ ᠬᠦᠭᠵᠢᠯ ᠢ ᠲᠦᠯᠬᠢᠨ ᠠᠬᠢᠭᠤᠯᠵᠤ᠂ ᠬᠢᠯᠢ ᠬᠢᠵᠠᠭᠠᠷ ᠣᠷᠣᠨ ᠢ | ᠬᠥᠭᠵᠢᠬᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠶᠠᠪᠤᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠬᠢᠨ᠎ᠡ᠃ ᠴᠡᠷᠢᠭ ᠠᠩᠭᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠳᠠᠮᠵᠢᠵᠤ᠂ ᠬᠠᠷᠠᠭᠠᠯᠵᠠᠬᠤ ᠰᠠᠶᠢᠰᠢᠶᠠᠬᠤ ᠠᠵᠢᠯ ᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠶᠢ ᠡᠭᠦᠳᠦᠨ ᠪᠠᠶᠢᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ | ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠤᠯᠠᠭᠠᠨᠴᠠᠪ ᠤᠨ ᠬᠥᠭᠵᠢᠯᠲᠡ ᠶᠢᠨ ᠪᠤᠳᠠᠳᠣ ᠪᠠᠶᠢᠳᠠᠯ ᠳᠤ ᠰᠠᠭᠤᠷᠢᠯᠠᠨ᠂ ᠬᠥᠭᠵᠢᠯᠲᠡ ᠶᠢᠨ | ᠬᠠᠷᠠᠯᠲᠠ᠂ ᠠᠵᠢᠯ ᠤᠨ ᠰᠡᠳᠬᠢᠴᠡ᠂ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ | ᠨᠢᠭᠡ ᠪᠦᠯᠦᠭ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ | ᠲᠥᠷᠥᠯ ᠵᠦᠶᠯ ᠢ ᠲᠥᠯᠥᠪᠵᠢᠭᠦᠯᠤᠨ ᠵᠣᠯᠭᠠᠭᠤᠯᠵᠤ᠂ ᠪᠥᠬᠦ ᠬᠤᠲᠠ ᠶᠢᠨ ᠲᠥᠯᠥᠪᠵᠢᠭᠦᠯᠭᠡ ᠶᠢ ᠴᠠᠭ ᠦᠶ᠎ᠡ ᠶᠢᠨ | ᠱᠠᠭᠠᠷᠳᠠᠯᠭ᠎ᠠ ᠳᠤ ᠨᠠᠩ ᠵᠣᠬᠢᠴᠠᠭᠤᠯᠵᠤ᠂ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠦᠯᠵᠦ᠂ ᠠᠷᠠᠳ ᠲᠦᠮᠡᠨ ᠤ | ᠬᠦᠰᠡᠯ ᠡᠷᠡᠮᠡᠯᠵᠡᠯ ᠢ ᠬᠠᠷᠠᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠠᠬᠢᠭᠤᠯᠤᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ | ᠰᠡᠳᠦᠪ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ | ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠤᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠤᠯᠠᠭᠠᠨᠴᠠᠪ ᠲᠤ ᠬᠡᠵᠢᠶᠡᠳᠡ | ᠨᠠᠶᠢᠳᠠᠪᠤᠷᠢᠵᠢᠭᠤᠯᠤᠭᠳᠠᠵᠤ᠂ ᠢᠮᠠᠭᠲᠠ ᠳᠣᠭᠤᠰᠢᠯᠠᠭᠤᠯᠤᠭᠳᠠᠬᠤ ᠶᠢ ᠦᠨᠡᠨᠬᠦ ᠪᠠᠲᠤᠯᠠᠨ᠎ᠠ᠃ | ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠵᠢᠷᠤᠮᠵᠢᠭᠤᠯᠤᠨ ᠬᠠᠤᠯᠢᠵᠢᠯ ᠢ ᠡᠷᠬᠢᠮᠯᠡᠨ᠎ᠡ᠃ ᠦᠨᠳᠦᠰᠦᠨ | ᠬᠠᠤᠯᠢ ᠬᠠᠤᠯᠢ ᠴᠠᠭᠠᠵᠠ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠤᠷᠳᠤᠨ ᠤ | ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ | ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠶᠯ ᠤᠨ | ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠤᠯᠳᠡ ᠶᠢᠨ | ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠲᠡᠬᠦᠨ ᠤ ᠪᠠᠶᠢᠩᠭᠤ ᠶᠢᠨ ᠬᠤᠷᠢᠶᠠᠨ | ᠤ ᠬᠢᠨᠠᠯᠲᠠ ᠳᠠᠯᠪᠢᠯᠳᠡ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠳᠡ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ | ᠨᠡᠶᠢᠭᠡᠮ ᠤᠨ ᠬᠢᠨᠠᠯᠳᠠ ᠳᠠᠯᠪᠢᠯᠳᠡ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠳᠠᠯᠪᠢᠯᠳᠡ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠬᠠᠤᠯᠢ ᠶᠣᠰᠣᠭᠠᠷ ᠠᠮᠠᠯᠠᠭᠰᠠᠨ ᠢᠶᠠᠨ ᠬᠢᠨᠠᠮᠠᠭᠠᠶ ᠭᠦᠶᠴᠡᠳᠬᠡᠵᠦ᠂ ᠦᠨᠡᠨᠴᠢ ᠢᠲᠡᠭᠡᠮᠵᠢᠲᠡᠶ ᠵᠠᠰᠠᠭ ᠤᠨ | ᠣᠷᠳᠣᠨ ᠢ ᠪᠠᠶᠢᠭᠤᠯᠤᠨ᠎ᠠ᠃ | ᠦᠨᠡᠨᠬᠦ ᠠᠳᠬᠤᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠨ᠎ᠡ᠃ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠶᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠪᠠᠶᠢᠴᠠᠭᠠᠨ ᠰᠤᠳᠤᠯᠤᠯᠲᠠ | ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠠᠳ ᠲᠦᠮᠡᠨ ᠠᠴᠠ ᠰᠤᠷᠤᠯᠴᠠᠵᠤ ᠠᠷᠠᠳ ᠲᠦᠮᠡᠨ ᠢᠶᠠᠷ ᠪᠠᠭᠰᠢ | ᠪᠠᠷᠢᠵᠤ᠂ ︽ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ︾ ᠶᠢ ᠬᠡᠪ ᠤᠨ ᠪᠠᠶᠢᠳᠠᠯ ᠪᠣᠯᠭᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠨ᠎ᠠ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤ ᠶᠢ | ᠭᠠᠴᠢᠭᠳᠠᠭᠤᠯᠵᠤ ᠬᠠᠷᠰᠢᠯᠠᠵᠤ ᠪᠠᠶᠢᠭ᠎ᠠ ᠬᠡᠯᠪᠡᠷᠢ ᠶᠢᠨ ᠦᠵᠡᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ | ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠬᠢᠯᠭ᠎ᠠ ᠪᠠᠲᠤ ᠪᠣᠯᠤᠨ ᠳᠦᠷᠢᠮ ᠲᠣᠭᠲᠠᠭᠠᠯ ᠢ | ᠦᠨᠡᠨᠬᠦ ᠲᠡᠷᠢᠭᠦᠨ ᠳᠤ ᠲᠠᠯᠪᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮᠴᠢ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠨ᠎ᠠ᠃ | ᠲᠥᠯᠥᠭᠡᠯᠡᠭᠴᠢᠳ ᠡ︕ ᠶᠠᠪᠤᠬᠤ ᠨᠢ ᠵᠠᠮ ᠳᠤ ᠪᠤᠢ᠂ ᠬᠢᠬᠦ ᠨᠢ ᠬᠥᠮᠦᠨ ᠳᠤ ᠪᠤᠢ᠂ ᠡᠷᠬᠢᠮ ᠨᠢ ᠪᠣᠳᠠᠲᠠᠢ | ᠠᠵᠢᠯᠯᠠᠬᠤ ᠳᠤ ᠪᠤᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ | ᠦᠳᠡᠰᠢ ᠶᠢ ᠲᠡᠮᠡᠴᠡᠨ ᠴᠢᠷᠮᠠᠶᠢᠨ ᠠᠵᠢᠯᠯᠠᠵᠤ᠂ ᠵᠠᠯᠠᠭᠤ ᠽᠠᠨᠳᠠᠨ ᠨᠠᠰᠤ ᠶᠢ ᠬᠥᠰᠡᠷᠳᠡᠭᠦᠯᠬᠦ ᠦᠭᠡᠢ ᠪᠠᠷ ᠳᠠᠬᠢᠨ | ᠮᠣᠷᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠬᠦᠳᠴᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ | ᠴᠢᠷᠮᠠᠶᠢᠨ ᠲᠡᠮᠡᠴᠡᠵᠡᠭᠡᠶ᠎ᠡ︕ | | | | | | | |